ᠰᠢᠭᠦᠨ ᠲᠠᠰᠤᠯᠤᠯᠲᠠ ᠶ᠋ᠢ ᠬᠡᠷᠡᠭᠵᠢᠭᠦᠯᠬᠦ ᠶ᠋ᠢ ᠲᠡᠪᠴᠢᠬᠦ ᠂ ᠬᠢᠨᠠᠨ ᠲᠣᠭᠲᠠᠭᠠᠯᠲᠠ ᠬᠢᠬᠦ ᠶᠠᠯᠠᠲᠤ ᠠᠵᠢᠯᠯᠠᠭᠠᠶ᠋ᠢ ᠵᠠᠯᠬᠠᠭᠠᠨ ᠰᠢᠳᠬᠡᠬᠦ ᠡᠷᠴᠢᠮᠢ᠋ᠶ᠋ᠡᠨ ᠤᠯᠠᠮ ᠨᠢᠭᠡ ᠠᠯᠬᠤᠮ ᠴᠢᠩᠭᠠᠷᠠᠭᠤᠯᠵᠤ ᠂ ᠭᠦᠢᠴᠡᠳᠬᠡᠬᠦ ᠡᠴᠡ ᠵᠠᠢᠯᠠᠬᠤ ᠪᠠ ᠭᠦᠢᠴᠡᠳᠬᠡᠬᠦ ᠶ᠋ᠢ ᠡᠰᠡᠷᠭᠦᠴᠡᠬᠦ ᠵᠡᠷᠭᠡ ᠠᠵᠢᠯ ᠤ᠋ᠨ ᠬᠦᠴᠢᠷ ᠠᠰᠠᠭᠤᠳᠠᠯ ᠢ᠋ ᠭᠦᠨᠵᠡᠭᠡᠢ ᠰᠢᠢᠳᠪᠦᠷᠢᠯᠡᠨ ᠂ ᠵᠠᠷᠭᠤ ᠢᠯᠠᠭᠰᠠᠨ ᠲᠤᠬᠠᠢ ᠶ᠋ᠢᠨ ᠬᠥᠮᠦᠨ ᠦ᠌ ᠬᠠᠤᠯᠢ ᠶᠣᠰᠣᠨ ᠤ᠋ ᠡᠷᠬᠡ ᠠᠰᠢᠭ ᠢ᠋ ᠬᠠᠤᠯᠢ ᠶᠣᠰᠣᠭᠠᠷ ᠪᠠᠲᠤᠯᠠᠬᠤ ᠶ᠋ᠢᠨ ᠲᠥᠯᠥᠭᠡ ᠂ 12 ᠰᠠᠷ᠎ᠠ ᠶ᠋ᠢᠨ 1 ᠦ᠌ ᠦᠳᠡ ᠶ᠋ᠢᠨ ᠡᠮᠦᠨ᠎ᠡ ᠂ ᠪᠥᠬᠥ ᠬᠣᠲᠠ ᠶ᠋ᠢᠨ ᠬᠠᠤᠯᠢ ᠬᠡᠷᠡᠭᠵᠢᠭᠦᠯᠬᠦ ᠶ᠋ᠢ ᠲᠡᠪᠴᠢᠭᠰᠡᠨ ᠶᠠᠯᠠᠲᠤ ᠠᠵᠢᠯᠯᠠᠭ᠎ᠠ ᠳ᠋ᠤ᠌ ᠴᠣᠬᠢᠯᠲᠠ ᠥᠭᠬᠦ ᠲᠤᠰᠬᠠᠢ ᠠᠵᠢᠯᠯᠠᠭ᠎ᠠ ᠶ᠋ᠢ ᠠᠬᠢᠭᠤᠯᠬᠤ ᠬᠤᠷᠠᠯ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠳ᠋ᠤ᠌ ᠬᠤᠷᠠᠯᠳᠤᠪᠠ ᠃
ᠬᠣᠲᠠ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠵᠥᠪᠯᠡᠯ ᠦ᠋ᠨ ᠳᠡᠳ᠋ ᠱᠦᠵᠢ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠂ ᠬᠣᠲᠠ ᠶ᠋ᠢᠨ ᠨᠠᠮ ᠤ᠋ᠨ ᠬᠣᠷᠢᠶᠠᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠵᠥᠪᠯᠡᠯ ᠦ᠋ᠨ ᠳᠡᠳ᠋ ᠱᠦᠵᠢ ᠸᠠᠩ ᠬᠤᠸᠠᠢ ᠺᠦᠨ ᠬᠤᠷᠠᠯ ᠢ᠋ ᠡᠷᠬᠢᠯᠡᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠭᠡᠰᠢᠭᠦᠨ ᠂ ᠳᠡᠳ᠋ ᠳᠠᠷᠤᠭ᠎ᠠ ᠵᠢᠶᠠ ᠴᠠᠩ ᠪᠢᠩ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠭᠡᠰᠢᠭᠦᠨ ᠸᠠᠩ ᠯᠢᠶᠠᠩ ᠂ ᠬᠣᠲᠠ ᠶ᠋ᠢᠨ ᠪᠠᠢᠴᠠᠭᠠᠬᠤ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠳᠠᠷᠤᠭ᠎ᠠ ᠯᠢ ᠸᠧᠢ ᠳ᠋ᠦᠩ ᠂ ᠬᠣᠲᠠ ᠶ᠋ᠢᠨ ᠳᠣᠲᠣᠭᠠᠳᠤ ᠶ᠋ᠢ ᠬᠠᠮᠠᠭᠠᠯᠠᠬᠤ ᠲᠣᠪᠴᠢᠶᠠᠨ ᠤ᠋ ᠳᠡᠳ᠋ ᠳᠠᠷᠤᠭ᠎ᠠ ᠵᠠᠩ ᠰᠢᠦᠸᠠᠢ ᠺᠠᠢ ᠂ ᠬᠣᠲᠠ ᠶ᠋ᠢᠨ ᠬᠠᠤᠯᠢ ᠴᠠᠭᠠᠵᠠ ᠶ᠋ᠢᠨ ᠲᠣᠪᠴᠢᠶ᠎ᠠ ᠶ᠋ᠢᠨ ᠳᠡᠳ᠋ ᠳᠠᠷᠤᠭ᠎ᠠ ᠪᠠᠢ ᠭᠤᠸᠠᠩ ᠬᠤᠸᠠ ᠵᠢᠴᠢ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠡᠷᠡᠭᠦᠦ ᠶ᠋ᠢᠨ ᠬᠡᠷᠡᠭ ᠦ᠋ᠨ ᠰᠢᠭᠦᠬᠦ ᠲᠢᠩᠬᠢᠮ ᠂ ᠭᠦᠢᠴᠡᠳᠬᠡᠬᠦ ᠲᠣᠪᠴᠢᠶᠠᠨ ᠤ᠋ ᠪᠥᠬᠥ ᠺᠠᠲ᠋ᠷ ᠴᠠᠭᠳᠠᠭ᠎ᠠ ᠨᠠᠷ ᠬᠤᠷᠠᠯ ᠤ᠋ᠨ ᠲᠠᠯᠠᠪᠠᠢ ᠳ᠋ᠤ᠌ ᠬᠤᠷᠠᠯ ᠳ᠋ᠤ᠌ ᠣᠷᠣᠯᠴᠠᠵᠤ ᠂ ᠡᠯ᠎ᠡ ᠦᠨᠳᠦᠰᠦᠨ ᠱᠠᠲᠤᠨ ᠤ᠋ ᠠᠷᠠᠳ ᠤ᠋ᠨ ᠰᠢᠭᠦᠬᠦ ᠬᠣᠷᠢᠶᠠᠨ ᠤ᠋ ᠳᠠᠷᠤᠭ᠎ᠠ ᠂ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠂ ᠪᠠᠢᠴᠠᠭᠠᠬᠤ ᠬᠣᠷᠢᠶ᠎ᠠ ᠂ ᠬᠠᠤᠯᠢ ᠴᠠᠭᠠᠵᠠ ᠶ᠋ᠢᠨ ᠲᠣᠪᠴᠢᠶᠠᠨ ᠤ᠋ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠡᠷᠡᠭᠦᠦ ᠶ᠋ᠢᠨ ᠬᠡᠷᠡᠭ ᠦ᠋ᠨ ᠰᠢᠭᠦᠨ ᠲᠠᠰᠤᠯᠬᠤ ᠲᠢᠩᠬᠢᠮ ᠂ ᠭᠦᠢᠴᠡᠳᠬᠡᠬᠦ ᠲᠣᠪᠴᠢᠶᠠᠨ ᠤ᠋ ᠪᠦᠬᠦ ᠺᠠᠲ᠋ᠷ ᠴᠠᠭᠳᠠᠭ᠎ᠠ ᠨᠠᠷ ᠬᠤᠪᠢᠶᠠᠷᠢ ᠬᠤᠷᠠᠯ ᠤ᠋ᠨ ᠲᠠᠯᠠᠪᠠᠢ ᠳ᠋ᠤ᠌ ᠬᠤᠷᠠᠯ ᠳ᠋ᠤ᠌ ᠣᠷᠣᠯᠴᠠᠵᠠᠢ ᠃
ᠬᠤᠷᠠᠯ ᠳᠡᠭᠡᠷ᠎ᠡ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶ᠎ᠠ ᠬᠠᠤᠯᠢ ᠴᠠᠭᠠᠵᠠ ᠶ᠋ᠢ ᠵᠥᠷᠢᠴᠡᠭᠰᠡᠨ ᠶᠠᠯᠠᠲᠤ ᠠᠵᠢᠯᠯᠠᠭ᠎ᠠ ᠳ᠋ᠤ᠌ ᠴᠣᠬᠢᠯᠲᠠ ᠥᠭᠬᠦ ᠲᠤᠰᠬᠠᠢ ᠠᠵᠢᠯᠯᠠᠭ᠎ᠠ ᠥᠷᠨᠢᠭᠦᠯᠦᠭᠰᠡᠨ ᠪᠠᠢᠳᠠᠯ ᠂ ᠰᠢᠯᠵᠢᠭᠦᠯᠦᠨ ᠬᠦᠷᠭᠡᠭᠰᠡᠨ ᠲᠣᠭ᠎ᠠ ᠬᠡᠮᠵᠢᠶ᠎ᠡ ᠂ ᠪᠤᠴᠠᠭᠠᠭᠰᠠᠨ ᠲᠣᠭ᠎ᠠ ᠬᠡᠮᠵᠢᠶ᠎ᠡ ᠂ ᠬᠡᠷᠡᠭ ᠦ᠋ᠨ ᠪᠣᠳᠠᠲᠠᠢ ᠪᠠᠢᠳᠠᠯ ᠵᠢᠴᠢ ᠶᠠᠯ᠎ᠠ ᠪᠠᠨ ᠬᠦᠯᠢᠶᠡᠵᠦ ᠰᠢᠯᠵᠢᠭᠦᠯᠬᠦ ᠶ᠋ᠢ ᠬᠦᠯᠢᠶᠡᠬᠦ ᠥᠬᠡᠢ ᠶᠠᠪᠤᠴᠠ ᠳ᠋ᠤ᠌ ᠣᠷᠣᠰᠢᠵᠤ ᠪᠠᠢᠭ᠎ᠠ ᠠᠰᠠᠭᠤᠳᠠᠯ ᠪᠤᠶᠤ ᠪᠤᠰᠤᠳ ᠲᠣᠳᠣᠷᠬᠠᠢᠯᠠᠬᠤ ᠴᠢᠬᠤᠯᠠᠲᠠᠢ ᠠᠰᠠᠭᠤᠳᠠᠯ ᠢ᠋ ᠬᠠᠷᠢᠭᠤ ᠮᠡᠳᠡᠭᠦᠯᠵᠡᠢ ᠃ ᠬᠣᠲᠠ ᠶ᠋ᠢᠨ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠂ ᠬᠣᠲᠠ ᠶ᠋ᠢᠨ ᠪᠠᠢᠴᠠᠭᠠᠬᠤ ᠬᠣᠷᠢᠶ᠎ᠠ ᠂ ᠬᠣᠲᠠ ᠶ᠋ᠢᠨ ᠬᠠᠤᠯᠢ ᠴᠠᠭᠠᠵᠠ ᠶ᠋ᠢᠨ ᠲᠣᠪᠴᠢᠶ᠎ᠠ ᠂ ᠬᠣᠲᠠ ᠶ᠋ᠢᠨ ᠰᠢᠭᠦᠬᠦ ᠬᠣᠷᠢᠶ᠎ᠠ ᠲᠣᠰᠪᠣᠷᠢ ᠳᠠᠷᠠᠭᠠᠴᠢ ᠶ᠋ᠢᠨ ᠱᠠᠲᠤᠨ ᠤ᠋ ᠠᠵᠢᠯ ᠤ᠋ᠨ ᠭᠣᠣᠯᠳᠠᠯᠭ᠎ᠠ ᠶ᠋ᠢᠨ ᠲᠤᠬᠠᠢ ᠴᠢᠬᠤᠯᠠᠴᠢᠯᠠᠬᠤ ᠶ᠋ᠢᠨ ᠬᠠᠮᠲᠤ ᠪᠠᠢᠷᠢᠯᠠᠭᠤᠯᠤᠯᠲᠠ ᠬᠢᠪᠡ ᠃
ᠸᠠᠩ ᠬᠤᠸᠠᠢ ᠺᠦᠨ ᠂ ᠪᠥᠬᠥ ᠬᠣᠲᠠ ᠶ᠋ᠢᠨ ᠡᠯ᠎ᠡ ᠱᠠᠲᠤᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠪᠠᠢᠭᠤᠯᠭ᠎ᠠ ᠶᠡᠬᠡ ᠲᠠᠯ᠎ᠠ ᠳ᠋ᠤ᠌ ᠦᠢᠯᠡᠴᠢᠯᠡᠬᠦ ᠤᠯᠤᠰ ᠲᠥᠷᠥ ᠶ᠋ᠢᠨ ᠦᠵᠡᠯ ᠤᠬᠠᠮᠰᠠᠷ ᠢ᠋ᠶ᠋ᠠᠨ ᠴᠢᠩᠭᠠᠳᠬᠠᠵᠤ ᠂ ᠬᠠᠮᠲᠤ ᠶ᠋ᠢᠨ ᠬᠠᠷᠢᠭᠤᠴᠠᠯᠭ᠎ᠠ ᠪᠠ ᠡᠭᠦᠷᠭᠡᠯᠡᠬᠦ ᠦᠵᠡᠯ ᠤᠬᠠᠮᠰᠠᠷ ᠢ᠋ᠶ᠋ᠠᠨ ᠴᠢᠩᠭᠠᠳᠬᠠᠵᠤ ᠂ ᠨᠢᠭᠲᠠ ᠬᠠᠮᠵᠢᠯᠴᠠᠵᠤ ᠂ ᠬᠠᠮᠲᠤ ᠶ᠋ᠢᠨ ᠬᠦᠴᠦᠨ ᠢ᠋ ᠪᠦᠷᠢᠯᠳᠦᠭᠦᠯᠬᠦ ᠬᠡᠷᠡᠭᠲᠡᠢ ᠃ ᠠᠷᠭ᠎ᠠ ᠬᠡᠮᠵᠢᠶᠡᠨ ᠦ᠌ ᠰᠢᠨ᠎ᠡ ᠶ᠋ᠢ ᠡᠭᠦᠳᠬᠦ ᠶ᠋ᠢ ᠴᠢᠩᠭᠠᠳᠬᠠᠵᠤ ᠂ ᠰᠢᠭᠦᠬᠦ ᠬᠣᠷᠢᠶᠠᠨ ᠤ᠋ ᠰᠢᠭᠦᠯᠲᠡ ᠪᠠ ᠭᠦᠢᠴᠡᠳᠬᠡᠯᠲᠡ ᠶ᠋ᠢ ᠬᠣᠯᠪᠣᠭᠠᠯᠠᠨ ᠠᠬᠢᠭᠤᠯᠬᠤ ᠂ ᠪᠠᠢᠴᠠᠭᠠᠬᠤ ᠬᠣᠷᠢᠶ᠎ᠠ ᠤᠷᠢᠳᠴᠢᠯᠠᠨ ᠣᠷᠣᠯᠴᠠᠬᠤ ᠂ ᠳᠣᠲᠣᠭᠠᠳᠤ ᠶ᠋ᠢ ᠬᠠᠮᠠᠭᠠᠯᠠᠬᠤ ᠪᠠᠢᠴᠠᠭᠠᠬᠤ ᠰᠢᠭᠦᠬᠦ ᠰᠢᠭᠦᠬᠦ ᠲᠢᠩᠬᠢᠮ ᠦ᠋ᠨ ᠴᠢᠬᠤᠯᠠ ᠶᠡᠬᠡ ᠬᠡᠷᠡᠭ ᠢ᠋ ᠬᠠᠮᠲᠤᠷᠠᠨ ᠵᠥᠪᠳᠡᠯᠴᠡᠬᠦ ᠂ ᠮᠡᠳᠡᠭᠡ ᠵᠠᠩᠭᠢᠵᠢᠯᠲᠠ ᠶ᠋ᠢᠨ ᠠᠷᠭ᠎ᠠ ᠪᠠᠷᠢᠯ ᠢ᠋ ᠬᠡᠷᠡᠭᠯᠡᠬᠦ ᠂ ᠱᠠᠩ ᠱᠠᠭ᠎ᠠ ᠶ᠋ᠢᠨ ᠠᠯᠪᠠᠨ ᠵᠠᠷᠯᠠᠯ ᠨᠡᠢᠲᠡᠯᠡᠬᠦ ᠂ ᠬᠠᠤᠯᠢᠴᠢ ᠶ᠋ᠢᠨ ᠪᠠᠢᠴᠠᠭᠠᠬᠤ ᠡᠷᠬᠡ ᠪᠡᠨ ᠬᠡᠷᠡᠭᠯᠡᠬᠦᠶ᠋ᠢ ᠪᠠᠲᠤᠯᠠᠬᠤ ᠵᠡᠷᠭᠡ ᠠᠷᠭ᠎ᠠ ᠬᠡᠯᠪᠡᠷᠢ ᠪᠡᠷ ᠳᠠᠮᠵᠢᠨ ᠂ ᠬᠡᠷᠡᠭ ᠦ᠋ᠨ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠬᠦ ᠬᠡᠷᠡᠭᠲᠡᠢ ᠃ ᠶᠠᠷᠢᠶ᠎ᠠ ᠬᠡᠯᠡᠯᠴᠡᠭᠡᠨ ᠦ᠌ ᠠᠭᠤᠷ ᠠᠮᠢᠰᠬᠤᠯ ᠢ᠋ ᠴᠢᠩᠭᠠᠳᠬᠠᠵᠤ ᠂ 《 ᠭᠦᠢᠴᠡᠳᠬᠡᠬᠦ ᠳ᠋ᠦ᠍ ᠬᠦᠴᠢᠷ 》 ᠠᠰᠠᠭᠤᠳᠠᠯ ᠢ᠋ ᠰᠢᠢᠳᠪᠦᠷᠢᠯᠡᠬᠦ ᠪᠠ ᠬᠠᠤᠯᠢ ᠴᠠᠭᠠᠵᠠ᠎ᠶ᠋ᠢᠨ ᠡᠮᠬᠢ ᠵᠢᠷᠤᠮ ᠢ᠋ ᠬᠠᠮᠠᠭᠠᠯᠠᠬᠤ ᠡᠷᠡᠰ ᠵᠣᠷᠢᠭ ᠢ᠋ᠶ᠋ᠠᠨ ᠭᠦᠢᠴᠡᠳ ᠢᠯᠡᠳᠬᠡᠵᠦ ᠂ ᠨᠢᠭᠡ ᠬᠡᠷᠡᠭ ᠲᠦ᠍ ᠴᠣᠬᠢᠯᠲᠠ ᠥᠭᠬᠦ ᠂ ᠨᠢᠭᠡ ᠪᠦᠯᠦᠭ ᠢ᠋ ᠰᠦᠷᠳᠡᠭᠦᠯᠬᠦ ᠂ ᠨᠢᠭᠡ ᠪᠦᠯᠦᠭ ᠢ᠋ ᠬᠥᠮᠦᠵᠢᠭᠦᠯᠬᠦ ᠶᠠᠪᠤᠳᠠᠯ ᠢ᠋ᠶ᠋ᠠᠷ ᠭᠦᠢᠴᠡᠳᠬᠡᠬᠦ ᠦᠷ᠎ᠡ ᠪᠦᠲᠦᠮᠵᠢ ᠶ᠋ᠢ ᠠᠬᠢᠭᠤᠯᠬᠤ ᠬᠡᠷᠡᠭᠲᠡᠢ ᠃ ᠦᠷ᠎ᠡ ᠪᠦᠲᠦᠭᠡᠯ ᠦ᠋ᠨ ᠰᠢᠪᠲᠤᠯᠤᠯᠲᠠ ᠶ᠋ᠢ ᠴᠢᠩᠭᠠᠷᠠᠭᠤᠯᠵᠤ ᠂ ᠬᠡᠷᠡᠭ ᠰᠢᠢᠳᠪᠦᠷᠢᠯᠡᠬᠦ ᠳ᠋ᠦ᠍ ᠬᠡᠷᠡᠭ ᠳᠠᠷᠠᠭᠠᠯᠠᠨ ᠡᠮᠬᠢᠯᠡᠨ ᠲᠢᠭᠯᠡᠵᠦ ᠂ ᠬᠡᠷᠡᠭ ᠰᠢᠢᠳᠪᠦᠷᠢᠯᠡᠬᠦ ᠠᠬᠢᠴᠠ ᠶ᠋ᠢ ᠲᠦᠷᠭᠡᠳᠬᠡᠨ ᠂ ᠨᠢᠭᠡ ᠪᠦᠯᠦᠭ ᠨᠡᠢᠭᠡᠮ ᠦ᠋ᠨ ᠨᠥᠯᠥᠭᠡᠯᠡᠬᠦ ᠬᠦᠴᠦᠨ ᠲᠡᠢ ᠨᠡᠢᠲᠡᠯᠢᠭ ᠬᠡᠷᠡᠭ ᠦ᠋ᠨ ᠵᠢᠱ᠌ᠢᠶ᠎ᠡ ᠶ᠋ᠢ ᠪᠣᠢ ᠪᠣᠯᠭᠠᠵᠤ ᠂ ᠭᠦᠢᠴᠡᠳᠬᠡᠬᠦ ᠳ᠋ᠦ᠍ ᠬᠦᠴᠢᠷᠲᠡᠢ ᠪᠠᠢᠬᠤ ᠠᠰᠠᠭᠤᠳᠠᠯ ᠢ᠋ ᠰᠢᠢᠳᠪᠦᠷᠢᠯᠡᠬᠦ ᠶ᠋ᠢ ᠪᠠᠢᠨᠭᠭᠤᠵᠢᠭᠤᠯᠬᠤ ᠶ᠋ᠢ ᠲᠦᠯᠬᠢᠨ ᠠᠬᠢᠭᠤᠯᠬᠤ ᠳ᠋ᠤ᠌ ᠳᠡᠮᠵᠢᠯᠭᠡ ᠬᠠᠩᠭᠠᠬᠤ ᠬᠡᠷᠡᠭᠲᠡᠢ ᠃
ᠰᠦ ᠯᠢ ᠵᠢᠶᠦ᠋ᠨ ᠴᠢᠬᠤᠯᠠᠴᠢᠯᠠᠭᠰᠠᠨ ᠨᠢ ᠂ ᠨᠢᠭᠡ ᠳ᠋ᠦ᠍ ᠂ 《 ᠦᠵᠡᠯ ᠰᠠᠨᠠᠭ᠎ᠠ ᠪᠠᠷ ᠰᠠᠭᠤᠷᠢ ᠪᠣᠯᠭᠠᠬᠤ 》 ᠶ᠋ᠢ ᠪᠠᠷᠢᠮᠲᠠᠯᠠᠵᠤ ᠂ ᠠᠵᠢᠯ ᠤ᠋ᠨ ᠣᠢᠯᠠᠭᠠᠭᠳᠠᠬᠤᠨ ᠢ᠋ᠶ᠋ᠠᠨ ᠲᠠᠨᠢᠯᠲᠠ ᠶ᠋ᠢᠨ ᠬᠦᠷᠦᠯᠴᠡᠬᠦ ᠥᠬᠡᠢ ᠡᠴᠡ ᠵᠣᠭᠰᠣᠴᠠ ᠪᠠᠨ ᠥᠨᠳᠥᠷ ᠬᠣᠯᠠ ᠵᠦᠭ ᠬᠤᠪᠢᠷᠠᠭᠤᠯᠬᠤ ᠶ᠋ᠢ ᠪᠡᠶᠡᠯᠡᠭᠦᠯᠬᠦ ᠬᠡᠷᠡᠭᠲᠡᠢ ᠃ ᠶᠠᠯᠠᠲᠤ ᠠᠵᠢᠯᠯᠠᠭ᠎ᠠ ᠬᠢᠬᠦᠶ᠋ᠢ ᠡᠰᠡᠷᠭᠦᠴᠡᠬᠦ ᠳ᠋ᠦ᠍ ᠴᠣᠬᠢᠯᠲᠠ ᠥᠭᠬᠦ ᠪᠣᠯ ᠭᠦᠢᠴᠡᠳᠬᠡᠬᠦ ᠳ᠋ᠦ᠍ ᠪᠡᠷᠬᠡᠲᠡᠢ ᠠᠰᠠᠭᠤᠳᠠᠯ ᠢ᠋ ᠰᠢᠢᠳᠪᠦᠷᠢᠯᠡᠬᠦ ᠬᠦᠴᠦᠲᠡᠢ ᠵᠡᠪᠰᠡᠭ ᠮᠥᠨ ᠭᠡᠳᠡᠭ ᠢ᠋ ᠭᠦᠨᠵᠡᠭᠡᠢ ᠲᠠᠨᠢᠵᠤ ᠂ ᠲᠤᠰᠬᠠᠢ ᠠᠵᠢᠯᠯᠠᠭᠠᠨ ᠤ᠋ ᠡᠭᠦᠷᠭᠡ ᠶ᠋ᠢ ᠨᠠᠢᠳᠠᠪᠤᠷᠢᠵᠢᠭᠤᠯᠬᠤ ᠤᠯᠤᠰ ᠲᠥᠷᠥ ᠶ᠋ᠢᠨ ᠤᠬᠠᠮᠰᠠᠷ ᠢ᠋ᠶ᠋ᠠᠨ ᠶᠡᠬᠡᠪᠡᠷ ᠳᠡᠭᠡᠭᠰᠢᠯᠡᠭᠦᠯᠬᠦ ᠬᠡᠷᠡᠭᠲᠡᠢ ᠃ ᠶᠡᠬᠡ ᠲᠠᠯ᠎ᠠ ᠶ᠋ᠢᠨ ᠦᠵᠡᠯ ᠤᠬᠠᠮᠰᠠᠷ ᠢ᠋ ᠪᠠᠲᠤ ᠪᠡᠬᠢ ᠪᠣᠢ ᠪᠣᠯᠭᠠᠵᠤ ᠂ ᠬᠠᠷᠢᠭᠤᠴᠠᠯᠭ᠎ᠠ ᠶ᠋ᠢᠨ ᠨᠠᠢᠳᠠᠪᠤᠷᠢᠵᠢᠭᠤᠯᠤᠯᠲᠠ ᠶ᠋ᠢ ᠴᠢᠩᠭᠠᠷᠠᠭᠤᠯᠤᠨ ᠂ ᠲᠤᠰ ᠪᠡᠶ᠎ᠡ ᠪᠡᠨ ᠶᠡᠷᠦᠩᠬᠡᠢᠯᠡᠨ ᠵᠠᠰᠠᠬᠤ ᠭᠦᠢᠴᠡᠳᠬᠡᠬᠦ ᠳ᠋ᠦ᠍ ᠬᠦᠴᠢᠷ ᠶᠡᠬᠡ ᠲᠠᠯ᠎ᠠ ᠳ᠋ᠤ᠌ ᠣᠷᠣᠭᠤᠯᠤᠨ ᠂ ᠬᠦᠨᠳᠦ ᠡᠭᠦᠷᠭᠡ ᠶ᠋ᠢ ᠵᠣᠷᠢᠭᠲᠠᠢ ᠡᠭᠦᠷᠭᠡᠯᠡᠵᠦ ᠂ ᠰᠠᠨᠠᠭᠠᠴᠢᠯᠠᠭ᠎ᠠ ᠠ᠋ᠴᠠ ᠪᠠᠨ ᠠᠵᠢᠯᠯᠠᠵᠤ ᠂ ᠬᠣᠯᠪᠣᠭᠠᠯᠠᠨ ᠠᠵᠢᠯᠯᠠᠬᠤ ᠲᠣᠭᠲᠠᠴᠠ ᠶ᠋ᠢᠨ ᠪᠠᠢᠭᠤᠯᠤᠯᠲᠠ ᠶ᠋ᠢ ᠭᠦᠨᠵᠡᠭᠡᠢᠷᠡᠭᠦᠯᠦᠨ ᠂ ᠬᠦᠴᠦᠷᠬᠡᠭ ᠶᠡᠬᠡ ᠠᠵᠢᠯ ᠤ᠋ᠨ ᠨᠡᠢᠯᠡᠮᠡᠯ ᠬᠦᠴᠦᠨ ᠢ᠋ ᠪᠦᠷᠢᠯᠳᠦᠭᠦᠯᠦᠨ᠎ᠡ ᠃
ᠬᠣᠶᠠᠷ ᠲᠤ᠌ ᠂ ᠠᠵᠢᠯ ᠤ᠋ᠨ ᠠᠷᠭ᠎ᠠ ᠬᠡᠮᠵᠢᠶ᠎ᠡ ᠶ᠋ᠢ ᠳᠥᠭᠥᠮ ᠬᠥᠰᠢᠭᠦᠷᠭᠡ ᠡᠴᠡ ᠨᠠᠷᠢᠯᠢᠭ ᠣᠨᠣᠪᠴᠢᠲᠠᠢ ᠥᠨᠳᠥᠷ ᠦᠷ᠎ᠡ ᠠᠰᠢᠭᠲᠠᠢ ᠪᠣᠯᠭᠠᠬᠤ ᠳᠠᠰᠢ ᠬᠤᠪᠢᠷᠠᠭᠤᠯᠤᠨ᠎ᠠ ᠃ ᠵᠣᠬᠢᠶᠠᠨ ᠪᠠᠢᠭᠤᠯᠤᠯᠲᠠ ᠶ᠋ᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭ᠋ᠠᠳᠬᠠᠵᠤ ᠂ ᠠᠵᠢᠯ ᠤ᠋ᠨ ᠠᠷᠭ᠎ᠠ ᠬᠡᠮᠵᠢᠶ᠎ᠡ ᠪᠡᠨ ᠥᠭᠡᠷᠡᠴᠢᠯᠡᠨ ᠰᠠᠢᠵᠢᠷᠠᠭᠤᠯᠵᠤ ᠂ ᠬᠡᠷᠡᠭ ᠦ᠋ᠨ ᠪᠣᠭᠣᠮᠲᠠ ᠰᠢᠪᠲᠤᠯᠬᠤᠶ᠋ᠢ ᠴᠢᠩᠭ᠋ᠠᠳᠬᠠᠵᠤ ᠂ ᠭᠦᠢᠴᠡᠳᠬᠡᠬᠦ ᠶ᠋ᠢ ᠲᠡᠪᠴᠢᠭᠰᠡᠨ ᠶᠠᠯᠠᠲᠤ ᠠᠵᠢᠯᠯᠠᠭ᠎ᠠ ᠳ᠋ᠤ᠌ ᠴᠣᠬᠢᠯᠲᠠ ᠥᠭᠬᠦ ᠡᠷᠴᠢᠮ ᠪᠣᠯᠤᠨ ᠣᠨᠣᠪᠴᠢ ᠶ᠋ᠢᠨ ᠬᠡᠮᠵᠢᠶ᠎ᠡ ᠶ᠋ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠃ ᠰᠦᠪᠡᠭᠴᠢ ᠶ᠋ᠢᠨ ᠵᠢᠭᠰᠠᠭᠠᠨ ᠪᠠᠢᠴᠠᠭᠠᠯᠲᠠ ᠶ᠋ᠢ ᠴᠢᠩᠭ᠎ᠠ ᠥᠷᠨᠢᠭᠦᠯᠵᠦ ᠂ ᠲᠤᠷᠰᠢᠨ ᠲᠠᠩᠨᠠᠬᠤ ᠂ ᠵᠠᠭᠠᠯᠳᠤᠬᠤ ᠂ ᠰᠢᠭᠦᠨ ᠲᠠᠰᠤᠯᠬᠤ ᠶ᠋ᠢ ᠥᠨᠳᠥᠷ ᠦᠷ᠎ᠡ ᠪᠦᠲᠦᠮᠵᠢᠲᠡᠢ ᠪᠡᠷ ᠪᠡᠶᠡᠯᠡᠭᠦᠯᠵᠦ ᠂ ᠰᠢᠯᠵᠢᠭᠦᠯᠦᠨ ᠬᠦᠷᠭᠡᠬᠦ ᠬᠡᠷᠡᠭ ᠢ᠋ 《 ᠵᠠᠭᠠᠯᠳᠤᠬᠤ ᠨᠢ ᠭᠠᠷᠴᠤ ᠴᠢᠳᠠᠬᠤ 》 《 ᠰᠢᠭᠦᠨ ᠲᠠᠰᠤᠯᠬᠤ ᠨᠢ ᠪᠠᠲᠤᠲᠠᠢ 》 《 ᠴᠣᠬᠢᠯᠲᠠ ᠥᠭᠬᠦ ᠨᠢ ᠣᠨᠣᠪᠴᠢᠲᠠᠢ 》 ᠶ᠋ᠢ ᠦᠨᠡᠨ ᠬᠦ᠌ ᠪᠠᠲᠤᠯᠠᠵᠤ ᠂ ᠪᠥᠬᠥ ᠬᠣᠲᠠ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠰᠢᠰᠲ᠋ᠧᠮ ᠦ᠋ᠨ ᠭᠦᠢᠴᠡᠳᠬᠡᠬᠦ ᠶ᠋ᠢ ᠲᠡᠪᠴᠢᠭᠰᠡᠨ ᠶᠠᠯᠠᠲᠤ ᠠᠵᠢᠯᠯᠠᠭ᠎ᠠ ᠶ᠋ᠢ ᠵᠠᠯᠬᠠᠭᠠᠨ ᠰᠢᠳᠬᠡᠬᠦ ᠂ ᠢᠲᠡᠭᠡᠯ ᠠᠯᠳᠠᠭᠰᠠᠨ ᠠᠵᠢᠯᠯᠠᠭ᠎ᠠ ᠳ᠋ᠤ᠌ ᠴᠣᠬᠢᠯᠲᠠ ᠥᠭᠬᠦ ᠡᠷᠡᠰ ᠵᠤᠷᠢᠬ ᠢ᠋ ᠭᠦᠢᠴᠡᠳ ᠢᠯᠡᠷᠡᠭᠦᠯᠬᠦ ᠬᠡᠷᠡᠭᠲᠡᠢ ᠃
ᠭᠤᠷᠪᠠ ᠳ᠋ᠤ᠌ ᠂ 《 ᠬᠠᠮᠵᠢᠯᠴᠠᠭ᠎ᠠ ᠪᠠᠷ ᠵᠠᠮ ᠪᠣᠯᠭᠠᠬᠤ 》 ᠶ᠋ᠢ ᠪᠠᠷᠢᠮᠲᠠᠯᠠᠵᠤ ᠂ ᠠᠵᠢᠯ ᠤ᠋ᠨ ᠪᠠᠢᠷᠢᠯᠠᠭᠤᠯᠤᠯᠲᠠ ᠶ᠋ᠢ ᠨᠢᠭᠡ ᠲᠠᠯ᠎ᠠ ᠠ᠋ᠴᠠ ᠣᠯᠠᠨ ᠡᠰᠢᠴᠢᠯᠡᠨ ᠬᠠᠮᠲᠤᠪᠠᠷ ᠵᠠᠰᠠᠬᠤ ᠳᠠᠰᠢ ᠬᠤᠪᠢᠷᠠᠭᠤᠯᠤᠨ᠎ᠠ ᠃ ᠡᠯ᠎ᠡ ᠤᠯᠤᠰ ᠲᠥᠷᠥ ᠬᠠᠤᠯᠢ ᠴᠠᠭᠠᠵᠠ ᠶ᠋ᠢᠨ ᠰᠠᠯᠠᠭ᠎ᠠ ᠮᠥᠴᠢᠷ ᠦ᠋ᠨ ᠬᠣᠭᠣᠷᠣᠨᠳᠣ ᠪᠠᠨ ᠭᠦᠢᠴᠡᠳ ᠨᠡᠪᠲᠡᠷᠡᠯᠴᠡᠨ ᠂ ᠳᠡᠰ ᠳᠠᠷᠠᠭᠠᠯᠠᠯ ᠤ᠋ᠨ ᠵᠣᠯᠭᠠᠭᠤᠯᠤᠯᠲᠠ ᠪᠠᠨ ᠴᠢᠩᠭᠠᠳᠬᠠᠵᠤ ᠂ ᠰᠦᠪᠡᠭᠴᠢ ᠶ᠋ᠢ ᠵᠢᠭᠰᠠᠭᠠᠨ ᠪᠠᠢᠴᠠᠭᠠᠬᠤ ᠂ ᠡᠷᠡᠭᠦᠦ ᠶ᠋ᠢᠨ ᠬᠡᠷᠡᠭ ᠢ᠋ ᠲᠤᠷᠰᠢᠨ ᠪᠠᠢᠴᠠᠭᠠᠬᠤ ᠵᠡᠷᠭᠡ ᠡᠯ᠎ᠡ ᠭᠣᠭᠴᠣᠭ᠎ᠠ ᠶ᠋ᠢᠨ ᠬᠣᠷᠣᠭᠳᠠᠯ ᠢ᠋ ᠪᠠᠭᠠᠰᠬᠠᠵᠤ ᠂ ᠭᠦᠢᠴᠡᠳᠬᠡᠬᠦ ᠶ᠋ᠢ ᠲᠡᠪᠴᠢᠭᠰᠡᠨ ᠬᠡᠷᠡᠭ ᠢ᠋ ᠲᠦᠷᠭᠡᠨ ᠲᠤᠷᠰᠢᠨ ᠪᠠᠢᠴᠠᠭᠠᠬᠤ ᠂ ᠲᠦᠷᠭᠡᠨ ᠵᠠᠭᠠᠯᠳᠤᠬᠤ ᠪᠠ ᠲᠦᠷᠭᠡᠨ ᠰᠢᠭᠦᠬᠦ ᠶ᠋ᠢ ᠲᠦᠯᠬᠢᠨ ᠠᠬᠢᠭᠤᠯᠬᠤ ᠬᠡᠷᠡᠭᠲᠡᠢ ᠃ ᠤᠬᠠᠭᠤᠯᠭ᠎ᠠ ᠶ᠋ᠢᠨ ᠡᠷᠴᠢᠮ ᠢ᠋ᠶ᠋ᠡᠨ ᠦᠷᠭᠦᠯᠵᠢᠯᠡᠨ ᠴᠢᠩᠭᠠᠷᠠᠭᠤᠯᠵᠤ ᠂ ᠭᠦᠢᠴᠡᠳᠬᠡᠬᠦ ᠶ᠋ᠢ ᠲᠡᠪᠴᠢᠭᠰᠡᠨ ᠶᠠᠯᠠᠲᠤ ᠠᠵᠢᠯᠯᠠᠭ᠎ᠠ ᠳ᠋ᠤ᠌ ᠴᠣᠬᠢᠯᠲᠠ ᠥᠭᠬᠦ ᠥᠨᠳᠥᠷ ᠳᠠᠷᠤᠯᠲᠠ ᠶ᠋ᠢᠨ ᠠᠭᠤᠷ ᠠᠮᠢᠰᠬᠤᠯ ᠢ᠋ ᠪᠣᠢ ᠪᠣᠯᠭᠠᠵᠤ ᠂ ᠭᠦᠢᠴᠡᠳᠬᠡᠭᠳᠡᠭᠴᠢ ᠶ᠋ᠢ ᠰᠠᠨᠠᠭᠠᠴᠢᠯᠠᠭ᠎ᠠ ᠠ᠋ᠴᠠ ᠪᠠᠨ ᠡᠭᠦᠷᠭᠡ ᠪᠡᠨ ᠭᠦᠢᠴᠡᠳᠬᠡᠬᠦ ᠶ᠋ᠢ ᠱᠠᠭᠠᠷᠳᠠᠬᠤ ᠬᠡᠷᠡᠭᠲᠡᠢ ᠃ ᠰᠠᠢᠨ ᠲᠤᠷᠰᠢᠯᠭ᠎ᠠ ᠂ ᠰᠠᠢᠨ ᠠᠷᠭ᠎ᠠ ᠪᠠᠷᠢᠯ ᠢ᠋ᠶ᠋ᠠᠨ ᠴᠠᠭ ᠲᠤᠬᠠᠢ ᠳ᠋ᠤᠨᠢ ᠪᠣᠯᠪᠠᠰᠤᠷᠠᠭᠤᠯᠤᠨ ᠳ᠋ᠦᠩᠨᠡᠵᠦ ᠂ ᠭᠦᠢᠴᠡᠳᠬᠡᠬᠦ ᠠᠵᠢᠯ ᠤ᠋ᠨ ᠬᠣᠯᠪᠣᠯᠴᠠᠨ ᠬᠥᠳᠡᠯᠬᠦ ᠲᠣᠭᠲᠠᠴᠠ ᠶ᠋ᠢ ᠤᠯᠠᠮ ᠨᠢᠭᠡ ᠠᠯᠬᠤᠮ ᠪᠠᠢᠭᠤᠯᠤᠨ ᠲᠡᠭᠦᠯᠳᠡᠷᠵᠢᠭᠦᠯᠵᠦ ᠂ ᠭᠦᠢᠴᠡᠳᠬᠡᠬᠦ ᠳ᠋ᠦ᠍ ᠬᠦᠴᠢᠷ ᠠᠰᠠᠭᠤᠳᠠᠯ ᠢ᠋ ᠦᠨᠡᠨ ᠬᠦ᠌ ᠰᠢᠢᠳᠪᠦᠷᠢᠯᠡᠬᠦ ᠪᠠᠲᠤ ᠪᠡᠬᠢ ᠰᠠᠭᠤᠷᠢ ᠶ᠋ᠢ ᠴᠣᠭᠴᠠᠯᠠᠬᠤ ᠬᠡᠷᠡᠭᠲᠡᠢ ᠃
ᠭᠦᠢᠴᠡᠳᠬᠡᠬᠦ ᠳ᠋ᠦ᠍ ᠬᠦᠴᠢᠷ ᠪᠡᠷᠬᠡ ᠶ᠋ᠢ ᠰᠢᠢᠳᠪᠦᠷᠢᠯᠡᠬᠦ ᠪᠣᠯ ᠠᠷᠠᠳ ᠤ᠋ᠨ ᠰᠡᠳᠬᠢᠯ ᠠᠷᠠᠳᠤ᠋ᠨ ᠬᠦᠰᠡᠯ ᠡᠷᠡᠮᠡᠯᠵᠡᠯ ᠳ᠋ᠦ᠍ ᠬᠣᠯᠪᠣᠭᠳᠠᠭᠰᠠᠨ ᠨᠢᠭᠡᠨ ᠤᠳᠠᠭᠠᠨ ᠤ᠋ ᠪᠣᠭᠣᠮᠲᠠ ᠰᠢᠪᠲᠤᠯᠬᠤ ᠲᠡᠢᠨ ᠮᠥᠨ ᠂ ᠨᠡᠩ ᠴᠤ᠌ ᠲᠥᠪ ᠭᠣᠣᠯᠴᠢ ᠰᠢᠳᠤᠷᠭᠤ ᠶᠣᠰᠣ ᠶ᠋ᠢ ᠬᠠᠮᠠᠭᠠᠯᠠᠬᠤ ᠪᠠᠢᠯᠳᠤᠭᠠᠨ ᠮᠥᠨ ᠃ ᠳᠠᠷᠠᠭᠠᠴᠢ ᠵᠢᠨ ᠠᠯᠬᠤᠮ ᠳ᠋ᠤ᠌ ᠂ ᠪᠥᠬᠥ ᠬᠣᠲᠠ ᠶ᠋ᠢᠨ ᠡᠯ᠎ᠡ ᠱᠠᠲᠤᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠪᠠᠢᠭᠤᠯᠭ᠎ᠠ ᠨᠢ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠪᠠᠷ ᠵᠢᠯᠣᠭᠣᠳᠤᠯᠭ᠎ᠠ ᠪᠣᠯᠭᠠᠵᠤ ᠂ ᠪᠣᠳᠠᠲᠤ ᠭᠠᠵᠠᠷ 《 ᠰᠡᠳᠦᠪ 》 ᠢ᠋ᠶ᠋ᠡᠨ ᠦᠨᠡᠨ ᠬᠦ᠌ ᠭᠦᠢᠴᠡᠳᠬᠡᠵᠦ ᠂ ᠭᠦᠢᠴᠡᠳᠬᠡᠬᠦ ᠳ᠋ᠦ᠍ ᠬᠦᠴᠢᠷ ᠤᠯᠤᠰ ᠲᠥᠷᠥ ᠶ᠋ᠢᠨ ᠬᠠᠷᠢᠭᠤᠴᠠᠯᠭ᠎ᠠ ᠪᠠᠨ ᠪᠦᠬᠦ ᠬᠦᠴᠦᠨ ᠢ᠋ᠶ᠋ᠡᠷ ᠢ᠋ᠶ᠋ᠡᠨ ᠰᠠᠢᠲᠤᠷ ᠭᠦᠢᠴᠡᠳᠬᠡᠵᠦ ᠂ ᠵᠠᠩᠭᠢᠯᠠᠭ᠎ᠠ ᠶ᠋ᠢᠨ ᠲᠠᠯ᠎ᠠ ᠪᠠᠷ 《 ᠰᠡᠳᠦᠪ ᠰᠢᠢᠳᠪᠦᠷᠢᠯᠡᠬᠦ 》 ᠪᠡᠷ ᠂ ᠬᠠᠤᠯᠢ ᠶ᠋ᠢ ᠵᠥᠷᠢᠴᠡᠭᠰᠡᠨ ᠶᠠᠯᠠᠲᠤ ᠠᠵᠢᠯᠯᠠᠭ᠎ᠠ ᠳ᠋ᠤ᠌ ᠴᠣᠬᠢᠯᠲᠠ ᠥᠭᠬᠦᠶ᠋ᠢ ᠲᠡᠪᠴᠢᠬᠦ ᠳ᠋ᠦ᠍ ᠬᠦᠴᠢᠷ ᠠᠰᠠᠭᠤᠳᠠᠯ ᠢ᠋ ᠢᠯᠠᠨ ᠳᠠᠪᠠᠬᠤ ᠡᠬᠢᠯᠡᠯᠲᠡ ᠶ᠋ᠢᠨ ᠴᠡᠭ ᠪᠠ ᠰᠢᠪᠲᠤᠯᠤᠯᠲᠠ ᠶ᠋ᠢᠨ ᠴᠡᠭ ᠪᠣᠯᠭᠠᠵᠤ ᠂ ᠬᠦᠨᠳᠦ ᠡᠭᠦᠷᠭᠡ ᠶ᠋ᠢ ᠵᠣᠷᠢᠭᠲᠠᠢ ᠡᠭᠦᠷᠭᠡᠯᠡᠵᠦ ᠂ ᠥᠭᠡᠷᠡᠴᠢᠯᠡᠯᠲᠡ ᠬᠢᠵᠦ ᠰᠢᠨ᠎ᠡ ᠶ᠋ᠢ ᠡᠭᠦᠳᠴᠦ ᠂ ᠪᠦᠯᠬᠦᠮᠳᠡᠨ ᠬᠠᠮᠵᠢᠯᠴᠠᠵᠤ ᠂ ᠳᠠᠢᠨ ᠤ᠋ ᠢᠯᠠᠯᠲᠠ ᠶ᠋ᠢ ᠬᠠᠮᠲᠤ ᠪᠠᠷ ᠣᠯᠵᠤ ᠂ ᠰᠢᠨ᠎ᠡ ᠴᠠᠭ ᠦᠶ᠎ᠡ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢᠨ ᠬᠠᠭᠤᠳᠠᠰᠤ ᠶ᠋ᠢ ᠪᠢᠴᠢᠭᠯᠡᠬᠦ ᠪᠡᠷ ᠴᠢᠷᠮᠠᠢᠶ᠎ᠠ︕
ᠦᠨᠡᠯᠡᠬᠦ 0ᠦᠨᠡᠯᠡᠯᠲᠡ᠎ᠲᠠᠢ