ᠰᠤᠷᠤᠯᠴᠠᠬᠤ ᠠᠭᠤᠷ ᠠᠮᠢᠰᠬᠤᠯ ᠢ᠋ ᠦᠷᠭᠦᠯᠵᠢᠯᠡᠨ ᠪᠣᠢ ᠪᠣᠯᠭᠠᠵᠤ ᠂ ᠣᠨᠣᠯ ᠤ᠋ᠨ ᠰᠤᠷᠤᠯᠴᠠᠯᠭ᠎ᠠ ᠶ᠋ᠢ ᠭᠦᠨᠵᠡᠭᠡᠢᠷᠡᠭᠦᠯᠦᠨ ᠂ ᠰᠤᠷᠤᠯᠴᠠᠭᠰᠠᠨ ᠣᠯᠤᠯᠲᠠ ᠲᠥᠷᠥᠭᠳᠡᠯ ᠢ᠋ᠶ᠋ᠡᠨ ᠰᠣᠯᠢᠯᠴᠠᠵᠤ ᠂ ᠦᠵᠡᠯ ᠰᠠᠨᠠᠭᠠᠨ ᠤ᠋ ᠬᠠᠮᠲᠤ ᠶ᠋ᠢᠨ ᠲᠠᠨᠢᠯᠲᠠ ᠪᠠᠨ ᠨᠢᠭᠲᠠᠷᠠᠭᠤᠯᠵᠤ ᠂ ᠪᠦᠬᠦ ᠨᠠᠮ ᠤ᠋ᠨ ᠭᠡᠰᠢᠭᠦᠨ ᠺᠠᠲ᠋ᠷ ᠴᠠᠭᠳᠠᠭ᠎ᠠ ᠶ᠋ᠢᠨ ᠦᠵᠡᠯ ᠰᠠᠨᠠᠭ᠎ᠠ ᠶ᠋ᠢ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ ᠂ ᠬᠦᠴᠦᠨ ᠢ᠋ᠶ᠋ᠡᠨ ᠨᠠᠮ ᠤ᠋ᠨ ᠬᠣᠷᠢᠳᠤᠭᠠᠷ ᠶᠡᠬᠡ ᠬᠤᠷᠠᠯ ᠠ᠋ᠴᠠ ᠲᠣᠭᠲᠠᠭᠠᠭᠰᠠᠨ ᠡᠯ᠎ᠡ ᠵᠦᠢᠯ ᠦ᠋ᠨ ᠡᠭᠦᠷᠭᠡ ᠳᠡᠭᠡᠷ᠎ᠡ ᠲᠥᠪᠯᠷᠡᠭᠦᠯᠬᠦ ᠵᠢᠨ ᠲᠦᠯᠦᠭᠡ ᠂ ᠣᠢᠷ᠎ᠠ ᠳ᠋ᠤ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠨᠠᠮ ᠤ᠋ᠨ ᠭᠣᠣᠯ ᠰᠡᠳᠦᠪᠲᠦ ᠨᠠᠮ ᠤ᠋ᠨ ᠡᠳᠦᠷ ᠦ᠋ᠨ ᠠᠵᠢᠯᠯᠠᠭ᠎ᠠ ᠶ᠋ᠢ ᠥᠷᠨᠢᠭᠦᠯᠪᠡ ᠃
ᠡᠯ᠎ᠡ ᠨᠠᠮ ᠤ᠋ᠨ ᠡᠭᠦᠷ ᠦ᠋ᠨ ᠱᠦᠵᠢ ᠪᠣᠳᠠᠲᠤ ᠪᠠᠢᠳᠠᠯ ᠲᠠᠢ ᠪᠠᠨ ᠤᠶᠠᠯᠳᠤᠭᠤᠯᠤᠨ ᠂ ᠭᠣᠣᠯ ᠰᠡᠳᠦᠪ ᠢ᠋ᠶ᠋ᠡᠷ ᠭᠣᠣᠯᠯᠠᠭᠤᠯᠤᠨ ᠂ ᠠᠴᠢᠶᠠᠯᠠᠪᠤᠷᠢᠶ᠋ᠢ ᠰᠢᠨ᠎ᠡ ᠪᠡᠷ ᠡᠭᠦᠳᠴᠦ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠨ ᠤᠬᠠᠭᠤᠯᠤᠨ ᠲᠤᠤᠱᠯᠠᠭᠤᠯᠬᠤ ᠶ᠋ᠢ ᠭᠦᠨᠵᠡᠭᠡᠢᠷᠡᠭᠦᠯᠦᠨ ᠂ ᠪᠦᠬᠦ ᠨᠠᠮ ᠤ᠋ᠨ ᠭᠡᠰᠢᠭᠦᠨ ᠺᠠᠲ᠋ᠷ ᠴᠠᠭᠳᠠᠭ᠎ᠠ ᠨᠠᠷ ᠢ᠋ ᠬᠥᠲᠥᠯᠦᠨ ᠵᠢᠯᠣᠭᠣᠳᠴᠤ ᠪᠠᠢᠭᠠᠳ ᠬᠠᠮᠲᠤ ᠶ᠋ᠢᠨ ᠲᠠᠨᠢᠯᠲᠠ ᠶ᠋ᠢ ᠨᠢᠭᠲᠠᠷᠠᠭᠤᠯᠬᠤ ᠂ ᠣᠶᠤᠨ ᠤᠬᠠᠭᠠᠨ ᠢ᠋ ᠨᠢ ᠨᠢᠭᠲᠠᠷᠠᠭᠤᠯᠬᠤ ᠂ ᠬᠦᠴᠦᠨ ᠴᠢᠳᠠᠯ ᠢ᠋ ᠨᠢ ᠨᠢᠭᠲᠠᠷᠠᠭᠤᠯᠬᠤ ᠂ ᠰᠢᠨ᠎ᠡ ᠴᠠᠭ ᠦᠶ᠎ᠡ ᠶ᠋ᠢᠨ ᠰᠢᠨ᠎ᠡ ᠠᠶᠠᠨ ᠢ᠋ ᠨᠢᠭᠲᠠᠷᠠᠭᠤᠯᠬᠤ ᠂ ᠰᠢᠭᠦᠬᠦ ᠬᠣᠷᠢᠶᠠᠨ ᠤ᠋ ᠡᠯ᠎ᠡ ᠵᠦᠢᠯ ᠦ᠋ᠨ ᠠᠵᠢᠯ ᠤ᠋ᠨ ᠴᠢᠨᠠᠷ ᠰᠠᠢᠲᠠᠢ ᠬᠥᠭᠵᠢᠯᠲᠡᠶ᠋ᠢ ᠬᠦᠴᠦᠯᠡᠨ ᠠᠬᠢᠭᠤᠯᠤᠨ᠎ᠠ ᠃
ᠨᠢᠭᠡᠳᠦᠭᠡᠷ ᠨᠠᠮ ᠤ᠋ᠨ ᠡᠭᠦᠷ
ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠬᠤ ᠶ᠋ᠢᠨ ᠲᠥᠯᠥᠭᠡ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠤ᠋ ᠨᠢᠭᠡᠳᠦᠭᠡᠷ ᠨᠠᠮ ᠤ᠋ᠨ ᠡᠭᠦᠷ ᠨᠠᠮ ᠤ᠋ᠨ ᠡᠳᠦᠷ ᠦ᠋ᠨ ᠠᠵᠢᠯᠯᠠᠭ᠎ᠠ ᠶ᠋ᠢ ᠥᠷᠨᠢᠭᠦᠯᠵᠡᠢ ᠃ ᠨᠠᠮ ᠤ᠋ᠨ ᠡᠭᠦᠷ ᠦ᠋ᠨ ᠱᠦᠵᠢ ᠾᠧ ᠶᠠᠨ ᠴᠦᠨ 《 ᠬᠤᠷᠢᠳᠤᠭᠠᠷ ᠶᠡᠬᠡ ᠬᠤᠷᠠᠯ ᠤ᠋ᠨ ᠦᠵᠡᠯ ᠰᠠᠨᠠᠭ᠎ᠠ ᠶ᠋ᠢ ᠰᠤᠷᠤᠯᠴᠠᠨ ᠦᠢᠯᠡᠳᠦᠯᠭᠡᠵᠢᠭᠦᠯᠬᠦ ᠂ ᠡᠷᠡᠮᠡᠬᠡᠢᠯᠡᠨ ᠲᠠᠪᠰᠢᠬᠤ ᠰᠢᠨ᠎ᠡ ᠠᠶᠠᠨ 》 ᠪᠠᠷ ᠭᠣᠣᠯ ᠰᠡᠳᠦᠪ ᠪᠣᠯᠭᠠᠨ ᠂ ᠣᠯᠠᠨ ᠳ᠋ᠤ᠌ ᠨᠠᠮ ᠤ᠋ᠨ ᠬᠢᠴᠢᠶᠡᠯ ᠲᠠᠢᠯᠪᠤᠷᠢᠯᠠᠵᠤ ᠥᠭᠪᠡ ᠃
ᠬᠤᠷᠠᠯ ᠠ᠋ᠴᠠ ᠴᠢᠬᠤᠯᠠᠴᠢᠯᠠᠭᠰᠠᠨ ᠨᠢ ᠂ ᠪᠦᠬᠦ ᠨᠠᠮ ᠤ᠋ᠨ ᠭᠡᠰᠢᠭᠦᠳ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠴᠠᠭ ᠦᠶ᠎ᠡ ᠶ᠋ᠢᠨ ᠠᠭᠤᠯᠤᠭᠳᠠᠬᠤᠨ ᠪᠠ ᠴᠢᠬᠤᠯᠠ ᠶᠡᠬᠡ ᠠᠴᠢ ᠬᠣᠯᠪᠣᠭᠳᠠᠯ ᠢ᠋ ᠭᠦᠨᠵᠡᠭᠡᠢ ᠣᠢᠯᠠᠭᠠᠵᠤ ᠂ ᠶᠡᠷᠦᠩᠬᠡᠢ ᠱᠦᠵᠢ ᠰᠢ ᠵᠢᠨ ᠫᠢᠩ ᠦ᠋ᠨ ᠳᠤᠷᠠᠳᠤᠭᠰᠠᠨ ᠠᠯᠢ ᠣᠯᠠᠨ ᠰᠢᠨ᠎ᠡ ᠦᠵᠡᠯᠲᠡ ᠂ ᠰᠢᠨ᠎ᠡ ᠨᠤᠲᠠᠯᠠᠯᠲᠠ ᠂ ᠰᠢᠨ᠎ᠡ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠨ ᠣᠢᠯᠠᠭᠠᠵᠤ ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠳᠡᠭᠡᠷ᠎ᠡ ᠦᠨᠡᠨ ᠬᠦ᠌ ᠨᠢᠭᠡᠳᠬᠡᠬᠦ ᠬᠡᠷᠡᠭᠲᠡᠢ ᠃ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠬᠤ ᠠᠵᠢᠯ ᠢ᠋ ᠰᠠᠢᠲᠤᠷ ᠠᠳᠬᠤᠵᠤ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠢᠯᠡᠳᠬᠡᠯ ᠳ᠋ᠡᠬᠢ ᠰᠢᠨ᠎ᠡ ᠦᠵᠡᠯᠲᠡ ᠂ ᠰᠢᠨ᠎ᠡ ᠨᠤᠲᠠᠯᠠᠯᠲᠠ ᠂ ᠰᠢᠨ᠎ᠡ ᠦᠵᠡᠯ ᠰᠠᠨᠠᠭ᠎ᠠ ᠶ᠋ᠢ ᠭᠦᠨᠵᠡᠭᠡᠢ ᠣᠢᠯᠠᠭᠠᠨ ᠡᠵᠡᠮᠰᠢᠵᠦ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭᠠᠪᠠᠷ ᠦᠢᠯᠡᠳᠦᠯᠭᠡᠪᠡᠨ ᠵᠢᠯᠣᠭᠣᠳᠤᠭᠤᠯᠤᠨ ᠠᠵᠢᠯ ᠢ᠋ᠶ᠋ᠠᠨ ᠠᠬᠢᠭᠤᠯᠬᠤ ᠬᠡᠷᠡᠭᠲᠡᠢ ᠃ ᠰᠤᠷᠤᠯᠴᠠᠬᠤ ᠰᠢᠨ᠎ᠡ ᠠᠬᠤᠢ ᠪᠠᠢᠳᠠᠯ ᠢ᠋ᠶ᠋ᠠᠨ ᠥᠷᠭᠡᠳᠬᠡᠨ ᠂ ᠬᠠᠷᠠᠭ᠎ᠠ ᠪᠠ ᠪᠠᠢᠷᠢᠰᠢᠯ ᠢ᠋ ᠳᠡᠭᠡᠭᠰᠢᠯᠡᠭᠦᠯᠵᠦ ᠂ ᠰᠤᠷᠤᠯᠴᠠᠬᠤ ᠬᠡᠷᠡᠭᠯᠡᠬᠦ ᠶ᠋ᠢ ᠤᠶᠠᠯᠳᠤᠭᠤᠯᠬᠤ ᠂ ᠠᠭᠤᠰᠤᠯᠴᠠᠭᠤᠯᠬᠤ ᠶ᠋ᠢ ᠪᠠᠷᠢᠮᠲᠠᠯᠠᠨ ᠂ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠪᠠᠷ ᠭᠣᠣᠯ ᠰᠡᠳᠦᠪ ᠪᠣᠯᠭᠠᠵᠤ ᠂ ᠰᠢᠨ᠎ᠡ ᠬᠥᠭᠵᠢᠯᠲᠡ ᠶ᠋ᠢᠨ ᠣᠢᠯᠠᠭᠠᠭᠳᠠᠬᠤᠨ ᠢ᠋ ᠪᠦᠷᠢᠨ ᠭᠦᠢᠴᠡᠳ ᠂ ᠵᠥᠪ ᠣᠨᠣᠪᠴᠢᠲᠠᠢ ᠂ ᠪᠦᠬᠦ ᠲᠠᠯ᠎ᠠ ᠪᠠᠷ ᠲᠤᠤᠱᠯᠠᠭᠤᠯᠵᠤ ᠂ ᠬᠠᠷᠢᠭᠤᠴᠠᠯᠭ᠎ᠠ ᠶ᠋ᠢ ᠪᠣᠭᠣᠮᠲᠠ ᠰᠢᠪᠲᠤᠯᠤᠨ ᠬᠦᠴᠢᠷ ᠢ᠋ ᠳᠠᠪᠠᠬᠤ ᠡᠷᠴᠢ ᠵᠣᠷᠢᠭ ᠪᠣᠯᠭᠠᠨ ᠬᠤᠪᠢᠷᠠᠭᠤᠯᠵᠤ ᠂ ᠠᠷᠠᠳ ᠣᠯᠠᠨ ᠳ᠋ᠤ᠌ ᠲᠥᠪ ᠭᠣᠣᠯᠴᠢ ᠰᠢᠳᠤᠷᠭᠤ ᠶᠣᠰᠣ ᠳᠡᠷᠭᠡᠳᠡ ᠨᠢ ᠪᠠᠢᠬᠤ ᠶ᠋ᠢ ᠦᠨᠡᠨ ᠬᠦ᠌ ᠮᠡᠳᠡᠭᠦᠯᠬᠦ ᠬᠡᠷᠡᠭᠲᠡᠢ ᠃
ᠬᠣᠶᠠᠳᠤᠭᠠᠷ ᠨᠠᠮ ᠤ᠋ᠨ ᠡᠭᠦᠷ
ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠣᠶᠤᠨ ᠰᠠᠨᠠᠭᠠᠨ ᠤ᠋ ᠴᠢᠬᠤᠯᠠ ᠤᠳᠬ᠎ᠠ ᠶ᠋ᠢ ᠭᠦᠨᠵᠡᠭᠡᠢ ᠣᠢᠯᠠᠭᠠᠵᠤ ᠂ ᠦᠵᠡᠯ ᠰᠠᠨᠠᠭᠠᠨ ᠤ᠋ ᠦᠨᠡᠨ ᠶᠣᠰᠣ ᠶ᠋ᠢ ᠣᠢᠯᠠᠭᠠᠵᠤ ᠂ ᠦᠵᠡᠯ ᠰᠠᠨᠠᠭᠠᠨ ᠤ᠋ ᠰᠠᠭᠤᠷᠢ ᠶ᠋ᠢ ᠪᠠᠲᠤᠳᠬᠠᠬᠤ ᠶ᠋ᠢᠨ ᠲᠥᠯᠥᠭᠡ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠣᠶᠠᠳᠤᠭᠠᠷ ᠨᠠᠮ ᠤ᠋ᠨ ᠡᠭᠦᠷ ᠭᠣᠣᠯ ᠰᠡᠳᠦᠪᠲᠦ ᠨᠠᠮᠤ᠋ᠨ ᠡᠳᠦᠷ ᠦ᠋ᠨ ᠠᠵᠢᠯᠯᠠᠭ᠎ᠠ ᠶ᠋ᠢ ᠥᠷᠨᠢᠭᠦᠯᠵᠦ ᠂ ᠨᠠᠮ ᠤ᠋ᠨ ᠡᠭᠦᠷᠦ᠋ᠨ ᠱᠦᠵᠢ ᠢᠦᠢ ᠯᠢ ᠬᠤᠷᠠᠯ ᠡᠷᠬᠢᠯᠡᠵᠦ ᠂ ᠬᠣᠶᠠᠳᠤᠭᠠᠷ ᠨᠠᠮ ᠤ᠋ᠨ ᠡᠭᠦᠷ ᠦ᠋ᠨ ᠪᠦᠬᠦ ᠨᠠᠮ ᠤ᠋ᠨ ᠭᠡᠰᠢᠭᠦᠨ ᠪᠠ ᠢᠳᠡᠪᠬᠢᠲᠡᠨ ᠬᠤᠷᠠᠯ ᠳ᠋ᠤ᠌ ᠣᠷᠣᠯᠴᠠᠪᠠ ᠃
ᠬᠤᠷᠠᠯ ᠳᠡᠭᠡᠷ᠎ᠡ ᠂ ᠨᠠᠮ ᠤ᠋ᠨ ᠡᠭᠦᠷ ᠦ᠋ᠨ ᠱᠦᠵᠢ ᠢᠦᠢ ᠯᠢ 《 ᠬᠣᠷᠢᠳᠤᠭᠠᠷ ᠶᠡᠬᠡ ᠬᠤᠷᠠᠯ ᠤ᠋ᠨ ᠢᠯᠡᠳᠬᠡᠯ ᠳ᠋ᠡᠬᠢ ᠰᠢᠨ᠎ᠡ ᠦᠵᠡᠯᠲᠡ ᠂ ᠰᠢᠨ᠎ᠡ ᠨᠤᠲᠠᠯᠠᠯᠲᠠ 》 ᠪᠠᠷ ᠰᠡᠳᠦᠪ ᠪᠣᠯᠭᠠᠵᠤ ᠂ ᠨᠠᠮᠤ᠋ᠨ ᠬᠣᠷᠢᠳᠤᠭᠠᠷ ᠶᠡᠬᠡ ᠬᠤᠷᠠᠯ ᠤ᠋ᠨ ᠭᠣᠣᠯ ᠰᠡᠳᠦᠪ ᠪᠣᠯᠤᠨ ᠭᠣᠣᠯ ᠦᠷ᠎ᠡ ᠪᠦᠲᠦᠭᠡᠯ ᠂ ᠥᠩᠭᠡᠷᠡᠭᠰᠡᠨ ᠲᠠᠪᠤᠨ ᠵᠢᠯ ᠦ᠋ᠨ ᠠᠵᠢᠯ ᠪᠣᠯᠤᠨ ᠰᠢᠨ᠎ᠡ ᠴᠠᠭ ᠦᠶ᠎ᠡ ᠶ᠋ᠢᠨ ᠠᠷᠪᠠᠨ ᠵᠢᠯ ᠦ᠋ᠨ ᠠᠭᠤᠤ ᠶᠡᠬᠡ ᠬᠤᠪᠢᠰᠤᠯᠲᠠ ᠂ ᠮᠠᠷᠺᠰ ᠤ᠋ᠨ ᠦᠵᠡᠯ ᠢ᠋ ᠳᠤᠮᠳᠠᠳᠤ ᠤᠯᠤᠰᠴᠢᠯᠠᠬᠤ ᠂ ᠳᠤᠮᠳᠠᠳᠤ ᠤᠯᠤᠰ ᠤ᠋ᠨ ᠮᠠᠶᠢᠭ ᠤᠨ ᠣᠳᠣᠬᠢᠴᠢᠯᠠᠯᠲᠠ ᠂ ᠨᠡᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ᠋ ᠪᠦᠲᠦᠭᠡᠨ ᠪᠠᠢᠭᠤᠯᠬᠤ ᠬᠠᠷᠠᠯᠲᠠ ᠡᠭᠦᠷᠭᠡ ᠂ ᠨᠠᠮ ᠤ᠋ᠨ ᠪᠥᠬᠥ ᠲᠠᠯ᠎ᠠ ᠶ᠋ᠢᠨ ᠤᠳᠤᠷᠢᠳᠤᠯᠭ᠎ᠠ ᠶ᠋ᠢ ᠪᠠᠷᠢᠮᠲᠠᠯᠠᠬᠤ ᠪᠠ ᠪᠦᠬᠦ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠶ᠋ᠢ ᠪᠠᠷᠢᠮᠲᠠᠯᠠᠬᠤ ᠵᠢᠴᠢ ᠠᠶᠤᠯ ᠲᠦᠭᠰᠢᠭᠦᠷᠢ ᠶ᠋ᠢᠨ ᠥᠷᠢᠰᠦᠯᠳᠦᠭᠡᠨ ᠢ᠋ ᠠᠷᠭᠠᠴᠠᠬᠤ ᠵᠡᠷᠭᠡ ᠣᠯᠠᠨ ᠲᠠᠯ᠎ᠠ᠎ᠠ᠋ᠴᠠ ᠬᠣᠷᠢᠳᠤᠭᠠᠷ ᠶᠡᠬᠡ ᠬᠤᠷᠠᠯᠤ᠋ᠨ ᠢᠯᠡᠳᠬᠡᠯ ᠳ᠋ᠦ᠍ ᠪᠦᠬᠦ ᠲᠠᠯ᠎ᠠ ᠶ᠋ᠢᠨ ᠲᠠᠢᠯᠪᠤᠷᠢᠯᠠᠯᠲᠠ ᠬᠢᠭᠰᠡᠨ ᠦ᠌ ᠬᠠᠮᠲᠤ ᠂ ᠥᠪᠡᠷ ᠦ᠋ᠨ ᠰᠤᠷᠤᠯᠴᠠᠯᠭ᠎ᠠ ᠣᠢᠯᠠᠭᠠᠯᠲᠠ ᠪᠣᠯᠤᠨ ᠰᠢᠭᠦᠬᠦ ᠬᠣᠷᠢᠶᠠᠨ ᠤ᠋ ᠡᠩᠨᠡᠭᠡ ᠶ᠋ᠢᠨ ᠠᠵᠢᠯ ᠤ᠋ᠨ ᠪᠣᠳᠠᠲᠤ ᠪᠠᠢᠳᠠᠯ ᠲᠠᠢ ᠪᠠᠨ ᠤᠶᠠᠯᠳᠤᠭᠤᠯᠤᠨ ᠂ ᠪᠦᠬᠦ ᠨᠠᠮ ᠤ᠋ᠨ ᠭᠡᠰᠢᠭᠦᠨ ᠺᠠᠲ᠋ᠷ ᠴᠠᠭᠳᠠᠭ᠎ᠠ ᠨᠠᠷ ᠲᠤ᠌ ᠨᠢᠭᠡ ᠤᠳᠠᠭᠠᠨ ᠤ᠋ ᠪᠠᠷᠠᠭ᠎ᠠ ᠪᠦᠷᠢᠨ ᠭᠦᠢᠴᠡᠳ ᠪᠠᠢᠭ᠎ᠠ ᠭᠣᠣᠯ ᠰᠡᠳᠦᠪᠲᠦ ᠨᠠᠮᠤ᠋ᠨ ᠬᠢᠴᠢᠶᠡᠯ ᠣᠷᠣᠭᠰᠠᠨ ᠪᠠᠢᠨ᠎ᠠ ᠃
ᠭᠤᠷᠪᠠᠳᠤᠭᠠᠷ ᠨᠠᠮ ᠤ᠋ᠨ ᠡᠭᠦᠷ
ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠰᠤᠷᠤᠯᠴᠠᠬᠤ ᠥᠷᠨᠢᠯᠲᠡ ᠶ᠋ᠢ ᠤᠯᠠᠮ ᠨᠢᠭᠡ ᠠᠯᠬᠤᠮ ᠪᠣᠢ ᠪᠣᠯᠭᠠᠬᠤ ᠶ᠋ᠢᠨ ᠲᠥᠯᠥᠭᠡ ᠂ ᠭᠤᠷᠪᠠᠳᠤᠭᠠᠷ ᠨᠠᠮ ᠤ᠋ᠨ ᠡᠭᠦᠷ ᠦ᠋ᠨ ᠱᠦᠵᠢ ᠴᠧᠨ ᠬᠤᠸᠠ 《 ᠨᠠᠮ ᠢ᠋ ᠪᠥᠬᠥ ᠲᠠᠯ᠎ᠠ ᠪᠠᠷ ᠴᠢᠩᠭ᠎ᠠ ᠵᠠᠰᠠᠬᠤ ᠶ᠋ᠢ ᠪᠠᠷᠢᠮᠲᠠᠯᠠᠵᠤ ᠨᠠᠮ ᠤ᠋ᠨ ᠪᠠᠢᠭᠤᠯᠤᠯᠲᠠ ᠶ᠋ᠢ ᠭᠦᠨᠵᠡᠭᠡᠢ ᠲᠦᠯᠬᠢᠨ ᠠᠬᠢᠭᠤᠯᠬᠤ 》 ᠰᠡᠳᠦᠪ ᠢ᠋ᠶ᠋ᠡᠷ ᠲᠤᠰᠬᠠᠢ ᠰᠡᠳᠦᠪᠲᠦ ᠨᠠᠮ ᠤ᠋ᠨ ᠬᠢᠴᠢᠶᠡᠯ ᠲᠠᠢᠯᠪᠤᠷᠢᠯᠠᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠭᠡᠰᠢᠭᠦᠨ ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ ᠤ᠋ᠨ ᠳᠠᠷᠤᠭ᠎ᠠ ᠯᠢ ᠭᠦᠸᠧ ᠴᠢᠤᠸᠠᠨ ᠨᠠᠮ ᠤ᠋ᠨ ᠭᠡᠰᠢᠭᠦᠨ ᠦ᠌ ᠬᠤᠪᠢ ᠪᠠᠷ ᠲᠤᠰ ᠤᠳᠠᠭᠠᠨ ᠤ᠋ ᠭᠣᠣᠯ ᠰᠡᠳᠦᠪᠲᠦ ᠨᠠᠮ ᠤ᠋ᠨ ᠡᠳᠦᠷ ᠦ᠋ᠨ ᠠᠵᠢᠯᠯᠠᠭ᠎ᠠ ᠳ᠋ᠤ᠌ ᠣᠷᠣᠯᠴᠠᠪᠠ ᠃
ᠬᠤᠷᠠᠯ ᠠ᠋ᠴᠠ ᠴᠢᠬᠤᠯᠠᠴᠢᠯᠠᠭᠰᠠᠨ ᠨᠢ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠢᠯᠡᠳᠬᠡᠯ ᠳ᠋ᠦ᠍ ᠰᠢᠨ᠎ᠡ ᠴᠠᠭ ᠦᠶ᠎ᠡ ᠳ᠋ᠦ᠍ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠢ᠋ ᠪᠠᠷᠢᠮᠲᠠᠯᠠᠨ ᠬᠥᠭᠵᠢᠭᠦᠯᠬᠦ ᠠᠯᠢ ᠣᠯᠠᠨ ᠴᠢᠬᠤᠯᠠ ᠶᠡᠬᠡ ᠣᠨᠣᠯ ᠪᠠ ᠦᠢᠯᠡᠳᠦᠯᠭᠡ ᠶ᠋ᠢᠨ ᠠᠰᠠᠭᠤᠳᠠᠯ ᠢ᠋ ᠭᠦᠨᠵᠡᠭᠡᠢ ᠲᠠᠢᠯᠪᠤᠷᠢᠯᠠᠵᠤ ᠂ ᠨᠡᠢᠭᠡᠮ ᠵᠢᠷᠤᠮ ᠤ᠋ᠨ ᠣᠳᠣᠬᠢᠴᠢᠯᠠᠭᠰᠠᠨ ᠤᠯᠤᠰ ᠢ᠋ ᠪᠥᠬᠥ ᠲᠠᠯ᠎ᠠ ᠪᠠᠷ ᠪᠦᠲᠦᠭᠡᠨ ᠪᠠᠢᠭᠤᠯᠬᠤ ᠂ ᠳᠤᠮᠳᠠᠳᠤ ᠶ᠋ᠢᠨ ᠦᠨᠳᠦᠰᠦᠲᠡᠨ ᠦ᠌ ᠠᠭᠤᠤ ᠶᠡᠬᠡ ᠰᠡᠷᠭᠦᠨ ᠮᠠᠨᠳᠤᠯᠲᠠ ᠶ᠋ᠢ ᠪᠥᠬᠥ ᠲᠠᠯ᠎ᠠ ᠪᠠᠷ ᠲᠦᠯᠬᠢᠨ ᠠᠬᠢᠭᠤᠯᠬᠤ ᠠᠤᠭ᠎ᠠ ᠲᠥᠰᠥᠪ ᠢ᠋ ᠵᠢᠷᠤᠭᠯᠠᠵᠤ ᠂ 《 ᠨᠠᠮ ᠢ᠋ ᠪᠥᠬᠥ ᠲᠠᠯ᠎ᠠ ᠪᠠᠷ ᠴᠢᠩᠭ᠎ᠠ ᠵᠠᠰᠠᠬᠤ ᠶᠠᠪᠤᠳᠠᠯ ᠡᠭᠦᠷᠢᠳᠡ ᠵᠠᠮ ᠳᠡᠭᠡᠷ᠎ᠡ ᠪᠠᠢᠬᠤ ᠂ ᠨᠠᠮ ᠤ᠋ᠨ ᠥᠪᠡᠷ ᠦ᠋ᠨ ᠬᠤᠪᠢᠰᠬᠠᠯ ᠡᠭᠦᠷᠢᠳᠡ ᠵᠠᠮ ᠳᠡᠭᠡᠷ᠎ᠡ ᠪᠠᠢᠬᠤ 》 ᠳᠠᠢᠴᠢᠯᠠᠯᠲᠠ ᠶ᠋ᠢᠨ ᠵᠠᠷᠯᠢᠭ ᠭᠠᠷᠭᠠᠪᠠ ᠃ ᠰᠤᠷᠤᠯᠴᠠᠬᠤ ᠪᠠᠷ ᠳᠠᠮᠵᠢᠭᠤᠯᠤᠨ ᠤᠯᠤᠰ ᠲᠥᠷᠥ ᠶ᠋ᠢᠨ ᠪᠠᠢᠭᠤᠯᠤᠯᠭ᠎ᠠ ᠶ᠋ᠢᠨ ᠦᠵᠡᠯ ᠤᠬᠠᠮᠰᠠᠷ ᠢ᠋ ᠦᠨᠡᠨᠬᠦ ᠨᠡᠮᠡᠭᠳᠡᠭᠦᠯᠵᠦ ᠂ ᠪᠦᠬᠦ ᠲᠠᠯ᠎ᠠ ᠪᠠᠷ ᠰᠤᠷᠤᠯᠴᠠᠬᠤ ᠂ ᠪᠦᠬᠦ ᠲᠠᠯ᠎ᠠ ᠪᠠᠷ ᠡᠵᠡᠮᠰᠢᠬᠦ ᠂ ᠪᠦᠬᠦ ᠲᠠᠯ᠎ᠠ ᠪᠠᠷ ᠨᠠᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠵᠤ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠨ ᠤᠬᠠᠭᠤᠯᠵᠤ ᠲᠤᠤᠱᠯᠠᠭᠤᠯᠬᠤ ᠲᠠᠯ᠎ᠠ ᠪᠠᠷ ᠤᠷᠢᠳᠤᠬᠢ ᠬᠥᠮᠦᠰᠦ᠋ᠨ ᠬᠢᠭᠡᠳᠦᠢ ᠪᠠᠢᠬᠤ ᠬᠡᠷᠡᠭᠲᠡᠢ ᠃
ᠲᠠᠪᠤᠳᠤᠭᠠᠷ ᠨᠠᠮ ᠤ᠋ᠨ ᠡᠭᠦᠷ
ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠬᠤ ᠶ᠋ᠢᠨ ᠲᠥᠯᠥᠭᠡ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠲᠠᠪᠤᠳᠤᠭᠠᠷ ᠨᠠᠮ ᠤ᠋ᠨ ᠡᠭᠦᠷ ᠡᠴᠡ ᠨᠠᠮ ᠤ᠋ᠨ ᠬᠢᠴᠢᠶᠡᠯ ᠣᠷᠣᠬᠤ ᠠᠵᠢᠯᠯᠠᠭ᠎ᠠ ᠥᠷᠨᠢᠭᠦᠯᠵᠦ ᠂ ᠨᠠᠮ ᠤ᠋ᠨ ᠡᠭᠦᠷ ᠦ᠋ᠨ ᠱᠦᠵᠢ ᠯᠢ ᠯᠢ ᠣᠯᠠᠨ ᠳ᠋ᠤ᠌ ᠨᠢᠭᠡᠨ ᠭᠣᠢᠳᠠ ᠰᠠᠢᠬᠠᠨ ᠨᠠᠮ ᠤ᠋ᠨ ᠬᠢᠴᠢᠶᠡᠯ ᠵᠢᠭᠠᠵᠤ ᠥᠭᠴᠡᠢ ᠂ ᠲᠠᠪᠤᠳᠤᠭᠠᠷ ᠨᠠᠮ ᠤᠨ ᠡᠭᠦᠷ ᠦ᠋ᠨ ᠪᠦᠬᠦ ᠨᠠᠮ ᠤ᠋ᠨ ᠭᠡᠰᠢᠭᠦᠳ ᠬᠤᠷᠠᠯ ᠳ᠋ᠤ᠌ ᠣᠷᠣᠯᠴᠠᠵᠠᠢ ᠃
ᠬᠤᠷᠠᠯ ᠠ᠋ᠴᠠ ᠴᠢᠬᠤᠯᠠᠴᠢᠯᠠᠭᠰᠠᠨ ᠨᠢ ᠂ ᠶᠡᠷᠦᠩᠬᠡᠢ ᠱᠦᠵᠢ ᠰᠢ ᠵᠢᠨ ᠫᠢᠩ ᠬᠣᠷᠢᠳᠤᠭᠠᠷ ᠶᠡᠬᠡ ᠬᠤᠷᠠᠯ ᠤ᠋ᠨ ᠢᠯᠡᠳᠬᠡᠯ ᠳ᠋ᠡᠭᠡᠨ 《 ᠪᠦᠬᠦ ᠨᠠᠮᠤ᠋ᠨ ᠨᠥᠬᠥᠳ ᠡᠷᠬᠡᠪᠰᠢ ᠤᠭ ᠰᠠᠨᠠᠭ᠎ᠠ ᠪᠠᠨ ᠥᠯᠥ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ ᠂ ᠡᠷᠬᠡᠪᠰᠢ ᠳᠠᠷᠤᠤ ᠬᠢᠴᠢᠶᠡᠩᠭᠦᠢ ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠵᠦ ᠂ ᠡᠷᠬᠡᠪᠰᠢ ᠵᠣᠷᠢᠭᠲᠠᠢ ᠪᠠᠷ ᠲᠡᠮᠡᠴᠡᠵᠦ ᠂ ᠲᠡᠮᠡᠴᠡᠯ ᠦ᠋ᠨ ᠳᠤᠮᠳᠠ ᠴᠢᠳᠠᠮᠠᠭᠠᠢ ᠪᠠᠢᠵᠤ ᠂ ᠲᠡᠦᠬᠡ ᠶ᠋ᠢᠨ ᠢᠲᠡᠭᠡᠯ ᠵᠣᠷᠢᠭ ᠢ᠋ᠶ᠋ᠠᠨ ᠪᠠᠲᠤᠳᠬᠠᠨ ᠂ ᠲᠡᠦᠬᠡ ᠶ᠋ᠢᠨ ᠰᠠᠨᠠᠭᠠᠴᠢᠯᠠᠭᠠᠲᠤ ᠴᠢᠨᠠᠷ ᠢ᠋ᠶ᠋ᠠᠨ ᠴᠢᠩᠭᠠᠷᠠᠭᠤᠯᠵᠤ ᠂ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠨᠡᠩ ᠭᠣᠢᠳᠠ ᠰᠠᠢᠬᠠᠨ ᠬᠠᠭᠤᠳᠠᠰᠤ ᠶ᠋ᠢ ᠪᠢᠴᠢᠭᠯᠡᠬᠦ ᠬᠡᠷᠡᠭᠲᠡᠢ 》 ᠭᠡᠰᠡᠨ 《 ᠭᠤᠷᠪᠠᠨ ᠴᠢᠬᠤᠯᠠ ᠵᠦᠢᠯ 》 ᠶ᠋ᠢ ᠴᠢᠨᠭᠭᠠᠳᠬᠠᠵᠤ ᠂ ᠤᠯᠤᠰ ᠲᠥᠷᠥ ᠬᠠᠤᠯᠢ ᠴᠠᠭᠠᠵᠠ ᠶ᠋ᠢᠨ ᠪᠠᠢᠭᠤᠯᠭ᠎ᠠ ᠶ᠋ᠢᠨ ᠺᠠᠲ᠋ᠷ ᠴᠠᠭᠳᠠᠭ᠎ᠠ ᠶ᠋ᠢᠨ ᠰᠢᠨ᠎ᠡ ᠴᠠᠭ ᠦᠶ᠎ᠡ ᠳ᠋ᠦ᠍ ᠰᠢᠨ᠎ᠡ ᠬᠠᠭᠤᠳᠠᠰᠤ ᠶ᠋ᠢ ᠪᠢᠴᠢᠭᠯᠡᠬᠦ ᠳ᠋ᠦ᠍ ᠴᠢᠭᠯᠡᠯ ᠢ᠋ ᠵᠢᠭᠠᠵᠤ ᠦᠭᠭᠦᠭᠰᠡᠨ ᠪᠠᠢᠨ᠎ᠠ ᠃ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ ᠂ ᠮᠠᠷᠺᠰ ᠤ᠋ᠨ ᠦᠵᠡᠯ ᠦ᠋ᠨ ᠬᠦᠰᠡᠯᠡᠩ ᠢᠲᠡᠭᠡᠯ ᠪᠢᠰᠢᠷᠡᠯ ᠢ᠋ ᠪᠠᠲᠤᠳᠬᠠᠵᠤ ᠂ ᠠᠷᠠᠳ ᠲᠦᠮᠡᠨ ᠢ᠋ᠶ᠋ᠡᠷ ᠭᠣᠣᠯ ᠪᠣᠯᠭᠠᠬᠤ ᠶ᠋ᠢ ᠪᠠᠷᠢᠮᠲᠠᠯᠠᠬᠤ ᠦᠨᠳᠦᠰᠦᠨ ᠵᠣᠭᠰᠣᠯᠲᠠ ᠂ ᠨᠠᠮ ᠤ᠋ᠨ ᠲᠤᠰ ᠪᠡᠶ᠎ᠡ ᠶ᠋ᠢᠨ ᠪᠠᠢᠭᠤᠯᠤᠯᠲᠠ ᠪᠠ ᠥᠪᠡᠷ ᠦ᠋ᠨ ᠬᠤᠪᠢᠰᠬᠠᠯᠲᠤ ᠠᠮᠢᠳᠤᠯᠢᠭ ᠦᠢᠯᠡᠳᠦᠯᠭᠡ ᠶ᠋ᠢ ᠭᠦᠨᠵᠡᠭᠡᠢᠷᠡᠭᠦᠯᠬᠦ ᠬᠡᠷᠡᠭᠲᠡᠢ ᠃ 《 ᠳᠤᠮᠳᠠᠳᠤ ᠤᠯᠤᠰ ᠤ᠋ᠨ ᠡᠪ ᠬᠠᠮᠲᠤ ᠨᠠᠮ ᠬᠠᠮᠢᠭ᠎ᠠ ᠠ᠋ᠴᠠ ᠢᠷᠡᠭᠰᠡᠨ ᠂ ᠬᠠᠮᠢᠭ᠎ᠠ ᠣᠴᠢᠭᠰᠠᠨ 》 ᠭᠡᠬᠦ ᠰᠡᠳᠦᠪ ᠢ᠋ ᠢᠮᠠᠭᠲᠠ ᠪᠠᠲᠤ ᠴᠡᠭᠡᠵᠢᠯᠡᠵᠦ ᠂ ᠬᠦᠨᠳᠦ ᠳᠠᠷᠤᠭᠠᠰᠤ ᠶ᠋ᠢ ᠡᠭᠦᠷᠭᠡᠯᠡᠨ ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠬᠤ ᠲᠡᠮᠡᠴᠡᠯ ᠦ᠋ᠨ ᠵᠣᠷᠢᠭ ᠢ᠋ᠶ᠋ᠠᠷ ᠠᠶᠤᠯ ᠲᠦᠭᠰᠢᠭᠦᠷᠢ ᠶ᠋ᠢ ᠦᠯᠦ ᠤᠮᠠᠷᠲᠠᠬᠤ ᠂ ᠮᠥᠬᠥᠵᠦ ᠰᠥᠨᠥᠬᠦ ᠪᠡᠨ ᠦᠯᠦ ᠮᠠᠷᠲᠠᠬᠤ ᠵᠣᠪᠠᠨᠢᠬᠤ ᠤᠬᠠᠮᠰᠠᠷ ᠢ᠋ᠶ᠋ᠠᠨ ᠡᠭᠦᠷᠢᠳᠡ ᠮᠠᠷᠲᠠᠬᠤ ᠦᠭᠡᠢ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠂ ᠴᠢᠳᠠᠮᠠᠭᠠᠢ ᠪᠠᠷ ᠬᠠᠷᠢᠭᠤᠴᠠᠯᠭ᠎ᠠ ᠡᠭᠦᠷᠭᠡᠯᠡᠬᠦ ᠰᠠᠢᠨ ᠰᠠᠢᠬᠠᠨ ᠠᠵᠢᠯᠯᠠᠭᠠᠨ ᠢ᠋ᠶ᠋ᠠᠷ ᠨᠠᠮ ᠪᠠ ᠤᠯᠤᠰ ᠤ᠋ᠨ ᠡᠯ᠎ᠡ ᠵᠦᠢᠯ ᠦ᠋ᠨ ᠠᠵᠢᠯ ᠦᠢᠯᠡᠰ ᠦ᠋ᠨ ᠲᠣᠭᠲᠠᠭᠤᠨ ᠪᠥᠭᠡᠳ ᠠᠯᠤᠰ ᠬᠡᠳᠦ ᠶ᠋ᠢᠨ ᠲᠥᠯᠥᠪ ᠢ᠋ ᠲᠦᠯᠬᠢᠨ ᠠᠬᠢᠭᠤᠯᠵᠤ ᠂ ᠰᠡᠳᠬᠢᠯ ᠬᠠᠨᠤᠮᠵᠢᠲᠠᠢ ᠬᠠᠷᠢᠭᠤᠯᠲᠠ ᠥᠭᠬᠦ ᠬᠡᠷᠡᠭᠲᠡᠢ ᠃
ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠨ ᠤᠬᠠᠭᠤᠯᠵᠤ ᠲᠤᠤᠱᠯᠠᠭᠤᠯᠬᠤ ᠳ᠋ᠤ᠌ ᠡᠴᠦᠰᠦ᠋ᠨ ᠡᠴᠦᠰᠲᠡᠭᠡᠨ ᠴᠥᠮ ᠦᠢᠯᠡᠳᠦᠯᠭᠡ ᠨᠠᠢᠳᠠᠪᠤᠷᠢᠵᠢᠭᠤᠯᠵᠤ ᠂ ᠠᠵᠢᠯ ᠳ᠋ᠠᠭᠠᠨ ᠨᠠᠢᠳᠠᠪᠤᠷᠢᠵᠢᠭᠤᠯᠬᠤ ᠬᠡᠷᠡᠭᠲᠡᠢ ᠃ ᠨᠠᠮ ᠤ᠋ᠨ ᠡᠭᠦᠷ ᠦ᠋ᠨ ᠱᠦᠵᠢ ᠶ᠋ᠢᠨ ᠨᠠᠮ ᠤ᠋ᠨ ᠬᠢᠴᠢᠶᠡᠯ ᠲᠠᠢᠯᠪᠤᠷᠢᠯᠠᠬᠤ ᠠᠵᠢᠯᠯᠠᠭ᠎ᠠ ᠪᠠᠷ ᠳᠠᠮᠵᠢᠭᠤᠯᠤᠨ ᠂ ᠨᠠᠮ ᠤ᠋ᠨ ᠪᠦᠬᠦ ᠭᠡᠰᠢᠭᠦᠨ ᠺᠠᠲ᠋ᠷ ᠴᠠᠭᠳᠠᠭ᠎ᠠ ᠨᠠᠷ ᠂ ᠬᠣᠷᠢᠨ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠶ᠋ᠢ ᠤᠯᠤᠰ ᠲᠥᠷᠥ ᠂ ᠲᠤᠬᠠᠢᠯᠠᠭᠰᠠᠨ ᠠᠵᠢᠯ ᠤ᠋ᠨ ᠬᠡᠪ ᠴᠢᠨᠠᠷ ᠪᠠ ᠠᠵᠢᠯ ᠤ᠋ᠨ ᠴᠢᠳᠠᠪᠤᠷᠢ ᠶ᠋ᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠪᠣᠯᠭᠠᠵᠤ ᠂ ᠰᠤᠷᠤᠭᠰᠠᠨ ᠵᠦᠢᠯ ᠢ᠋ᠶ᠋ᠡᠨ ᠪᠣᠳᠠᠲᠠᠢ ᠠᠵᠢᠯ ᠲᠠᠢ ᠨᠢᠭᠲᠠ ᠤᠶᠠᠯᠳᠤᠭᠤᠯᠵᠤ ᠂ ᠰᠤᠷᠤᠯᠴᠠᠯᠭ᠎ᠠ ᠶ᠋ᠢᠨ ᠦᠷ᠎ᠡ ᠪᠦᠲᠦᠮᠵᠢ ᠶ᠋ᠢ ᠰᠢᠭᠦᠬᠦ ᠬᠣᠷᠢᠶᠠᠨ ᠤ᠋ ᠡᠯ᠎ᠡ ᠲᠥᠷᠥᠯ ᠦ᠋ᠨ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ ᠂ ᠨᠡᠩ ᠴᠤᠭ ᠲᠠᠢ ᠣᠶᠤᠨ ᠰᠠᠨᠠᠭᠠᠨ ᠤ᠋ ᠪᠠᠢᠳᠠᠯ ᠢ᠋ᠶ᠋ᠠᠷ ᠠᠵᠢᠯ ᠤ᠋ᠨ ᠳᠤᠮᠳᠠ ᠪᠠᠨ ᠣᠷᠣᠭᠤᠯᠵᠤ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠂ ᠰᠠᠨᠠᠭᠠᠴᠢᠯᠠᠭ᠎ᠠ ᠠ᠋ᠴᠠ ᠪᠠᠨ ᠠᠵᠢᠯᠯᠠᠬᠤ ᠂ ᠵᠣᠷᠢᠭᠲᠠᠢ ᠪᠠᠷ ᠦᠷ᠎ᠡ ᠪᠦᠲᠦᠮᠵᠢ ᠭᠠᠷᠭᠠᠬᠤ ᠰᠢᠨ᠎ᠡ ᠴᠠᠭ ᠦᠶ᠎ᠡ ᠶ᠋ᠢᠨ ᠰᠢᠭᠦᠬᠦ ᠬᠣᠷᠢᠶᠠᠨ ᠤ᠋ ᠺᠠᠲ᠋ᠷ ᠴᠠᠭᠳᠠᠭ᠎ᠠ ᠶ᠋ᠢᠨ ᠬᠡᠪ ᠰᠤᠷᠲᠠᠯ ᠢ᠋ ᠴᠢᠷᠮᠠᠢᠨ ᠢᠯᠡᠷᠡᠭᠦᠯᠵᠦ ᠂ ᠴᠠᠭ ᠦᠶ᠎ᠡ ᠶ᠋ᠢᠨ ᠰᠢᠭᠦᠬᠦ ᠬᠣᠷᠢᠶᠠᠨ ᠤ᠋ ᠠᠵᠢᠯ᠎ᠤ᠋ᠨ ᠰᠢᠨ᠎ᠡ ᠪᠠᠢᠳᠠᠯ ᠢ᠋ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠰᠠᠨᠠᠯ ᠨᠢᠭᠡᠲᠡᠢ ᠢᠯᠡᠷᠬᠡᠢᠯᠡᠪᠡ ᠃
ᠦᠨᠡᠯᠡᠬᠦ 0ᠦᠨᠡᠯᠡᠯᠲᠡ᠎ᠲᠠᠢ