ᠡᠯ᠎ᠡ ᠦᠨᠳᠦᠰᠦᠲᠡᠨ ᠨᠢᠭᠡ ᠭᠡᠷ ᠪᠦᠯᠢ ᠮᠡᠲᠦ ᠡᠯᠢᠭᠡᠰᠡᠭ ᠭᠤᠤᠯ ᠰᠡᠳᠦᠪᠲᠦ ᠺᠢᠨᠤ᠋ ᠰᠤᠨᠢᠷᠬᠠᠪᠠ
2022.12.12 ᠲᠣᠰ ᠥᠷᠲᠡᠭᠡᠨ᠎ᠦ ᠨᠠᠢᠷᠠᠭᠤᠯᠤᠭᠴᠢ

   ᠳᠤᠮᠳᠠᠳᠤ᠎ ᠶ᠋ᠢᠨ ᠦᠨᠳᠦᠰᠦᠲᠡᠨ ᠎ᠦ᠌ ᠬᠠᠮᠲᠤ᠎ ᠶ᠋ᠢᠨ ᠴᠣᠭᠴᠠ ᠎ᠶ᠋ᠢᠨ ᠤᠬᠠᠮᠰᠠᠷ᠎ ᠢ᠋ ᠪᠠᠲᠤ ᠪᠡᠬᠢ ᠪᠣᠢ ᠪᠣᠯᠭᠠᠵᠤ ᠂ ᠪᠦᠬᠦᠢᠯᠡ ᠺᠠᠲ᠋ᠷ ᠴᠠᠭᠳᠠᠭ᠎ᠠ ᠦᠨᠳᠦᠰᠦᠲᠡᠨ ᠎ᠦ᠌ ᠪᠦᠯᠬᠦᠮᠳᠡᠯ᠎ᠦ᠋ᠨ ᠤᠬᠠᠮᠰᠠᠷ᠎ᠢ᠋ ᠴᠢᠩᠭᠠᠳᠬᠠᠵᠤ ᠂ ᠦᠨᠳᠦᠰᠦᠲᠡᠨ ᠎ᠦ᠌ ᠬᠠᠢᠷ᠎ᠠ ᠰᠡᠳᠬᠢᠯᠭᠡ᠎ ᠶ᠋ᠢ ᠨᠡᠮᠡᠭᠳᠡᠭᠦᠯᠬᠦ ᠎ᠶ᠋ᠢᠨ ᠲᠥᠯᠥᠭᠡ 12 ᠰᠠᠷ᠎ᠠ᠎ ᠶ᠋ᠢᠨ 5᠎ ᠤ᠋ ᠡᠳᠦᠷ ᠂ ᠬᠣᠲᠠ᠎ᠶ᠋ᠢᠨ ᠳᠤᠮᠳᠠ ᠵᠡᠷᠭᠡ ᠎ᠶ᠋ᠢᠨ ᠰᠢᠭᠦᠬᠦ ᠬᠣᠷᠢᠶ᠎ᠠ 《 ᠡᠯ᠎ᠡ ᠦᠨᠳᠦᠰᠦᠲᠡᠨ ᠨᠢᠭᠡ ᠭᠡᠷ ᠪᠦᠯᠢ ᠮᠡᠲᠦ  ᠡᠯᠢᠭᠡᠰᠡᠭ 》 ᠭᠡᠬᠦ ᠭᠣᠣᠯ ᠰᠡᠳᠦᠪᠲᠦ ᠨᠠᠮ᠎ᠤ᠋ᠨ ᠡᠳᠦᠷ᠎ ᠦ᠋ᠨ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ ᠂ ᠪᠦᠬᠦ ᠨᠠᠮ ᠎ᠤ᠋ᠨ ᠭᠡᠰᠢᠭᠦᠳ ᠬᠠᠮᠲᠤᠲᠠ 《 ᠳᠠᠯᠠᠢ ᠎ᠶ᠋ᠢᠨ ᠬᠢᠵᠠᠭᠠᠷ  ᠨᠢ  ᠲᠠᠯ᠎ᠠ ᠨᠤᠲᠤᠭ 》 ᠭᠡᠮᠡᠬᠦ ᠺᠢᠨᠤ᠋ ᠵᠢ ᠰᠤᠨᠢᠷᠬᠠᠪᠠ ᠃

 


   

   ᠶᠡᠷᠦᠩᠬᠡᠢ ᠱᠦᠵᠢ ᠱᠢ ᠵᠢᠨ ᠫᠢᠩ ᠎ᠦ᠋ᠨ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ᠎ ᠤ᠋ᠨ ᠠᠷᠠᠳ᠎ ᠤ᠋ᠨ ᠲᠥᠯᠥᠭᠡᠯᠡᠭᠴᠢᠳ ᠎ᠦ᠋ᠨ ᠶᠡᠬᠡ ᠬᠤᠷᠠᠯ᠎ ᠤ᠋ᠨ ᠳᠥᠷᠪᠡᠳᠦᠭᠡᠷ ᠬᠤᠷᠠᠯ ᠎ᠳ᠋ᠤ᠌ ᠣᠷᠣᠯᠴᠠᠬᠤ᠎ ᠳ᠋ᠠᠭᠠᠨ ᠳᠤᠷᠠᠳᠤᠭᠰᠠᠨ  ︱ 《 ᠭᠤᠷᠪᠠᠨ ᠮᠢᠩᠭᠠᠨ ᠥᠨᠥᠴᠢᠨ ᠬᠡᠦᠬᠡᠳ ᠵᠢ ᠥᠪᠥᠷ ᠮᠣᠩᠭᠣᠯ ᠎ᠳ᠋ᠤ᠌ ᠬᠤᠪᠢᠶᠠᠭᠰᠠᠨ》 ᠨᠢ 《 ᠳᠠᠯᠠᠢ ᠎ᠶ᠋ᠢᠨ ᠬᠢᠵᠠᠭᠠᠷ  ᠨᠢ  ᠲᠠᠯ᠎ᠠ ᠨᠤᠲᠤᠭ 》 ᠭᠡᠬᠦ ᠺᠢᠨᠣ‍ ᠪᠣᠯᠵᠤ ᠨᠠᠢᠷᠠᠭᠳᠠᠵᠠᠢ ᠃ ᠲᠤᠰ ᠺᠢᠨᠣ᠎ ᠳ᠋ᠤ᠌ ᠬᠣᠷᠢᠳᠤᠭᠠᠷ ᠵᠠᠭᠤᠨ ᠤ᠋ ᠲᠠᠪᠢᠭᠠᠳ ᠣᠨ ᠎ᠤ᠋ ᠰᠡᠭᠦᠯᠴᠢ ᠂ ᠰᠢᠨ᠎ᠡ ᠳᠤᠮᠳᠠᠳᠤ ᠤᠯᠤᠰ ᠬᠦᠨᠳᠦ ᠨᠣᠴᠢᠲᠠᠢ ᠪᠠᠢᠭᠠᠯᠢ᠎ ᠶ᠋ᠢᠨ ᠭᠠᠮᠰᠢᠭ ᠲᠤ᠌ ᠤᠴᠠᠷᠠᠵᠤ ᠂ ᠡᠮᠦᠨᠡᠲᠦ ᠣᠷᠣᠨ ᠎ᠤ᠋ ᠦᠯᠡᠮᠵᠢ ᠣᠯᠠᠨ ᠥᠨᠥᠴᠢᠨ ᠬᠡᠦᠬᠡᠳ ᠰᠢᠮ᠎ᠡ ᠲᠡᠵᠢᠭᠡᠯ ᠬᠦᠷᠦᠯᠴᠡᠬᠦ ᠦᠭᠡᠢ ᠬᠢᠮᠤᠷᠠᠯ᠎ ᠳ᠋ᠤ᠌ ᠤᠴᠠᠷᠠᠪᠠ ᠭᠡᠵᠦ ᠲᠠᠢᠯᠪᠤᠷᠢᠯᠠᠪᠠ ᠃ ᠡᠨᠡᠬᠦ ᠵᠠᠩᠭᠢᠯᠠᠭ᠎ᠠ᠎ᠶ᠋ᠢᠨ ᠦᠶ᠎ᠡ ᠳ᠋ᠤ ᠂ ᠥᠪᠥᠷ ᠮᠣᠩᠭᠣᠯ᠎ ᠤ᠋ᠨ ᠥᠪᠡᠷᠲᠡᠭᠡᠨ ᠵᠠᠰᠠᠬᠤ ᠣᠷᠣᠨ ᠎ᠤ᠋ ᠨᠠᠮ ᠎ᠤ᠋ᠨ ᠬᠣᠷᠢᠶ᠎ᠠ ᠂ ᠵᠠᠰᠠᠭ ᠤ᠋ᠨ ᠣᠷᠳᠣᠨ ᠡᠴᠡ ᠰᠠᠨᠠᠭᠠᠴᠢᠯᠠᠭ᠎ᠠ᠎ᠲᠠᠢ ᠎ᠪᠠᠷ ᠲᠥᠪ ᠬᠣᠷᠢᠶ᠎ᠠ᠎ ᠠ᠋ᠴᠠ ᠭᠤᠶᠤᠴᠢᠯᠠᠵᠤ ᠂ 《 ᠨᠢᠭᠡ ᠵᠢ ᠲᠤᠰᠪᠠᠯ ᠨᠢᠭᠡ ᠵᠢ ᠦᠰᠭᠡᠨ ᠪᠤᠢᠵᠢᠭᠤᠯᠬᠤ》 ᠵᠠᠷᠴᠢᠮ᠎ ᠢ᠋ ᠵᠢᠷᠤᠮᠯᠠᠨ ᠂ 3000 ᠣᠷᠴᠢᠮ ᠥᠨᠥᠴᠢᠨ ᠬᠡᠦᠬᠡᠳ᠎ᠢ᠋ ᠲᠠᠯ᠎ᠠ ᠨᠤᠲᠤᠭ ᠲᠤ᠌ ᠲᠣᠰᠴᠤ ᠠᠪᠴᠢᠷᠠᠨ ᠂ ᠡᠭᠡᠯ ᠪᠣᠷᠣᠭᠵᠢᠭᠤᠨ ᠴᠠᠢᠯᠭᠠᠨ ᠰᠠᠨᠠᠭ᠎ᠠ᠎ᠲᠠᠢ ᠮᠠᠯᠴᠢᠳ᠎ᠲᠤ᠌ ᠡᠷᠭᠦᠨ ᠲᠡᠵᠢᠭᠡᠯᠭᠡᠬᠦ᠎ ᠪᠡᠷ ᠪᠣᠯᠪᠠ ᠃ ᠥᠷᠭᠡᠨ ᠠᠭᠤᠳᠠᠮ ᠲᠠᠯ᠎ᠠ ᠨᠤᠲᠤᠭ ᠲᠤ᠌ ᠂ ᠨᠤᠲᠤᠭ ᠠ᠋ᠴᠠ ᠎ᠪᠠᠨ ᠬᠣᠯᠠ ᠪᠠᠢᠭ᠎ᠠ ᠬᠡᠦᠬᠡᠳ ᠰᠢᠨ᠎ᠡ ᠣᠷᠴᠢᠨ ᠲᠣᠭᠣᠷᠢᠨ ᠪᠠ ᠭᠡᠷ ᠪᠦᠯᠢ ᠎ᠲᠡᠢ ᠠᠭᠤᠰᠤᠯᠴᠠᠵᠤ ᠂ ᠰᠢᠨ᠎ᠡ ᠭᠡᠷ ᠎ᠦ᠋ᠨ ᠬᠥᠮᠦᠰ᠎ ᠲᠡᠢ ᠤᠴᠷᠠᠭᠰᠠᠨ ᠪᠠᠢᠨ᠎ᠠ ᠃ᠪᠣᠷᠣᠭᠵᠢᠭᠤᠨ ᠲᠠᠯ᠎ᠠ ᠨᠤᠲᠤᠭ ᠎ᠤ᠋ᠨ ᠠᠷᠠᠳ ᠲᠦᠮᠡᠨ ᠨᠢ 《 ᠨᠢᠭᠡ ᠭᠡᠷ ᠪᠦᠯᠢ 》 ᠪᠡᠷ ᠳᠤᠮᠳᠠᠳᠤ᠎ ᠶ᠋ᠢᠨ ᠦᠨᠳᠦᠰᠦᠲᠡᠨ ᠎ᠦ᠌ ᠬᠠᠮᠲᠤ᠎ ᠶ᠋ᠢᠨ ᠴᠣᠭᠴᠠ᠎ᠶ᠋ᠢᠨ ᠦᠵᠡᠯ ᠤᠬᠠᠮᠰᠠᠷ᠎ᠤ᠋ᠨ ᠬᠦᠴᠦᠷᠬᠡᠭ ᠶᠡᠬᠡ ᠬᠦᠴᠦᠨ ᠢ᠋ ᠢᠯᠡᠷᠡᠭᠦᠯᠦᠭᠰᠡᠨ ᠶᠤᠮ ᠃
   ᠣᠢᠷ᠎ᠠ ᠎ᠶ᠋ᠢᠨ ᠬᠡᠳᠦᠨ ᠵᠢᠯ ᠎ᠡᠴᠡ ᠨᠡᠰᠢ ᠂ ᠣᠷᠳᠣᠰ ᠬᠣᠲᠠ᠎ ᠶ᠋ᠢᠨ ᠳᠤᠮᠳᠠ ᠵᠡᠷᠭᠡ᠎ ᠶ᠋ᠢᠨ ᠰᠢᠭᠦᠬᠦ ᠬᠣᠷᠢᠶ᠎ᠠ ᠢᠮᠠᠭᠲᠠ ᠰᠢ ᠵᠢᠨ ᠫᠢᠩ ᠎ᠦ᠋ᠨ ᠰᠢᠨ᠎ᠡ ᠴᠠᠭ ᠦᠶ᠎ᠡ᠎ ᠶ᠋ᠢᠨ ᠳᠤᠮᠳᠠᠳᠤ ᠤᠯᠤᠰ᠎ ᠤ᠋ᠨ ᠣᠨᠴᠠᠯᠢᠭ ᠲᠠᠢ ᠨᠡᠢᠭᠡᠮ ᠵᠢᠷᠦᠮ  ᠤᠨ ᠦᠵᠡᠯ ᠰᠠᠨᠠᠭ᠎ᠠ ᠎ᠪᠠᠷ ᠵᠢᠯᠣᠭᠣᠳᠤᠯᠭ᠎ᠠ ᠪᠣᠯᠭᠠᠵᠤ ᠂ 《 ᠭᠤᠷᠪᠠᠨ ᠰᠠᠯᠵᠤ ᠪᠣᠯᠣᠰᠢ ᠦᠭᠡᠢ 》, 《 ᠲᠠᠪᠤᠨ ᠵᠥᠪᠰᠢᠶᠡᠷᠡᠬᠦ 》 ᠦᠵᠡᠯ ᠰᠠᠨᠠᠭ᠎ᠠ᠎ ᠶ᠋ᠢ ᠪᠠᠲᠤ ᠪᠡᠬᠢ ᠪᠣᠢ ᠪᠣᠯᠭᠠᠵᠤ ᠂ ᠦᠨᠳᠦᠰᠦᠲᠡᠨ ᠎ᠦ᠌ ᠪᠦᠯᠬᠦᠮᠳᠡᠯ ᠲᠠᠪᠰᠢᠯᠲᠠ᠎ ᠶ᠋ᠢᠨ ᠠᠵᠢᠯ ᠎ᠢ᠋ ᠯᠠᠪᠳᠠᠭᠤᠨ ᠪᠠᠲᠤᠲᠠᠢ ᠥᠷᠨᠢᠭᠦᠯᠪᠡ ᠃ ᠬᠣᠢᠰᠢᠳᠠ ᠂ ᠬᠣᠲᠠ᠎ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ᠎ ᠶ᠋ᠢᠨ ᠨᠠᠮ ᠎ᠤ᠋ᠨ ᠤᠳᠤᠷᠢᠳᠬᠤ ᠳᠤᠭᠤᠢᠯᠠᠩ ᠨᠠᠮ ᠎ᠤ᠋ᠨ ᠬᠣᠷᠢᠳᠤᠭᠠᠷ ᠶᠡᠬᠡ ᠬᠤᠷᠠᠯ ᠎ᠤ᠋ᠨ ᠵᠣᠷᠢᠭ ᠰᠠᠨᠠᠭ᠎ᠠ᠎ᠶ᠋ᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ ᠂ ᠳᠤᠮᠳᠠᠳᠤ᠎ ᠶ᠋ᠢᠨ ᠦᠨᠳᠦᠰᠦᠲᠡᠨ ᠦ᠌ ᠬᠠᠮᠲᠤ ᠎ᠶ᠋ᠢᠨ ᠴᠣᠭᠴᠠ ᠎ᠶ᠋ᠢᠨ ᠦᠵᠡᠯ ᠤᠬᠠᠮᠰᠠᠷ᠎ ᠢ᠋ ᠲᠠᠰᠤᠷᠠᠯᠲᠠ ᠦᠭᠡᠢ ᠪᠠᠲᠤ ᠪᠡᠬᠢ ᠪᠣᠢ ᠪᠣᠯᠭᠠᠵᠤ ᠂ ᠨᠠᠮ ᠎ᠤ᠋ᠨ ᠦᠨᠳᠦᠰᠦᠲᠡᠨ ᠎ᠦ᠌ ᠲᠥᠷᠥ᠎ ᠶ᠋ᠢᠨ ᠪᠣᠳᠣᠯᠭ᠎ᠠ᠎ ᠶ᠋ᠢ ᠰᠢᠭᠦᠨ ᠲᠠᠰᠤᠯᠬᠤ ᠭᠦᠢᠴᠡᠳᠬᠡᠬᠦ ᠡᠯ᠎ᠡ ᠲᠥᠷᠥᠯ᠎ ᠦ᠋ᠨ ᠠᠵᠢᠯ᠎ ᠤ᠋ᠨ ᠳᠤᠮᠳᠠ ᠲᠤᠤᠱᠯᠠᠭᠤᠯᠤᠨ ᠨᠠᠢᠳᠠᠪᠤᠷᠢᠵᠢᠭᠤᠯᠵᠤ ᠂ ᠡᠯ᠎ᠡ ᠦᠨᠳᠦᠰᠦᠲᠡᠨ ᠎ᠦ᠌ ᠣᠯᠠᠨ ᠲᠦᠮᠡᠨ ᠦ᠌ ᠬᠠᠤᠯᠢ ᠶᠣᠰᠣᠨ ᠎ᠤ᠋ ᠡᠷᠬᠡ ᠠᠰᠢᠭ ᠢ᠋ ᠬᠠᠤᠯᠢ ᠶᠣᠰᠣᠭᠠᠷ ᠬᠠᠮᠠᠭᠠᠯᠠᠬᠤ᠎ ᠳ᠋ᠤ᠌ ᠥᠨᠳᠥᠷ ᠪᠦᠲᠦᠮᠵᠢᠲᠦ  ᠬᠠᠤᠯᠢ ᠴᠠᠭᠠᠵᠠ᠎ᠶ᠋ᠢᠨ ᠦᠢᠯᠡᠴᠢᠯᠡᠭᠡ ᠵᠢ ᠬᠠᠨᠭᠭᠠᠬᠤ ᠪᠡᠷ ᠴᠢᠷᠮᠠᠢᠨ᠎ᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )