ᠦᠵᠡᠯ ᠰᠠᠨᠠᠭ᠎ᠠ ᠎ᠪᠠᠨ ᠴᠢᠩᠭᠠᠳᠬᠠᠵᠤ ᠭᠣᠣᠯᠳᠠᠯᠭ᠎ᠠ᠎ ᠨᠠᠢᠳᠠᠪᠤᠷᠢᠵᠢᠭᠤᠯᠤᠯᠲᠠ᠎ ᠶ᠋ᠢ ᠠᠳᠬᠤᠵᠤ ᠂ ᠳᠤᠷᠠᠳᠬᠤ ᠴᠢᠳᠠᠪᠤᠷᠢ᠎ ᠶ᠋ᠢ ᠳᠡᠭᠡᠭᠰᠢᠯᠡᠭᠦᠯᠬᠦ — ᠪᠥᠬᠥ ᠬᠣᠲᠠ ᠎ᠶ᠋ᠢᠨ ᠰᠢᠭᠦᠬᠦ ᠬᠣᠷᠢᠶᠠᠨ ᠤ᠋ ᠡᠩᠨᠡᠭᠡᠨ ᠎ᠦ᠌ ᠪᠠᠢᠭᠤᠯᠤᠯᠲᠠ ᠵᠢᠴᠢ ᠤᠯᠤᠰ ᠲᠥᠷᠥ᠎ ᠶ᠋ᠢᠨ ᠠᠵᠢᠯ ᠎ᠤ᠋ᠨ ᠭᠣᠣᠯᠳᠠᠯᠭ᠎ᠠ᠎ ᠲᠠᠢ ᠡᠭᠦᠷᠭᠡ ᠎ᠶ᠋ᠢ ᠠᠬᠢᠭᠤᠯᠬᠤ ᠬᠤᠷᠠᠯ ᠬᠤᠷᠠᠯᠳᠤᠪᠠ
2022.09.14 ᠲᠣᠰ ᠥᠷᠲᠡᠭᠡᠨ᠎ᠦ ᠨᠠᠢᠷᠠᠭᠤᠯᠤᠭᠴᠢ

  ᠪᠥᠬᠥ ᠬᠣᠲᠠ ᠎ᠶ᠋ᠢᠨ ᠰᠢᠭᠦᠬᠦ ᠬᠣᠷᠢᠶᠠᠨ ᠎ᠤ᠋ ᠡᠩᠨᠡᠭᠡ ᠎ᠶ᠋ᠢᠨ ᠪᠠᠢᠭᠤᠯᠤᠯᠲᠠ᠎ ᠶ᠋ᠢᠨ ᠠᠵᠢᠯ᠎ ᠢ᠋ ᠤᠯᠠᠮ ᠨᠢᠭᠡ ᠠᠯᠬᠤᠮ ᠴᠢᠩᠭᠠᠳᠬᠠᠵᠤ ᠂ ᠬᠣᠢᠰᠢᠳᠠ ᠎ᠶ᠋ᠢᠨ ᠨᠢᠭᠡ ᠬᠤᠭᠤᠴᠠᠭᠠᠨ ᠎ᠤ᠋ ᠪᠥᠬᠥ ᠬᠣᠲᠠ ᠎ᠶ᠋ᠢᠨ ᠰᠢᠭᠦᠬᠦ ᠬᠣᠷᠢᠶᠠᠨ ᠎ᠤ᠋ ᠤᠯᠤᠰ ᠲᠥᠷᠥ᠎ ᠶ᠋ᠢᠨ ᠪᠠᠢᠭᠤᠯᠤᠯᠲᠠ᠎ ᠶ᠋ᠢᠨ ᠭᠣᠣᠯᠳᠠᠯᠭ᠎ᠠ ᠎ᠲᠠᠢ ᠠᠵᠢᠯ ᠎ᠤ᠋ᠨ ᠡᠭᠦᠷᠭᠡ᠎ ᠶ᠋ᠢ ᠲᠣᠬᠢᠷᠠᠭᠤᠯᠤᠨ ᠪᠠᠢᠷᠢᠯᠠᠭᠤᠯᠬᠤ ᠎ᠶ᠋ᠢᠨ ᠲᠥᠯᠥᠭᠡ ᠂ 9 ᠰᠠᠷ᠎ᠠ᠎ ᠶ᠋ᠢᠨ 5᠎ ᠤ᠋ ᠡᠳᠦᠷ ᠂ ᠣᠷᠳᠣᠰ ᠬᠣᠲᠠ ᠎ᠶ᠋ᠢᠨ ᠠᠷᠠᠳ ᠎ᠤ᠋ᠨ ᠳᠤᠮᠳᠠ ᠵᠡᠷᠭᠡ᠎ ᠶ᠋ᠢᠨ ᠰᠢᠭᠦᠬᠦ ᠬᠣᠷᠢᠶ᠎ᠠ ᠪᠥᠬᠥ ᠬᠣᠲᠠ᠎ ᠶ᠋ᠢᠨ ᠰᠢᠭᠦᠬᠦ ᠬᠣᠷᠢᠶᠠᠨ ᠎ᠤ᠋ ᠡᠩᠨᠡᠭᠡ ᠎ᠶ᠋ᠢᠨ ᠪᠠᠢᠭᠤᠯᠤᠯᠲᠠ ᠵᠢᠴᠢ ᠤᠯᠤᠰ ᠲᠥᠷᠥ᠎ ᠶ᠋ᠢᠨ ᠠᠵᠢᠯ᠎ᠤ᠋ᠨ ᠭᠣᠣᠯᠳᠠᠯᠭ᠎ᠠ᠎ ᠲᠠᠢ ᠡᠭᠦᠷᠭᠡ ᠎ᠶ᠋ᠢ ᠠᠬᠢᠭᠤᠯᠬᠤ ᠬᠤᠷᠠᠯ ᠬᠤᠷᠠᠯᠳᠤᠭᠤᠯᠪᠠ ᠃ ᠬᠣᠲᠠ ᠎ᠶ᠋ᠢᠨ ᠳᠤᠮᠳᠠ ᠵᠡᠷᠭᠡ᠎ᠶ᠋ᠢᠨ ᠰᠢᠭᠦᠬᠦ ᠬᠣᠷᠢᠶᠠ᠎ ᠤ᠋ ᠨᠠᠮ ᠎ᠤ᠋ᠨ ᠤᠳᠤᠷᠢᠳᠬᠤ ᠳᠤᠭᠤᠢᠯᠠᠩ ᠎ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ᠎ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ ᠂ ᠬᠣᠲᠠ ᠎ᠶ᠋ᠢᠨ ᠳᠤᠮᠳᠠ ᠵᠡᠷᠭᠡ ᠎ᠶ᠋ᠢᠨ ᠰᠢᠭᠦᠬᠦ ᠬᠣᠷᠢᠶᠠᠨ ᠎ᠤ᠋ ᠤᠳᠤᠷᠢᠳᠬᠤ ᠪᠠᠭ ᠎ᠤ᠋ᠨ ᠭᠡᠰᠢᠭᠦᠨ ᠂ ᠡᠯ᠎ᠡ ᠰᠠᠯᠠᠭ᠎ᠠ ᠮᠥᠴᠢᠷ ᠎ᠦ᠋ᠨ ᠬᠠᠷᠢᠭᠤᠴᠠᠯᠭᠠᠲᠠᠨ ᠂ ᠦᠨᠳᠦᠰᠦᠨ ᠱᠠᠲᠤᠨ ᠎ᠤ᠋ ᠰᠢᠭᠦᠬᠦ ᠬᠣᠷᠢᠶᠠᠨ ᠤ᠋ ᠤᠯᠤᠰ ᠲᠥᠷᠥ᠎ ᠶ᠋ᠢᠨ ᠬᠡᠯᠲᠡᠰ᠎ ᠦ᠋ᠨ ᠡᠷᠬᠢᠯᠡᠭᠴᠢ ᠂ ᠲᠤᠬᠠᠢᠯᠠᠭᠰᠠᠨ ᠠᠵᠢᠯ ᠎ᠤ᠋ᠨ ᠭᠣᠣᠯᠯᠠᠭᠴᠢ ᠬᠦᠴᠦᠨ ᠵᠢᠴᠢ ᠬᠣᠲᠠ ᠎ᠶ᠋ᠢᠨ ᠳᠤᠮᠳᠠ ᠵᠡᠷᠭᠡ᠎ᠶ᠋ᠢᠨ ᠰᠢᠭᠦᠬᠦ ᠬᠣᠷᠢᠶᠠᠨ ᠎ᠤ᠋ ᠤᠯᠤᠰ ᠲᠥᠷᠥ᠎ᠶ᠋ᠢᠨ ᠬᠡᠯᠲᠡᠰ ᠂ ᠬᠢᠨᠠᠨ ᠪᠠᠢᠴᠠᠭᠠᠬᠤ ᠲᠣᠪᠴᠢᠶ᠎ᠠ ᠂ ᠪᠠᠢᠭᠤᠯᠭ᠎ᠠ᠎ ᠶ᠋ᠢᠨ ᠨᠠᠮ᠎ᠤ᠋ᠨ ᠬᠣᠷᠢᠶᠠᠨ ᠤ᠋ ᠪᠦᠬᠦ ᠺᠠᠲ᠋ᠷ ᠴᠠᠭᠳᠠᠭ᠎ᠠ ᠨᠠᠷ ᠭᠣᠣᠯ ᠬᠤᠷᠠᠯ᠎ ᠤ᠋ᠨ ᠲᠠᠯᠠᠪᠠᠢ᠎ᠳ᠋ᠤ᠌ ᠬᠤᠷᠠᠯ᠎ ᠳ᠋ᠤ᠌ ᠣᠷᠣᠯᠴᠠᠵᠤ ᠂ ᠡᠯ᠎ᠡ ᠦᠨᠳᠦᠰᠦᠨ ᠱᠠᠲᠤᠨ ᠤ᠋ ᠠᠷᠠᠳ ᠤ᠋ᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠎ᠤ᠋ᠨ ᠭᠡᠰᠢᠭᠦᠨ ᠵᠢᠴᠢ ᠡᠯ᠎ᠡ ᠰᠠᠯᠠᠭ᠎ᠠ ᠮᠥᠴᠢᠷ᠎ ᠦ᠋ᠨ ᠬᠠᠷᠢᠭᠤᠴᠠᠯᠭᠠᠲᠠᠳ ᠬᠤᠪᠢᠶᠠᠷᠢ ᠬᠤᠷᠠᠯ᠎ ᠤ᠋ᠨ ᠲᠠᠯᠠᠪᠠᠢ᠎ᠳ᠋ᠤ᠌ ᠬᠤᠷᠠᠯ᠎ ᠳ᠋ᠤ᠌ ᠣᠷᠣᠯᠴᠠᠵᠠᠢ ᠃
  ᠬᠤᠷᠠᠯ ᠨᠢ ᠤᠯᠤᠰ ᠲᠥᠷᠥ ᠬᠠᠤᠯᠢ ᠴᠠᠭᠠᠵᠠ᠎ ᠶ᠋ᠢᠨ ᠤᠳᠤᠷᠢᠳᠬᠤ ᠺᠠᠲ᠋ᠷ ᠎ᠤ᠋ᠨ ᠤᠯᠤᠰ ᠲᠥᠷᠥ᠎ ᠶ᠋ᠢᠨ ᠪᠠᠢᠭᠤᠯᠤᠯᠲᠠ ᠎ᠶ᠋ᠢ ᠴᠢᠩᠭᠠᠳᠬᠠᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠂ ᠠᠷᠠᠳ᠎ ᠤ᠋ᠨ ᠰᠢᠭᠦᠬᠦ ᠬᠣᠷᠢᠶᠠᠨ ᠤ᠋ ᠬᠠᠤᠯᠢ ᠴᠠᠭᠠᠵᠠ᠎ ᠶ᠋ᠢᠨ ᠥᠭᠡᠷᠡᠴᠢᠯᠡᠯᠲᠡ᠎ ᠶ᠋ᠢᠨ ᠠᠵᠢᠯ ᠎ᠤ᠋ᠨ ᠬᠤᠷᠠᠯ ᠂ ᠪᠥᠬᠥ ᠤᠯᠤᠰ᠎ ᠤ᠋ᠨ ᠥᠨᠳᠥᠷ ᠵᠡᠷᠭᠡ ᠎ᠶ᠋ᠢᠨ ᠰᠢᠭᠦᠬᠦ ᠬᠣᠷᠢᠶᠠᠨ ᠤ᠋ ᠬᠣᠷᠢᠶᠠᠨ ᠳᠠᠷᠤᠭ᠎ᠠ ᠎ᠶ᠋ᠢᠨ ᠰᠠᠭᠤᠳᠠᠯ᠎ ᠤ᠋ᠨ ᠬᠤᠷᠠᠯ ᠵᠢᠴᠢ ᠪᠥᠬᠥ ᠤᠯᠤᠰ᠎ ᠤ᠋ᠨ ᠰᠢᠭᠦᠬᠦ ᠬᠣᠷᠢᠶᠠᠨ ᠤ᠋ ᠰᠣᠶᠣᠯ᠎ ᠤ᠋ᠨ ᠪᠠᠢᠭᠤᠯᠤᠯᠲᠠ᠎ ᠶ᠋ᠢᠨ ᠠᠵᠢᠯ᠎ ᠤ᠋ᠨ ᠬᠤᠷᠠᠯ ᠂ ᠪᠦᠬᠦ ᠣᠷᠣᠨ ᠤ᠋ ᠤᠯᠤᠰ ᠲᠥᠷᠥ ᠬᠠᠤᠯᠢ ᠴᠠᠭᠠᠵᠠ ᠎ᠶ᠋ᠢᠨ ᠭᠣᠣᠯᠳᠠᠯᠭ᠎ᠠ ᠎ᠲᠠᠢ ᠠᠵᠢᠯ ᠎ᠢ᠋ ᠠᠬᠢᠭᠤᠯᠬᠤ ᠬᠤᠷᠠᠯ᠎ ᠤ᠋ᠨ ᠵᠣᠷᠢᠭ ᠰᠠᠨᠠᠭ᠎ᠠ ᠎ᠶ᠋ᠢ ᠤᠯᠠᠮᠵᠢᠯᠠᠨ ᠰᠤᠷᠤᠯᠴᠠᠵᠠᠢ ; ᠪᠥᠬᠥ ᠬᠣᠲᠠ᠎ ᠶ᠋ᠢᠨ ᠰᠢᠭᠦᠬᠦ ᠬᠣᠷᠢᠶᠠᠨ ᠤ᠋ 《 ᠬᠣᠶᠠᠷ ᠎ᠢ᠋ ᠲᠣᠭᠲᠠᠭᠠᠬᠤ 》 ᠭᠣᠣᠯ ᠰᠡᠳᠦᠪᠲᠦ ᠬᠥᠮᠦᠵᠢᠯ ᠂ 《 ᠣᠯᠠᠨ ᠲᠦᠮᠡᠨ ᠳ᠋ᠦ᠍ ᠪᠣᠳᠠᠲᠠᠢ ᠶᠠᠪᠤᠳᠠᠯ ᠬᠢᠵᠦ ᠥᠭᠬᠦ 》 ᠵᠢᠱ᠌ᠢᠶ᠎ᠡ ᠦᠵᠡᠭᠦᠯᠬᠦ ᠰᠢᠭᠦᠬᠦ ᠬᠣᠷᠢᠶ᠎ᠠ᠎ ᠶ᠋ᠢ ᠡᠭᠦᠳᠦᠨ ᠪᠠᠢᠭᠤᠯᠵᠤ ᠦᠨᠡᠯᠡᠨ ᠵᠢᠱ᠌ᠢᠵᠦ ᠬᠢᠨᠠᠨ ᠵᠢᠯᠣᠭᠣᠳᠤᠭᠰᠠᠨ ᠠᠵᠢᠯ᠎ᠤ᠋ᠨ ᠪᠠᠢᠳᠠᠯ᠎ ᠢ᠋ ᠨᠡᠪᠲᠡᠷᠡᠭᠦᠯᠪᠡ ᠃ ᠡᠯ᠎ᠡ ᠦᠨᠳᠦᠰᠦᠨ ᠱᠠᠲᠤᠨ ᠎ᠤ᠋ ᠰᠢᠭᠦᠬᠦ ᠬᠣᠷᠢᠶ᠎ᠠ ᠨᠤᠭᠤᠳ ᠡᠩᠨᠡᠭᠡᠨ ᠦ᠌ ᠪᠠᠢᠭᠤᠯᠤᠯᠲᠠ ᠎ᠶ᠋ᠢᠨ ᠲᠤᠬᠠᠢ ᠂ 《 ᠬᠣᠶᠠᠷ᠎ ᠢ᠋ ᠲᠣᠭᠲᠠᠭᠠᠬᠤ 》 ᠭᠣᠣᠯ ᠰᠡᠳᠦᠪᠲᠦ ᠬᠥᠮᠦᠵᠢᠯ ᠂ 《 ᠣᠯᠠᠨ ᠲᠦᠮᠡᠨ ᠳ᠋ᠦ᠍ ᠪᠣᠳᠠᠲᠤ ᠶᠠᠪᠤᠳᠠᠯ ᠬᠢᠵᠦ ᠥᠭᠬᠦ 》 ᠵᠢᠱ᠌ᠢᠶ᠎ᠡ ᠦᠵᠡᠭᠦᠯᠬᠦ ᠰᠢᠭᠦᠬᠦ ᠬᠣᠷᠢᠶ᠎ᠠ ᠎ᠶ᠋ᠢ ᠡᠭᠦᠳᠦᠨ ᠪᠠᠢᠭᠤᠯᠬᠤ ᠂ 《 ᠭᠣᠣᠯ ᠰᠡᠳᠦᠪ᠎ ᠢ᠋ ᠢᠯᠡᠴᠢᠯᠡᠬᠦ 》 ᠵᠡᠷᠭᠡ ᠠᠵᠢᠯ᠎ ᠢ᠋ ᠥᠷᠨᠢᠭᠦᠯᠦᠭᠰᠡᠨ ᠪᠠᠢᠳᠠᠯ᠎ ᠤ᠋ᠨ ᠲᠤᠬᠠᠢ ᠬᠠᠷᠢᠭᠤ ᠮᠡᠳᠡᠭᠦᠯᠦᠯᠲᠡ ᠬᠢᠵᠡᠢ ᠃
  ᠬᠤᠷᠠᠯ ᠳᠡᠭᠡᠷ᠎ᠡ ᠂ ᠬᠣᠲᠠ ᠎ᠶ᠋ᠢᠨ ᠳᠤᠮᠳᠠ ᠵᠡᠷᠭᠡ᠎ ᠶ᠋ᠢᠨ ᠰᠢᠭᠦᠬᠦ ᠬᠣᠷᠢᠶᠠᠨ ᠤ᠋ ᠨᠠᠮ ᠎ᠤ᠋ᠨ ᠤᠳᠤᠷᠢᠳᠬᠤ ᠳᠤᠭᠤᠢᠯᠠᠩ ᠎ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠂ ᠪᠥᠬᠥ ᠬᠣᠲᠠ ᠎ᠶ᠋ᠢᠨ ᠰᠢᠭᠦᠬᠦ ᠬᠣᠷᠢᠶᠠᠨ ᠤ᠋ ᠤᠯᠤᠰ ᠲᠥᠷᠥ᠎ ᠶ᠋ᠢᠨ ᠠᠵᠢᠯ ᠂ ᠡᠩᠨᠡᠭᠡᠨ ᠦ᠌ ᠪᠠᠢᠭᠤᠯᠤᠯᠲᠠ ᠎ᠶ᠋ᠢᠨ ᠠᠵᠢᠯ ᠎ᠢ᠋ ᠤᠯᠠᠮ ᠨᠢᠭᠡ ᠠᠯᠬᠤᠮ ᠰᠠᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ ᠃ ᠬᠣᠲᠠ᠎ ᠶ᠋ᠢᠨ ᠳᠤᠮᠳᠠ ᠵᠡᠷᠭᠡ᠎ ᠶ᠋ᠢᠨ ᠰᠢᠭᠦᠬᠦ ᠬᠣᠷᠢᠶᠠᠨ ᠤ᠋ ᠨᠠᠮ᠎ ᠤ᠋ᠨ ᠤᠳᠤᠷᠢᠳᠬᠤ ᠳᠤᠭᠤᠢᠯᠠᠩ᠎ ᠤ᠋ᠨ ᠭᠡᠰᠢᠭᠦᠨ ᠂ ᠤᠯᠤᠰ ᠲᠥᠷᠥ᠎ᠶ᠋ᠢᠨ ᠬᠡᠯᠲᠡᠰ᠎ ᠦ᠋ᠨ ᠡᠷᠬᠢᠯᠡᠭᠴᠢ ᠨᠢᠦ ᠬᠠᠢ ᠯᠢᠶᠠᠩ ᠣᠳᠣᠬᠠᠨ ᠤ᠋ ᠪᠥᠬᠥ ᠬᠣᠲᠠ ᠎ᠶ᠋ᠢᠨ ᠰᠢᠭᠦᠬᠦ ᠬᠣᠷᠢᠶᠠᠨ ᠤ᠋ ᠡᠩᠨᠡᠭᠡᠨ ᠦ᠌ ᠪᠠᠢᠭᠤᠯᠤᠯᠲᠠ ᠪᠠ ᠤᠯᠤᠰ ᠲᠥᠷᠥ ᠎ᠶ᠋ᠢᠨ ᠠᠵᠢᠯ᠎ ᠤ᠋ᠨ ᠡᠯ᠎ᠡ ᠵᠦᠢᠯ ᠎ᠦ᠋ᠨ ᠭᠣᠣᠯᠳᠠᠯᠭ᠎ᠠ ᠎ᠲᠠᠢ ᠡᠭᠦᠷᠭᠡ᠎ ᠶ᠋ᠢᠨ ᠲᠤᠬᠠᠢ ᠳᠠᠬᠢᠨ ᠪᠠᠢᠷᠢᠯᠠᠭᠤᠯᠤᠯᠲᠠ ᠬᠢᠵᠦ ᠴᠢᠬᠤᠯᠠᠴᠢᠯᠠᠵᠠᠢ ᠃
  ᠬᠤᠷᠠᠯ᠎ ᠠ᠋ᠴᠠ ᠵᠢᠭᠠᠵᠤ ᠭᠠᠷᠭᠠᠭᠰᠠᠨ ᠨᠢ ᠂ ᠪᠥᠬᠥ ᠬᠣᠲᠠ᠎ᠶ᠋ᠢᠨ ᠰᠢᠭᠦᠬᠦ ᠬᠣᠷᠢᠶ᠎ᠠ ᠰᠢ ᠵᠢᠨ ᠫᠢᠩ ᠎ᠦ᠋ᠨ ᠰᠢᠨ᠎ᠡ ᠴᠠᠭ ᠦᠶ᠎ᠡ ᠎ᠶ᠋ᠢᠨ ᠳᠤᠮᠳᠠᠳᠤ ᠤᠯᠤᠰ ᠎ᠤ᠋ᠨ ᠣᠨᠴᠠᠯᠢᠭ᠎ᠲᠠᠢ ᠨᠡᠢᠭᠡᠮ ᠵᠢᠷᠤᠮ᠎ᠤ᠋ᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶ᠋ᠢ ᠪᠠᠷᠢᠮᠲᠠᠯᠠᠵᠤ ᠂ ᠱᠢ ᠵᠢᠨ ᠫᠢᠩ᠎ᠦ᠋ᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠂ ᠨᠠᠮ ᠎ᠤ᠋ᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ᠋ ᠤᠳᠠᠭ᠎ᠠ ᠪᠦᠷᠢ᠎ ᠶ᠋ᠢᠨ ᠪᠥᠬᠥᠳᠡ ᠬᠤᠷᠠᠯ ᠎ᠤ᠋ᠨ ᠵᠣᠷᠢᠭ ᠰᠠᠨᠠᠭ᠎ᠠ᠎ ᠶ᠋ᠢ ᠪᠥᠬᠥ ᠲᠠᠯ᠎ᠠ ᠎ᠪᠠᠷ ᠲᠤᠤᠱᠯᠠᠭᠤᠯᠵᠤ ᠂ ᠨᠠᠮ ᠎ᠤ᠋ᠨ ᠬᠣᠷᠢᠳᠤᠭᠠᠷ ᠶᠡᠬᠡ ᠬᠤᠷᠠᠯ᠎ ᠤ᠋ᠨ ᠭᠣᠣᠯ ᠱᠤᠭᠤᠮ ᠎ᠢ᠋ ᠤᠭᠲᠤᠬᠤ ᠤᠬᠠᠭᠤᠯᠬᠤ᠎ ᠲᠠᠢ ᠨᠢᠭᠲᠠ ᠤᠶᠠᠯᠳᠤᠭᠤᠯᠤᠨ ᠂ 《 ᠬᠣᠶᠠᠷ ᠎ᠢ᠋ ᠲᠣᠭᠲᠠᠭᠠᠬᠤ 》 ᠰᠢᠢᠳᠪᠦᠷᠢᠲᠦ ᠴᠢᠨᠠᠷᠲᠠᠢ ᠠᠴᠢ ᠬᠣᠯᠪᠣᠭᠳᠠᠯ᠎ ᠢ᠋ ᠭᠦᠨᠵᠡᠭᠡᠢ ᠣᠢᠯᠠᠭᠠᠵᠤ ᠂ 《 ᠳᠥᠷᠪᠡᠨ ᠤᠬᠠᠮᠰᠠᠷ 》 ᠢ᠋ ᠴᠢᠩᠭᠠᠳᠬᠠᠨ ᠂ 《 ᠳᠥᠷᠪᠡᠨ ᠢᠲᠡᠭᠡᠯ 》 ᠢ᠋ ᠪᠠᠲᠤᠳᠬᠠᠵᠤ ᠂ 《 ᠬᠣᠶᠠᠷ ᠎ᠢ᠋ ᠬᠠᠮᠠᠭᠠᠯᠠᠬᠤ 》ᠶ᠋ᠢ ᠪᠡᠶᠡᠯᠡᠭᠦᠯᠵᠦ ᠂ ᠲᠣᠭᠲᠠᠭᠤᠨ ᠎ᠤ᠋ ᠳᠤᠮᠳᠠ ᠤᠷᠤᠭᠰᠢᠯᠠᠬᠤ ᠶᠡᠷᠦᠩᠬᠡᠢ ᠬᠥᠭ ᠠᠶᠠᠰ ᠎ᠢ᠋ ᠪᠠᠷᠢᠮᠲᠠᠯᠠᠨ ᠂ ᠨᠠᠮ᠎ ᠤ᠋ᠨ ᠰᠢᠭᠦᠬᠦ ᠬᠣᠷᠢᠶᠠᠨ ᠤ᠋ ᠠᠵᠢᠯ ᠎ᠳ᠋ᠠᠬᠢ ᠬᠠᠷᠢᠴᠠᠯᠠᠰᠢ ᠦᠭᠡᠢ ᠤᠳᠤᠷᠢᠳᠤᠯᠭ᠎ᠠ᠎ ᠶ᠋ᠢ ᠪᠠᠲᠤ ᠪᠠᠷᠢᠮᠲᠠᠯᠠᠵᠤ ᠂ ᠤᠯᠤᠰ ᠲᠥᠷᠥ ᠬᠠᠤᠯᠢ ᠴᠠᠭᠠᠵᠠ ᠎ᠶ᠋ᠢᠨ ᠡᠩᠨᠡᠭᠡᠨ ᠎ᠦ᠌ ᠰᠤᠷᠭᠠᠨ ᠬᠥᠮᠦᠵᠢᠯ᠎ᠦ᠋ᠨ ᠴᠡᠭᠴᠡᠯᠡᠯᠲᠡ ᠎ᠶ᠋ᠢᠨ ᠦᠷ᠎ᠡ ᠪᠦᠲᠦᠭᠡᠯ ᠎ᠢ᠋ ᠦᠷᠭᠦᠯᠵᠢᠯᠡᠨ ᠪᠡᠬᠢᠵᠢᠭᠦᠯᠵᠦ ᠂ ᠬᠠᠤᠯᠢ ᠴᠠᠭᠠᠵᠠ ᠎ᠶ᠋ᠢᠨ ᠪᠠᠢᠭᠤᠯᠤᠯ᠎ ᠤ᠋ᠨ ᠶᠡᠷᠦᠩᠬᠡᠢᠯᠡᠭᠰᠡᠨ ᠲᠥᠬᠥᠷ ᠥᠭᠡᠷᠡᠴᠢᠯᠡᠯᠲᠡ ᠎ᠶ᠋ᠢ ᠭᠦᠨᠵᠡᠭᠡᠢᠷᠡᠭᠦᠯᠵᠦ ᠂ 《 ᠬᠣᠶᠠᠷ ᠲᠠᠯ᠎ᠠ᠎ ᠶ᠋ᠢᠨ ᠤᠳᠤᠷᠢᠳᠬᠤ ᠰᠡᠳᠦᠪ 》 ᠦ᠋ᠨ ᠲᠥᠷᠥᠯ ᠵᠦᠢᠯ ᠎ᠢ᠋ ᠬᠢᠨᠠᠮᠠᠭᠠᠢ ᠰᠠᠢᠲᠤᠷ ᠠᠳᠬᠤᠵᠤ ᠂ ᠦᠨᠳᠦᠰᠦᠨ ᠱᠠᠲᠤᠨ ᠤ᠋ ᠨᠠᠮ ᠎ᠤ᠋ᠨ ᠵᠣᠬᠢᠶᠠᠨ ᠪᠠᠢᠭᠤᠯᠤᠯᠲᠠ ᠎ᠶ᠋ᠢᠨ ᠴᠣᠭᠴᠠᠯᠠᠯᠲᠠ ᠎ᠶ᠋ᠢ ᠴᠢᠩᠭᠠᠳᠬᠠᠵᠤ ᠂ ᠺᠠᠲ᠋ᠷ ᠎ᠤ᠋ᠨ ᠡᠩᠨᠡᠭᠡᠨ ᠦ᠌ ᠪᠠᠢᠭᠤᠯᠤᠯᠲᠠ ᠎ᠶ᠋ᠢ ᠴᠢᠩᠭᠠᠳᠬᠠᠨ ᠂ ᠨᠠᠮ ᠎ᠤ᠋ᠨ ᠪᠠᠢᠭᠤᠯᠤᠯᠲᠠ ᠎ᠶ᠋ᠢ ᠴᠢᠩᠭᠠᠳᠬᠠᠵᠤ ᠂ ᠨᠠᠮ᠎ ᠤ᠋ᠨ ᠤᠳᠤᠷᠢᠳᠤᠯᠭ᠎ᠠ ᠎ᠶ᠋ᠢ ᠴᠢᠩᠭ᠎ᠠ ᠬᠠᠮᠢᠶᠠᠷᠴᠤ ᠬᠠᠮᠠᠭᠠᠯᠠᠬᠤ ᠠᠵᠢᠯ ᠎ᠢ᠋ ᠪᠥᠬᠥ ᠲᠠᠯ᠎ᠠ᠎ ᠪᠠᠷ ᠵᠣᠷᠢᠭᠵᠢᠭᠤᠯᠤᠨ ᠂ ᠺᠠᠲ᠋ᠷ ᠴᠠᠭᠳᠠᠭ᠎ᠠ ᠪᠣᠯᠬᠤ ᠎ᠶ᠋ᠢ ᠪᠥᠬᠥ ᠬᠦᠴᠦᠨ ᠢ᠋ᠶ᠋ᠡᠷ ᠪᠠᠲᠤᠯᠠᠵᠤ ᠂ ᠪᠥᠬᠥ ᠬᠣᠲᠠ᠎ᠶ᠋ᠢᠨ ᠰᠢᠭᠦᠬᠦ ᠬᠣᠷᠢᠶᠠᠨ ᠎ᠤ᠋ ᠡᠯ᠎ᠡ ᠵᠦᠢᠯ᠎ ᠦ᠋ᠨ ᠵᠣᠬᠢᠶᠠᠨ ᠪᠠᠢᠭᠤᠯᠤᠯᠲᠠ᠎ ᠶ᠋ᠢᠨ ᠬᠥᠭᠵᠢᠯᠲᠡ ᠎ᠳ᠋ᠦ᠍ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠃
   ᠬᠤᠷᠠᠯ᠎ ᠠ᠋ᠴᠠ ᠱᠠᠭᠠᠷᠳᠠᠭᠰᠠᠨ ᠨᠢ ᠂ ᠨᠢᠭᠡ ᠎ᠳ᠋ᠦ᠍ ᠨᠠᠮ᠎ ᠤ᠋ᠨ ᠤᠯᠤᠰ ᠲᠥᠷᠥ ᠎ᠶ᠋ᠢᠨ ᠪᠠᠢᠭᠤᠯᠤᠯᠲᠠ ᠎ᠶ᠋ᠢ ᠲᠡᠷᠢᠭᠦᠨ ᠪᠠᠢᠷᠢᠨ ᠳ᠋ᠤ᠌ ᠲᠠᠯᠪᠢᠬᠤ᠎ ᠶ᠋ᠢ ᠪᠠᠷᠢᠮᠲᠠᠯᠠᠵᠤ ᠂ ᠰᠢᠭᠦᠬᠦ ᠬᠣᠷᠢᠶᠠᠨ ᠎ᠤ᠋ ᠠᠵᠢᠯ ᠎ᠤ᠋ᠨ ᠵᠥᠪ ᠣᠨᠣᠪᠴᠢᠲᠠᠢ ᠤᠯᠤᠰ ᠲᠥᠷᠥ᠎ ᠶ᠋ᠢᠨ ᠴᠢᠭᠯᠡᠯ᠎ ᠢ᠋ ᠢᠮᠠᠭᠲᠠ ᠪᠠᠷᠢᠮᠲᠠᠯᠠᠬᠤ ᠬᠡᠷᠡᠭᠲᠡᠢ ᠃ ᠰᠢ ᠵᠢᠨ ᠫᠢᠩ᠎ ᠦ᠋ᠨ ᠰᠢᠨ᠎ᠡ ᠴᠠᠭ ᠦᠶ᠎ᠡ᠎ ᠶ᠋ᠢᠨ ᠳᠤᠮᠳᠠᠳᠤ ᠤᠯᠤᠰ ᠎ᠤ᠋ᠨ ᠣᠨᠴᠠᠯᠢᠭ ᠲᠠᠢ ᠨᠡᠢᠭᠡᠮ ᠵᠢᠷᠤᠮ ᠎ᠤ᠋ᠨ ᠦᠵᠡᠯ ᠰᠠᠨᠠᠭ᠎ᠠ ᠎ᠪᠠᠷ ᠲᠠᠷᠢᠬᠢ ᠲᠣᠯᠣᠭᠠᠢ ᠎ᠪᠠᠨ ᠵᠡᠪᠰᠡᠭᠯᠡᠬᠦ ᠎ᠶ᠋ᠢ ᠪᠠᠷᠢᠮᠲᠠᠯᠠᠵᠤ ᠂ ᠰᠢᠭᠦᠬᠦ ᠬᠣᠷᠢᠶᠠᠨ ᠤ᠋ ᠺᠠᠲ᠋ᠷ ᠴᠠᠭᠳᠠᠭ᠎ᠠ᠎ ᠶ᠋ᠢᠨ ᠤᠯᠤᠰ ᠲᠥᠷᠥ ᠎ᠶ᠋ᠢᠨ ᠴᠢᠳᠠᠪᠤᠷᠢ᠎ ᠶ᠋ᠢ ᠪᠥᠬᠥ ᠲᠠᠯ᠎ᠠ᠎ ᠪᠠᠷ ᠳᠡᠭᠡᠭᠰᠢᠯᠡᠭᠦᠯᠬᠦ ᠬᠡᠷᠡᠭᠲᠡᠢ ᠃ ᠬᠣᠶᠠᠷ ᠎ᠲᠤ᠌ ᠰᠢᠭᠦᠬᠦ ᠬᠣᠷᠢᠶᠠᠨ ᠎ᠤ᠋ ᠡᠩᠨᠡᠭᠡ᠎ ᠶ᠋ᠢᠨ ᠴᠢᠳᠠᠪᠤᠷᠢ᠎ ᠶ᠋ᠢᠨ ᠪᠠᠢᠭᠤᠯᠤᠯᠲᠠ᠎ ᠶ᠋ᠢ ᠪᠥᠬᠥ ᠲᠠᠯ᠎ᠠ ᠎ᠪᠠᠷ ᠴᠢᠩᠭᠠᠳᠬᠠᠵᠤ ᠂ ᠪᠥᠬᠥ ᠬᠣᠲᠠ ᠎ᠶ᠋ᠢᠨ ᠰᠢᠭᠦᠬᠦ ᠬᠣᠷᠢᠶᠠᠨ ᠎ᠤ᠋ ᠡᠩᠨᠡᠭᠡ᠎ ᠶ᠋ᠢᠨ ᠬᠤᠪᠢᠰᠬᠠᠯᠵᠢᠬᠤ ᠂ ᠵᠢᠩᠬᠢᠨᠢᠴᠢᠯᠡᠬᠦ ᠂ ᠲᠤᠰᠬᠠᠢᠵᠢᠬᠤ ᠂ ᠠᠵᠢᠯ ᠮᠡᠷᠭᠡᠵᠢᠬᠦ ᠎ᠶ᠋ᠢ ᠲᠦᠯᠬᠢᠨ ᠠᠬᠢᠭᠤᠯᠤᠨ᠎ᠠ ᠃ ᠡᠭᠦᠷᠭᠡ ᠲᠤᠰᠢᠶᠠᠯ᠎ ᠢ᠋ᠶ᠋ᠠᠨ ᠭᠦᠢᠴᠡᠳᠬᠡᠬᠦ ᠴᠢᠳᠠᠪᠤᠷᠢ᠎ ᠶ᠋ᠢ ᠬᠦᠴᠦᠯᠡᠨ ᠪᠠᠲᠤᠵᠢᠭᠤᠯᠵᠤ ᠂ ᠳᠡᠭᠡᠳᠦ ᠳᠡᠰ ᠳᠠᠪᠬᠤᠷᠭ᠎ᠠ ᠎ᠶ᠋ᠢᠨ ᠰᠢᠭᠦᠨ ᠲᠠᠰᠤᠯᠬᠤ ᠴᠢᠳᠠᠪᠤᠷᠢᠲᠠᠨ ᠢ᠋ ᠬᠥᠮᠦᠵᠢᠭᠦᠯᠬᠦ ᠠᠵᠢᠯ ᠎ᠢ᠋ ᠰᠠᠢᠲᠤᠷ ᠠᠳᠬᠤᠵᠤ ᠂ ᠴᠢᠳᠠᠪᠤᠷᠢᠲᠠᠨ᠎ᠢ᠋ ᠰᠣᠩᠭᠣᠵᠤ ᠂ ᠰᠠᠢᠰᠢᠶᠠᠵᠤ ᠂ ᠵᠣᠷᠢᠭᠲᠠᠢ᠎ᠪᠠᠷ ᠡᠭᠦᠷᠭᠡᠯᠡᠵᠦ ᠪᠠᠢᠭᠠᠳ ᠠᠮᠵᠢᠯᠲᠠ ᠭᠠᠷᠭᠠᠭᠰᠠᠨ ᠲᠡᠷᠢᠭᠦᠨ ᠎ᠦ᠌ ᠨᠡᠢᠲᠡᠯᠢᠭ ᠵᠢᠱ᠌ᠢᠶ᠎ᠡ ᠎ᠶ᠋ᠢ ᠰᠠᠢᠲᠤᠷ ᠤᠬᠠᠭᠤᠯᠬᠤ ᠬᠡᠷᠡᠭᠲᠡᠢ ᠃ ᠭᠤᠷᠪᠠ ᠳ᠋ᠤ᠌ ᠰᠢᠨ᠎ᠡ ᠴᠠᠭ ᠦᠶ᠎ᠡ᠎ ᠶ᠋ᠢᠨ ᠨᠠᠮ ᠎ᠤ᠋ᠨ ᠵᠣᠬᠢᠶᠠᠨ ᠪᠠᠢᠭᠤᠯᠤᠯᠲᠠ᠎ ᠶ᠋ᠢᠨ ᠱᠤᠭᠤᠮ᠎ ᠢ᠋ ᠪᠦᠬᠦ ᠲᠠᠯ᠎ᠠ ᠎ᠪᠠᠷ ᠲᠤᠤᠱᠯᠠᠭᠤᠯᠵᠤ ᠂ ᠺᠠᠲ᠋ᠷ᠎ᠢ᠋ ᠰᠣᠩᠭᠣᠨ ᠬᠡᠷᠡᠭᠯᠡᠬᠦ ᠠᠵᠢᠯ᠎ ᠤ᠋ᠨ ᠴᠢᠨᠠᠷ ᠴᠢᠨᠰᠠᠭ᠎ᠠ᠎ ᠶ᠋ᠢ ᠳᠡᠭᠡᠭᠰᠢᠯᠡᠭᠦᠯᠬᠦ ᠬᠡᠷᠡᠭᠲᠡᠢ ᠃ ᠬᠥᠮᠦᠨ ᠰᠣᠩᠭᠣᠨ ᠬᠥᠮᠦᠨ ᠬᠡᠷᠡᠭᠯᠡᠬᠦ ᠤᠯᠤᠰ ᠲᠥᠷᠥ᠎ᠶ᠋ᠢᠨ ᠪᠠᠷᠢᠮᠵᠢᠶ᠎ᠠ᠎ ᠶ᠋ᠢ ᠳᠣᠪᠣᠢᠯᠭᠠᠵᠤ ᠂ 《 ᠪᠣᠳᠠᠲᠠᠢ ᠠᠵᠢᠯᠯᠠᠬᠤ ᠂ ᠪᠣᠳᠠᠲᠠᠢ ᠠᠮᠵᠢᠯᠲᠠ 》 ᠶ᠋ᠢᠨ ᠬᠥᠮᠦᠨ ᠬᠡᠷᠡᠭᠯᠡᠬᠦ ᠤᠳᠤᠷᠢᠳᠤᠮᠵᠢ ᠎ᠶ᠋ᠢ ᠪᠠᠲᠤ ᠪᠣᠢ ᠪᠣᠯᠭᠠᠵᠤ ᠂ ᠺᠠᠲ᠋ᠷ ᠴᠠᠭᠳᠠᠭ᠎ᠠ᠎ ᠶ᠋ᠢᠨ ᠡᠭᠦᠷᠭᠡᠯᠡᠨ ᠬᠢᠬᠦ᠎ ᠶ᠋ᠢ ᠲᠠᠰᠤᠷᠠᠯᠲᠠ ᠦᠭᠡᠢ ᠵᠣᠷᠢᠭᠵᠢᠭᠤᠯᠤᠨ᠎ᠠ ᠃ ᠳᠥᠷᠪᠡ ᠎ᠳ᠋ᠦ᠍ ᠡᠩᠨᠡᠭᠡᠨ ᠦ᠌ ᠪᠦᠲᠦᠴᠡ ᠎ᠶ᠋ᠢ ᠬᠦᠴᠦᠯᠡᠨ ᠰᠢᠯᠢᠳᠡᠭᠵᠢᠭᠦᠯᠵᠦ ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠺᠠᠲ᠋ᠷ᠎ᠤ᠋ᠨ ᠡᠩᠨᠡᠭᠡᠨ ᠦ᠌ ᠳᠡᠰ ᠳᠠᠪᠬᠤᠷᠭ᠎ᠠ ᠎ᠶ᠋ᠢ ᠪᠦᠷᠢᠯᠳᠦᠭᠦᠯᠬᠦ ᠬᠡᠷᠡᠭᠲᠡᠢ ᠃ ᠤᠳᠤᠷᠢᠳᠬᠤ ᠪᠠᠭ᠎ᠤ᠋ᠨ ᠪᠠᠢᠭᠤᠯᠤᠯᠲᠠ᠎ ᠶ᠋ᠢ ᠴᠢᠩᠭᠠᠳᠬᠠᠨ ᠂ ᠵᠠᠯᠠᠭᠤ ᠺᠠᠲ᠋ᠷ᠎ ᠢ᠋ ᠬᠥᠮᠦᠵᠢᠭᠦᠯᠵᠦ ᠰᠣᠩᠭᠣᠨ ᠬᠡᠷᠡᠭᠯᠡᠬᠦ᠎ ᠶ᠋ᠢ ᠴᠢᠬᠤᠯᠠᠴᠢᠯᠠᠬᠤ ᠬᠡᠷᠡᠭᠲᠡᠢ ᠃ ᠲᠠᠪᠤ᠎ ᠳ᠋ᠤ᠌ ᠰᠠᠭᠤᠷᠢ ᠎ᠪᠠᠨ ᠴᠢᠩᠭᠠᠳᠬᠠᠬᠤ ᠤᠳᠤᠷᠢᠳᠤᠮᠵᠢ᠎ ᠶ᠋ᠢ ᠪᠠᠷᠢᠮᠲᠠᠯᠠᠨ ᠂ ᠠᠷᠠᠳ ᠎ᠤ᠋ᠨ ᠰᠢᠭᠦᠬᠦ ᠬᠣᠷᠢᠶᠠᠨ ᠎ᠤ᠋ ᠡᠩᠨᠡᠭᠡᠨ ᠦ᠌ ᠦᠨᠳᠦᠰᠦᠨ ᠱᠠᠲᠤᠨ ᠎ᠤ᠋ ᠰᠠᠭᠤᠷᠢ ᠪᠦᠲᠦᠭᠡᠨ ᠪᠠᠢᠭᠤᠯᠤᠯᠲᠠ᠎ ᠶ᠋ᠢ ᠴᠢᠩᠭᠠᠳᠬᠠᠬᠤ ᠬᠡᠷᠡᠭᠲᠡᠢ ᠃ ᠠᠷᠠᠳ᠎ ᠤ᠋ᠨ ᠰᠢᠭᠦᠬᠦ ᠲᠢᠩᠬᠢᠮ᠎ ᠦ᠋ᠨ ᠠᠵᠢᠯᠲᠠᠨ ᠎ᠤ᠋ ᠲᠣᠬᠢᠷᠠᠭᠤᠯᠤᠯᠲᠠ ᠪᠠ ᠬᠠᠮᠢᠶᠠᠷᠤᠯᠲᠠ᠎ ᠶ᠋ᠢᠨ ᠲᠣᠭᠲᠠᠴᠠ᠎ ᠶ᠋ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠂ ᠰᠢᠭᠦᠬᠦ ᠬᠣᠷᠢᠶᠠᠨ ᠎ᠤ᠋ ᠦᠨᠳᠦᠰᠦᠨ ᠱᠠᠲᠤᠨ ᠤ᠋ ᠨᠠᠮ ᠎ᠤ᠋ᠨ ᠵᠣᠬᠢᠶᠠᠨ ᠪᠠᠢᠭᠤᠯᠤᠯᠲᠠ᠎ ᠶ᠋ᠢ ᠰᠠᠢᠲᠤᠷ ᠪᠠᠢᠭᠤᠯᠵᠤ ᠂ ᠰᠢᠨ᠎ᠡ ᠴᠠᠭ ᠦᠶ᠎ᠡ᠎ ᠶ᠋ᠢᠨ ᠠᠷᠠᠳ ᠎ᠤ᠋ᠨ ᠰᠢᠭᠦᠬᠦ ᠬᠣᠷᠢᠶᠠᠨ ᠤ᠋ ᠰᠣᠶᠣᠯ᠎ ᠤ᠋ᠨ ᠪᠠᠢᠭᠤᠯᠤᠯᠲᠠ᠎ ᠶ᠋ᠢ ᠦᠷᠭᠦᠯᠵᠢᠯᠡᠨ ᠴᠢᠩᠭᠠᠳᠬᠠᠬᠤ ᠬᠡᠷᠡᠭᠲᠡᠢ ᠃ ᠵᠢᠷᠭᠤᠭ᠎ᠠ ᠎ᠳ᠋ᠤ᠌ ᠂ ᠭᠣᠣᠯ ᠠᠢᠵᠢᠮ ᠎ᠢ᠋ ᠭᠤᠢᠪᠢᠰᠢ ᠥᠬᠡᠢ ᠪᠠᠷᠢᠮᠲᠠᠯᠠᠵᠤ ᠂ ᠪᠥᠬᠥ ᠲᠠᠯ᠎ᠠ ᠎ᠪᠠᠷ ᠨᠠᠮ᠎ ᠢ᠋ ᠴᠢᠩᠭ᠎ᠠ ᠵᠠᠰᠠᠬᠤ ᠂ ᠬᠣᠷᠢᠶ᠎ᠠ᠎ ᠪᠠᠨ ᠴᠢᠩᠭ᠎ᠠ ᠵᠠᠰᠠᠬᠤ ᠠᠵᠢᠯ᠎ ᠢ᠋ ᠭᠦᠨᠵᠡᠭᠡᠢᠷᠡᠭᠦᠯᠦᠨ ᠬᠥᠭᠵᠢᠭᠦᠯᠦᠨ᠎ᠡ ᠃ ᠬᠠᠤᠯᠢ ᠪᠠᠷᠢᠬᠤ ᠰᠤᠷᠲᠠᠯ᠎ ᠤ᠋ᠨ ᠪᠠᠢᠭᠤᠯᠤᠯᠲᠠ᠎ ᠶ᠋ᠢ ᠦᠷᠭᠦᠯᠵᠢᠯᠡᠨ ᠴᠢᠩᠭᠠᠳᠬᠠᠵᠤ ᠂ ᠰᠢᠭᠦᠬᠦ ᠬᠣᠷᠢᠶᠠᠨ ᠎ᠤ᠋ ᠰᠢᠰᠲ᠋ᠸᠮ᠎ᠦ᠋ᠨ ᠬᠢᠨᠠᠨ ᠪᠠᠢᠴᠠᠭᠠᠬᠤ ᠠᠵᠢᠯ ᠎ᠢ᠋ ᠤᠯᠠᠮ ᠨᠢᠭᠡ ᠠᠯᠬᠤᠮ ᠴᠢᠩᠭ᠋ᠠᠳᠬᠠᠵᠤ ᠂ ᠰᠢᠭᠦᠨ ᠲᠠᠰᠤᠯᠵᠤ ᠭᠦᠢᠴᠡᠳᠬᠡᠬᠦ ᠠᠵᠢᠯ ᠎ᠳ᠋ᠤ᠌ ᠪᠦᠬᠦ ᠲᠠᠯ᠎ᠠ᠎ᠶ᠋ᠢᠨ ᠂ ᠪᠦᠬᠦ ᠬᠦᠴᠦᠨ ᠵᠦᠢᠯ ᠂ ᠪᠦᠬᠦ ᠶᠠᠪᠤᠴᠠ᠎ ᠶ᠋ᠢᠨ ᠬᠢᠨᠠᠯᠲᠠ ᠲᠠᠯᠪᠢᠵᠤ ᠂ ᠰᠢᠭᠦᠨ ᠲᠠᠰᠤᠯᠤᠯᠲᠠ᠎ ᠶ᠋ᠢᠨ ᠶᠠᠰᠤ ᠴᠢᠨᠠᠷ ᠪᠠ ᠬᠠᠤᠯᠢ ᠪᠠᠷᠢᠬᠤ ᠨᠡᠢᠲᠡ ᠎ᠶ᠋ᠢᠨ ᠢᠲᠡᠭᠡᠮᠵᠢ᠎ ᠶ᠋ᠢᠨ ᠬᠦᠴᠦᠨ ᠎ᠢ᠋ ᠳᠡᠭᠡᠭᠰᠢᠯᠡᠭᠦᠯᠬᠦ᠎ ᠶ᠋ᠢ ᠲᠦᠯᠬᠢᠨ ᠠᠬᠢᠭᠤᠯᠤᠨ᠎ᠠ ᠃


 

  ᠬᠤᠷᠠᠯ᠎ ᠠ᠋ᠴᠠ ᠂ ᠰᠢᠭᠦᠬᠦ ᠬᠣᠷᠢᠶᠠᠨ ᠎ᠤ᠋ ᠡᠩᠨᠡᠭᠡᠨ ᠦ᠌ ᠪᠠᠢᠭᠤᠯᠤᠯᠲᠠ ᠎ᠶ᠋ᠢ ᠴᠢᠩᠭᠠᠳᠬᠠᠬᠤ ᠪᠣᠯ ᠰᠢᠭᠦᠬᠦ ᠬᠣᠷᠢᠶᠠᠨ ᠎ᠤ᠋ ᠠᠵᠢᠯ᠎ ᠤ᠋ᠨ ᠥᠨᠢᠳᠡ ᠎ᠶ᠋ᠢᠨ ᠭᠣᠣᠯ ᠰᠡᠳᠦᠪ ᠮᠥᠨ ᠃ ᠪᠥᠬᠥ ᠬᠣᠲᠠ ᠎ᠶ᠋ᠢᠨ ᠰᠢᠭᠦᠬᠦ ᠬᠣᠷᠢᠶ᠎ᠠ ᠡᠷᠬᠡᠪᠰᠢ ᠡᠩᠨᠡᠭᠡ ᠎ᠶ᠋ᠢᠨ ᠪᠠᠢᠭᠤᠯᠤᠯᠲᠠ᠎ ᠶ᠋ᠢᠨ ᠠᠵᠢᠯ᠎ ᠢ᠋ ᠤᠬᠠᠮᠰᠠᠷ᠎ ᠠ᠋ᠴᠠ ᠎ᠪᠠᠨ ᠪᠦᠬᠦ ᠲᠠᠯ᠎ᠠ ᠎ᠳ᠋ᠤ᠌ ᠲᠠᠯᠪᠢᠨ ᠲᠥᠯᠥᠪᠯᠡᠵᠦ ᠂ ᠰᠢᠨ᠎ᠡ ᠪᠠᠢᠳᠠᠯ ᠳᠣᠣᠷᠠᠬᠢ ᠡᠩᠨᠡᠭᠡ ᠎ᠶ᠋ᠢᠨ ᠪᠠᠢᠭᠤᠯᠤᠯᠲᠠ᠎ ᠶ᠋ᠢ ᠴᠢᠩᠭᠠᠳᠬᠠᠬᠤ ᠪᠦᠲᠦᠮᠵᠢᠲᠡᠢ ᠠᠷᠭ᠎ᠠ ᠵᠠᠮ᠎ ᠢ᠋ ᠨᠠᠷᠢᠨ ᠬᠢᠨᠠᠮᠠᠭᠠᠢ ᠰᠤᠳᠤᠯᠵᠤ ᠂ ᠡᠩᠨᠡᠭᠡᠨ ᠦ᠌ ᠪᠠᠢᠭᠤᠯᠤᠯᠲᠠ᠎ ᠳ᠋ᠤ᠌ ᠣᠷᠣᠰᠢᠵᠤ ᠪᠠᠢᠭ᠎ᠠ ᠪᠣᠳᠠᠲᠠᠢ ᠠᠰᠠᠭᠤᠳᠠᠯ ᠎ᠢ᠋ ᠦᠨᠡᠨ ᠬᠦ᠌ ᠰᠢᠢᠳᠪᠦᠷᠢᠯᠡᠵᠦ ᠂ ᠤᠭ ᠰᠠᠨᠠᠭ᠎ᠠ ᠎ᠪᠠᠨ ᠥᠯᠥ ᠮᠠᠷᠲᠠᠨ ᠂ ᠡᠭᠦᠷᠭᠡ ᠬᠠᠷᠢᠭᠤᠴᠠᠯᠭ᠎ᠠ᠎ ᠪᠠᠨ ᠪᠠᠲᠤ ᠴᠡᠭᠡᠵᠢᠯᠡᠵᠦ ᠂ ᠦᠨᠡᠨ ᠎ᠢ᠋ ᠪᠠᠷᠢᠮᠲᠠᠯᠠᠨ ᠪᠣᠳᠠᠲᠠᠢ᠎ ᠶ᠋ᠢ ᠡᠷᠬᠢᠮᠯᠡᠵᠦ ᠂ ᠦᠨᠡᠨ ᠠᠳᠬᠤᠨ ᠪᠣᠳᠠᠲᠠᠢ ᠠᠵᠢᠯᠯᠠᠵᠤ ᠂ ᠪᠥᠬᠥ ᠬᠣᠲᠠ ᠎ᠶ᠋ᠢᠨ ᠰᠢᠭᠦᠬᠦ ᠬᠣᠷᠢᠶᠠᠨ ᠤ᠋ ᠡᠩᠨᠡᠭᠡ ᠎ᠶ᠋ᠢᠨ ᠪᠠᠢᠭᠤᠯᠤᠯᠲᠠ ᠎ᠶ᠋ᠢᠨ ᠰᠢᠨ᠎ᠡ ᠪᠠᠢᠳᠠᠯ ᠎ᠢ᠋ ᠴᠢᠷᠮᠠᠢᠨ ᠡᠭᠦᠳᠴᠦ ᠂ ᠪᠣᠳᠠᠲᠤ ᠠᠵᠢᠯᠯᠠᠭ᠎ᠠ ᠪᠠ ᠰᠢᠯᠢᠳᠡᠭ ᠠᠮᠵᠢᠯᠲᠠ ᠎ᠪᠠᠷ᠎ ᠢ᠋ᠶ᠋ᠠᠨ ᠨᠠᠮ ᠎ᠤ᠋ᠨ ᠬᠣᠷᠢᠳᠤᠭᠠᠷ ᠶᠡᠬᠡ ᠬᠤᠷᠠᠯ ᠎ᠤ᠋ᠨ ᠠᠮᠵᠢᠯᠲᠠ ᠲᠠᠢ ᠬᠤᠷᠠᠯᠳᠤᠬᠤ᠎ ᠶ᠋ᠢ ᠤᠭᠲᠤᠶ᠎ᠠ︕

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )