ᠪᠦᠬᠦ ᠬᠣᠲᠠ᠎ ᠶ᠋ᠢᠨ ᠰᠢᠭᠦᠬᠦ ᠬᠣᠷᠢᠶ᠎ᠠ᠎ ᠶ᠋ᠢᠨ ᠲᠤᠰᠬᠠᠢ ᠠᠵᠢᠯᠯᠠᠭ᠎ᠠ᠎ ᠶ᠋ᠢᠨ ᠪᠠᠢᠷᠢᠯᠠᠭᠤᠯᠤᠯᠲᠠ᠎ ᠶ᠋ᠢ ᠠᠬᠢᠭᠤᠯᠬᠤ ᠬᠤᠷᠠᠯ ᠵᠢᠴᠢ ᠬᠠᠤᠯᠢ ᠴᠠᠭᠠᠵᠠ ᠎ᠶ᠋ᠢᠨ ᠰᠤᠷᠲᠠᠯ ᠎ᠤ᠋ᠨ ᠬᠡᠷᠡᠭ ᠎ᠢ᠋ᠶ᠋ᠡᠷ ᠰᠡᠷᠡᠮᠵᠢᠯᠡᠭᠦᠯᠦᠨ ᠬᠥᠮᠦᠵᠢᠭᠦᠯᠬᠦ ᠬᠤᠷᠠᠯ ᠬᠤᠷᠠᠯᠳᠤᠪᠠ
2022.09.15 ᠲᠣᠰ ᠥᠷᠲᠡᠭᠡᠨ᠎ᠦ ᠨᠠᠢᠷᠠᠭᠤᠯᠤᠭᠴᠢ

   ᠠᠷᠠᠳ ᠎ᠤ᠋ᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠎ᠶ᠋ᠢᠨ ᠰᠢᠭᠦᠬᠦ ᠬᠣᠷᠢᠶ᠎ᠠ ᠎ᠶ᠋ᠢᠨ ᠠᠵᠢᠯ᠎ ᠤ᠋ᠨ ᠱᠠᠭᠠᠷᠳᠠᠯᠭ᠎ᠠ᠎ ᠶ᠋ᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠬᠡᠷᠡᠭ ᠎ᠢ᠋ᠶ᠋ᠡᠷ ᠰᠡᠷᠡᠮᠵᠢ ᠥᠭᠴᠦ ᠂ ᠬᠡᠷᠡᠭ᠎ ᠢ᠋ᠶ᠋ᠡᠷ ᠲᠣᠯᠢ ᠪᠣᠯᠭᠠᠨ ᠂ ᠤᠯᠤᠰ ᠲᠥᠷᠥ ᠬᠠᠤᠯᠢ ᠴᠠᠭᠠᠵᠠ᠎ ᠶ᠋ᠢᠨ ᠡᠩᠨᠡᠭᠡ᠎ ᠶ᠋ᠢᠨ ᠰᠤᠷᠭᠠᠨ ᠬᠥᠮᠦᠵᠢᠯ ᠎ᠦ᠋ᠨ ᠴᠡᠭᠴᠡᠯᠡᠯᠲᠡ ᠎ᠶ᠋ᠢᠨ ᠦᠷ᠎ᠡ ᠪᠦᠲᠦᠭᠡᠯ᠎ ᠢ᠋ ᠪᠡᠬᠢᠵᠢᠭᠦᠯᠦᠨ ᠭᠦᠨᠵᠡᠭᠡᠢᠷᠡᠭᠦᠯᠵᠦ ᠂ ᠭᠦᠢᠴᠡᠳᠬᠡᠬᠦ ᠬᠦᠷᠢᠶ᠎ᠡ ᠴᠠᠷᠠᠭ᠎ᠠ᠎ ᠶ᠋ᠢᠨ ᠠᠷᠬᠠᠭ ᠡᠪᠡᠳᠴᠢᠨ ᠢ᠋  ᠪᠠᠢᠴᠠᠭᠠᠨ ᠴᠡᠭᠴᠡᠯᠡᠨ ᠵᠠᠰᠠᠬᠤ᠎ ᠶ᠋ᠢ ᠦᠷᠭᠦᠯᠵᠢᠯᠡᠨ ᠥᠷᠨᠢᠭᠦᠯᠵᠦ ᠂ ᠭᠦᠢᠴᠡᠳᠬᠡᠬᠦ ᠠᠵᠢᠯᠯᠠᠭ᠎ᠠ ᠎ᠶ᠋ᠢ ᠤᠯᠠᠮ ᠨᠢᠭᠡ ᠠᠯᠬᠤᠮ ᠵᠢᠷᠤᠮᠵᠢᠭᠤᠯᠤᠨ ᠂ ᠬᠠᠤᠯᠢ ᠬᠡᠷᠡᠭᠵᠢᠭᠦᠯᠬᠦ ᠰᠤᠷᠲᠠᠯ᠎ᠢ᠋ ᠰᠠᠢᠵᠢᠷᠠᠭᠤᠯᠵᠤ ᠂ ᠣᠢᠷ᠎ᠠ᠎ ᠳ᠋ᠤ᠌ ᠂ ᠣᠷᠳᠣᠰ ᠬᠣᠲᠠ ᠎ᠶ᠋ᠢᠨ ᠠᠷᠠᠳ ᠎ᠤ᠋ᠨ ᠳᠤᠮᠳᠠ ᠵᠡᠷᠭᠡ᠎ ᠶ᠋ᠢᠨ ᠰᠢᠭᠦᠬᠦ ᠬᠣᠷᠢᠶ᠎ᠠ ᠪᠥᠬᠥ ᠬᠣᠲᠠ ᠎ᠶ᠋ᠢᠨ ᠰᠢᠭᠦᠬᠦ ᠬᠣᠷᠢᠶ᠎ᠠ᠎ ᠶ᠋ᠢᠨ 《 ᠭᠦᠢᠴᠡᠳᠬᠡᠬᠦ ᠠᠵᠢᠯᠯᠠᠭ᠎ᠠ ᠎ᠶ᠋ᠢ ᠵᠢᠷᠤᠮᠵᠢᠭᠤᠯᠵᠤ ᠂ ᠤᠯᠤᠰ ᠲᠥᠷᠥ ᠎ᠶ᠋ᠢᠨ ᠰᠠᠬᠢᠯᠭ᠎ᠠ ᠪᠠᠲᠤ ᠎ᠶ᠋ᠢ ᠴᠢᠩᠳᠠᠯᠠᠨ ᠂ ᠴᠡᠭᠴᠡᠯᠡᠨ ᠵᠠᠰᠠᠵᠤ ᠂ ᠭᠡᠮ ᠠᠷᠬᠠᠭ ᠭᠡᠮ ᠎ᠢ᠋ ᠴᠡᠭᠴᠡᠯᠡᠨ ᠵᠠᠰᠠᠵᠤ ᠂ ᠬᠡᠷᠡᠭ ᠰᠢᠢᠳᠪᠦᠷᠢᠯᠡᠬᠦ᠎ ᠪᠡᠷ ᠳᠠᠮᠵᠢᠨ ᠥᠭᠡᠷᠡᠴᠢᠯᠡᠬᠦ ᠎ᠶ᠋ᠢ ᠠᠬᠢᠭᠤᠯᠬᠤ 》 ᠲᠤᠰᠬᠠᠢ ᠠᠵᠢᠯᠯᠠᠭ᠎ᠠ ᠎ᠶ᠋ᠢᠨ ᠪᠠᠢᠷᠢᠯᠠᠭᠤᠯᠤᠯᠲᠠ᠎ ᠶ᠋ᠢ ᠠᠬᠢᠭᠤᠯᠬᠤ ᠬᠤᠷᠠᠯ ᠵᠢᠴᠢ ᠬᠠᠤᠯᠢ ᠴᠠᠭᠠᠵᠠ ᠎ᠶ᠋ᠢᠨ ᠰᠤᠷᠲᠠᠯ᠎ ᠤ᠋ᠨ ᠬᠡᠷᠡᠭ ᠪᠣᠯᠭᠠᠨ ᠰᠡᠷᠡᠮᠵᠢᠯᠡᠭᠦᠯᠦᠨ ᠰᠡᠷᠡᠮᠵᠢᠯᠡᠭᠦᠯᠦᠨ ᠬᠥᠮᠦᠵᠢᠭᠦᠯᠬᠦ ᠶᠡᠬᠡ ᠬᠤᠷᠠᠯ ᠎ᠢ᠋ ᠬᠤᠷᠠᠯᠳᠤᠭᠤᠯᠪᠠ ᠃ ᠬᠣᠲᠠ᠎ ᠶ᠋ᠢᠨ ᠳᠤᠮᠳᠠ ᠵᠡᠷᠭᠡ᠎ ᠶ᠋ᠢᠨ ᠰᠢᠭᠦᠬᠦ ᠬᠣᠷᠢᠶᠠᠨ ᠎ᠤ᠋ ᠨᠠᠮ᠎ ᠤ᠋ᠨ ᠤᠳᠤᠷᠢᠳᠬᠤ ᠳᠤᠭᠤᠢᠯᠠᠩ᠎ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ᠎ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ ᠂ ᠬᠣᠲᠠ ᠎ᠶ᠋ᠢᠨ ᠳᠤᠮᠳᠠ ᠵᠡᠷᠭᠡ᠎ ᠶ᠋ᠢᠨ ᠰᠢᠭᠦᠬᠦ ᠬᠣᠷᠢᠶᠠᠨ ᠤ᠋ ᠭᠡᠷ᠎ ᠲᠡᠭᠡᠨ ᠪᠠᠢᠭ᠎ᠠ ᠤᠳᠤᠷᠢᠳᠬᠤ ᠪᠠᠭ ᠎ᠤ᠋ᠨ ᠭᠡᠰᠢᠭᠦᠨ ᠂ ᠡᠯ᠎ᠡ ᠰᠠᠯᠠᠭ᠎ᠠ ᠮᠥᠴᠢᠷ ᠎ᠦ᠋ᠨ ᠬᠠᠷᠢᠭᠤᠴᠠᠯᠭᠠᠲᠠᠨ ᠂ ᠭᠦᠢᠴᠡᠳᠬᠡᠬᠦ ᠲᠣᠪᠴᠢᠶ᠎ᠠ ᠂ ᠬᠢᠨᠠᠨ ᠪᠠᠢᠴᠠᠭᠠᠬᠤ ᠲᠣᠪᠴᠢᠶ᠎ᠠ᠎ ᠶ᠋ᠢᠨ ᠪᠦᠬᠦ ᠺᠠᠲ᠋ᠷ ᠴᠠᠭᠳᠠᠭ᠎ᠠ ᠬᠤᠷᠠᠯ᠎ ᠤ᠋ᠨ ᠲᠠᠯᠠᠪᠠᠢ᠎ᠳ᠋ᠤ᠌ ᠣᠷᠣᠯᠴᠠᠵᠠᠢ ᠃ ᠡᠯ᠎ᠡ ᠦᠨᠳᠦᠰᠦᠨ ᠱᠠᠲᠤᠨ ᠤ᠋ ᠠᠷᠠᠳ ᠎ᠤ᠋ᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠭᠡᠰᠢᠭᠦᠨ ᠂ ᠡᠯ᠎ᠡ ᠰᠠᠯᠠᠭ᠎ᠠ ᠮᠥᠴᠢᠷ᠎ ᠦ᠋ᠨ ᠬᠠᠷᠢᠭᠤᠴᠠᠯᠭᠠᠲᠠᠨ ᠂ ᠭᠦᠢᠴᠡᠳᠬᠡᠬᠦ ᠲᠣᠪᠴᠢᠶ᠎ᠠ ᠂ ᠬᠢᠨᠠᠨ ᠪᠠᠢᠴᠠᠭᠠᠬᠤ ᠲᠣᠪᠴᠢᠶ᠎ᠠ᠎ ᠶ᠋ᠢᠨ ᠪᠦᠬᠦ ᠺᠠᠲ᠋ᠷ ᠴᠠᠭᠳᠠᠭ᠎ᠠ ᠨᠠᠷ ᠬᠤᠪᠢᠶᠠᠷᠢ ᠬᠤᠷᠠᠯ᠎ ᠤ᠋ᠨ ᠲᠠᠯᠠᠪᠠᠢ ᠎ᠳ᠋ᠤ᠌ ᠬᠤᠷᠠᠯ ᠎ᠳ᠋ᠤ᠌ ᠣᠷᠣᠯᠴᠠᠵᠠᠢ ᠃


   ᠬᠤᠷᠠᠯ᠎ ᠠ᠋ᠴᠠ 《 ᠣᠷᠳᠣᠰ ᠬᠣᠲᠠ ᠎ᠶ᠋ᠢᠨ ᠠᠷᠠᠳ᠎ ᠤ᠋ᠨ ᠳᠤᠮᠳᠠ ᠵᠡᠷᠭᠡ᠎ ᠶ᠋ᠢᠨ ᠰᠢᠭᠦᠬᠦ ᠬᠣᠷᠢᠶ᠎ᠠ᠎ ᠶ᠋ᠢᠨ 《 ᠭᠦᠢᠴᠡᠳᠬᠡᠬᠦ ᠠᠵᠢᠯᠯᠠᠭ᠎ᠠ᠎ᠶ᠋ᠢ ᠳᠦᠷᠢᠮᠵᠢᠭᠦᠯᠬᠦ ᠂ ᠤᠯᠤᠰ ᠲᠥᠷᠥ᠎ᠶ᠋ᠢᠨ ᠰᠠᠬᠢᠯᠭ᠎ᠠ ᠪᠠᠲᠤ᠎ᠶ᠋ᠢ ᠴᠢᠩᠳᠠᠯᠠᠬᠤ ᠂ ᠠᠷᠬᠠᠭ ᠭᠡᠮ ᠎ᠢ᠋ ᠵᠠᠰᠠᠬᠤ ᠂ ᠬᠡᠷᠡᠭ ᠰᠢᠢᠳᠪᠦᠷᠢᠯᠡᠬᠦ ᠎ᠪᠡᠷ ᠳᠠᠮᠵᠢᠨ ᠥᠭᠡᠷᠡᠴᠢᠯᠡᠬᠦ᠎ᠶ᠋ᠢ ᠠᠬᠢᠭᠤᠯᠬᠤ 》 ᠠᠵᠢᠯ᠎ ᠤ᠋ᠨ ᠲᠥᠰᠦᠯ 》 ᠢ᠋ ᠤᠩᠰᠢᠨ ᠨᠡᠢᠲᠡᠯᠡᠪᠡ ︔ ᠪᠥᠬᠥ ᠬᠣᠲᠠ᠎ ᠶ᠋ᠢᠨ ᠰᠢᠭᠦᠬᠦ ᠬᠣᠷᠢᠶᠠᠨ ᠤ᠋ ᠬᠠᠤᠯᠢ ᠪᠠᠷᠢᠬᠤ ᠰᠤᠷᠲᠠᠯ᠎ ᠢ᠋ ᠴᠡᠭᠴᠡᠯᠡᠨ ᠵᠠᠰᠠᠬᠤ ᠬᠡᠷᠡᠭ᠎ ᠦ᠋ᠨ ᠵᠢᠱ᠌ᠢᠶ᠎ᠡ᠎ ᠶ᠋ᠢ ᠨᠡᠢᠲᠡᠯᠡᠵᠡᠢ ᠃
   ᠬᠤᠷᠠᠯ ᠎ᠠ᠋ᠴᠠ ᠴᠢᠬᠤᠯᠠᠴᠢᠯᠠᠭᠰᠠᠨ ᠨᠢ ᠂ ᠨᠢᠭᠡ᠎ ᠳ᠋ᠦ᠍ ᠂ ᠬᠡᠷᠡᠭ᠎ ᠢ᠋ᠶ᠋ᠡᠷ ᠲᠣᠯᠢ ᠪᠣᠯᠭᠠᠵᠤ ᠂ ᠭᠦᠢᠴᠡᠳᠬᠡᠬᠦ ᠲᠤᠰᠬᠠᠢ ᠠᠵᠢᠯᠯᠠᠭ᠎ᠠ ᠪᠠ ᠬᠠᠤᠯᠢ ᠴᠠᠭᠠᠵᠠ᠎ ᠶ᠋ᠢᠨ ᠰᠤᠷᠲᠠᠯ ᠎ᠢ᠋ ᠴᠡᠭᠴᠡᠯᠡᠨ ᠵᠠᠰᠠᠬᠤ ᠠᠵᠢᠯ᠎ ᠢ᠋ ᠥᠷᠨᠢᠭᠦᠯᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ ᠪᠡᠨ ᠦᠨᠡᠨᠬᠦ ᠨᠡᠮᠡᠭᠳᠡᠭᠦᠯᠬᠦ ᠬᠡᠷᠡᠭᠲᠡᠢ ᠃ ᠭᠦᠢᠴᠡᠳᠬᠡᠬᠦ ᠬᠦᠷᠢᠶ᠎ᠡ ᠬᠡᠪᠴᠢᠶᠡᠨ ᠦ᠌ ᠠᠷᠬᠠᠭ ᠭᠡᠮ ᠎ᠢ᠋ ᠦᠨᠳᠦᠰᠦ᠎ ᠡᠴᠡ ᠨᠢ ᠠᠷᠢᠯᠭᠠᠭᠰᠠᠨ ᠥᠬᠡᠢ ᠂ ᠬᠠᠤᠯᠢ ᠴᠠᠭᠠᠵᠠ ᠎ᠶ᠋ᠢᠨ ᠰᠤᠷᠲᠠᠯ ᠨᠢ ᠰᠢᠨ᠎ᠡ ᠴᠠᠭ ᠦᠶ᠎ᠡ ᠎ᠶ᠋ᠢᠨ ᠱᠠᠭᠠᠷᠳᠠᠯᠭ᠎ᠠ ᠪᠠ ᠠᠷᠠᠳ ᠣᠯᠠᠨ ᠤ᠋ ᠬᠦᠰᠡᠯ ᠡᠷᠡᠮᠡᠯᠵᠡᠯ᠎ ᠡᠴᠡ ᠪᠠᠰᠠ ᠵᠥᠷᠢᠶ᠎ᠡ᠎ ᠲᠡᠢ ᠪᠠᠢᠬᠤ᠎ ᠶ᠋ᠢ ᠭᠦᠨᠵᠡᠭᠡᠢ ᠲᠠᠨᠢᠵᠤ ᠂ ᠬᠡᠷᠡᠭ ᠎ᠢ᠋ᠶ᠋ᠡᠷ ᠲᠣᠯᠢ ᠪᠣᠯᠭᠠᠵᠤ ᠂ ᠬᠡᠷᠡᠭ᠎ ᠢ᠋ᠶ᠋ᠡᠷ ᠥᠭᠡᠷᠡᠴᠢᠯᠡᠨ ᠰᠠᠢᠵᠢᠷᠠᠭᠤᠯᠬᠤ᠎ ᠶ᠋ᠢ ᠠᠬᠢᠭᠤᠯᠬᠤ ᠎ᠶ᠋ᠢ ᠪᠠᠷᠢᠮᠲᠠᠯᠠᠵᠤ ᠂ ᠦᠵᠡᠯ ᠰᠠᠨᠠᠭ᠎ᠠ᠎ ᠪᠠᠨ ᠦᠨᠡᠨᠬᠦ ᠬᠤᠪᠢᠷᠠᠭᠤᠯᠵᠤ ᠂ ᠬᠠᠷᠢᠭᠤᠴᠠᠯᠭ᠎ᠠ᠎ ᠪᠠᠨ ᠴᠢᠩᠭ᠎ᠠ ᠠᠳᠬᠤᠨ ᠂ ᠨᠠᠢᠳᠠᠪᠤᠷᠢᠵᠢᠭᠤᠯᠤᠯᠲᠠ᠎ ᠶ᠋ᠢ ᠬᠦᠴᠦᠲᠡᠢ ᠠᠳᠬᠤᠵᠤ ᠂ ᠭᠦᠢᠴᠡᠳᠬᠡᠬᠦ ᠦᠢᠯᠡ ᠠᠵᠢᠯᠯᠠᠭ᠎ᠠ᠎ ᠪᠠᠨ ᠪᠦᠬᠦ ᠲᠠᠯ᠎ᠠ ᠎ᠪᠠᠷ ᠵᠢᠷᠤᠮᠵᠢᠭᠤᠯᠤᠨ ᠂ ᠬᠠᠲᠠᠭᠤ ᠴᠢᠩᠭ᠎ᠠ ᠬᠠᠤᠯᠢ ᠬᠡᠷᠡᠭᠵᠢᠭᠦᠯᠬᠦ ᠰᠤᠷᠲᠠᠯ᠎ ᠢ᠋ ᠳᠠᠪᠲᠠᠨ ᠪᠣᠯᠪᠠᠰᠤᠷᠠᠭᠤᠯᠵᠤ ᠂ ᠠᠷᠠᠳ᠎ ᠤ᠋ᠨ ᠰᠢᠭᠦᠬᠦ ᠬᠣᠷᠢᠶᠠᠨ ᠎ᠤ᠋ ᠰᠠᠢᠨ ᠰᠠᠢᠬᠠᠨ ᠳᠦᠷᠢ ᠲᠥᠷᠬᠦ ᠎ᠶ᠋ᠢ ᠬᠠᠮᠠᠭᠠᠯᠠᠬᠤ ᠬᠡᠷᠡᠭᠲᠡᠢ ᠃
   ᠬᠣᠶᠠᠷ᠎ ᠲᠤ᠌ ᠂ ᠬᠠᠷᠠᠯᠲᠠ ᠪᠠᠨ ᠴᠢᠩᠭ᠎ᠠ ᠠᠳᠬᠤᠵᠤ ᠂ ᠭᠦᠢᠴᠡᠳᠬᠡᠬᠦ ᠲᠤᠰᠬᠠᠢ ᠠᠵᠢᠯᠯᠠᠭ᠎ᠠ ᠪᠣᠯᠤᠨ ᠬᠠᠤᠯᠢ ᠴᠠᠭᠠᠵᠠ᠎ᠶ᠋ᠢᠨ ᠰᠤᠷᠲᠠᠯ᠎ ᠢ᠋ ᠴᠡᠭᠴᠡᠯᠡᠨ ᠵᠠᠰᠠᠬᠤ ᠠᠵᠢᠯ᠎ ᠢ᠋ ᠰᠠᠢᠲᠤᠷ ᠬᠢᠬᠦ ᠬᠡᠷᠡᠭᠲᠡᠢ ᠃ ᠬᠠᠷᠢᠭᠤᠴᠠᠯᠭ᠎ᠠ ᠎ᠶ᠋ᠢ ᠪᠣᠳᠠᠲᠠᠢᠵᠢᠭᠤᠯᠵᠤ ᠂ ᠥᠪᠡᠷ᠎ ᠢ᠋ᠶ᠋ᠡᠨ ᠪᠠᠢᠴᠠᠭᠠᠵᠤ ᠥᠪᠡᠷ᠎ ᠲᠡᠭᠡᠨ ᠵᠠᠯᠠᠷᠠᠭᠤᠯᠬᠤ ᠎ᠶ᠋ᠢ ᠪᠠᠷᠢᠮᠲᠠᠯᠠᠨ ᠂ ᠪᠦᠬᠦ ᠬᠦᠴᠦᠨ ᠎ᠢ᠋ᠶ᠋ᠡᠷ᠎ ᠢ᠋ᠶ᠋ᠡᠨ ᠴᠡᠭᠴᠡᠯᠡᠨ ᠰᠠᠢᠵᠢᠷᠠᠭᠤᠯᠵᠤ ᠂ ᠦᠷᠭᠦᠯᠵᠢᠯᠡᠨ ᠳ᠋ᠦᠩᠨᠡᠵᠦ ᠪᠡᠬᠢᠵᠢᠭᠦᠯᠦᠨ ᠂ ᠭᠣᠭᠴᠣᠭ᠎ᠠ ᠨᠢᠭᠡᠪᠦᠷᠢ᠎ ᠶ᠋ᠢ ᠪᠣᠳᠠᠲᠠᠢ ᠬᠢᠬᠦ ᠬᠡᠷᠡᠭᠲᠡᠢ ; ᠰᠢᠯᠭᠠᠨ ᠬᠢᠨᠠᠬᠤ ᠎ᠶ᠋ᠢ ᠴᠢᠩᠭᠠᠷᠠᠭᠤᠯᠵᠤ ᠂ ᠪᠦᠬᠦ ᠶᠠᠪᠤᠴᠠ ᠂ ᠪᠦᠬᠦ ᠶᠠᠪᠤᠴᠠ᠎ ᠶ᠋ᠢ ᠬᠠᠷᠢᠴᠠᠭᠤᠯᠬᠤ ᠠᠵᠢᠯ᠎ ᠤ᠋ᠨ ᠲᠥᠰᠦᠯ ᠎ᠳ᠋ᠦ᠍ ᠲᠣᠳᠣᠷᠬᠠᠢᠯᠠᠭᠰᠠᠨ ᠬᠠᠷᠠᠯᠲᠠ᠎ ᠶ᠋ᠢᠨ ᠡᠭᠦᠷᠭᠡ᠎ ᠳ᠋ᠦ᠍ ᠬᠢᠨᠠᠨ ᠰᠢᠯᠭᠠᠯᠲᠠ ᠬᠢᠵᠦ ᠂ ᠪᠣᠯᠵᠣᠨ ᠶᠠᠷᠢᠯᠴᠠᠬᠤ ᠂ ᠨᠡᠪᠲᠡᠷᠡᠭᠦᠯᠬᠦ ᠂ ᠬᠠᠷᠢᠭᠤᠴᠠᠯᠭ᠎ᠠ ᠬᠡᠯᠡᠯᠴᠡᠬᠦ ᠵᠡᠷᠭᠡ ᠠᠷᠭ᠎ᠠ ᠪᠠᠷᠢᠯ᠎ ᠢ᠋ᠶ᠋ᠠᠷ ᠳᠠᠮᠵᠢᠭᠤᠯᠤᠨ ᠂ ᠬᠠᠷᠢᠭᠤᠴᠠᠯᠭ᠎ᠠ᠎ ᠶ᠋ᠢᠨ ᠨᠠᠢᠳᠠᠪᠤᠷᠢᠵᠢᠭᠤᠯᠤᠯᠲᠠ᠎ ᠶ᠋ᠢ ᠰᠢᠮᠳᠠᠭᠤᠯᠵᠤ ᠂ ᠦᠷ᠎ᠡ ᠳ᠋ᠦᠩ ᠎ᠦ᠋ᠨ ᠢᠯᠡ ᠲᠣᠳᠣ ᠤᠳᠤᠷᠢᠳᠤᠮᠵᠢ᠎ ᠶ᠋ᠢ ᠪᠣᠢ ᠪᠣᠯᠭᠠᠵᠤ ᠂ ᠦᠷ᠎ᠡ ᠪᠦᠲᠦᠭᠡᠯ ᠨᠢᠭᠡᠪᠦᠷᠢ᠎ ᠶ᠋ᠢ ᠴᠢᠩᠭ᠎ᠠ ᠠᠳᠬᠤᠬᠤ ᠬᠡᠷᠡᠭᠲᠡᠢ ᠃
   ᠭᠤᠷᠪᠠ ᠎ᠳ᠋ᠤ᠌ ᠦᠷ᠎ᠡ ᠪᠦᠲᠦᠮᠵᠢ᠎ ᠶ᠋ᠢ ᠴᠢᠩᠭ᠎ᠠ ᠠᠩᠬᠠᠷᠴᠤ ᠂ ᠥᠨᠳᠥᠷ ᠴᠢᠨᠠᠷ ᠴᠢᠨᠰᠠᠭ᠎ᠠ᠎ ᠲᠠᠢ ᠭᠦᠢᠴᠡᠳᠬᠡᠬᠦ ᠠᠵᠢᠯ ᠪᠠ ᠴᠢᠨᠠᠷ ᠰᠠᠢᠲᠠᠢ ᠬᠠᠤᠯᠢ ᠪᠠᠷᠢᠬᠤ ᠰᠤᠷᠲᠠᠯ᠎ ᠢ᠋ᠶ᠋ᠠᠷ ᠰᠢᠨ᠎ᠡ ᠴᠠᠭ ᠦᠶ᠎ᠡ ᠎ᠶ᠋ᠢᠨ ᠠᠷᠠᠳ᠎ ᠤ᠋ᠨ ᠰᠢᠭᠦᠬᠦ ᠬᠣᠷᠢᠶᠠᠨ ᠤ᠋ ᠠᠵᠢᠯ ᠎ᠤ᠋ᠨ ᠴᠢᠨᠠᠷ ᠰᠠᠢᠲᠠᠢ ᠬᠥᠭᠵᠢᠯᠲᠡ᠎ ᠶ᠋ᠢ ᠲᠦᠯᠬᠢᠨ ᠠᠬᠢᠭᠤᠯᠬᠤ ᠬᠡᠷᠡᠭᠲᠡᠢ ᠃ ᠨᠢᠭᠡᠳᠦᠯᠲᠡᠢ ᠲᠥᠯᠥᠪᠵᠢᠭᠦᠯᠦᠨ ᠨᠡᠢᠲᠡ᠎ ᠳ᠋ᠤᠨᠢ ᠬᠠᠷᠠᠭᠠᠯᠵᠠᠵᠤ ᠂ ᠪᠡᠬᠢᠯᠡᠯᠲᠡ ᠳᠠᠭᠠᠷᠢᠬᠤ᠎ ᠶ᠋ᠢ ᠪᠠᠷᠢᠮᠲᠠᠯᠠᠵᠤ ᠂ ᠡᠳᠦᠷ ᠳᠣᠳᠣᠮ᠎ ᠤ᠋ᠨ ᠬᠢᠨᠠᠨ ᠬᠠᠮᠢᠶᠠᠷᠤᠯᠲᠠ᠎ ᠪᠠᠨ ᠴᠢᠩᠭᠠᠳᠬᠠᠵᠤ ᠂ ᠭᠦᠢᠴᠡᠳᠬᠡᠬᠦ ᠠᠵᠢᠯᠯᠠᠭ᠎ᠠ᠎ ᠶ᠋ᠢ ᠪᠥᠬᠥ ᠲᠠᠯ᠎ᠠ ᠎ᠪᠠᠷ ᠳᠦᠷᠢᠮᠵᠢᠭᠦᠯᠵᠦ ᠂ ᠬᠡᠷᠡᠭᠵᠢᠭᠦᠯᠦᠯᠲᠡ᠎ ᠶ᠋ᠢᠨ ᠬᠢᠵᠠᠭᠠᠷᠯᠠᠯ ᠬᠢᠨᠠᠯᠲᠠ ᠲᠠᠯᠪᠢᠯᠲᠠ᠎ ᠪᠠᠨ ᠴᠢᠩᠭᠠᠳᠬᠠᠵᠤ ᠂ ᠭᠦᠢᠴᠡᠳᠬᠡᠬᠦ ᠠᠵᠢᠯ᠎ ᠤ᠋ᠨ ᠴᠢᠨᠠᠷ᠎ᠢ᠋ ᠳᠡᠭᠡᠭᠰᠢᠯᠡᠭᠦᠯᠵᠦ ᠦᠷ᠎ᠡ ᠠᠰᠢᠭ ᠎ᠢ᠋ ᠨᠡᠮᠡᠭᠳᠡᠭᠦᠯᠬᠦ᠎ ᠶ᠋ᠢ ᠪᠥᠬᠥ ᠬᠦᠴᠦᠨ ᠎ᠢ᠋ᠶ᠋ᠡᠷ ᠠᠬᠢᠭᠤᠯᠬᠤ ᠬᠡᠷᠡᠭᠲᠡᠢ ︔ ᠴᠢᠳᠠᠪᠤᠷᠢ ᠎ᠪᠠᠨ ᠨᠡᠮᠡᠭᠳᠡᠭᠦᠯᠦᠨ ᠂ ᠰᠤᠷᠲᠠᠯ᠎ ᠢ᠋ᠶ᠋ᠠᠨ ᠬᠤᠪᠢᠷᠠᠭᠤᠯᠵᠤ ᠂ ᠬᠠᠤᠯᠢ ᠬᠡᠷᠡᠭᠵᠢᠭᠦᠯᠬᠦ ᠴᠢᠳᠠᠪᠤᠷᠢ᠎ ᠶ᠋ᠢᠨ ᠪᠠᠢᠭᠤᠯᠤᠯᠲᠠ ᠎ᠪᠠᠨ ᠴᠢᠩᠭᠠᠳᠬᠠᠵᠤ ᠂ ᠬᠠᠤᠯᠢ ᠬᠡᠷᠡᠭᠵᠢᠭᠦᠯᠬᠦ ᠠᠵᠢᠯᠯᠠᠭ᠎ᠠ᠎ ᠪᠠᠨ ᠴᠢᠩᠭ᠎ᠠ ᠳᠦᠷᠢᠮᠵᠢᠭᠦᠯᠵᠦ ᠂ ᠡᠭᠦᠷᠭᠡ ᠬᠠᠷᠢᠭᠤᠴᠠᠯᠭ᠎ᠠ᠎ ᠪᠠᠨ ᠡᠭᠦᠷᠭᠡᠯᠡᠬᠦ ᠵᠣᠷᠢᠭ ᠰᠠᠨᠠᠭ᠎ᠠ ᠎ᠪᠠᠨ ᠴᠢᠨᠭᠭᠠᠳᠬᠠᠨ᠎ᠠ᠃
    ᠬᠤᠷᠠᠯ᠎ ᠠ᠋ᠴᠠ ᠱᠠᠭᠠᠷᠳᠠᠭᠰᠠᠨ ᠨᠢ ᠂ ᠪᠥᠬᠥ ᠬᠣᠲᠠ ᠎ᠶ᠋ᠢᠨ ᠰᠢᠭᠦᠬᠦ ᠬᠣᠷᠢᠶ᠎ᠠ ᠬᠡᠷᠡᠭ᠎ ᠢ᠋ᠶ᠋ᠡᠷ ᠲᠣᠯᠢ ᠪᠣᠯᠭᠠᠵᠤ ᠂ ᠬᠡᠷᠡᠭ᠎ ᠢ᠋ᠶ᠋ᠡᠷ ᠥᠭᠡᠷᠡᠴᠢᠯᠡᠯᠲᠡ ᠎ᠶ᠋ᠢ ᠠᠬᠢᠭᠤᠯᠵᠤ ᠂ ᠤᠯᠤᠰ ᠲᠥᠷᠥ᠎ᠶ᠋ᠢᠨ ᠪᠠᠢᠭᠤᠯᠤᠯᠲᠠ᠎ ᠶ᠋ᠢ ᠴᠢᠩᠭᠠᠳᠬᠠᠬᠤ᠎ ᠪᠠᠷ ᠦᠨᠳᠦᠰᠦ ᠪᠣᠯᠭᠠᠵᠤ ᠂ ᠤᠯᠤᠰ ᠲᠥᠷᠥ ᠎ᠶ᠋ᠢᠨ ᠰᠠᠬᠢᠯᠭ᠎ᠠ ᠪᠠᠲᠤ᠎ ᠶ᠋ᠢ ᠴᠢᠩᠭ᠎ᠠ ᠴᠢᠩᠭᠠᠳᠬᠠᠬᠤ ᠎ᠪᠠᠷ ᠭᠠᠷᠳᠠᠴᠠ ᠪᠣᠯᠭᠠᠵᠤ ᠂ ᠭᠦᠢᠴᠡᠳᠬᠡᠬᠦ ᠬᠦᠷᠢᠶ᠎ᠡ ᠬᠡᠪᠴᠢᠶᠡᠨ ᠎ᠳ᠋ᠡᠬᠢ ᠠᠷᠬᠠᠭ ᠭᠡᠮ᠎ ᠢ᠋ ᠭᠦᠨᠵᠡᠭᠡᠢ ᠴᠡᠭᠴᠡᠯᠡᠨ ᠵᠠᠰᠠᠵᠤ ᠂ ᠬᠡᠵᠢᠶᠡᠳᠡ ᠵᠠᠮ ᠳᠡᠭᠡᠷᠡᠬᠢ ᠬᠠᠳᠠᠨ ᠵᠣᠷᠢᠭ ᠪᠠ ᠡᠷᠡᠰ ᠪᠠᠷᠢᠮᠲᠠᠯᠠᠯ ᠎ᠢ᠋ᠶ᠋ᠠᠷ ᠬᠠᠤᠯᠢ ᠴᠠᠭᠠᠵᠠ᠎ ᠶ᠋ᠢᠨ ᠰᠤᠷᠲᠠᠯ ᠎ᠤ᠋ᠨ ᠪᠠᠢᠭᠤᠯᠤᠯᠲᠠ᠎ ᠶ᠋ᠢ ᠠᠬᠢᠭᠤᠯᠵᠤ ᠂ ᠰᠢᠨ᠎ᠡ ᠳᠦᠷᠢ ᠪᠠᠢᠳᠠᠯ ᠂ ᠰᠢᠨ᠎ᠡ ᠬᠡᠪ ᠨᠠᠮᠪᠠ ᠎ᠢ᠋ᠶ᠋ᠠᠷ ᠰᠢᠨ᠎ᠡ ᠡᠭᠦᠷᠭᠡ ᠂ ᠰᠢᠨ᠎ᠡ ᠡᠭᠦᠷᠭᠡ ᠂ ᠰᠢᠨ᠎ᠡ ᠠᠶᠠᠨ ᠵᠠᠮ᠎ ᠳ᠋ᠤ᠌ ᠢᠳᠡᠪᠬᠢᠲᠡᠢ ᠣᠷᠣᠯᠴᠠᠵᠤ ᠂ ᠨᠡᠩ ᠣᠮᠣᠭ ᠲᠡᠭᠦᠯᠳᠡᠷ ᠲᠡᠮᠡᠴᠡᠯ᠎ ᠦ᠋ᠨ ᠵᠣᠷᠢᠭ ᠂ ᠨᠡᠩ ᠣᠮᠣᠭ ᠪᠠᠬᠠᠳᠤᠯ᠎ ᠲᠠᠢ ᠰᠡᠳᠬᠢᠯᠭᠡ᠎ ᠪᠡᠷ ᠪᠥᠬᠥ ᠬᠣᠲᠠ᠎ ᠶ᠋ᠢᠨ ᠰᠢᠭᠦᠬᠦ ᠬᠣᠷᠢᠶᠠᠨ ᠤ᠋ ᠡᠯ᠎ᠡ ᠵᠦᠢᠯ ᠎ᠦ᠋ᠨ ᠠᠵᠢᠯ ᠎ᠢ᠋ ᠪᠥᠬᠥ ᠬᠦᠴᠦᠨ ᠢ᠋ᠶ᠋ᠡᠷ ᠲᠦᠯᠬᠢᠨ ᠠᠬᠢᠭᠤᠯᠵᠤ ᠂ ᠰᠢᠯᠢᠳᠡᠭ ᠠᠮᠵᠢᠯᠲᠠ ᠎ᠪᠠᠷ᠎ ᠢ᠋ᠶ᠋ᠠᠨ ᠨᠠᠮ᠎ ᠤ᠋ᠨ ᠬᠣᠷᠢᠨ ᠶᠡᠬᠡ ᠬᠤᠷᠠᠯ ᠎ᠤ᠋ᠨ ᠠᠮᠵᠢᠯᠲᠠᠲᠠᠢ ᠬᠤᠷᠠᠯᠳᠤᠬᠤ᠎ ᠶ᠋ᠢ ᠤᠭᠲᠤᠬᠤ ᠬᠡᠷᠡᠭᠲᠡᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )