12 ᠰᠠᠷ᠎ᠠ ᠶ᠋ᠢᠨ 9 ᠦ᠌ ᠡᠳᠦᠷ ᠂ ᠥᠪᠡᠷᠲᠡᠭᠡᠨ ᠵᠠᠰᠠᠬᠤ ᠣᠷᠣᠨ ᠤ᠋ ᠳᠡᠭᠡᠳᠦ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠶᠠᠩ ᠽᠦᠩ ᠷᠧᠨ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠳ᠋ᠤ᠌ ᠬᠦᠷᠴᠦ ᠂ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠺᠠᠲ᠋ᠷ ᠴᠠᠭᠳᠠᠭ᠎ᠠ ᠳ᠋ᠤ᠌ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠤᠬᠠᠭᠤᠯᠤᠨ ᠲᠠᠢᠯᠪᠤᠷᠢᠯᠠᠵᠠᠢ ᠃
ᠶᠠᠩ ᠽᠦᠩ ᠷᠧᠨ 《 ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠣᠢᠯᠠᠭᠠᠵᠤ ᠰᠢᠨ᠎ᠡ ᠠᠶᠠᠨ ᠵᠠᠮ ᠳ᠋ᠤ᠌ ᠥᠪᠥᠷ ᠮᠣᠩᠭᠣᠯ ᠤ᠋ᠨ ᠬᠥᠭᠵᠢᠯᠲᠡ ᠶ᠋ᠢᠨ ᠰᠢᠨ᠎ᠡ ᠬᠠᠭᠤᠳᠠᠰᠤ ᠶ᠋ᠢ ᠪᠢᠴᠢᠭᠯᠡᠬᠦ ᠳ᠋ᠦ᠍ ᠬᠦᠴᠦᠲᠡᠢ ᠬᠠᠤᠯᠢ ᠴᠠᠭᠠᠵᠠ ᠶ᠋ᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠬᠤ 》 ᠪᠠᠷ ᠭᠤᠤᠯ ᠰᠡᠳᠦᠪ ᠪᠣᠯᠭᠠᠨ ᠂ ᠭᠣᠣᠯᠳᠠᠭᠤ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠴᠢᠬᠤᠯᠠ ᠶᠡᠬᠡ ᠠᠴᠢ ᠬᠣᠯᠪᠣᠭᠳᠠᠯ ᠢ᠋ ᠭᠦᠨᠵᠡᠭᠡᠢ ᠰᠤᠷᠤᠯᠴᠠᠨ ᠣᠢᠯᠠᠭᠠᠬᠤ ᠂ ᠰᠢᠨ᠎ᠡ ᠴᠠᠭ ᠦᠶ᠎ᠡ ᠶ᠋ᠢᠨ ᠰᠢᠨ᠎ᠡ ᠠᠶᠠᠨ ᠲᠡᠢᠨ ᠦ᠌ ᠪᠦᠯᠬᠦᠮᠳᠡᠨ ᠲᠡᠮᠡᠴᠡᠬᠦ ᠬᠠᠷᠠᠯᠲᠠ ᠶ᠋ᠢᠨ ᠱᠠᠭᠠᠷᠳᠠᠯᠭ᠎ᠠ ᠶ᠋ᠢ ᠣᠨᠣᠪᠴᠢᠲᠠᠢ ᠡᠵᠡᠮᠰᠢᠬᠦ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠭᠠᠷᠭᠠᠭᠰᠠᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠬᠤ ᠵᠡᠷᠭᠡ ᠲᠠᠯ᠎ᠠ ᠪᠠᠷ ᠭᠣᠣᠯᠳᠠᠯᠭ᠎ᠠ ᠲᠠᠢ ᠤᠶᠠᠯᠳᠤᠭᠤᠯᠤᠨ ᠂ ᠰᠢᠭᠦᠬᠦ ᠬᠣᠷᠢᠶᠠᠨ ᠤ᠋ ᠠᠵᠢᠯ ᠲᠠᠢ ᠤᠶᠠᠯᠳᠤᠭᠤᠯᠤᠨ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠪᠥᠬᠥ ᠲᠠᠯ᠎ᠠ ᠪᠠᠷ ᠰᠢᠰᠲ᠋ᠧᠮ ᠲᠡᠢ ᠲᠣᠳᠣᠷᠬᠠᠢᠯᠠᠨ ᠲᠠᠢᠯᠪᠤᠷᠢᠯᠠᠪᠠ ᠃
ᠶᠠᠩ ᠽᠦᠩ ᠷᠧᠨ ᠴᠢᠬᠤᠯᠠᠴᠢᠯᠠᠭᠰᠠᠨ ᠨᠢ ᠂ ᠪᠦᠬᠦ ᠣᠷᠣᠨ ᠤ᠋ ᠰᠢᠭᠦᠬᠦ ᠬᠣᠷᠢᠶ᠎ᠠ 《 ᠬᠣᠶᠠᠷᠢ᠋ ᠲᠣᠭᠲᠠᠭᠠᠬᠤ 》 ᠰᠢᠢᠳᠪᠦᠷᠢᠲᠦ ᠴᠢᠨᠠᠷᠲᠠᠢ ᠠᠴᠢ ᠬᠣᠯᠪᠣᠭᠳᠠᠯ ᠢ᠋ ᠭᠦᠨᠵᠡᠭᠡᠢ ᠣᠢᠯᠠᠭᠠᠵᠤ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠪᠠᠷ ᠬᠥᠲᠥᠯᠦᠨ ᠳᠠᠭᠠᠭᠤᠯᠬᠤ ᠶ᠋ᠢ ᠪᠠᠷᠢᠮᠲᠠᠯᠠᠵᠤ ᠂ ᠱᠢ ᠵᠢᠨ ᠫᠢᠩ ᠨᠥᠬᠥᠷ ᠢ᠋ᠶ᠋ᠡᠷ ᠭᠣᠣᠯ ᠪᠣᠯᠭᠠᠭᠰᠠᠨ ᠨᠠᠮ ᠤ᠋ᠨ ᠲᠥᠪ ᠬᠣᠷᠢᠶ᠎ᠠ ᠶ᠋ᠢᠨ ᠲᠣᠭᠣᠷᠢᠨ ᠳ᠋ᠤ᠌ ᠨᠡᠩ ᠨᠢᠭᠲᠠ ᠪᠦᠯᠬᠦᠮᠳᠡᠵᠦ ᠂ ᠱᠢ ᠵᠢᠨ ᠫᠢᠩᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠬᠤ ᠶ᠋ᠢ ᠪᠠᠷᠢᠮᠲᠠᠯᠠᠵᠤ ᠂ ᠰᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠶ᠋ᠢ ᠭᠦᠨᠵᠡᠭᠡᠢ ᠦᠢᠯᠡᠳᠦᠯᠭᠡᠵᠢᠭᠦᠯᠵᠦ ᠂ ᠰᠢᠨ᠎ᠡ ᠴᠠᠭ ᠦᠶ᠎ᠡ ᠶ᠋ᠢᠨ ᠰᠢᠨ᠎ᠡ ᠠᠶᠠᠨ ᠲᠡᠢᠨ ᠦ᠌ ᠦᠢᠯᠡᠳᠦᠯᠭᠡ ᠶ᠋ᠢᠨ ᠱᠠᠭᠠᠷᠳᠠᠯᠭ᠎ᠠ ᠶ᠋ᠢ ᠣᠨᠣᠪᠴᠢᠲᠠᠢ ᠡᠵᠡᠮᠰᠢᠵᠦ ᠂ 《ᠮᠣᠩᠭᠣᠯ ᠬᠦᠯᠦᠭ ᠤᠨ ᠵᠣᠷᠢᠭ ᠰᠠᠨᠠᠭ᠎ᠠ 》 ᠢ᠋ ᠶᠡᠬᠡᠪᠡᠷ ᠪᠠᠳᠠᠷᠠᠭᠤᠯᠵᠤ ᠂ ᠨᠠᠮ ᠤ᠋ᠨ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠶ᠋ᠢᠨ ᠡᠯ᠎ᠡ ᠵᠦᠢᠯ ᠦ᠋ᠨ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠤᠯᠠᠮ ᠨᠢᠭᠡ ᠠᠯᠬᠤᠮ ᠨᠠᠢᠳᠠᠪᠤᠷᠢᠵᠢᠭᠤᠯᠤᠨ ᠂ ᠰᠢᠷᠭᠠᠭᠤ ᠬᠠᠲᠠᠭᠤᠵᠢᠯᠲᠠᠢ ᠠᠵᠢᠯᠯᠠᠵᠤ ᠂ ᠪᠦᠯᠬᠦᠮᠳᠡᠨ ᠲᠡᠮᠡᠴᠡᠵᠦ ᠂ ᠶᠡᠷᠦᠩᠬᠡᠢ ᠱᠦᠵᠢ ᠶ᠋ᠢᠨ ᠥᠪᠥᠷ ᠮᠣᠩᠭᠣᠯ ᠳ᠋ᠤ᠌ ᠲᠤᠰᠢᠶᠠᠭᠰᠠᠨ ᠲᠠᠪᠤᠨ ᠶᠡᠬᠡ ᠡᠭᠦᠷᠭᠡ ᠶ᠋ᠢ ᠪᠡᠶᠡᠯᠡᠭᠦᠯᠬᠦ ᠂ ᠥᠪᠥᠷ ᠮᠣᠩᠭᠣᠯ ᠤ᠋ᠨ ᠠᠵᠤ ᠠᠬᠤᠢ ᠨᠡᠢᠭᠡᠮ ᠦ᠋ᠨ ᠴᠢᠨᠠᠷ ᠰᠠᠢᠲᠠᠢ ᠬᠥᠭᠵᠢᠯᠲᠡ ᠶ᠋ᠢ ᠲᠦᠯᠬᠢᠨ ᠠᠬᠢᠭᠤᠯᠬᠤ ᠂ ᠪᠦᠬᠦ ᠲᠠᠯ᠎ᠠ ᠪᠠᠷ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠠᠢᠷᠢ ᠶ᠋ᠢᠨ ᠪᠦᠲᠦᠭᠡᠨ ᠪᠠᠢᠭᠤᠯᠤᠯᠲᠠ ᠳ᠋ᠤ᠌ ᠬᠦᠴᠦᠲᠡᠢ ᠬᠠᠤᠯᠢ ᠴᠠᠭᠠᠵᠠ ᠶ᠋ᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ ᠃
ᠦᠨᠡᠯᠡᠬᠦ 0ᠦᠨᠡᠯᠡᠯᠲᠡ᠎ᠲᠠᠢ