11 ᠰᠠᠷᠠᠶ᠋ᠢᠨ 25 ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠲᠤᠰᠬᠠᠢ ᠰᠡᠳᠦᠪᠲᠦ ᠨᠠᠮ ᠤ᠋ᠨ ᠤᠳᠤᠷᠢᠳᠬᠤ ᠳᠤᠭᠤᠢᠯᠠᠩ ᠵᠣᠬᠢᠶᠠᠨ ᠪᠠᠢᠭᠤᠯᠵᠤ ᠂ ᠰᠢᠨ᠎ᠡ ᠲᠢᠲᠢᠮᠢᠭ᠌ ᠠᠭᠤᠰᠬᠢᠨ ᠦᠷᠪᠢᠰᠦᠯ ᠦ᠋ᠨ ᠬᠢᠵᠢᠭ᠌ ᠵᠢ ᠰᠡᠷᠭᠡᠢᠯᠡᠬᠦ ᠠᠵᠢᠯᠯᠠᠭ᠎ᠠ ᠶ᠋ᠢ ᠪᠠᠢᠷᠢᠯᠠᠭᠤᠯᠵᠠᠢ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠂ ᠰᠦ ᠯᠢ ᠵᠢᠶᠦ᠋ᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠂ ᠭᠡᠷ ᠲᠡᠭᠡᠨ ᠪᠠᠢᠭ᠎ᠠ ᠤᠳᠤᠷᠢᠳᠬᠤ ᠪᠠᠭ ᠤ᠋ᠨ ᠭᠡᠰᠢᠭᠦᠨ ᠨᠠᠷ ᠬᠤᠷᠠᠯ ᠳ᠋ᠤ᠌ ᠤᠷᠤᠯᠴᠠᠭᠰᠠᠨ ᠪᠠᠢᠨ᠎ᠠ ᠃
ᠬᠤᠷᠠᠯ ᠠ᠋ᠴᠠ ᠬᠣᠲᠠ ᠶ᠋ᠢᠨ ᠬᠢᠵᠢᠭ᠌ ᠵᠢ ᠰᠡᠷᠭᠡᠢᠯᠡᠨ ᠡᠵᠡᠮᠳᠡᠬᠦ ᠵᠢᠯᠣᠭᠣᠳᠬᠤ ᠭᠠᠵᠠᠷ ᠤ᠋ᠨ 《 ᠰᠢᠨ᠎ᠡ ᠲᠢᠲᠢᠮᠯᠢᠭ᠌ ᠠᠭᠤᠰᠬᠢᠨ ᠦᠷᠪᠢᠰᠦᠯ ᠦ᠋ᠨ ᠬᠢᠵᠢᠭ᠌ ᠵᠢ ᠰᠡᠷᠭᠡᠢᠯᠡᠬᠦ ᠠᠵᠢᠯᠯᠠᠭ᠎ᠠ ᠶ᠋ᠢ ᠬᠡᠷᠡᠭᠵᠢᠭᠦᠯᠬᠦ ᠲᠥᠰᠦᠯ ᠢ᠋ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ 》 ᠢ᠋ ᠰᠤᠷᠤᠯᠴᠠᠪᠠ ᠃
ᠬᠤᠷᠠᠯ ᠠ᠋ᠴᠠ ᠵᠢᠭᠠᠵᠤ ᠭᠠᠷᠭᠠᠭᠰᠠᠨ ᠨᠢ ᠂ ᠬᠣᠶᠠᠷ ᠱᠠᠲᠤᠨ ᠤ᠋ ᠰᠢᠭᠦᠬᠦ ᠬᠣᠷᠢᠶ᠎ᠠ ᠶ᠋ᠢᠨ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠠᠵᠢᠯ ᠢ ᠪᠣᠳᠠᠲᠠᠢ ᠲᠠᠢ ᠤᠶᠠᠯᠳᠤᠭᠤᠯᠤᠨ ᠂ ᠨᠡᠩ ᠣᠨᠣᠪᠴᠢᠲᠠᠢ ᠂ ᠨᠡᠩ ᠲᠦᠷᠭᠡᠨ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ ᠪᠡᠷ 《 ᠬᠣᠲᠠ᠎ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠰᠢᠨ᠎ᠡ ᠬᠡᠯᠪᠡᠷᠢ ᠶ᠋ᠢᠨ ᠲᠢᠲᠢᠮᠯᠢᠭ᠌ ᠠᠭᠤᠰᠬᠢᠨ ᠦᠷᠪᠢᠰᠦᠯ ᠦ᠋ᠨ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠪᠠᠴᠢᠮ ᠪᠠᠢᠳᠠᠯ ᠢ᠋ ᠠᠷᠭᠠᠴᠠᠨ ᠰᠢᠢᠳᠪᠦᠷᠢᠯᠡᠬᠦ ᠠᠵᠢᠯ᠎ᠤ᠋ᠨ ᠶᠠᠪᠤᠴᠠ 》 ᠶᠣᠰᠣᠭᠠᠷ ᠂ ᠬᠣᠲᠠ᠎ᠶ᠋ᠢᠨ ᠬᠢᠵᠢᠭ᠌ ᠤᠨ ᠪᠠᠢᠳᠠᠯ ᠢ᠋ ᠰᠡᠷᠭᠡᠢᠯᠡᠨ ᠡᠵᠡᠮᠳᠡᠬᠦ ᠵᠢᠯᠣᠭᠣᠳᠬᠤ ᠭᠠᠵᠠᠷ ᠤ᠋ᠨ 《 ᠴᠡᠪᠡᠷᠯᠡᠨ ᠠᠷᠢᠯᠭᠠᠬᠤ ᠠᠵᠢᠯᠯᠠᠭ᠎ᠠ 》 ᠶ᠋ᠢᠨ ᠬᠠᠮᠢᠶ᠎ᠠ ᠪᠥᠬᠥᠢ ᠱᠠᠭᠠᠷᠳᠠᠯᠭ᠎ᠠ ᠶ᠋ᠢ ᠡᠷᠡᠰ ᠰᠠᠢᠲᠤᠷ ᠨᠠᠢᠳᠠᠪᠤᠷᠢᠵᠢᠭᠤᠯᠬᠤ ᠬᠡᠷᠡᠭᠲᠡᠢ ᠃
ᠨᠢᠭᠡ ᠳ᠋ᠦ᠍ ᠂ ᠴᠢᠩᠭ᠎ᠠ ᠨᠢᠮᠪᠠᠢ ᠬᠠᠷᠢᠭᠤᠴᠠᠯᠭᠠᠲᠤ ᠰᠡᠳᠬᠢᠯᠭᠡ ᠪᠡᠷ ᠬᠢᠵᠢᠭ᠌ ᠤᠨ ᠪᠠᠢᠳᠠᠯ ᠢ᠋ ᠰᠡᠷᠭᠡᠢᠯᠡᠨ ᠵᠠᠰᠠᠬᠤ ᠦᠵᠡᠯ ᠤᠬᠠᠮᠰᠠᠷ ᠢ᠋ ᠳᠡᠭᠡᠭᠰᠢᠯᠡᠭᠦᠯᠬᠦ ᠬᠡᠷᠡᠭᠲᠡᠢ ᠃ ᠮᠢᠨᠴᠦᠭᠦᠷᠡᠬᠦ ᠦᠵᠡᠯ ᠰᠠᠨᠠᠭ᠎ᠠ ᠂ ᠲᠡᠢᠨ ᠬᠢᠬᠦ ᠳᠤᠷ᠎ᠠ ᠦᠭᠡᠢ ᠰᠡᠳᠬᠢᠯᠭᠡ ᠂ ᠵᠠᠪᠰᠢᠶᠠᠨ ᠢ᠋ᠶ᠋ᠠᠷ ᠨᠠᠢᠳᠠᠬᠤ ᠰᠠᠨᠠᠭ᠎ᠠ ᠂ ᠰᠤᠯᠠᠷᠠᠬᠤ ᠪᠣᠳᠣᠯ ᠢ᠋ ᠡᠷᠡᠰ ᠲᠡᠪᠴᠢᠵᠦ ᠂ ᠬᠢᠵᠢᠭ᠌ ᠤᠨ ᠪᠠᠢᠳᠠᠯ ᠢ᠋ ᠬᠠᠮᠲᠤᠷᠠᠨ ᠰᠡᠷᠭᠡᠢᠯᠡᠵᠦ ᠬᠠᠮᠲᠤᠷᠠᠨ ᠡᠵᠡᠮᠳᠡᠬᠦ ᠠᠵᠢᠯ ᠢ᠋ ᠥᠴᠦᠬᠡᠨ ᠴᠦ᠍ ᠴᠠᠯᠠᠭᠠᠢᠷᠠᠬᠤ ᠦᠭᠡᠢ ᠰᠠᠢᠲᠤᠷ ᠬᠢᠬᠦ ᠬᠡᠷᠡᠭᠲᠡᠢ ᠃
ᠬᠣᠶᠠᠷ ᠲᠤ᠌ ᠂ ᠬᠣᠲᠠ᠎ᠶ᠋ᠢᠨ ᠬᠢᠵᠢᠭ᠌ ᠤᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠪᠠᠢᠷᠢᠯᠠᠭᠤᠯᠤᠯᠲᠠ ᠶ᠋ᠢ ᠲᠡᠷᠡ ᠬᠡᠪ ᠢ᠋ᠶ᠋ᠡᠷ ᠨᠢ ᠨᠠᠢᠳᠠᠪᠤᠷᠢᠵᠢᠭᠤᠯᠬᠤ ᠬᠡᠷᠡᠭᠲᠡᠢ ᠃ ᠲᠤᠰ ᠬᠣᠷᠢᠶᠠᠨ ᠤ᠋ ᠺᠠᠲ᠋ᠷ ᠴᠠᠭᠳᠠᠭ᠎ᠠ ᠵᠢᠴᠢ ᠡᠯ᠎ᠡ ᠲᠥᠷᠥᠯ ᠦ᠋ᠨ ᠠᠵᠢᠯᠲᠠᠨ ᠤ᠋ ᠬᠠᠮᠢᠶᠠᠷᠤᠯᠲᠠ ᠶ᠋ᠢ ᠴᠢᠩᠭᠠᠳᠬᠠᠵᠤ ᠂ ᠪᠦᠭᠡᠮ ᠬᠦᠴᠢᠯ ᠢ᠋ ᠰᠢᠯᠭᠠᠨ ᠪᠠᠢᠴᠠᠭᠠᠬᠤ ᠡᠭᠦᠷᠭᠡ ᠶ᠋ᠢ ᠴᠠᠭ ᠲᠤᠬᠠᠢ ᠳ᠋ᠤᠨᠢ ᠪᠡᠶᠡᠯᠡᠭᠦᠯᠵᠦ ᠂ ᠬᠤᠪᠢ ᠬᠥᠮᠦᠨ ᠦ᠌ ᠬᠠᠮᠠᠭᠠᠯᠠᠯᠲᠠ ᠶ᠋ᠢ ᠰᠠᠢᠲᠤᠷ ᠬᠢᠬᠦ ᠬᠡᠷᠡᠭᠲᠡᠢ ᠃ ᠮᠡᠳᠡᠭᠦᠯᠦᠨ ᠳᠠᠩᠰᠠᠯᠠᠭᠤᠯᠬᠤ ᠳᠦᠷᠢᠮ ᠢ᠋ ᠴᠢᠩᠭ᠎ᠠ ᠬᠡᠷᠡᠭᠵᠢᠭᠦᠯᠵᠦ ᠂ ᠭᠠᠳᠠᠭᠰᠢ ᠭᠠᠷᠬᠤ ᠦᠭᠡᠢ᠂ ᠴᠤᠭᠯᠠᠷᠠᠬᠤ ᠦᠭᠡᠢ ᠪᠠᠢᠬᠤ ᠶ᠋ᠢ ᠰᠠᠨᠠᠭᠠᠴᠢᠯᠠᠨ ᠂ ᠬᠥᠮᠦᠰᠦ᠋ᠨ ᠨᠡᠰᠢ ᠴᠠᠰᠢ ᠶᠠᠪᠤᠬᠤ ᠲᠥᠪᠯᠡᠷᠡᠬᠦ ᠶ᠋ᠢ ᠬᠠᠮᠤᠭ ᠤ᠋ᠨ ᠶᠡᠬᠡ ᠬᠡᠮᠵᠢᠶ᠎ᠡ ᠪᠡᠷ ᠪᠠᠭᠠᠰᠬᠠᠵᠤ ᠂ ᠬᠢᠵᠢᠭ᠌ ᠤᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠱᠤᠭᠤᠮ ᠢ᠋ ᠲᠠᠰᠤᠷᠠᠯᠲᠠ ᠦᠭᠡᠢ ᠨᠢᠭᠲᠠ ᠵᠣᠬᠢᠶᠠᠨ ᠪᠠᠢᠭᠤᠯᠤᠨ᠎ᠠ ᠃
ᠭᠤᠷᠪᠠ ᠳ᠋ᠤ᠌ ᠂ ᠬᠢᠵᠢᠭ᠌ ᠤᠨ ᠪᠠᠢᠳᠠᠯ ᠢ᠋ ᠰᠡᠷᠭᠡᠢᠯᠡᠨ ᠡᠵᠡᠮᠳᠡᠬᠦ ᠳ᠋ᠦ᠍ ᠪᠠᠢᠩᠭᠤ ᠶ᠋ᠢᠨ ᠴᠢᠨᠠᠷᠲᠠᠢ ᠪᠠᠢᠳᠠᠯ ᠳᠣᠣᠷ᠎ᠠ ᠂ ᠰᠢᠭᠦᠨ ᠲᠠᠰᠤᠯᠬᠤ ᠭᠦᠢᠴᠡᠳᠬᠡᠬᠦ ᠠᠵᠢᠯ ᠢ᠋ ᠬᠢᠨᠠᠮᠠᠭᠠᠢ ᠰᠠᠢᠲᠤᠷ ᠠᠳᠬᠤᠵᠤ ᠂ ᠬᠢᠵᠢᠭ᠌ ᠢ᠋ ᠰᠡᠷᠭᠡᠢᠯᠡᠬᠦ ᠰᠢᠭᠦᠨ ᠲᠠᠰᠤᠯᠤᠯᠲᠠᠶ᠋ᠢᠨ 《 ᠬᠣᠶᠠᠷ ᠦᠯᠦ ᠠᠯᠳᠠᠬᠤ 》 ᠂ ᠠᠷᠠᠳ ᠤ᠋ᠨ ᠲᠥᠯᠥᠭᠡ ᠬᠠᠤᠯᠢ ᠪᠠᠷᠢᠬᠤ ᠶ᠋ᠢ 《 ᠵᠣᠭᠰᠣᠯ ᠦᠭᠡᠢ 》 ᠂ ᠰᠢᠭᠦᠨ ᠲᠠᠰᠤᠯᠬᠤ ᠭᠦᠢᠴᠡᠳᠬᠡᠬᠦ ᠴᠢᠨᠠᠷ ᠪᠦᠲᠦᠮᠵᠢ ᠬᠢᠭᠡᠳ ᠬᠢᠵᠢᠭ᠌ ᠤᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ 《 ᠬᠣᠣᠰ ᠢᠯᠠᠯᠲᠠ 》 ᠶ᠋ᠢ ᠴᠢᠷᠮᠠᠢᠨ ᠣᠯᠬᠤ ᠬᠡᠷᠡᠭᠲᠡᠢ ᠃
ᠦᠨᠡᠯᠡᠬᠦ 0ᠦᠨᠡᠯᠡᠯᠲᠡ᠎ᠲᠠᠢ