ᠪᠦᠬᠦ ᠬᠣᠲᠠ᠎ ᠶ᠋ᠢᠨ ᠰᠢᠭᠦᠬᠦ ᠬᠣᠷᠢᠶᠠᠨ ᠤ᠋ ᠲᠥᠪᠯᠡᠷᠡᠭᠦᠯᠦᠨ ᠭᠦᠢᠴᠡᠳᠬᠡᠬᠦ ᠠᠵᠢᠯᠯᠠᠭ᠎ᠠ ᠡᠬᠢᠯᠡᠪᠡ
2022.12.12 ᠲᠣᠰ ᠥᠷᠲᠡᠭᠡᠨ᠎ᠦ ᠨᠠᠢᠷᠠᠭᠤᠯᠤᠭᠴᠢ

   ᠠᠷᠠᠳ ᠣᠯᠠᠨ ᠎ᠤ᠋ ᠭᠦᠢᠴᠡᠳᠬᠡᠬᠦ ᠬᠦᠷᠢᠶᠡᠨ ᠎ᠳ᠋ᠡᠬᠢ 《 ᠪᠠᠴᠢᠮ ᠪᠡᠷᠬᠡ᠎ ᠳ᠋ᠦ᠍ ᠬᠦᠰᠡᠯ 》 ᠦ᠋ᠨ ᠠᠰᠠᠭᠤᠳᠠᠯ᠎ ᠢ᠋ ᠦᠨᠡᠨᠬᠦ ᠰᠢᠢᠳᠪᠦᠷᠢᠯᠡᠵᠦ ᠂ ᠠᠷᠠᠳ ᠎ᠤ᠋ᠨ ᠰᠢᠭᠦᠬᠦ ᠬᠣᠷᠢᠶᠠᠨ ᠎ᠤ᠋ ᠭᠦᠢᠴᠡᠳᠬᠡᠬᠦ ᠴᠢᠨᠠᠷ ᠴᠢᠨᠰᠠᠭ᠎ᠠ᠎ ᠶ᠋ᠢ ᠲᠠᠰᠤᠷᠠᠯᠲᠠ ᠦᠭᠡᠢ ᠳᠡᠭᠡᠰᠢᠯᠡᠭᠦᠯᠦᠨ ᠂ ᠠᠵᠤ ᠠᠬᠤᠢ ᠨᠡᠢᠭᠡᠮ ᠎ᠦ᠋ᠨ ᠴᠢᠨᠠᠷ ᠰᠠᠢᠲᠠᠢ ᠬᠥᠭᠵᠢᠯᠲᠡ᠎ ᠶ᠋ᠢ ᠬᠠᠮᠠᠭᠠᠯᠠᠬᠤ᠎ ᠶ᠋ᠢᠨ ᠲᠥᠯᠥᠭᠡ ᠂ 12 ᠰᠠᠷ᠎ᠠ ᠎ᠶ᠋ᠢᠨ 1᠎ ᠦ᠌ ᠡᠳᠦᠷ᠎ ᠤᠨ ᠦᠳᠡ ᠎ᠶ᠋ᠢᠨ ᠬᠣᠢᠨ᠎ᠠ ᠂ ᠪᠥᠬᠥ ᠬᠣᠲᠠ ᠎ᠶ᠋ᠢᠨ ᠰᠢᠭᠦᠬᠦ ᠬᠣᠷᠢᠶᠠᠨ ᠎ᠤ᠋  ᠲᠥᠪᠯᠡᠷᠡᠭᠦᠯᠦᠨ ᠭᠦᠢᠴᠡᠳᠬᠡᠬᠦ ᠠᠵᠢᠯᠯᠠᠭ᠎ᠠ ᠵᠢᠩᠬᠢᠨᠢ᠎ ᠪᠡᠷ ᠡᠬᠢᠯᠡᠪᠡ ᠃ ᠬᠣᠲᠠ ᠎ᠶ᠋ᠢᠨ ᠳᠤᠮᠳᠠ ᠵᠡᠷᠭᠡ᠎ ᠶ᠋ᠢᠨ ᠰᠢᠭᠦᠬᠦ ᠬᠣᠷᠢᠶᠠᠨ ᠎ᠤ᠋ ᠨᠠᠮ ᠎ᠤ᠋ᠨ ᠤᠳᠤᠷᠢᠳᠬᠤ ᠳᠤᠭᠤᠢᠯᠠᠩ᠎ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠂ ᠨᠠᠮ ᠎ᠤ᠋ᠨ ᠤᠳᠤᠷᠢᠳᠬᠤ ᠳᠤᠭᠤᠢᠯᠠᠩ᠎ ᠤ᠋ᠨ ᠭᠡᠰᠢᠭᠦᠨ᠂ ᠳᠡᠳ᠋ ᠬᠣᠷᠢᠶᠠᠨ ᠳᠠᠷᠤᠭ᠎ᠠ ᠵᠢᠶᠠ ᠴᠠᠩ ᠪᠢᠩ ᠂ ᠨᠠᠮ ᠎ᠤ᠋ᠨ ᠤᠳᠤᠷᠢᠳᠬᠤ ᠳᠤᠭᠤᠢᠯᠠᠩ ᠎ᠤ᠋ᠨ ᠭᠡᠰᠢᠭᠦᠨ ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ ᠤ᠋ᠨ ᠳᠠᠷᠤᠭ᠎ᠠ ᠯᠢ ᠭᠦᠸᠧ ᠴᠢᠤᠸᠠᠨ ᠂ ᠭᠦᠢᠴᠡᠳᠬᠡᠬᠦ ᠲᠣᠪᠴᠢᠶ᠎ᠠ᠎ ᠶ᠋ᠢᠨ ᠪᠥᠬᠥ ᠺᠠᠲ᠋ᠷ ᠴᠠᠭᠳᠠᠭ᠎ᠠ ᠬᠤᠷᠠᠯ᠎ ᠳ᠋ᠤ᠌ ᠣᠷᠣᠯᠴᠠᠵᠤ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠎ᠤ᠋ ᠳᠠᠷᠤᠭ᠎ᠠ ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ ᠎ᠤ᠋ᠨ ᠳᠠᠷᠤᠭ᠎ᠠ ᠲᠣᠮᠢᠯᠠᠨ ᠰᠠᠭᠤᠯᠭᠠᠵᠤ ᠂ ᠭᠦᠢᠴᠡᠳᠬᠡᠬᠦ ᠠᠵᠢᠯ᠎ ᠤ᠋ᠨ ᠬᠣᠷᠢᠶᠠᠨ ᠎ᠤ᠋ ᠤᠳᠤᠷᠢᠳᠤᠯᠭ᠎ᠠ ᠵᠢᠴᠢ ᠭᠦᠢᠴᠡᠳᠬᠡᠬᠦ ᠺᠠᠲ᠋ᠷ ᠴᠠᠭᠳᠠᠭ᠎ᠠ ᠨᠠᠷ ᠬᠤᠪᠢᠶᠠᠷᠢ ᠬᠤᠷᠠᠯ ᠎ᠤ᠋ᠨ ᠲᠠᠯᠠᠪᠠᠢ᠎ ᠳ᠋ᠤ᠌ ᠣᠷᠣᠯᠴᠠᠪᠠ ᠃ ᠬᠤᠷᠠᠯ᠎ ᠨᠢ ᠴᠢᠬᠡᠴᠢ ᠵᠠᠰᠠᠭ ᠤ᠋ᠨ ᠬᠢᠨᠠᠯᠲᠠ ᠲᠠᠯᠪᠢᠭᠴᠢ ᠂ ᠬᠣᠲᠠ᠎ ᠶ᠋ᠢᠨ ᠦᠢᠯᠡᠳᠪᠦᠷᠢ ᠬᠤᠳᠠᠯᠳᠤᠭᠠᠨ ᠤ᠋ ᠬᠣᠯᠪᠣᠭ᠎ᠠ᠎ ᠶ᠋ᠢᠨ ᠨᠡᠢᠲᠡ᠎ᠶ᠋ᠢᠨ ᠥᠮᠴᠢᠯᠡᠯ ᠎ᠦ᠋ᠨ ᠪᠤᠰᠤ ᠠᠵᠤ ᠠᠬᠤᠢ᠎ ᠶ᠋ᠢᠨ ᠦᠢᠯᠡᠴᠢᠯᠡᠭᠡᠨ ᠎ᠦ᠌ ᠲᠥᠪ ᠎ᠦ᠋ᠨ ᠳᠡᠳ᠋ ᠡᠷᠬᠢᠯᠡᠭᠴᠢ ᠬᠥᠭᠵᠢᠯᠲᠦ ᠨᠠᠷ ᠎ᠢ᠋ ᠣᠨᠴᠠᠭᠠᠢᠯᠠᠨ ᠤᠷᠢᠪᠠ ᠃

 


 

    ᠶᠣᠰᠣᠯᠠᠯ  ᠤᠨ ᠡᠬᠢᠨ ᠳ᠋ᠤ ᠂ ᠬᠣᠲᠠ ᠎ᠶ᠋ᠢᠨ ᠳᠤᠮᠳᠠ ᠵᠡᠷᠭᠡ᠎ ᠶ᠋ᠢᠨ ᠰᠢᠭᠦᠬᠦ ᠬᠣᠷᠢᠶᠠᠨ ᠤ᠋ ᠭᠦᠢᠴᠡᠳᠬᠡᠬᠦ ᠲᠣᠪᠴᠢᠶᠠᠨ ᠤ᠋ ᠳᠠᠷᠤᠭ᠎ᠠ ᠰᠤ ᠵᠢᠨ ᠫᠢᠩ ᠲᠥᠪᠯᠡᠷᠡᠭᠦᠯᠦᠨ ᠭᠦᠢᠴᠡᠳᠬᠡᠬᠦ ᠠᠵᠢᠯᠯᠠᠭᠠᠨ ᠎ᠤ᠋ ᠠᠵᠢᠯ ᠎ᠤ᠋ᠨ ᠲᠥᠰᠦᠯ ᠢ᠋ ᠤᠩᠰᠢᠨ ᠨᠡᠢᠲᠡᠯᠡᠵᠦ ᠂ ᠡᠯ᠎ᠡ ᠬᠣᠰᠢᠭᠤ ᠲᠣᠭᠣᠷᠢᠭ ᠤ᠋ᠨ ᠰᠢᠭᠦᠬᠦ ᠬᠣᠷᠢᠶᠠᠨ  ᠤ᠋ ᠳᠠᠷᠤᠭ᠎ᠠ ᠨᠠᠷ ᠲᠥᠪᠯᠡᠷᠡᠭᠦᠯᠦᠨ ᠭᠦᠢᠴᠡᠳᠬᠡᠬᠦ ᠠᠵᠢᠯᠯᠠᠭᠠᠨ ᠎ᠤ᠋ ᠪᠡᠯᠡᠳᠬᠡᠯ ᠠᠵᠢᠯ᠎ ᠤ᠋ᠨ ᠪᠠᠢᠳᠠᠯ᠎ ᠢ᠋ᠶ᠋ᠠᠨ ᠲᠤᠰ ᠲᠤᠰ ᠬᠠᠷᠢᠭᠤ ᠮᠡᠳᠡᠭᠦᠯᠪᠡ ᠃ ᠪᠥᠬᠥ ᠬᠣᠲᠠ᠎ ᠶ᠋ᠢᠨ ᠬᠣᠶᠠᠷ ᠱᠠᠲᠤᠨ ᠎ᠤ᠋ ᠰᠢᠭᠦᠬᠦ ᠬᠣᠷᠢᠶᠠᠨ ᠎ᠤ᠋ ᠺᠠᠲ᠋ᠷ ᠴᠠᠭᠳᠠᠭ᠎ᠠ ᠨᠠᠷ ᠮᠣᠷᠳᠠᠬᠤ ᠎ᠪᠠᠷ ᠴᠡᠭᠴᠡᠯᠡᠨ ᠵᠠᠰᠠᠭᠰᠠ᠎ ᠤ᠋ ᠳᠠᠷᠠᠭ᠎ᠠ ᠂ ᠰᠦᠳᠠᠨ ᠤ᠋ ᠴᠡᠷᠢᠭ᠌᠎ ᠦ᠋ᠨ ᠬᠣᠷᠢᠶᠠᠨ ᠎ᠤ᠋ ᠳᠠᠷᠤᠭ᠎ᠠ ᠠᠵᠢᠯᠯᠠᠭᠠᠨ ᠤ᠋ ᠵᠠᠷᠯᠢᠭ ᠪᠠᠭᠤᠯᠭᠠᠵᠤ ᠂ ᠲᠤᠰᠬᠠᠢ ᠠᠵᠢᠯᠯᠠᠭ᠎ᠠ ᠵᠢᠩᠬᠢᠨᠢ᠎ ᠪᠡᠷ ᠡᠬᠢᠯᠡᠭᠰᠡᠨ᠎ ᠢ᠋ ᠨᠡᠢᠲᠡᠯᠡᠵᠡᠢ ᠃
    ᠬᠤᠷᠠᠯ᠎ ᠠ᠋ᠴᠠ ᠱᠠᠭᠠᠷᠳᠠᠭᠰᠠᠨ ᠨᠢ ᠂ ᠬᠡᠷᠡᠭ᠎ᠢ᠋ ᠰᠢᠢᠳᠪᠦᠷᠢᠯᠡᠵᠦ ᠳᠠᠭᠤᠰᠬᠠᠭᠠᠳᠤᠢ ᠰᠠᠭᠤᠷᠢ ᠲᠣᠭ᠎ᠠ ᠎ᠶ᠋ᠢ ᠪᠥᠬᠥ ᠲᠠᠯ᠎ᠠ᠎ ᠪᠠᠷ ᠵᠢᠭᠰᠠᠭᠠᠨ ᠪᠠᠢᠴᠠᠭᠠᠭᠰᠠᠨ ᠰᠠᠭᠤᠷᠢᠨ ᠳᠡᠭᠡᠷ᠎ᠡ ᠂ ᠭᠦᠢᠴᠡᠳᠬᠡᠬᠦ ᠠᠵᠢᠯ ᠎ᠤ᠋ᠨ ᠠᠯᠪᠠᠳᠠᠯᠭ᠎ᠠ᠎ ᠶ᠋ᠢᠨ ᠴᠢᠨᠠᠷ᠎ ᠢ᠋ ᠬᠠᠤᠯᠢ ᠶᠣᠰᠣᠭᠠᠷ ᠳᠣᠪᠣᠢᠯᠭᠠᠨ ᠂ ᠭᠦᠢᠴᠡᠳᠬᠡᠬᠦ ᠠᠵᠢᠯ᠎ᠤ᠋ᠨ ᠮᠡᠳᠡᠭᠡ ᠵᠠᠩᠭᠢᠵᠢᠯᠲᠠ᠎ᠶ᠋ᠢ ᠪᠦᠬᠦ ᠬᠦᠴᠦᠨ᠎ᠢ᠋ᠶ᠋ᠡᠷ ᠲᠦᠯᠬᠢᠨ ᠠᠬᠢᠭᠤᠯᠬᠤ ᠂ ᠭᠦᠢᠴᠡᠳᠬᠡᠬᠦ ᠠᠵᠢᠯ ᠎ᠤ᠋ᠨ ᠵᠢᠷᠤᠮᠵᠢᠭᠤᠯᠬᠤ᠎ ᠶ᠋ᠢ ᠲᠠᠰᠤᠷᠠᠯᠲᠠ ᠦᠭᠡᠢ ᠴᠢᠩᠭᠠᠳᠬᠠᠬᠤ᠎ ᠪᠠᠷ ᠭᠣᠣᠯ ᠪᠣᠯᠭᠠᠵᠤ ᠂ ᠠᠷᠠᠳ ᠎ᠤ᠋ᠨ ᠠᠮᠢᠳᠤᠷᠠᠯ ᠎ᠳ᠋ᠤ᠌ ᠬᠣᠯᠪᠣᠭᠳᠠᠭᠰᠠᠨ ᠂ ᠠᠵᠤ ᠠᠬᠤᠢᠯᠠᠯ᠎ ᠳ᠋ᠤ᠌ ᠬᠣᠯᠪᠣᠭᠳᠠᠭᠰᠠᠨ ᠂ ᠮᠥᠩᠭᠥᠨ ᠭᠦᠢᠯᠭᠡᠭᠡ ᠂ ᠨᠠᠮ ᠵᠠᠰᠠᠭ ᠤ᠋ᠨ ᠪᠠᠢᠭᠤᠯᠭ᠎ᠠ ᠳ᠋ᠤ᠌ ᠬᠣᠯᠪᠣᠭᠳᠠᠭᠰᠠᠨ ᠵᠡᠷᠭᠡ ᠳᠥᠷᠪᠡᠨ ᠲᠥᠷᠥᠯ ᠎ᠦ᠋ᠨ ᠬᠡᠷᠡᠭ᠎ ᠢ᠋ᠶ᠋ᠡᠷ ᠰᠢᠪᠲᠤᠯᠤᠯᠲᠠ᠎ ᠶ᠋ᠢᠨ ᠴᠠᠭ ᠪᠣᠯᠭᠠᠵᠤ ᠂ ᠡᠳ᠋ ᠬᠥᠷᠥᠩᠭᠡ᠎ ᠶ᠋ᠢ ᠪᠠᠢᠴᠠᠭᠠᠨ ᠡᠵᠡᠮᠳᠡᠬᠦ ᠂ ᠦᠨᠡᠯᠡᠨ ᠵᠢᠱ᠌ᠢᠵᠦ ᠦᠨ᠎ᠡ ᠬᠠᠶᠠᠯᠴᠠᠨ ᠬᠤᠳᠠᠯᠳᠤᠬᠤ ᠂ ᠬᠡᠷᠡᠭ᠎ ᠦ᠋ᠨ ᠵᠣᠭᠣᠰ᠎ ᠢ᠋ ᠬᠠᠮᠢᠶᠠᠷᠬᠤ ᠂ ᠢᠲᠡᠭᠡᠯ᠎ ᠢ᠋ᠶ᠋ᠡᠨ ᠠᠯᠳᠠᠪᠠᠯ ᠬᠠᠮᠲᠤᠷᠠᠨ ᠵᠠᠯᠬᠠᠭᠠᠨ ᠴᠡᠭᠡᠷᠯᠡᠭᠦᠯᠬᠦ ᠵᠡᠷᠭᠡ ᠵᠠᠩᠭᠢᠯᠠᠭ᠎ᠠ ᠎ᠶ᠋ᠢᠨ ᠭᠣᠭᠴᠣᠭ᠎ᠠ᠎ ᠶ᠋ᠢ ᠰᠠᠢᠲᠤᠷ ᠠᠳᠬᠤᠵᠤ ᠂ ᠵᠠᠷᠭᠤ ᠢᠯᠠᠭᠰᠠᠨ ᠲᠤᠬᠠᠢ ᠎ᠶ᠋ᠢᠨ ᠬᠥᠮᠦᠨ ᠦ᠌ ᠬᠠᠤᠯᠢ ᠶᠣᠰᠣᠨ ᠎ᠤ᠋ ᠡᠷᠬᠡ ᠠᠰᠢᠭ ᠎ᠢ᠋ ᠬᠠᠤᠯᠢ ᠶᠣᠰᠣᠭᠠᠷ ᠪᠠᠲᠤᠯᠠᠬᠤ ᠬᠡᠷᠡᠭᠲᠡᠢ ᠃ ᠭᠦᠢᠴᠡᠳᠬᠡᠬᠦ ᠬᠡᠷᠡᠭ ᠎ᠦ᠋ᠨ ᠬᠡᠷᠡᠭ᠎ ᠢ᠋ ᠳᠠᠭᠤᠰᠬᠠᠬᠤ ᠡᠷᠴᠢᠮ᠎ ᠢ᠋ ᠬᠦᠴᠦᠲᠡᠢ ᠠᠳᠬᠤᠵᠤ ᠂ ᠠᠯᠪᠠᠲᠠᠨ ᠭᠦᠢᠴᠡᠳᠬᠡᠬᠦ ᠡᠷᠴᠢᠮ ᠎ᠢ᠋ ᠴᠢᠩᠭ᠋ᠠᠷᠠᠭᠤᠯᠵᠤ ᠂ ᠲᠥᠪᠯᠡᠷᠡᠭᠦᠯᠦᠨ ᠠᠯᠪᠠᠳᠠᠯᠭ᠎ᠠ᠎ ᠪᠠᠷ ᠭᠡᠷ ᠪᠠᠢᠰᠢᠩ ᠰᠤᠯᠠᠯᠠᠬᠤ ᠠᠵᠢᠯᠯᠠᠭ᠎ᠠ᠎ ᠶ᠋ᠢ ᠦᠷᠭᠦᠯᠵᠢᠯᠡᠨ ᠥᠷᠨᠢᠭᠦᠯᠵᠦ ᠂ ᠬᠡᠷᠡᠭ᠎ᠲᠦ᠍ ᠬᠣᠯᠪᠣᠭᠳᠠᠭᠰᠠᠨ ᠡᠳ᠋ ᠬᠥᠷᠥᠩᠭᠡ᠎ ᠶ᠋ᠢ ᠰᠢᠢᠳᠪᠦᠷᠢᠯᠡᠬᠦ ᠡᠷᠴᠢᠮ᠎ ᠢ᠋ᠶ᠋ᠡᠨ ᠴᠢᠩᠭ᠋ᠠᠷᠠᠭᠤᠯᠬᠤ ᠬᠡᠷᠡᠭᠲᠡᠢ ᠃ ᠭᠦᠢᠴᠡᠳᠬᠡᠬᠦ ᠬᠡᠷᠡᠭ᠎ ᠦ᠋ᠨ ᠵᠣᠭᠣᠰᠤᠨ ᠤ᠋ ᠬᠠᠮᠢᠶᠠᠷᠤᠯᠲᠠ᠎ᠶ᠋ᠢ ᠴᠢᠩᠭᠠᠳᠬᠠᠨ ᠂ ᠪᠣᠢ ᠪᠦᠬᠦᠢ ᠭᠦᠢᠴᠡᠳᠬᠡᠬᠦ ᠵᠣᠭᠣᠰ᠎ᠢ᠋ ᠡᠷᠬᠡᠪᠰᠢ 《 ᠨᠢᠭᠡ ᠬᠡᠷᠡᠭ ᠎ᠲᠦ᠍ ᠨᠢᠭᠡ ᠳᠠᠩᠰᠠ 》 ᠶ᠋ᠢᠨ ᠰᠢᠰᠲ᠋ᠧᠮ᠎ ᠢ᠋ ᠬᠡᠷᠡᠭᠯᠡᠵᠦ ᠬᠣᠷᠢᠶᠠᠨ ᠲᠠᠷᠬᠠᠭᠠᠬᠤ ᠬᠡᠷᠡᠭᠲᠡᠢ ᠂ ᠬᠡᠷᠡᠭ ᠎ᠦ᠋ᠨ ᠵᠣᠭᠣᠰᠤᠨ ᠤ᠋ ᠰᠢᠰᠲ᠋ᠧᠮ ᠎ᠦ᠋ᠨ ᠭᠠᠳᠠᠭᠰᠢ ᠬᠠᠳᠠᠭᠠᠯᠠᠬᠤ ᠰᠢᠯᠵᠢᠭᠦᠯᠬᠦ ᠂ ᠬᠢᠨᠠᠨ ᠬᠠᠮᠢᠶᠠᠷᠬᠤ ᠡᠴᠡ ᠰᠠᠯᠤᠩᠭᠢᠷᠠᠬᠤ᠎ ᠶ᠋ᠢ ᠴᠢᠩᠭ᠎ᠠ ᠴᠠᠭᠠᠵᠠᠯᠠᠬᠤ ᠬᠡᠷᠡᠭᠲᠡᠢ ᠃ 《 ᠭᠤᠷᠪᠠ᠎ ᠶ᠋ᠢ ᠨᠢᠭᠡᠳᠬᠡᠬᠦ 》 ᠬᠠᠮᠢᠶᠠᠷᠤᠯᠲᠠ᠎ ᠶ᠋ᠢᠨ ᠱᠠᠭᠠᠷᠳᠠᠯᠭ᠎ᠠ ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ ᠂ ᠭᠦᠢᠴᠡᠳᠬᠡᠬᠦ ᠬᠦᠴᠦᠨ ᠎ᠢ᠋ ᠨᠢᠭᠡᠳᠦᠯᠲᠡᠢ ᠲᠣᠬᠢᠷᠠᠭᠤᠯᠬᠤ᠎ᠶ᠋ᠢ ᠴᠢᠩᠭᠠᠳᠬᠠᠵᠤ ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠎ ᠪᠠᠨ ᠪᠥᠬᠥ ᠲᠠᠯ᠎ᠠ᠎ ᠪᠠᠷ ᠭᠦᠢᠴᠡᠳᠬᠡᠵᠦ ᠂ ᠬᠣᠲᠠ ᠎ᠶ᠋ᠢᠨ ᠳᠤᠮᠳᠠ ᠵᠡᠷᠭᠡ᠎ ᠶ᠋ᠢᠨ ᠰᠢᠭᠦᠬᠦ ᠬᠣᠷᠢᠶᠠᠨ ᠎ᠤ᠋ ᠡᠯ᠎ᠡ ᠬᠣᠰᠢᠭᠤ ᠲᠣᠭᠣᠷᠢᠭ ᠎ᠤ᠋ᠨ ᠰᠢᠭᠦᠬᠦ ᠬᠣᠷᠢᠶᠠᠨ ᠳ᠋ᠤ᠌ ᠬᠢᠨᠠᠯᠲᠠ ᠲᠠᠯᠪᠢᠨ ᠬᠠᠮᠢᠶᠠᠷᠬᠤ ᠦᠢᠯᠡᠳᠦᠯ ᠎ᠢ᠋ ᠰᠠᠢᠲᠤᠷ ᠪᠠᠳᠠᠷᠠᠭᠤᠯᠵᠤ ᠂ ᠡᠯ᠎ᠡ ᠲᠥᠷᠥᠯ᠎ ᠦ᠋ᠨ ᠡᠭᠦᠷᠭᠡ᠎ ᠶ᠋ᠢ ᠨᠠᠢᠳᠠᠪᠤᠷᠢᠵᠢᠭᠤᠯᠬᠤ᠎ᠶ᠋ᠢ ᠭᠣᠣᠯᠳᠠᠯᠭ᠎ᠠ᠎ᠲᠠᠢ ᠂ ᠠᠯᠬᠤᠮ ᠳᠠᠷᠠᠭ᠎ᠠ᠎ ᠲᠠᠢ᠎ ᠪᠠᠷ ᠲᠦᠯᠬᠢᠨ ᠠᠬᠢᠭᠤᠯᠬᠤ ᠬᠡᠷᠡᠭᠲᠡᠢ ᠭᠡᠵᠡᠢ ᠃ ᠣᠳᠣᠬᠠᠨ ᠤ᠋  ᠮᠠᠨ ᠎ᠤ᠋ ᠬᠣᠲᠠ᠎ ᠶ᠋ᠢᠨ ᠬᠢᠵᠢᠭ᠌ ᠎ ᠤᠨ ᠪᠠᠢᠳᠠᠯ ᠎ᠢ᠋ ᠰᠡᠷᠭᠡᠢᠯᠡᠨ ᠬᠢᠵᠠᠭᠠᠷᠯᠠᠬᠤ ᠴᠢᠩᠭ᠎ᠠ ᠰᠦᠷᠡᠬᠡᠢ ᠪᠠᠢᠳᠠᠯ ᠎ᠢ᠋ ᠭᠦᠢᠴᠡᠳ ᠪᠣᠳᠣᠯᠬᠢᠯᠠᠵᠤ ᠂ ᠬᠠᠷᠢᠶᠠᠲᠤ ᠭᠠᠵᠠᠷ ᠎ᠤ᠋ᠨ ᠬᠢᠵᠢᠭ᠌᠎ ᠤᠨ ᠪᠠᠢᠳᠠᠯ᠎ ᠢ᠋ ᠰᠡᠷᠭᠡᠢᠯᠡᠨ ᠵᠢᠯᠣᠭᠣᠳᠬᠤ ᠭᠠᠵᠠᠷ᠎ ᠤ᠋ᠨ ᠱᠠᠭᠠᠷᠳᠠᠯᠭ᠎ᠠ ᠶᠣᠰᠣᠭᠠᠷ ᠬᠣᠯᠪᠣᠭᠳᠠᠯ ᠪᠦᠬᠦᠢ ᠠᠵᠢᠯ ᠎ᠢ᠋ᠶ᠋ᠠᠨ ᠥᠷᠨᠢᠭᠦᠯᠬᠦ ᠬᠡᠷᠡᠭᠲᠡᠢ ᠃ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ᠎ ᠢ᠋ ᠭᠦᠢᠴᠡᠳ ᠠᠰᠢᠭᠯᠠᠨ ᠂ ᠭᠦᠢᠴᠡᠳᠬᠡᠬᠦ᠎ ᠶ᠋ᠢ ᠵᠠᠯᠬᠠᠭᠠᠨ ᠴᠡᠭᠡᠷᠯᠡᠭᠦᠯᠬᠦ ᠠᠵᠢᠯᠯᠠᠭ᠎ᠠ᠎ ᠶ᠋ᠢ ᠵᠠᠯᠬᠠᠭᠠᠨ ᠴᠡᠭᠡᠷᠯᠡᠭᠦᠯᠬᠦ ᠤᠬᠠᠭᠤᠯᠭ᠎ᠠ᠎ ᠶ᠋ᠢᠨ ᠡᠷᠴᠢᠮ ᠎ᠢ᠋ ᠴᠢᠩᠭᠠᠷᠠᠭᠤᠯᠵᠤ ᠂ ᠭᠦᠢᠴᠡᠳᠬᠡᠬᠦ ᠠᠵᠢᠯ ᠎ᠤ᠋ᠨ ᠣᠯᠤᠭᠰᠠᠨ ᠦᠷ᠎ᠡ ᠪᠦᠲᠦᠮᠵᠢ᠎ ᠶ᠋ᠢ ᠭᠦᠢᠴᠡᠳ ᠢᠯᠡᠷᠡᠭᠦᠯᠬᠦ ᠬᠡᠷᠡᠭᠲᠡᠢ ᠃
   ᠳᠠᠷᠠᠭ᠎ᠠ ᠠᠯᠬᠤᠮ ᠎ᠳ᠋ᠤ᠌ ᠂ ᠪᠥᠬᠥ ᠬᠣᠲᠠ᠎ᠶ᠋ᠢᠨ ᠰᠢᠭᠦᠬᠦ ᠬᠣᠷᠢᠶ᠎ᠠ ᠬᠦᠴᠢᠷ ᠎ᠢ᠋ ᠲᠤᠭᠤᠯᠤᠨ ᠪᠡᠷᠬᠡ᠎ ᠶ᠋ᠢ ᠢᠯᠠᠬᠤ ᠂ ᠵᠣᠷᠢᠭᠲᠠᠢ ᠪᠠᠷ ᠡᠭᠦᠷᠭᠡᠯᠡᠬᠦ ᠵᠣᠷᠢᠭ ᠰᠠᠨᠠᠭ᠎ᠠ᠎ ᠶ᠋ᠢ ᠦᠷᠭᠦᠯᠵᠢᠯᠡᠨ ᠪᠠᠳᠠᠷᠠᠭᠤᠯᠵᠤ ᠂ ᠰᠠᠢᠨ ᠰᠠᠢᠬᠠᠨ ᠣᠶᠤᠨ ᠰᠠᠨᠠᠭᠠᠨ᠎ᠤ᠋ ᠳᠦᠷᠢ ᠪᠠᠢᠳᠠᠯ ᠪᠠ ᠠᠵᠢᠯ᠎ᠤ᠋ᠨ ᠰᠤᠷᠲᠠᠯ ᠎ᠢ᠋ ᠪᠠᠷᠢᠮᠲᠠᠯᠠᠵᠤ ᠂ ᠠᠵᠢᠯ᠎ ᠤ᠋ᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠬᠤᠨ ᠂ ᠵᠠᠷᠭᠤ ᠬᠢᠭᠰᠡᠨ ᠲᠤᠬᠠᠢ᠎ ᠶ᠋ᠢᠨ ᠬᠥᠮᠦᠨ ᠦ᠌ ᠬᠠᠤᠯᠢ ᠶᠣᠰᠣᠨ ᠎ᠤ᠋ ᠡᠷᠬᠡ ᠠᠰᠢᠭ ᠎ᠢ᠋ ᠬᠠᠤᠯᠢ ᠶᠣᠰᠣᠭᠠᠷ ᠪᠠᠲᠤᠯᠠᠵᠤ ᠂ ᠪᠣᠭᠣᠮᠲᠠ ᠰᠢᠪᠲᠤᠯᠬᠤ ᠠᠵᠢᠯᠯᠠᠭ᠎ᠠ ᠎ᠶ᠋ᠢᠨ ᠪᠣᠳᠠᠲᠤ ᠦᠷ᠎ᠡ ᠪᠦᠲᠦᠮᠵᠢ ᠣᠯᠬᠤ᠎ ᠶ᠋ᠢ ᠪᠠᠲᠤᠯᠠᠵᠤ ᠂ ᠨᠡᠩ ᠥᠨᠳᠥᠷ ᠲᠦᠪᠰᠢᠨ ᠠᠮᠤᠭᠤᠯᠠᠩ ᠣᠷᠳᠣᠰ ᠂ ᠬᠠᠤᠯᠢ ᠎ᠪᠠᠷ ᠵᠠᠰᠠᠬᠤ ᠣᠷᠳᠣᠰ᠎ᠢ᠋ ᠪᠠᠢᠭᠤᠯᠬᠤ ᠎ᠳ᠋ᠤ᠌ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )