ᠨᠠᠮ᠎ᠤ᠋ᠨ ᠬᠣᠷᠢᠳᠤᠭᠠᠷ ᠶᠡᠬᠡ ᠬᠤᠷᠠᠯ᠎ᠤ᠋ᠨ ᠵᠣᠷᠢᠭ ᠰᠠᠨᠠᠭ᠎ᠠ᠎ᠶ᠋ᠢ ᠰᠤᠷᠤᠯᠴᠠᠨ  ᠲᠤᠤᠱᠯᠠᠭᠤᠯᠤᠶ᠎ᠠ - ᠦᠨᠳᠦᠰᠦᠨ ᠱᠠᠲᠤᠨ ᠎ᠤ᠋ ᠬᠣᠷᠢᠶᠠᠨ ᠳᠠᠷᠤᠭ᠎ᠠ  ᠲᠥᠷᠥᠭᠳᠡᠯ ᠵᠢᠡᠨ ᠶᠠᠷᠢᠬᠤ (᠎ᠨᠢᠭᠡ )
2022.12.15 ᠲᠣᠰ ᠥᠷᠲᠡᠭᠡᠨ᠎ᠦ ᠨᠠᠢᠷᠠᠭᠤᠯᠤᠭᠴᠢ

ᠤᠭ ᠰᠠᠨᠠᠭ᠎ᠠ ᠪᠠᠨ ᠥᠯᠥ ᠮᠠᠷᠲᠠᠵᠤ
ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 

  ᠨᠠᠮ᠎ ᠤ᠋ᠨ ᠬᠣᠷᠢᠳᠤᠭᠠᠷ ᠶᠡᠬᠡ ᠬᠤᠷᠠᠯ ᠠᠮᠵᠢᠯᠲᠠ᠎ ᠲᠠᠢ ᠲᠡᠭᠦᠰᠴᠦ ᠂ ᠣᠷᠳᠣᠰ ᠬᠣᠲᠠ᠎ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠨᠠᠮ᠎ ᠤ᠋ᠨ ᠬᠣᠷᠢᠳᠤᠭᠠᠷ ᠶᠡᠬᠡ ᠬᠤᠷᠠᠯ᠎ ᠤ᠋ᠨ ᠵᠣᠷᠢᠭ ᠰᠠᠨᠠᠭ᠎ᠠ᠎ ᠶ᠋ᠢ ᠰᠤᠷᠤᠯᠴᠠᠬᠤ ᠥᠷᠨᠢᠯᠲᠡ ᠎ᠶ᠋ᠢ ᠦᠷᠭᠦᠯᠵᠢᠯᠡᠨ ᠥᠷᠨᠢᠭᠦᠯᠵᠦ ᠂ ᠲᠤᠰ ᠬᠤᠭᠤᠴᠠᠭᠠᠨ ᠎ᠳ᠋ᠤ᠌ 《 ᠨᠠᠮ᠎ ᠤ᠋ᠨ ᠬᠣᠷᠢᠳᠤᠭᠠᠷ ᠶᠡᠬᠡ ᠬᠤᠷᠠᠯ᠎ ᠤ᠋ᠨ ᠵᠣᠷᠢᠭ ᠰᠠᠨᠠᠭ᠎ᠠ᠎ ᠶ᠋ᠢ ᠰᠤᠷᠤᠯᠴᠠᠨ ᠲᠤᠤᠱᠯᠠᠭᠤᠯᠬᠤ 》 ᠲᠤᠰᠬᠠᠢ ᠪᠤᠯᠤᠩ ᠭᠠᠷᠭᠠᠵᠤ ᠂ ᠡᠯ᠎ᠡ ᠦᠨᠳᠦᠰᠦᠨ ᠱᠠᠲᠤᠨ ᠎ᠤ᠋ ᠰᠢᠭᠦᠬᠦ ᠬᠣᠷᠢᠶᠠᠨ ᠤ᠋ ᠳᠠᠷᠤᠭ᠎ᠠ ᠎ᠶ᠋ᠢ ᠤᠷᠢᠨ ᠨᠠᠮ᠎ ᠤ᠋ᠨ ᠬᠣᠷᠢᠳᠤᠭᠠᠷ ᠶᠡᠬᠡ ᠬᠤᠷᠠᠯ ᠎ᠤ᠋ᠨ ᠢᠯᠡᠳᠬᠡᠯ ᠪᠠ ᠰᠢᠨ᠎ᠡ᠎ ᠪᠡᠷ ᠵᠠᠰᠠᠪᠤᠷᠢ ᠣᠷᠣᠭᠤᠯᠤᠭᠰᠠᠨ ᠨᠠᠮ᠎ ᠤ᠋ᠨ ᠳᠦᠷᠢᠮ ᠎ᠦ᠋ᠨ ᠲᠣᠭᠣᠷᠢᠨ ᠳ᠋ᠤ᠌ ᠂ ᠲᠤᠰ ᠪᠡᠶ᠎ᠡ᠎ ᠶ᠋ᠢᠨ ᠠᠵᠢᠯ ᠎ᠤ᠋ᠨ ᠪᠠᠢᠷᠢ᠎ ᠲᠠᠢ᠎ ᠪᠠᠨ ᠤᠶᠠᠯᠳᠤᠭᠤᠯᠤᠨ ᠰᠡᠳᠬᠢᠯ ᠬᠠᠨᠤᠮᠵᠢᠲᠠᠢ ᠪᠠᠢᠵᠤ ᠂ ᠪᠥᠬᠥ ᠬᠣᠲᠠ᠎ ᠶ᠋ᠢᠨ ᠰᠢᠭᠦᠬᠦ ᠬᠣᠷᠢᠶᠠᠨ ᠤ᠋ ᠺᠠᠲ᠋ᠷ ᠴᠠᠭᠳᠠᠭ᠎ᠠ ᠎ᠶ᠋ᠢᠨ ᠰᠤᠷᠤᠯᠴᠠᠨ ᠣᠢᠯᠠᠭᠠᠬᠤ ᠂ ᠨᠠᠮ᠎ ᠤ᠋ᠨ ᠬᠣᠷᠢᠳᠤᠭᠠᠷ ᠶᠡᠬᠡ ᠬᠤᠷᠠᠯ ᠎ᠤ᠋ᠨ ᠵᠣᠷᠢᠭ ᠰᠠᠨᠠᠭ᠎ᠠ᠎ ᠶ᠋ᠢ ᠪᠥᠬᠥ ᠲᠠᠯ᠎ᠠ ᠎ᠪᠠᠷ ᠲᠤᠤᠱᠯᠠᠭᠤᠯᠤᠨ ᠨᠠᠢᠳᠠᠪᠤᠷᠢᠵᠢᠭᠤᠯᠬᠤ ᠎ᠶ᠋ᠢ ᠬᠥᠲᠥᠯᠦᠨ ᠵᠢᠯᠣᠭᠣᠳᠴᠤ ᠵᠣᠷᠢᠭᠵᠢᠭᠤᠯᠤᠨ ᠂ ᠪᠥᠬᠥ ᠬᠣᠲᠠ᠎ᠶ᠋ᠢᠨ ᠰᠢᠭᠦᠬᠦ ᠬᠣᠷᠢᠶᠠᠨ ᠤ᠋ ᠡᠯ᠎ᠡ ᠵᠦᠢᠯ᠎ ᠦ᠋ᠨ ᠠᠵᠢᠯ᠎ ᠢ᠋ ᠯᠠᠪᠳᠠᠭᠤᠨ ᠪᠠᠲᠤᠲᠠᠢ ᠰᠠᠢᠲᠤᠷ ᠬᠢᠬᠦ ᠎ᠳ᠋ᠦ᠍ ᠬᠦᠴᠦᠲᠡᠢ ᠪᠠᠲᠤᠯᠠᠭ᠎ᠠ ᠬᠠᠩᠭᠠᠪᠠ ᠃
ᠨᠠᠮ ᠎ᠤ᠋ᠨ ᠬᠣᠷᠢᠳᠤᠭᠠᠷ ᠶᠡᠬᠡ ᠬᠤᠷᠠᠯ᠎ᠤ᠋ᠨ ᠵᠣᠷᠢᠭ ᠰᠠᠨᠠᠭ᠎ᠠ ᠎ᠪᠠᠷ ᠵᠢᠯᠣᠭᠣᠳᠤᠯᠭ᠎ᠠ ᠪᠣᠯᠭᠠᠬᠤ
ᠣᠷᠳᠣᠰ ᠬᠣᠲᠠ᠎ ᠶ᠋ᠢᠨ ᠨᠡᠢᠭᠡᠮ᠎ ᠦ᠋ᠨ ᠵᠠᠰᠠᠯᠲᠠ᠎ ᠶ᠋ᠢᠨ ᠤᠳᠤᠬᠢᠴᠢᠯᠠᠯᠠᠲᠠ

ᠳ᠋ᠦᠩᠱᠧᠩ ᠲᠣᠭᠣᠷᠢᠭ ᠤ᠋ᠨ ᠠᠷᠠᠳ ᠎ᠶ᠋ᠢᠨ ᠰᠢᠭᠦᠬᠦ ᠬᠣᠷᠢᠶ᠎ᠠ ᠎ᠶ᠋ᠢᠨ ᠨᠠᠮ ᠎ᠤ᠋ᠨ ᠤᠳᠤᠷᠢᠳᠬᠤ ᠳᠤᠭᠤᠢᠯᠠᠩ ᠎ᠤ᠋ᠨ ᠱᠦᠵᠢ᠂ ᠬᠣᠷᠢᠶᠠᠨ ᠳᠠᠷᠤᠭ᠎ᠠ ᠵᠠᠩ ᠬᠠᠢ ᠯᠦᠩ
    ᠨᠠᠮ᠎ ᠤ᠋ᠨ ᠬᠣᠷᠢᠳᠤᠭᠠᠷ ᠶᠡᠬᠡ ᠬᠤᠷᠠᠯ ᠪᠣᠯ ᠪᠦᠬᠦ ᠨᠠᠮ ᠪᠦᠬᠦ ᠤᠯᠤᠰ ᠎ᠤ᠋ᠨ ᠦᠨᠳᠦᠰᠦᠲᠡᠨ ᠨᠤᠬᠦᠳ ᠎ᠦ᠋ᠨ ᠠᠷᠠᠳ ᠲᠦᠮᠡᠨ ᠨᠡᠢᠭᠡᠮ ᠵᠢᠷᠤᠮ᠎ᠤ᠋ᠨ ᠣᠳᠣᠬᠢᠴᠢᠯᠠᠭᠰᠠᠨ ᠤᠯᠤᠰ ᠎ᠢ᠋ ᠪᠦᠬᠦ ᠲᠠᠯ᠎ᠠ᠎ ᠪᠠᠷ ᠪᠦᠲᠦᠭᠡᠨ ᠪᠠᠢᠭᠤᠯᠬᠤ ᠰᠢᠨ᠎ᠡ ᠠᠶᠠᠨ ᠵᠠᠮ᠎ ᠳ᠋ᠤ᠌ ᠠᠯᠬᠤᠨ ᠣᠷᠣᠭᠰᠠᠨ ᠂ ᠬᠣᠶᠠᠳᠤᠭᠠᠷ ᠵᠠᠭᠤᠨ ᠵᠢᠯ᠎ ᠦ᠋ᠨ ᠲᠡᠮᠡᠴᠡᠬᠦ ᠬᠠᠷᠠᠯᠲᠠ ᠳᠠᠰᠢ ᠤᠷᠤᠭᠰᠢᠯᠠᠬᠤ ᠵᠠᠩᠭᠢᠯᠠᠭ᠎ᠠ᠎ ᠶ᠋ᠢᠨ ᠴᠠᠭ ᠦᠶ᠎ᠡ᠎ ᠳ᠋ᠦ᠍ ᠬᠤᠷᠠᠯᠳᠤᠭᠤᠯᠤᠭᠰᠠᠨ ᠨᠢᠭᠡᠨ ᠤᠳᠠᠭᠠᠨ ᠤ᠋ ᠮᠠᠰᠢ ᠴᠢᠬᠤᠯᠠ ᠶᠡᠬᠡ ᠬᠤᠷᠠᠯ ᠪᠣᠯᠤᠨ᠎ᠠ ᠃
ᠨᠠᠮ᠎ ᠤ᠋ᠨ ᠤᠳᠤᠷᠢᠳᠤᠯᠭ᠎ᠠ 
  ᠳᠤᠮᠳᠠᠳᠤ ᠤᠯᠤᠰ ᠎ᠤ᠋ᠨ ᠣᠨᠴᠠᠯᠢᠭ ᠪᠦᠬᠦᠢ ᠨᠡᠢᠭᠡᠮ ᠵᠢᠷᠤᠮ ᠎ᠤ᠋ᠨ ᠬᠠᠤᠯᠢ᠎ ᠪᠠᠷ ᠵᠠᠰᠠᠬᠤ ᠰᠦᠭ ᠰᠦᠨᠡᠰᠦ
   ᠬᠠᠤᠯᠢ ᠴᠠᠭᠠᠵᠠ ᠎ᠶ᠋ᠢᠨ ᠪᠠᠢᠭᠤᠯᠭ᠎ᠠ ᠬᠠᠤᠯᠢ ᠶᠣᠰᠣᠭᠠᠷ ᠪᠡᠶ᠎ᠡ᠎ ᠪᠡᠨ ᠳᠠᠭᠠᠭᠠᠵᠤ ᠬᠡᠷᠡᠭ ᠰᠢᠢᠳᠪᠦᠷᠢᠯᠡᠬᠦ ᠨᠢ ᠨᠠᠮ ᠎ᠤ᠋ᠨ ᠤᠳᠤᠷᠢᠳᠤᠯᠭ᠎ᠠ᠎ ᠶ᠋ᠢ ᠬᠠᠷᠠᠭᠤᠯᠤᠭᠰᠠᠨ ᠬᠡᠷᠡᠭ ᠮᠥᠨ ᠃ ᠦᠨᠳᠦᠰᠦᠨ ᠱᠠᠲᠤᠨ ᠤ᠋ ᠰᠢᠭᠦᠬᠦ ᠬᠣᠷᠢᠶ᠎ᠠ᠎ ᠨᠤᠭᠤᠳ ᠨᠠᠮ ᠎ᠤ᠋ᠨ ᠵᠣᠬᠢᠶᠠᠨ ᠪᠠᠢᠭᠤᠯᠤᠯᠲᠠ ᠪᠠ ᠨᠠᠮ᠎ ᠤ᠋ᠨ ᠡᠭᠦᠷ ᠎ᠦ᠋ᠨ ᠦᠢᠯᠡᠳᠦᠯ᠎ ᠢ᠋ ᠪᠠᠳᠠᠷᠠᠭᠤᠯᠵᠤ ᠂ ᠨᠠᠮ ᠎ᠤ᠋ᠨ ᠤᠳᠤᠷᠢᠳᠤᠯᠭ᠎ᠠ᠎ ᠶ᠋ᠢ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠪᠥᠬᠥ ᠶᠠᠪᠤᠴᠠ ᠎ᠶ᠋ᠢᠨ ᠡᠯ᠎ᠡ ᠲᠠᠯ᠎ᠠ᠎ ᠳ᠋ᠤ᠌ ᠨᠠᠢᠳᠠᠪᠤᠷᠢᠵᠢᠭᠤᠯᠬᠤ ᠬᠡᠷᠡᠭᠲᠡᠢ ᠃ ᠨᠠᠮ ᠎ᠤ᠋ᠨ ᠬᠣᠷᠢᠳᠤᠭᠠᠷ ᠶᠡᠬᠡ ᠬᠤᠷᠠᠯ ᠎ᠤ᠋ᠨ ᠵᠣᠷᠢᠭ ᠰᠠᠨᠠᠭ᠎ᠠ᠎ ᠶ᠋ᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠬᠤ ᠎ᠶ᠋ᠢ ᠲᠡᠷᠢᠭᠦᠨ ᠴᠢᠬᠤᠯᠠ ᠤᠯᠤᠰ ᠲᠥᠷᠥ ᠎ᠶ᠋ᠢᠨ ᠡᠭᠦᠷᠭᠡ ᠪᠣᠯᠭᠠᠵᠤ ᠂ ᠪᠦᠬᠦ ᠬᠦᠷᠢᠶᠡᠨ ᠎ᠳ᠋ᠦ᠍ ᠰᠤᠷᠤᠯᠴᠠᠵᠤ ᠤᠬᠠᠭᠤᠯᠤᠨ ᠲᠤᠤᠱᠯᠠᠭᠤᠯᠬᠤ ᠥᠷᠨᠢᠯᠲᠡ᠎ ᠶ᠋ᠢ ᠦᠳᠲᠡᠷ ᠲᠦᠷᠭᠡᠨ ᠪᠣᠢ ᠪᠣᠯᠭᠠᠬᠤ ᠬᠡᠷᠡᠭᠲᠡᠢ ᠃ ᠵᠣᠬᠢᠶᠠᠨ ᠪᠠᠢᠭᠤᠯᠤᠯᠲᠠ ᠎ᠶ᠋ᠢᠨ ᠤᠳᠤᠷᠢᠳᠤᠯᠭ᠎ᠠ᠎ ᠪᠠᠨ ᠴᠢᠩᠭᠠᠳᠬᠠᠵᠤ ᠂ ᠺᠠᠲ᠋ᠷ ᠴᠠᠭᠳᠠᠭ᠎ᠠ ᠢᠯᠠᠩᠭᠤᠶ᠎ᠠ ᠨᠠᠮ ᠎ᠤ᠋ᠨ ᠭᠡᠰᠢᠭᠦᠨ ᠤᠳᠤᠷᠢᠳᠬᠤ ᠺᠠᠲ᠋ᠷᠴᠤᠳ ᠎ᠢ᠋ ᠵᠣᠬᠢᠶᠠᠨ ᠪᠠᠢᠭᠤᠯᠵᠤ ᠪᠠᠢᠭᠠᠳ ᠨᠠᠮ᠎ ᠤ᠋ᠨ ᠬᠣᠷᠢᠳᠤᠭᠠᠷ ᠶᠡᠬᠡ ᠬᠤᠷᠠᠯ᠎ ᠤ᠋ᠨ ᠢᠯᠡᠳᠬᠡᠯ ᠂ ᠨᠠᠮ ᠎ᠤ᠋ᠨ ᠳᠦᠷᠢᠮ᠎ ᠳ᠋ᠦ᠍ ᠵᠠᠰᠠᠪᠤᠷᠢ ᠣᠷᠣᠭᠤᠯᠬᠤ ᠲᠥᠰᠦᠯ ᠂ ᠲᠥᠪ᠎ ᠦ᠋ᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠎ᠤ᠋ ᠠᠵᠢᠯ᠎ ᠤ᠋ᠨ ᠮᠡᠳᠡᠭᠦᠯᠦᠯᠲᠡ ᠎ᠶ᠋ᠢ ᠬᠢᠨᠠᠮᠠᠭᠠᠢ ᠰᠤᠷᠤᠯᠴᠠᠭᠤᠯᠵᠤ ᠂ ᠶᠡᠷᠦᠩᠬᠡᠢ ᠱᠦᠵᠢ ᠰᠢ ᠵᠢᠨ ᠫᠢᠩ᠎ ᠦ᠋ᠨ ᠴᠢᠬᠤᠯᠠ ᠶᠠᠷᠢᠶ᠎ᠠ ᠎ᠶ᠋ᠢᠨ ᠵᠣᠷᠢᠭ ᠰᠠᠨᠠᠭ᠎ᠠ᠎ ᠶ᠋ᠢ ᠭᠦᠨᠵᠡᠭᠡᠢ ᠰᠤᠷᠤᠯᠴᠠᠨ ᠣᠢᠯᠠᠭᠠᠭᠤᠯᠵᠤ ᠂ ᠨᠠᠮ᠎ ᠤ᠋ᠨ ᠤᠳᠤᠷᠢᠳᠬᠤ ᠳᠤᠭᠤᠢᠯᠠᠩ ᠎ᠤ᠋ᠨ ᠣᠨᠣᠯ᠎ ᠤ᠋ᠨ ᠭᠣᠣᠯ ᠳᠤᠭᠤᠢᠯᠠᠩ᠎ ᠤ᠋ᠨ ᠰᠤᠷᠤᠯᠴᠠᠯᠭ᠎ᠠ ᠂ ᠲᠤᠰᠬᠠᠢ ᠰᠡᠳᠦᠪᠲᠦ ᠮᠡᠳᠡᠭᠦᠯᠦᠯᠲᠡ᠎ ᠶ᠋ᠢᠨ ᠬᠤᠷᠠᠯ ᠂ ᠲᠥᠪᠯᠡᠷᠡᠭᠦᠯᠦᠨ ᠤᠬᠠᠭᠤᠯᠤᠨ ᠲᠠᠢᠯᠪᠤᠷᠢᠯᠠᠵᠤ ᠬᠠᠪᠰᠤᠷᠤᠨ ᠵᠢᠯᠣᠭᠣᠳᠬᠤ ᠵᠡᠷᠭᠡ ᠣᠯᠠᠨ ᠵᠦᠢᠯ᠎ ᠦ᠋ᠨ ᠬᠡᠯᠪᠡᠷᠢ᠎ ᠶ᠋ᠢ ᠠᠪᠴᠤ ᠂ ᠨᠠᠮ᠎ ᠤ᠋ᠨ ᠬᠣᠷᠢᠳᠤᠭᠠᠷ ᠶᠡᠬᠡ ᠬᠤᠷᠠᠯ᠎ ᠤ᠋ᠨ ᠵᠣᠷᠢᠭ ᠰᠠᠨᠠᠭ᠎ᠠ ᠎ᠶ᠋ᠢ ᠭᠦᠨᠵᠡᠭᠡᠢ ᠲᠠᠷᠢᠬᠢ ᠲᠣᠯᠣᠭᠠᠢ᠎ ᠳ᠋ᠤ᠌ ᠬᠠᠳᠠᠩᠰᠢᠭᠤᠯᠬᠤ ᠎ᠶ᠋ᠢ ᠠᠬᠢᠭᠤᠯᠬᠤ ᠬᠡᠷᠡᠭᠲᠡᠢ ᠃
ᠬᠠᠤᠯᠢ ᠴᠠᠭᠠᠵᠠ ᠎ᠶ᠋ᠢᠨ ᠦᠷ᠎ᠡ ᠪᠦᠲᠦᠮᠵᠢ ᠬᠢᠭᠡᠳ ᠤᠯᠤᠰ ᠲᠥᠷᠥ᠎ᠶ᠋ᠢᠨ ᠦᠷ᠎ᠡ ᠪᠦᠲᠦᠮᠵᠢ ᠎ᠶ᠋ᠢ ᠪᠣᠢ ᠪᠣᠯᠭᠠᠨ᠎ᠠ
ᠨᠡᠢᠭᠡᠮ᠎ ᠦ᠋ᠨ ᠦᠷ᠎ᠡ ᠳ᠋ᠦᠩ ᠎ᠢ᠋ ᠨᠢᠭᠡᠳᠦᠭᠦᠯᠦᠭᠰᠡᠨ ᠬᠠᠤᠯᠢ ᠴᠠᠭᠠᠵᠠ᠎ ᠶ᠋ᠢᠨ ᠦᠵᠡᠯᠲᠡ
  ᠣᠳᠣᠬᠠᠨ ᠎ᠳ᠋ᠤ᠌ ᠬᠡᠷᠡᠭ ᠰᠢᠢᠳᠪᠦᠷᠢᠯᠡᠬᠦ ᠠᠵᠢᠯᠲᠠᠨ ᠮᠧᠬᠠᠨᠢᠭ ᠎ᠢ᠋ᠶ᠋ᠠᠷ ᠬᠠᠤᠯᠢ ᠪᠠᠷᠢᠬᠤ ᠦᠵᠡᠭᠳᠡᠯ ᠪᠠᠢᠨ ᠪᠠᠢᠨ ᠭᠠᠷᠴᠤ ᠂ ᠬᠡᠷᠡᠭ᠎ ᠢ᠋ ᠰᠢᠢᠳᠪᠦᠷᠢᠯᠡᠭᠰᠡᠨ ᠦᠷ᠎ᠡ ᠳ᠋ᠦᠩ ᠨᠢ ᠠᠷᠠᠳ ᠣᠯᠠᠨ ᠤ᠋ ᠬᠡᠷᠡᠭᠴᠡᠭᠡ ᠱᠠᠭᠠᠷᠳᠠᠯᠭ᠎ᠠ ᠪᠠ ᠬᠦᠰᠡᠯ ᠡᠷᠡᠮᠡᠯᠵᠡᠯ᠎ ᠡᠴᠡ ᠵᠥᠷᠢᠴᠡᠵᠦ ᠂ ᠠᠯᠲᠠ ᠮᠥᠩᠭᠥ ᠨᠢ ᠠᠷᠠᠳ ᠣᠯᠠᠨ ᠤ᠋ ᠮᠠᠭᠲᠠᠭᠠᠯ ᠰᠠᠢᠰᠢᠶᠠᠯ ᠎ᠢ᠋ ᠬᠦᠷᠬᠦ ᠦᠭᠡᠢ ᠂ ᠠᠯᠲᠠᠨ ᠬᠤᠨᠳᠠᠭ᠎ᠠ ᠮᠥᠩᠭᠥᠨ ᠬᠤᠨᠳᠠᠭ᠎ᠠ᠎ ᠶ᠋ᠢ ᠠᠷᠠᠳ ᠣᠯᠠᠨ ᠤ᠋ ᠮᠠᠭᠲᠠᠭᠠᠯ᠎ ᠠ᠋ᠴᠠ ᠬᠦᠷᠬᠦ ᠦᠭᠡᠢ ᠪᠠᠢᠬᠤ ᠎ᠶ᠋ᠢ ᠮᠡᠳᠡᠬᠦ ᠬᠡᠷᠡᠭᠲᠡᠢ ! ᠡᠢᠮᠦ᠎ᠡᠴᠡ ᠂ ᠠᠷᠠᠳ ᠎ᠤ᠋ᠨ ᠲᠥᠯᠥᠭᠡ ᠬᠠᠤᠯᠢ ᠪᠠᠷᠢᠬᠤ ᠎ᠶ᠋ᠢ ᠦᠢᠯᠡᠳᠦᠯᠭᠡᠵᠢᠭᠦᠯᠵᠦ ᠂ ᠠᠷᠠᠳ ᠣᠯᠠᠨ ᠎ᠤ᠋ ᠬᠠᠤᠯᠢ ᠶᠣᠰᠣᠨ ᠎ᠤ᠋ ᠡᠷᠬᠡ ᠠᠰᠢᠭ ᠎ᠢ᠋ ᠦᠨᠡᠨ ᠬᠦ᠌ ᠬᠠᠮᠠᠭᠠᠯᠠᠬᠤ᠎ ᠳ᠋ᠤ᠌ ᠬᠠᠤᠯᠢ ᠴᠠᠭᠠᠵᠠ ᠎ᠶ᠋ᠢᠨ ᠦᠷ᠎ᠡ ᠪᠦᠲᠦᠮᠵᠢ ᠪᠣᠯᠤᠨ ᠤᠯᠤᠰ ᠲᠥᠷᠥ ᠎ᠶ᠋ᠢᠨ ᠦᠷ᠎ᠡ ᠪᠦᠲᠦᠮᠵᠢ ᠂ ᠨᠡᠢᠭᠡᠮ᠎ ᠦ᠋ᠨ ᠦᠷ᠎ᠡ ᠪᠦᠲᠦᠮᠵᠢ᠎ ᠶ᠋ᠢ ᠣᠷᠭᠠᠨᠢᠭ ᠢ᠋ᠶ᠋ᠠᠷ ᠨᠢᠭᠡᠳᠦᠭᠦᠯᠦᠭᠰᠡᠨ ᠴᠢᠬᠤᠯᠠ ᠣᠢᠯᠠᠭᠠᠭᠳᠠᠬᠤᠨ ᠪᠠ ᠠᠷᠭ᠎ᠠ᠎ ᠶ᠋ᠢ ᠡᠵᠡᠮᠰᠢᠬᠦ ᠬᠡᠷᠡᠭᠲᠡᠢ ᠂ ᠡᠨᠡ ᠨᠢ ᠬᠡᠷᠡᠭ ᠰᠢᠢᠳᠪᠦᠷᠢᠯᠡᠬᠦ ᠠᠵᠢᠯᠲᠠᠨ ᠬᠠᠤᠯᠢ ᠶᠣᠰᠣ ᠪᠠ ᠤᠴᠢᠷ ᠶᠠᠪᠤᠳᠠᠯ ᠎ᠢ᠋ ᠬᠠᠮᠲᠤ᠎ ᠳ᠋ᠤᠨᠢ ᠬᠠᠷᠠᠭᠠᠯᠵᠠᠵᠤ ᠂ ᠠᠷᠭ᠎ᠠ ᠪᠣᠳᠣᠯᠭ᠎ᠠ ᠪᠠ ᠠᠷᠭ᠎ᠠ ᠎ᠶ᠋ᠢ ᠡᠷᠬᠢᠮᠯᠡᠵᠦ ᠂ ᠬᠡᠷᠡᠭ᠎ ᠦ᠋ᠨ ᠪᠣᠳᠠᠲᠤ ᠪᠠᠢᠳᠠᠯ᠎ ᠳ᠋ᠤ᠌ ᠰᠠᠭᠤᠷᠢᠯᠠᠨ ᠂ ᠬᠠᠤᠯᠢ᠎ ᠪᠠᠷ ᠵᠠᠰᠠᠬᠤ ᠰᠡᠳᠬᠢᠴᠡ ᠎ᠳ᠋ᠦ᠍ ᠰᠠᠭᠤᠷᠢᠯᠠᠵᠤ ᠂ ᠤᠯᠤᠰ ᠎ᠤ᠋ᠨ ᠪᠠᠢᠳᠠᠯ ᠎ᠤ᠋ᠨ ᠲᠥᠷᠥ᠎ ᠶ᠋ᠢᠨ ᠪᠣᠳᠣᠯᠭ᠎ᠠ᠎ ᠳ᠋ᠤ᠌ ᠰᠠᠭᠤᠷᠢᠯᠠᠨ ᠂ ᠮᠧᠬᠠᠨᠢᠭ ᠎ᠢ᠋ᠶ᠋ᠠᠷ ᠬᠡᠷᠡᠭ ᠰᠢᠢᠳᠪᠦᠷᠢᠯᠡᠬᠦ ᠂ ᠬᠡᠷᠡᠭ ᠰᠢᠢᠳᠪᠦᠷᠢᠯᠡᠵᠦ ᠬᠡᠷᠡᠭ ᠰᠢᠢᠳᠪᠦᠷᠢᠯᠡᠬᠦ᠎ ᠡᠴᠡ ᠡᠷᠡᠰ ᠵᠠᠢᠯᠠᠰᠬᠢᠬᠦ ᠎ᠶ᠋ᠢ ᠪᠢᠳᠡᠨ ᠎ᠳ᠋ᠦ᠍ ᠱᠠᠭᠠᠷᠳᠠᠵᠤ ᠪᠠᠢᠨ᠎ᠠ ᠃
ᠪᠦᠲᠦᠭᠡᠨ ᠪᠠᠢᠭᠤᠯᠤᠯᠲᠠ᠎ ᠶ᠋ᠢ ᠲᠦᠷᠭᠡᠳᠬᠡᠬᠦ
ᠵᠥᠷᠢᠴᠡᠯ ᠵᠢᠭᠤᠷᠠᠯᠳᠤᠭᠠᠨ ᠢ᠋ ᠣᠯᠠᠨ ᠡᠰᠢᠵᠢᠭᠦᠯᠦᠨ ᠰᠢᠢᠳᠪᠦᠷᠢᠯᠡᠬᠦ ᠲᠥᠪ
   ᠲᠤᠬᠠᠢ᠎ ᠶ᠋ᠢᠨ ᠬᠥᠮᠦᠨ ᠎ᠦ᠌ ᠵᠠᠷᠭᠤᠯᠳᠤᠬᠤ ᠡᠷᠬᠡ᠎ ᠶ᠋ᠢ ᠬᠦᠨᠳᠦᠳᠬᠡᠭᠰᠡᠨ ᠤᠷᠢᠳᠠᠯ ᠳᠣᠣᠷ᠎ᠠ ᠂ ᠵᠢᠭᠤᠷᠠᠯᠳᠤᠭᠠᠨ ᠢ᠋ ᠰᠡᠷᠭᠡᠢᠯᠡᠬᠦ ᠪᠠ ᠵᠠᠷᠭᠤ᠎ ᠶ᠋ᠢᠨ ᠡᠬᠢ ᠰᠤᠷᠪᠤᠯᠵᠢ ᠎ᠶ᠋ᠢ ᠵᠠᠰᠠᠬᠤ᠎ ᠶ᠋ᠢ ᠴᠢᠩᠭᠠᠳᠬᠠᠨ ᠂ ᠵᠥᠷᠢᠴᠡᠯ ᠵᠢᠭᠤᠷᠠᠯᠳᠤᠭᠠᠨ ᠢ᠋ ᠣᠯᠠᠨ ᠡᠰᠢᠵᠢᠭᠦᠯᠦᠨ ᠠᠷᠢᠯᠭᠠᠬᠤ ᠲᠥᠪ ᠎ᠦ᠋ᠨ ᠪᠠᠢᠭᠤᠯᠤᠯᠲᠠ᠎ ᠶ᠋ᠢ ᠲᠦᠷᠭᠡᠳᠬᠡᠨ ᠲᠡᠭᠦᠯᠳᠡᠷᠵᠢᠭᠦᠯᠵᠦ ᠂ ᠡᠯ᠎ᠡ ᠵᠦᠢᠯ᠎ ᠦ᠋ᠨ ᠠᠵᠢᠯ ᠎ᠢ᠋ ᠨᠠᠷᠢᠯᠢᠭᠵᠢᠭᠤᠯᠬᠤ ᠂ ᠵᠢᠷᠤᠮᠵᠢᠭᠤᠯᠬᠤ ᠬᠢᠷᠢ ᠬᠡᠮᠵᠢᠶ᠎ᠡ᠎ ᠶ᠋ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ᠃ ᠵᠠᠬᠢᠳᠠᠯ ᠰᠤᠷᠪᠤᠯᠵᠢᠯᠠᠯ ᠂ ᠡᠶᠡᠳᠡᠭᠦᠯᠭᠡ ᠂ ᠵᠠᠷᠭᠤ ᠬᠢᠬᠦ ᠭᠤᠷᠪᠠᠨ ᠡᠩᠨᠡᠭᠡ ᠎ᠶ᠋ᠢ ᠲᠡᠭᠦᠯᠳᠡᠷᠵᠢᠭᠦᠯᠵᠦ ᠂ ᠲᠣᠭᠣᠷᠢᠭ ᠂ ᠪᠠᠯᠭᠠᠰᠤ (᠎ᠵᠡᠭᠡᠯᠢ ᠭᠤᠳᠤᠮᠵᠢ )᠎᠂ ᠲᠣᠰᠬᠣᠨ (᠎ᠨᠡᠢᠭᠡᠮ ᠲᠣᠭᠣᠷᠢᠭ )᠎ᠭᠤᠷᠪᠠᠨ ᠱᠠᠲᠤ ᠬᠠᠮᠲᠤᠷᠠᠨ ᠬᠥᠳᠡᠯᠦᠯᠴᠡᠬᠦ᠎ ᠶ᠋ᠢ ᠴᠢᠩᠭᠠᠷᠠᠭᠤᠯᠤᠨ ᠂ ᠨᠢᠭᠡᠳᠦᠯᠲᠡᠢ ᠲᠥᠯᠥᠪᠯᠡᠨ ᠬᠠᠮᠢᠶᠠᠷᠬᠤ ᠂ ᠵᠠᠷᠭᠤᠯᠳᠤᠬᠤ ᠡᠷᠬᠡ᠎ ᠶ᠋ᠢ ᠪᠠᠲᠤᠯᠠᠬᠤ ᠂ ᠲᠣᠭᠠᠨ ᠡᠴᠡ ᠴᠢᠳᠠᠪᠤᠷᠢ ᠣᠯᠭᠣᠬᠤ ᠭᠤᠷᠪᠠᠨ ᠵᠦᠢᠯ᠎ ᠦ᠋ᠨ ᠠᠷᠭ᠎ᠠ ᠬᠡᠮᠵᠢᠶ᠎ᠡ ᠎ᠶ᠋ᠢ ᠨᠠᠢᠳᠠᠪᠤᠷᠢᠵᠢᠭᠤᠯᠤᠨ᠎ᠠ ᠃ ᠦᠨᠳᠦᠰᠦᠨ ᠱᠠᠲᠤᠨ ᠤ᠋ ᠵᠠᠰᠠᠯᠲᠠ ᠎ᠶ᠋ᠢᠨ ᠬᠦᠴᠦᠷᠬᠡᠭ ᠶᠡᠬᠡ ᠬᠠᠮᠲᠤᠷᠠᠯ ᠎ᠤ᠋ᠨ ᠬᠦᠴᠦᠨ ᠎ᠢ᠋ ᠨᠢᠭᠲᠠᠷᠠᠭᠤᠯᠵᠤ ᠂ ᠵᠠᠬᠢᠳᠠᠯ ᠰᠤᠷᠪᠤᠯᠵᠢᠯᠠᠭ᠎ᠠ ᠎ᠶ᠋ᠢᠨ ᠠᠵᠢᠯ ᠡᠬᠢᠯᠡᠭᠦᠯᠬᠦ ᠂ ᠡᠶᠡᠳᠡᠭᠦᠯᠬᠦ᠎ ᠪᠡᠷ ᠭᠣᠣᠯ ᠪᠣᠯᠭᠠᠬᠤ ᠂ ᠵᠠᠷᠭᠤ ᠳᠠᠭᠤᠰᠤᠭᠰᠠᠨ ᠤ᠋ ᠳᠠᠷᠠᠭᠠᠬᠢ ᠵᠥᠷᠢᠴᠡᠯ ᠵᠢᠭᠤᠷᠠᠯᠳᠤᠭᠠᠨ ᠎ᠢ᠋ ᠱᠠᠲᠤ ᠬᠤᠪᠢᠶᠠᠨ ᠰᠢᠢᠳᠪᠦᠷᠢᠯᠡᠵᠦ ᠠᠷᠢᠯᠭᠠᠬᠤ ᠰᠢᠨ᠎ᠡ ᠲᠣᠭᠲᠠᠴᠠ ᠎ᠶ᠋ᠢ ᠪᠠᠢᠭᠤᠯᠪᠠ ᠃ ᠵᠠᠷᠭᠤ ᠎ᠶ᠋ᠢᠨ ᠨᠡᠮᠡᠭᠳᠡᠯ᠎ ᠦ᠋ᠨ ᠬᠡᠮᠵᠢᠶ᠎ᠡ ᠎ᠶ᠋ᠢ ᠡᠬᠢ ᠡᠭᠦᠰᠦᠯ ᠎ᠡᠴᠡ ᠨᠢ ᠪᠠᠭᠠᠰᠬᠠᠵᠤ ᠂ ᠵᠥᠷᠢᠴᠡᠯ ᠵᠢᠭᠤᠷᠭᠠᠨ ᠤ᠋ ᠦᠷ᠎ᠡ ᠪᠦᠲᠦᠮᠵᠢ᠎ ᠶ᠋ᠢ ᠳᠡᠭᠡᠭᠰᠢᠯᠡᠭᠦᠯᠵᠦ ᠂ ᠬᠣᠲᠠ ᠎ᠶ᠋ᠢᠨ ᠬᠡᠪᠴᠢᠶᠡᠨ ᠎ᠦ᠌ ᠨᠡᠢᠭᠡᠮ ᠎ᠦ᠋ᠨ ᠵᠠᠰᠠᠯᠲᠠ ᠎ᠶ᠋ᠢᠨ ᠣᠳᠣᠬᠢᠴᠢᠯᠠᠯᠲᠠ᠎ ᠳ᠋ᠤ᠌ ᠬᠦᠴᠦᠷᠬᠡᠭ ᠶᠡᠬᠡ ᠬᠥᠳᠡᠯᠭᠡᠬᠦ ᠬᠦᠴᠦᠨ ᠎ᠢ᠋ ᠣᠷᠣᠭᠤᠯᠤᠨ᠎ᠠ ᠃
ᠰᠢᠭᠦᠨ ᠲᠠᠰᠤᠯᠤᠭᠴᠢ ᠎ᠶ᠋ᠢᠨ ᠲᠣᠭᠲᠠᠭᠠᠯᠲᠠ

   ᠰᠢᠭᠦᠨ ᠲᠠᠰᠤᠯᠬᠤ ᠡᠷᠬᠡ᠎ ᠪᠡᠨ ᠬᠠᠤᠯᠢ ᠶᠣᠰᠣᠭᠠᠷ ᠪᠡᠶ᠎ᠡ ᠎ᠪᠡᠨ ᠳᠠᠭᠠᠭᠠᠵᠤ ᠬᠡᠷᠡᠭᠵᠢᠭᠦᠯᠬᠦ ᠪᠣᠯ ᠮᠠᠨ ᠤ᠋ ᠤᠯᠤᠰ᠎ ᠤ᠋ᠨ ᠦᠨᠳᠦᠰᠦᠨ ᠬᠠᠤᠯᠢ᠎ ᠠ᠋ᠴᠠ ᠠᠷᠠᠳ᠎ ᠤ᠋ᠨ ᠰᠢᠭᠦᠬᠦ ᠬᠣᠷᠢᠶᠠ ᠎ᠳ᠋ᠤ᠌ ᠣᠯᠭᠣᠭᠰᠠᠨ ᠡᠭᠦᠷᠭᠡ ᠬᠠᠷᠢᠭᠤᠴᠠᠯᠭ᠎ᠠ ᠮᠥᠨ ᠂ ᠭᠡᠪᠡᠴᠦ ᠰᠢᠭᠦᠨ ᠲᠠᠰᠤᠯᠬᠤ ᠡᠷᠬᠡ ᠎ᠪᠡᠨ ᠬᠠᠤᠯᠢ ᠶᠣᠰᠣᠭᠠᠷ ᠪᠡᠶ᠎ᠡ᠎ ᠪᠡᠨ ᠳᠠᠭᠠᠭᠠᠵᠤ ᠶᠠᠪᠤᠭᠤᠯᠬᠤ ᠨᠢ ᠬᠠᠤᠯᠢ᠎ ᠶ᠋ᠢᠨ ᠲᠤᠰᠢᠶᠠᠯᠲᠠᠨ ᠎ᠤ᠋ ᠲᠤᠰᠠᠭᠠᠷ ᠲᠣᠭᠲᠠᠨᠢᠯ᠎ ᠲᠠᠢ ᠦᠯᠦ ᠲᠡᠩᠴᠡᠬᠦ ᠂ ᠬᠠᠤᠯᠢ᠎ ᠶ᠋ᠢᠨ ᠲᠤᠰᠢᠶᠠᠯᠲᠠᠨ ᠎ᠤ᠋ ᠬᠤᠪᠢ ᠬᠥᠮᠦᠨ ᠦ᠌ ᠬᠡᠯᠡᠭᠰᠡᠨ ᠢ᠋ᠶ᠋ᠡᠷ ᠪᠣᠯᠬᠤ ᠪᠢᠰᠢ ᠭᠡᠳᠡᠭ᠎ ᠢ᠋ ᠲᠣᠳᠣᠷᠬᠠᠢ ᠪᠣᠯᠭᠠᠬᠤ ᠬᠡᠷᠡᠭᠲᠡᠢ ᠃ ᠲᠤᠰ ᠡᠭᠡᠯᠵᠢ᠎ ᠶ᠋ᠢᠨ ᠬᠠᠤᠯᠢ ᠴᠠᠭᠠᠵᠠ᠎ ᠶ᠋ᠢᠨ ᠪᠠᠢᠭᠤᠯᠤᠮᠵᠢ ᠎ᠶ᠋ᠢᠨ ᠥᠭᠡᠷᠡᠴᠢᠯᠡᠯᠲᠡ ᠎ᠶ᠋ᠢᠨ 《 ᠵᠠᠰᠠᠭ ᠵᠠᠬᠢᠷᠭᠠᠨᠴᠢᠯᠠᠬᠤ 》 ᠦᠨᠳᠦᠰᠦᠨ ᠬᠥᠭ ᠠᠶᠠᠰ ᠨᠢ ᠵᠠᠷᠢᠮ ᠬᠥᠮᠦᠰ᠎ ᠦ᠋ᠨ 《 ᠬᠠᠤᠯᠢ᠎ ᠶ᠋ᠢᠨ ᠲᠤᠰᠢᠶᠠᠯᠲᠠᠨ ᠲᠤᠰᠠᠭᠠᠷ ᠪᠠᠢᠬᠤ 》 ᠲᠤᠬᠠᠢ ᠭᠠᠵᠢᠭᠤᠳᠠᠭᠤᠯᠤᠭᠰᠠᠨ ᠪᠠᠢᠳᠠᠯ ᠎ᠢ᠋ ᠨᠡᠮᠡᠨ ᠣᠷᠣᠭᠤᠯᠤᠭᠰᠠᠨ ᠨᠢ ᠡᠷᠬᠡ ᠎ᠶ᠋ᠢ ᠳᠣᠷᠣᠭᠰᠢ ᠪᠠᠭᠤᠯᠭᠠᠬᠤ ᠪᠠ ᠬᠢᠨᠠᠯᠲᠠ ᠲᠠᠯᠪᠢᠬᠤ᠎ ᠶ᠋ᠢ ᠰᠠᠯᠭᠠᠬᠤ ᠠᠰᠠᠭᠤᠳᠠᠯ ᠎ᠢ᠋ ᠪᠣᠢ ᠪᠣᠯᠭᠠᠵᠤ ᠂ ᠬᠡᠰᠡᠭ ᠬᠡᠷᠡᠭ᠎ᠦ᠋ᠨ ᠶᠠᠰᠤ ᠴᠢᠨᠠᠷ ᠨᠢ ᠮᠠᠭᠤᠳᠠᠵᠤ ᠂ ᠲᠥᠪ ᠭᠣᠣᠯᠴᠢ ᠰᠢᠳᠤᠷᠭᠤ ᠶᠣᠰᠣᠨ ᠎ᠳ᠋ᠤ᠌ ᠠᠷᠠᠳ ᠣᠯᠠᠨ ᠤ᠋ ᠰᠡᠳᠬᠢᠯ ᠬᠠᠨᠤᠮᠵᠢᠲᠠᠢ ᠪᠠᠢᠬᠤ ᠬᠡᠮᠵᠢᠶ᠎ᠡ᠎ ᠶ᠋ᠢ ᠪᠠᠭᠤᠷᠠᠭᠤᠯᠵᠤ ᠂ ᠬᠠᠤᠯᠢ ᠴᠠᠭᠠᠵᠠ᠎ᠶ᠋ᠢᠨ ᠣᠯᠠᠨ ᠨᠡᠢᠲᠡ᠎ᠶ᠋ᠢᠨ ᠢᠲᠡᠭᠡᠭᠦᠯᠬᠦ ᠬᠦᠴᠦᠨ ᠢ᠋ ᠨᠥᠯᠥᠭᠡᠯᠡᠵᠡᠢ ᠃ ᠰᠢᠭᠦᠭᠴᠢ ᠲᠠᠰᠤᠯᠤᠨ ᠲᠣᠭᠲᠠᠭᠠᠯᠲᠠ ᠬᠢᠬᠦ ᠨᠢ ᠵᠦᠢ ᠵᠣᠬᠢᠰᠲᠠᠢ ᠪᠠᠢᠵᠤ ᠂ 《 ᠰᠢᠭᠦᠭᠴᠢ ᠎ᠪᠡᠷ ᠰᠢᠭᠦᠨ ᠲᠠᠰᠤᠯᠤᠭᠤᠯᠵᠤ ᠂ ᠲᠠᠰᠤᠯᠤᠨ ᠲᠣᠭᠲᠠᠭᠠᠭᠴᠢ ᠎ᠠ᠋ᠴᠠ ᠬᠠᠷᠢᠭᠤᠴᠠᠨ᠎ᠠ 》 ᠭᠡᠬᠦ ᠪᠣᠯ 《 ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠎ᠶ᠋ᠢᠨ ᠳᠦᠷᠢᠮ᠎ ᠦ᠋ᠨ ᠥᠭᠡᠷᠡᠴᠢᠯᠡᠯᠲᠡ᠎ᠶ᠋ᠢᠨ ᠦᠨᠳᠦᠰᠦᠨ ᠥᠷᠲᠡᠭ᠎ ᠦ᠋ᠨ ᠬᠠᠨᠳᠤᠰᠢ ᠪᠠ ᠭᠣᠣᠯ ᠴᠢᠬᠤᠯᠠ ᠠᠭᠤᠯᠭ᠎ᠠ ᠪᠣᠯᠤᠨ᠎ᠠ 》 ᠂ ᠨᠡᠩ ᠴᠤ᠌ ᠰᠢᠭᠦᠨ ᠲᠠᠰᠤᠯᠬᠤ ᠡᠷᠬᠡ ᠎ᠶ᠋ᠢᠨ ᠠᠵᠢᠯᠯᠠᠭᠠᠨ ᠎ᠤ᠋ ᠲᠣᠭᠲᠠᠴᠠ ᠎ᠳ᠋ᠤ᠌ ᠥᠭᠡᠷᠡᠴᠢᠯᠡᠯᠲᠡ ᠬᠢᠬᠦ ᠬᠠᠷᠠᠯᠲᠠ ᠪᠣᠯᠤᠨ᠎ᠠ ᠃ ᠭᠡᠪᠡᠴᠦ ᠡᠷᠬᠡ ᠎ᠲᠡᠢ ᠪᠣᠯ ᠬᠢᠨᠠᠯᠲᠠ ᠲᠠᠯᠪᠢᠬᠤ ᠡᠷᠬᠡ ᠎ᠲᠡᠢ ᠂ ᠡᠨᠡ ᠨᠢ ᠣᠳᠣ ᠦᠶ᠎ᠡ ᠎ᠶ᠋ᠢᠨ ᠬᠠᠤᠯᠢ᠎ ᠪᠠᠷ ᠵᠠᠰᠠᠬᠤ᠎ ᠶ᠋ᠢᠨ ᠦᠨᠳᠦᠰᠦᠨ ᠱᠠᠭᠠᠷᠳᠠᠯᠭ᠎ᠠ ᠮᠥᠨ ᠃ ᠰᠢᠭᠦᠬᠦ ᠬᠣᠷᠢᠶᠠᠨ ᠤ᠋ ᠳᠠᠷᠤᠭ᠎ᠠ ᠬᠠᠷᠢᠨ ᠬᠢᠨᠠᠯᠲᠠ ᠲᠠᠯᠪᠢᠬᠤ ᠪᠣᠯ ᠰᠢᠭᠦᠨ ᠲᠠᠰᠤᠯᠤᠭᠴᠢ᠎ ᠶ᠋ᠢᠨ ᠰᠢᠭᠦᠨ ᠲᠠᠰᠤᠯᠤᠯᠲᠠ᠎ ᠶ᠋ᠢᠨ ᠳᠦᠷᠢᠮ ᠎ᠦ᠋ᠨ ᠪᠠᠲᠤᠯᠠᠭ᠎ᠠ ᠪᠠ ᠳᠦᠷᠢᠮ ᠎ᠦ᠋ᠨ ᠲᠣᠬᠢᠷᠠᠭᠤᠯᠤᠯᠲᠠ᠎ ᠶ᠋ᠢ ᠨᠡᠩ ᠰᠠᠢᠨ ᠪᠡᠶᠡᠯᠡᠭᠦᠯᠵᠦ ᠂ ᠦᠢᠯᠡᠳᠦᠯᠭᠡ ᠳᠤᠮᠳᠠ ᠬᠣᠶᠠᠭᠤᠯᠠ ᠎ᠶ᠋ᠢ ᠣᠷᠭᠠᠨᠢᠭ᠎ᠢ᠋ᠶ᠋ᠠᠷ ᠤᠶᠠᠯᠳᠤᠭᠤᠯᠬᠤ ᠬᠡᠷᠡᠭᠲᠡᠢ ᠃ 《 ᠵᠠᠰᠠᠭ ᠵᠠᠬᠢᠷᠭᠠᠨᠴᠢᠯᠠᠬᠤ 》 ᠠᠭᠤᠯᠤᠭᠳᠠᠬᠤᠨ ᠎ᠢ᠋ ᠣᠨᠣᠪᠴᠢᠲᠠᠢ ᠡᠵᠡᠮᠰᠢᠵᠦ ᠂ ᠬᠣᠷᠸ᠎ᠠ ᠰᠢᠭᠦᠨ ᠲᠠᠰᠤᠯᠤᠯᠲᠠ᠎ ᠳ᠋ᠤ᠌ ᠬᠢᠨᠠᠯᠲᠠ ᠲᠠᠯᠪᠢᠬᠤ ᠪᠠ ᠪᠣᠳᠠᠲᠤ ᠬᠡᠷᠡᠭ ᠬᠤᠪᠢ ᠬᠥᠮᠦᠨ ᠎ᠦ᠌ ᠬᠡᠷᠡᠭ ᠎ᠲᠦ᠍ ᠬᠢᠨᠠᠯᠲᠠ ᠲᠠᠯᠪᠢᠬᠤ ᠎ᠶ᠋ᠢ ᠵᠡᠷᠭᠡᠪᠡᠷ ᠬᠡᠷᠡᠭᠵᠢᠭᠦᠯᠬᠦ᠎ ᠶ᠋ᠢ ᠪᠠᠷᠢᠮᠲᠠᠯᠠᠵᠤ ᠂ ᠰᠢᠭᠦᠨ ᠲᠠᠰᠤᠯᠤᠯᠲᠠ ᠎ᠳ᠋ᠤ᠌ ᠬᠢᠨᠠᠯᠲᠠ ᠲᠠᠯᠪᠢᠬᠤ ᠪᠠ ᠵᠦᠢ ᠵᠣᠬᠢᠰ ᠦᠭᠡᠢ ᠎ᠪᠡᠷ ᠭᠠᠷ ᠲᠥᠷᠥᠬᠦ ᠎ᠶ᠋ᠢ ᠣᠨᠣᠪᠴᠢᠲᠠᠢ ᠢᠯᠭᠠᠬᠤ ᠬᠡᠷᠡᠭᠲᠡᠢ ᠃
   ᠬᠠᠤᠯᠢ ᠶᠣᠰᠣᠭᠠᠷ ᠪᠤᠷᠤᠭᠤ᠎ᠶ᠋ᠢ ᠵᠠᠯᠠᠷᠠᠭᠤᠯᠬᠤ ᠪᠠ ᠡᠴᠦᠰ ᠎ᠦ᠋ᠨ ᠬᠢᠨᠠᠨ ᠲᠠᠰᠤᠯᠤᠯᠲᠠ᠎ᠶ᠋ᠢ ᠲᠣᠬᠢᠷᠠᠭᠤᠯᠤᠨ ᠬᠡᠷᠡᠭᠯᠡᠬᠦ
 ᠬᠠᠤᠯᠢ ᠴᠠᠭᠠᠵᠠ᠎ ᠶ᠋ᠢᠨ ᠡᠬᠢ ᠪᠠᠶᠠᠯᠢᠭ ᠢ᠋ ᠠᠷᠪᠢᠯᠠᠬᠤ

  ᠬᠠᠤᠯᠢ ᠴᠠᠭᠠᠵᠠ ᠎ᠶ᠋ᠢᠨ ᠪᠣᠳᠠᠲᠤ ᠶᠠᠪᠤᠳᠠᠯ᠎ ᠤ᠋ᠨ ᠳᠤᠮᠳᠠ 《 ᠡᠴᠦᠰ ᠎ᠦ᠋ᠨ ᠰᠢᠭᠦᠯᠲᠡ ᠳᠠᠭᠤᠰᠬᠤ ᠦᠭᠡᠢ 》 ᠠᠰᠠᠭᠤᠳᠠᠯ ᠦᠷᠭᠦᠯᠵᠢ ᠭᠠᠷᠳᠠᠭ ᠂ ᠲᠡᠭᠦᠨ ᠎ᠦ᠌ ᠰᠢᠯᠲᠠᠭᠠᠨ ᠎ᠢ᠋ ᠨᠢ ᠰᠢᠨᠵᠢᠯᠡᠪᠡᠯ ᠂ ᠡᠩ ᠲᠡᠷᠢᠭᠦᠨ ᠳ᠋ᠦ᠍ ᠮᠠᠨ ᠤ᠋ ᠤᠯᠤᠰ ᠎ᠤ᠋ᠨ ᠵᠠᠷᠭᠤ᠎ ᠶ᠋ᠢᠨ ᠵᠢᠷᠤᠮ ᠎ᠤ᠋ᠨ ᠵᠢᠯᠣᠭᠣᠳᠬᠤ ᠦᠵᠡᠯ ᠰᠠᠨᠠᠭ᠎ᠠ ᠨᠢ 《 ᠦᠨᠡᠨ ᠡᠴᠡ ᠵᠥᠪ᠎ ᠢ᠋ ᠡᠷᠢᠵᠦ ᠂ ᠪᠤᠷᠤᠭᠤ ᠪᠠᠢᠪᠠᠯ ᠵᠠᠪᠠᠯ ᠵᠠᠯᠠᠷᠠᠭᠤᠯᠬᠤ 》 ᠂ ᠳᠠᠬᠢᠨ ᠰᠢᠭᠦᠬᠦ ᠨᠢ ᠣᠨᠴᠠᠭᠠᠢ ᠴᠢᠨᠠᠷ ᠂ ᠣᠨᠴᠠᠭᠠᠢ ᠴᠢᠨᠠᠷ᠎ ᠤ᠋ᠨ ᠲᠡᠳᠬᠦᠬᠦ ᠲᠣᠭᠲᠠᠴᠠ ᠎ᠶ᠋ᠢᠨ ᠦᠢᠯᠡᠳᠦᠯ ᠪᠠᠳᠠᠷᠠᠭᠤᠯᠤᠭᠰᠠᠨ ᠦᠭᠡᠢ ᠂ ᠬᠠᠮᠤᠭ ᠰᠡᠭᠦᠯ᠎ᠳ᠋ᠦ᠍ ᠳᠠᠬᠢᠨ ᠰᠢᠭᠦᠯᠲᠡ ᠨᠢ ᠪᠦᠬᠦ ᠲᠠᠯ᠎ᠠ᠎ ᠪᠠᠷ ᠪᠤᠷᠤᠭᠤ ᠵᠠᠯᠠᠷᠠᠭᠤᠯᠤᠭᠰᠠᠨ ᠨᠢ ᠰᠢᠭᠦᠨ ᠲᠠᠰᠤᠯᠤᠯᠲᠠ ᠎ᠶ᠋ᠢ ᠳᠤᠷ᠎ᠠ᠎ ᠪᠠᠷ ᠪᠣᠯᠭᠠᠭᠰᠠᠨ ᠠ᠋ᠴᠠ ᠪᠣᠯᠵᠤ ᠲᠤᠬᠠᠢ ᠎ᠶ᠋ᠢᠨ ᠬᠥᠮᠦᠨ ᠎ᠦ᠌ ᠵᠠᠷᠭᠤ ᠬᠢᠬᠦ ᠶᠠᠳᠠᠷᠠᠯ᠎ ᠢ᠋ ᠨᠡᠮᠡᠭᠳᠡᠭᠦᠯᠦᠭᠰᠡᠨ ᠎ᠢ᠋ᠶ᠋ᠡᠷ ᠪᠠᠷᠠᠬᠤ ᠦᠭᠡᠢ ᠂ ᠲᠥᠪ ᠭᠣᠣᠯᠴᠢ ᠰᠢᠳᠤᠷᠭᠤ ᠶᠣᠰᠣ ᠎ᠶ᠋ᠢ ᠪᠡᠶᠡᠯᠡᠭᠦᠯᠬᠦ ᠦᠷ᠎ᠡ ᠪᠦᠲᠦᠮᠵᠢ᠎ ᠶ᠋ᠢ ᠨᠥᠯᠥᠭᠡᠯᠡᠭᠰᠡᠨ ᠢ᠋ᠶ᠋ᠡᠷ ᠪᠠᠷᠠᠬᠤ ᠦᠭᠡᠢ ᠬᠠᠤᠯᠢ ᠴᠠᠭᠠᠵᠠ ᠎ᠶ᠋ᠢᠨ ᠡᠷᠬᠡ ᠰᠦᠷᠲᠦ ᠴᠢᠨᠠᠷ᠎ ᠢ᠋ ᠴᠦ᠍ ᠲᠤᠢᠯ᠎ ᠤ᠋ᠨ ᠶᠡᠬᠡ᠎ ᠪᠡᠷ ᠡᠪᠳᠡᠭᠰᠡᠨ ᠪᠠᠢᠨ᠎ᠠ ᠃ ᠬᠠᠤᠯᠢ ᠶᠣᠰᠣᠭᠠᠷ ᠪᠤᠷᠤᠭᠤ᠎ ᠶ᠋ᠢ ᠵᠠᠯᠠᠷᠠᠭᠤᠯᠬᠤ ᠪᠠ ᠡᠴᠦᠰ ᠎ᠦ᠋ᠨ ᠲᠠᠰᠤᠯᠤᠨ ᠲᠣᠭᠲᠠᠭᠠᠬᠤ᠎ ᠶ᠋ᠢ ᠲᠡᠩᠴᠡᠭᠦᠷᠢᠲᠡᠢ ᠪᠠᠢᠯᠭᠠᠬᠤ᠎ᠶ᠋ᠢ ᠪᠡᠶᠡᠯᠡᠭᠦᠯᠬᠦ᠎ ᠳ᠋ᠦ᠍ ᠂ ᠨᠢᠭᠡ ᠎ᠳ᠋ᠦ᠍ ᠳᠠᠬᠢᠨ ᠰᠢᠭᠦᠬᠦ ᠵᠢᠷᠤᠮ ᠎ᠤ᠋ᠨ ᠣᠨᠴᠠᠭᠠᠢ ᠴᠢᠨᠠᠷ ᠂ ᠬᠡᠪ ᠎ᠦ᠋ᠨ ᠪᠤᠰᠤ ᠲᠡᠳᠬᠦᠮᠵᠢ᠎ ᠶ᠋ᠢᠨ ᠲᠣᠭᠲᠠᠴᠠ ᠎ᠶ᠋ᠢᠨ ᠴᠢᠳᠠᠮᠵᠢ᠎ ᠶ᠋ᠢᠨ ᠪᠠᠢᠷᠢ ᠲᠣᠭᠲᠠᠭᠠᠯᠲᠠ ᠎ᠶ᠋ᠢ ᠣᠨᠣᠪᠴᠢᠲᠠᠢ ᠡᠷᠢᠨ ᠂ ᠣᠨᠴᠠᠭᠠᠢ ᠤᠴᠢᠷ ᠰᠢᠯᠲᠠᠭᠠᠨ ᠲᠠᠢ ᠡᠴᠡ ᠭᠠᠳᠠᠨ᠎ᠠ ᠂ ᠬᠠᠤᠯᠢ ᠴᠠᠭᠠᠵᠠ᠎ ᠶ᠋ᠢᠨ ᠪᠣᠳᠠᠲᠤ ᠶᠠᠪᠤᠳᠠᠯ ᠎ᠤ᠋ᠨ ᠳᠤᠮᠳᠠ ᠲᠤᠬᠠᠢ᠎ ᠶ᠋ᠢᠨ ᠬᠥᠮᠦᠨ ᠳᠡᠭᠡᠭᠰᠢ ᠵᠠᠭᠠᠯᠳᠤᠬᠤ ᠡᠷᠬᠡ ᠎ᠪᠡᠨ ᠲᠠᠶᠠᠭᠳᠠᠭᠠᠳ ᠰᠢᠭᠤᠳ ᠳᠠᠬᠢᠨ ᠰᠢᠭᠦᠯᠭᠡᠬᠦ᠎ᠪᠡᠷ ᠭᠤᠶᠤᠴᠢᠯᠠᠬᠤ ᠦᠢᠯᠡ ᠠᠵᠢᠯᠯᠠᠭ᠎ᠠ ᠨᠢ ᠵᠦᠢ ᠶᠣᠰᠣᠨ᠎ᠤ᠋ ᠳᠡᠮᠵᠢᠯᠭᠡ ᠣᠯᠵᠤ ᠴᠢᠳᠠᠬᠤ ᠦᠭᠡᠢ ᠂ ᠬᠣᠶᠠᠷ᠎ᠲᠤ᠌ ᠨᠡᠩ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠨᠢᠭᠡᠨ ᠲᠥᠬᠥᠷ ᠪᠠᠷᠢᠮᠵᠢᠶ᠎ᠠ᠎ᠶ᠋ᠢ ᠲᠣᠭᠲᠠᠭᠠᠵᠤ ᠂ ᠰᠢᠭᠦᠭᠴᠢ ᠲᠤᠰᠢᠶᠠᠯᠲᠠᠨ᠎ᠤ᠋ ᠳᠤᠷ᠎ᠠ᠎ᠪᠠᠷ᠎ᠢ᠋ᠶ᠋ᠠᠨ ᠪᠤᠴᠠᠭᠠᠵᠤ ᠥᠭᠬᠦ ᠂ ᠳᠤᠷ᠎ᠠ᠎ᠪᠠᠷ᠎ᠢ᠋ᠶ᠋ᠠᠨ ᠥᠭᠡᠷᠡᠴᠢᠯᠡᠨ ᠲᠠᠰᠤᠯᠬᠤ᠎ᠶ᠋ᠢ ᠰᠡᠷᠭᠡᠢᠯᠡᠬᠦ ᠬᠡᠷᠡᠭᠲᠡᠢ ᠂ ᠭᠤᠷᠪᠠ᠎ᠳ᠋ᠤ᠌ ᠢᠷᠭᠡᠨ᠎ᠦ᠌ ᠬᠡᠷᠡᠭ᠎ᠦ᠋ᠨ ᠳᠠᠬᠢᠨ ᠰᠢᠭᠦᠯᠭᠡᠬᠦ᠎ᠪᠡᠷ ᠭᠤᠶᠤᠴᠢᠯᠠᠬᠤ ᠵᠠᠷᠭᠤ᠎ᠶ᠋ᠢᠨ ᠥᠪᠡᠷ᠎ᠦ᠋ᠨ ᠥᠷᠲᠡᠭ᠎ᠢ᠋ ᠵᠣᠬᠢᠰᠲᠠᠢ᠎ᠪᠠᠷ ᠨᠡᠮᠡᠭᠳᠡᠭᠦᠯᠵᠦ ᠂ ᠲᠤᠬᠠᠢ᠎ᠶ᠋ᠢᠨ ᠬᠥᠮᠦᠨ᠎ᠢ᠋ ᠬᠥᠲᠥᠯᠦᠨ ᠵᠢᠯᠣᠭᠣᠳᠴᠤ ᠪᠠᠢᠭᠠᠳ ᠵᠠᠷᠭᠤ᠎ᠶ᠋ᠢᠨ ᠡᠷᠬᠡ᠎ᠶ᠋ᠢ ᠵᠦᠢ ᠵᠣᠬᠢᠰᠲᠠᠢ᠎ᠪᠠᠷ ᠬᠡᠷᠡᠭᠯᠡᠭᠦᠯᠬᠦ ᠂ ᠬᠠᠤᠯᠢ ᠴᠠᠭᠠᠵᠠ᠎ᠶ᠋ᠢᠨ ᠡᠬᠢ ᠪᠠᠶᠠᠯᠢᠭ᠎ᠢ᠋ ᠵᠦᠢ ᠵᠣᠬᠢᠰᠲᠠᠢ᠎ᠪᠠᠷ ᠠᠰᠢᠭᠯᠠᠬᠤ᠎ᠶ᠋ᠢ ᠠᠬᠢᠭᠤᠯᠵᠤ ᠂ ᠲᠥᠪ ᠭᠣᠣᠯᠴᠢ ᠰᠢᠳᠤᠷᠭᠤ ᠶᠣᠰᠣᠨ᠎ᠤ᠋ ᠪᠡᠶᠡᠯᠡᠭᠳᠡᠬᠦ᠎ᠶ᠋ᠢ ᠠᠬᠢᠭᠤᠯᠬᠤ ᠬᠡᠷᠡᠭᠲᠡᠢ ᠃
  ᠳᠦᠷᠢᠮᠴᠢᠯᠡᠭᠰᠡᠨ ᠵᠠᠷᠭᠤ᠎ᠶ᠋ᠢᠨ ᠪᠤᠰᠤ ᠦᠢᠯᠡ ᠠᠵᠢᠯᠯᠠᠭ᠎ᠠ
  ᠬᠠᠤᠯᠢ ᠶᠣᠰᠣᠨ᠎ᠤ᠋ ᠦᠨᠡᠨᠴᠢ ᠢᠲᠡᠭᠡᠮᠵᠢᠲᠡᠢ ᠡᠮᠬᠢ ᠵᠢᠷᠤᠮ᠎ ᠲᠠᠢ ᠵᠠᠷᠭᠤ᠎ᠶ᠋ᠢᠨ ᠣᠷᠴᠢᠨ ᠲᠣᠭᠣᠷᠢᠨ ᠎ᠢ᠋ ᠪᠣᠢ ᠪᠣᠯᠭᠠᠶ᠎ᠠ
 ᠦᠢᠯᠡᠳᠦᠯᠭᠡ ᠎ᠶ᠋ᠢᠨ ᠳᠤᠮᠳᠠ ᠮᠠᠭᠤ ᠰᠠᠨᠠᠭ᠎ᠠ᠎ ᠪᠠᠷ ᠵᠠᠷᠭᠤᠯᠳᠤᠬᠤ ᠂ ᠬᠤᠳᠠᠯ ᠬᠠᠭᠤᠷᠮᠠᠭ ᠎ᠢ᠋ᠶ᠋ᠠᠷ ᠵᠠᠷᠭᠤᠯᠳᠤᠬᠤ ᠂ ᠬᠢᠮᠳᠠ ᠬᠢᠯᠪᠠᠷᠬᠠᠨ ᠵᠠᠷᠭᠤᠯᠳᠤᠬᠤ ᠂ ᠵᠠᠷᠭᠤ ᠎ᠶ᠋ᠢ ᠬᠠᠷᠰᠢᠯᠠᠭᠰᠠᠨ ᠵᠣᠬᠢᠰ ᠥᠬᠡᠢ ᠵᠠᠷᠭᠤᠯᠳᠤᠬᠤ ᠦᠢᠯᠡ ᠠᠵᠢᠯᠯᠠᠭ᠎ᠠ ᠣᠷᠣᠰᠢᠵᠤ ᠪᠠᠢᠪᠠᠯ ᠂ ᠵᠦᠢ ᠵᠣᠬᠢᠰ ᠥᠬᠡᠢ ᠵᠠᠷᠭᠤᠯᠳᠤᠬᠤ ᠦᠢᠯᠡ ᠠᠵᠢᠯᠯᠠᠭ᠎ᠠ᠎ ᠶ᠋ᠢᠨ ᠡᠷᠬᠡ᠎ᠳ᠋ᠦ᠍ ᠬᠠᠯᠳᠠᠭᠰᠠᠨ ᠬᠠᠷᠢᠭᠤᠴᠠᠯᠭ᠎ᠠ᠎ ᠶ᠋ᠢᠨ ᠳᠦᠷᠢᠮ ᠪᠠᠢᠭᠤᠯᠬᠤ᠎ ᠶ᠋ᠢ ᠠᠬᠢᠭᠤᠯᠵᠤ ᠂ ᠵᠠᠷᠭᠤ᠎ ᠶ᠋ᠢᠨ ᠡᠮᠬᠢ ᠵᠢᠷᠤᠮ᠎ ᠢ᠋ ᠰᠠᠮᠠᠭᠤᠷᠠᠭᠤᠯᠤᠭᠰᠠᠨ ᠦᠢᠯᠡ ᠠᠵᠢᠯᠯᠠᠭ᠎ᠠ᠎ ᠳ᠋ᠤ᠌ ᠴᠣᠬᠢᠯᠲᠠ ᠥᠭᠬᠦ ᠡᠷᠴᠢᠮ ᠎ᠢ᠋ᠶ᠋ᠡᠨ ᠴᠢᠩᠭᠠᠷᠠᠭᠤᠯᠵᠤ ᠂ ᠵᠠᠷᠭᠤ᠎ ᠶ᠋ᠢᠨ ᠡᠮᠬᠢ ᠵᠢᠷᠤᠮ᠎ ᠢ᠋ ᠰᠠᠮᠠᠭᠤᠷᠠᠭᠤᠯᠤᠭᠰᠠᠨ ᠦᠢᠯᠡ ᠠᠵᠢᠯᠯᠠᠭ᠎ᠠ᠎  ᠶ᠋ᠢ ᠵᠠᠯᠬᠠᠭᠠᠨ ᠰᠢᠳᠬᠡᠬᠦ ᠰᠢᠢᠳᠪᠦᠷᠢᠯᠡᠬᠦ ᠳᠦᠷᠢᠮ᠎ᠢ᠋ ᠲᠡᠭᠦᠯᠳᠡᠷᠵᠢᠭᠦᠯᠬᠦ ᠬᠡᠷᠡᠭᠲᠡᠢ ᠃ 
ᠲᠣᠭᠠᠴᠠᠯᠠᠭᠰᠠᠨ ᠰᠢᠭᠦᠬᠦ ᠬᠣᠷᠢᠶ᠎ᠠ ᠪᠠᠢᠭᠤᠯᠵᠤ ᠂ ᠲᠦᠷᠭᠡᠪᠴᠢᠯᠡᠨ ᠠᠬᠢᠭᠤᠯᠪᠠ
   ᠰᠢᠭᠦᠨ ᠲᠠᠰᠤᠯᠬᠤ ᠭᠦᠢᠴᠡᠳᠬᠡᠬᠦ ᠠᠵᠢᠯ ᠎ᠢ᠋ ᠣᠶᠤᠨᠴᠢᠯᠠᠬᠤ ᠂ ᠲᠣᠭᠠᠴᠢᠯᠠᠬᠤ
   ᠰᠢᠭᠦᠬᠦ ᠬᠣᠷᠢᠶ᠎ᠠ᠎ ᠶ᠋ᠢᠨ ᠰᠢᠭᠦᠨ ᠲᠠᠰᠤᠯᠬᠤ ᠂ ᠭᠦᠢᠴᠡᠳᠬᠡᠬᠦ ᠂ ᠬᠡᠷᠡᠭ ᠰᠢᠢᠳᠪᠦᠷᠢᠯᠡᠬᠦ ᠵᠡᠷᠭᠡ ᠡᠯ᠎ᠡ ᠵᠦᠢᠯ ᠎ᠦ᠋ᠨ ᠠᠵᠢᠯ᠎ ᠢ᠋ ᠪᠥᠬᠥ ᠲᠠᠯ᠎ᠠ᠎ ᠪᠠᠷ ᠂ ᠲᠤᠢᠯᠪᠤᠷᠢᠲᠠᠢ ᠲᠣᠭᠠᠴᠢᠯᠠᠵᠤ ᠂ ᠪᠥᠬᠥ ᠲᠤᠬᠠᠢᠯᠠᠭᠰᠠᠨ ᠠᠵᠢᠯ᠎ ᠤ᠋ᠨ ᠲᠠᠪᠴᠠᠩ ᠎ᠢ᠋ ᠨᠡᠪᠲᠡᠷᠡᠭᠦᠯᠦᠨ ᠭᠦᠢᠴᠡᠳᠬᠡᠬᠦ ᠂ ᠪᠥᠬᠥ ᠴᠠᠭ ᠣᠷᠣᠨ ᠵᠠᠢ᠎ ᠶ᠋ᠢ ᠬᠠᠤᠯᠢ ᠴᠠᠭᠠᠵᠠ᠎ ᠶ᠋ᠢᠨ ᠦᠢᠯᠡᠴᠢᠯᠡᠭᠡ᠎ ᠶ᠋ᠢ ᠥᠷᠭᠡᠨ ᠢ᠋ᠶ᠋ᠡᠷ ᠬᠠᠩᠭᠠᠬᠤ ᠂ ᠪᠥᠬᠥ ᠶᠠᠪᠤᠴᠠ ᠎ᠳ᠋ᠤ᠌ ᠣᠶᠤᠨᠴᠢ ᠎ᠪᠠᠷ ᠲᠤᠰᠠᠯᠠᠬᠤ ᠣᠶᠤᠨᠴᠢ ᠰᠢᠭᠦᠬᠦ ᠬᠣᠷᠢᠶ᠎ᠠ᠎ ᠶ᠋ᠢ ᠪᠣᠢ ᠪᠣᠯᠭᠠᠵᠤ ᠂ ᠨᠡᠩ ᠥᠨᠳᠥᠷ ᠬᠢᠷᠢ ᠲᠦᠪᠰᠢᠨ ᠎ᠲᠡᠢ ᠲᠣᠭᠠᠴᠢᠯᠠᠭᠰᠠᠨ ᠰᠢᠳᠤᠷᠭᠤ ᠶᠣᠰᠣ ᠪᠠ ᠬᠣᠢᠰᠢᠳᠠ᠎ ᠶ᠋ᠢᠨ ᠣᠳᠣᠬᠢᠴᠢᠯᠠᠭᠰᠠᠨ ᠰᠢᠭᠦᠬᠦ ᠬᠣᠷᠢᠶ᠎ᠠ᠎ ᠶ᠋ᠢ ᠪᠠᠢᠭᠤᠯᠤᠨ᠎ᠠ ᠃ ᠬᠠᠤᠯᠢ ᠴᠠᠭᠠᠵᠠ ᠎ᠶ᠋ᠢᠨ ᠦᠷ᠎ᠡ ᠪᠦᠲᠦᠭᠡᠯ᠎ ᠢ᠋ ᠨᠡᠩ ᠣᠯᠠᠨ ᠲᠦᠮᠡᠨ ᠎ᠳ᠋ᠦ᠍ ᠲᠠᠰᠤᠷᠠᠯᠲᠠ ᠦᠭᠡᠢ ᠬᠦᠷᠲᠡᠭᠡᠵᠦ ᠂ ᠬᠡᠷᠡᠭ ᠪᠣᠯᠭᠠᠨ ᠳᠠᠩᠰᠠᠯᠠᠬᠤ ᠳᠦᠷᠢᠮ ᠎ᠦ᠋ᠨ ᠥᠭᠡᠷᠡᠴᠢᠯᠡᠯᠲᠡ ᠎ᠶ᠋ᠢᠨ ᠦᠷ᠎ᠡ ᠪᠦᠲᠦᠭᠡᠯ᠎ ᠢ᠋ ᠤᠯᠠᠮ ᠨᠢᠭᠡ ᠠᠯᠬᠤᠮ ᠪᠡᠬᠢᠵᠢᠭᠦᠯᠵᠦ ᠂ ᠰᠢᠨᠵᠢᠯᠡᠬᠦ ᠤᠬᠠᠭᠠᠨ ᠮᠡᠷᠭᠡᠵᠢᠯ᠎ᠦ᠋ᠨ ᠠᠷᠭ᠎ᠠ ᠪᠠᠷᠢᠯ᠎ ᠢ᠋ ᠰᠠᠢᠲᠤᠷ ᠬᠡᠷᠡᠭᠯᠡᠨ ᠂ 《 ᠢᠨᠲ᠋ᠧᠷ ᠰᠦᠯᠵᠢᠶ᠎ᠡ + ᠬᠠᠤᠯᠢ ᠴᠠᠭᠠᠵᠠ 》 ᠶ᠋ᠢᠨ ᠪᠦᠷᠬᠦᠴᠡ᠎ᠶ᠋ᠢᠨ ᠬᠡᠪᠴᠢᠶ᠎ᠡ ᠎ᠶ᠋ᠢ ᠥᠷᠭᠡᠳᠬᠡᠵᠦ ᠂ ᠢᠨᠲ᠋ᠧᠷ ᠰᠦᠯᠵᠢᠶ᠎ᠡ ᠎ᠶ᠋ᠢ ᠲᠤᠬᠠᠢ ᠎ᠶ᠋ᠢᠨ ᠬᠥᠮᠦᠨ ᠨᠢᠭᠡᠪᠦᠷᠢ᠎ ᠶ᠋ᠢᠨ ᠶᠠᠳᠠᠷᠠᠭ᠎ᠠ ᠎ᠶ᠋ᠢ ᠬᠥᠩᠭᠡᠷᠡᠭᠦᠯᠵᠦ ᠂ 《 ᠲᠣᠭ᠎ᠠ ᠪᠠᠷᠢᠮᠲᠠ ᠎ᠶ᠋ᠢ ᠢᠯᠡᠭᠦᠦ ᠭᠦᠶᠦᠯᠭᠡᠵᠦ ᠂ ᠣᠯᠠᠨ ᠲᠦᠮᠡᠨ ᠢ᠋ ᠳᠤᠲᠠᠭᠤ ᠭᠦᠶᠦᠯᠭᠡᠬᠦ 》 ᠶ᠋ᠢ ᠦᠨᠡᠨᠬᠦ ᠪᠡᠶᠡᠯᠡᠭᠦᠯᠵᠦ ᠂ ᠬᠠᠤᠯᠢ ᠴᠠᠭᠠᠵᠠ᠎ ᠶ᠋ᠢᠨ ᠮᠡᠳᠡᠭᠡ ᠵᠠᠩᠭᠢ᠎ ᠶ᠋ᠢᠨ ᠦᠢᠯᠡᠴᠢᠯᠡᠭᠡ ᠎ᠶ᠋ᠢ ᠬᠠᠩᠭᠠᠨ᠎ᠠ ᠃

 ᠬᠠᠲᠠᠭᠤ ᠰᠢᠭᠦᠬᠦ ᠬᠣᠷᠢᠶᠠᠨ ᠤ᠋ ᠡᠩᠨᠡᠭᠡ᠎ ᠶ᠋ᠢ ᠳᠠᠪᠲᠠᠨ ᠦᠢᠯᠡᠳᠬᠦ
 ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠎ ᠪᠡᠷ ᠴᠢᠷᠮᠠᠢᠳᠠᠭ ᠬᠠᠤᠯᠢ ᠎ᠶ᠋ᠢᠨ ᠡᠷᠬᠡᠲᠡᠨ
 ᠥᠷᠭᠡᠨ ᠣᠯᠠᠨ ᠺᠠᠲ᠋ᠷ ᠴᠠᠭᠳᠠᠭ᠎ᠠ ᠎ᠶ᠋ᠢ ᠬᠥᠮᠦᠵᠢᠭᠦᠯᠦᠨ ᠵᠢᠯᠣᠭᠣᠳᠴᠤ ᠂ ᠰᠢ ᠵᠢᠨ ᠫᠢᠩ᠎ ᠦ᠋ᠨ ᠬᠠᠤᠯᠢ᠎ ᠪᠠᠷ ᠵᠠᠰᠠᠬᠤ ᠦᠵᠡᠯ ᠰᠠᠨᠠᠭ᠎ᠠ ᠎ᠶ᠋ᠢ ᠦᠨᠡᠨ ᠬᠦ᠌ ᠰᠤᠷᠤᠯᠴᠠᠵᠤ ᠦᠨᠡᠨ ᠬᠦ᠌ ᠢᠲᠡᠭᠡᠵᠦ ᠂ 《 ᠬᠣᠶᠠᠷ ᠎ᠢ᠋ ᠲᠣᠭᠲᠠᠭᠠᠬᠤ 》 ᠶ᠋ᠢᠨ ᠰᠢᠢᠳᠪᠦᠷᠢᠯᠡᠭᠴᠢ ᠠᠴᠢ ᠬᠣᠯᠪᠣᠭᠳᠠᠯ ᠎ᠢ᠋ ᠭᠦᠨᠵᠡᠭᠡᠢ ᠣᠢᠯᠠᠭᠠᠭᠤᠯᠵᠤ ᠂ 《 ᠳᠥᠷᠪᠡᠨ ᠤᠬᠠᠮᠰᠠᠷ 》 ᠢ᠋ ᠴᠢᠩᠭᠠᠳᠬᠠᠵᠤ ᠂ 《 ᠳᠥᠷᠪᠡᠨ ᠢᠲᠡᠭᠡᠯ 》 ᠢ᠋ ᠪᠠᠲᠤᠳᠬᠠᠨ ᠂ 《 ᠬᠣᠶᠠᠷ ᠎ᠢ᠋ ᠬᠠᠮᠠᠭᠠᠯᠠᠬᠤ 》 ᠶ᠋ᠢ ᠪᠡᠶᠡᠯᠡᠭᠦᠯᠬᠦ ᠬᠡᠷᠡᠭᠲᠡᠢ ᠃ ᠬᠠᠤᠯᠢ ᠪᠠᠷᠢᠬᠤ ᠬᠠᠷᠢᠭᠤᠴᠠᠯᠭ᠎ᠠ ᠎ᠶ᠋ᠢᠨ ᠳᠦᠷᠢᠮ ᠎ᠢ᠋ ᠪᠥᠬᠥ ᠲᠠᠯ᠎ᠠ᠎ ᠪᠠᠷ ᠨᠠᠢᠳᠠᠪᠤᠷᠢᠵᠢᠭᠤᠯᠵᠤ ᠂ ᠬᠠᠤᠯᠢ ᠪᠠᠷᠢᠬᠤ ᠡᠷᠬᠡ ᠎ᠶ᠋ᠢᠨ ᠠᠵᠢᠯᠯᠠᠭᠠᠨ ᠎ᠳ᠋ᠤ᠌ ᠬᠢᠨᠠᠯᠲᠠ ᠲᠠᠯᠪᠢᠬᠤ ᠪᠠ ᠬᠢᠵᠠᠭᠠᠷᠯᠠᠬᠤ ᠲᠣᠭᠲᠠᠴᠠ ᠎ᠶ᠋ᠢ ᠲᠡᠭᠦᠯᠳᠡᠷᠵᠢᠭᠦᠯᠦᠨ᠎ᠡ ᠃ ᠰᠠᠬᠢᠯᠭ᠎ᠠ ᠪᠠᠲᠤ ᠣᠪᠣᠷ ᠰᠤᠷᠲᠠᠯ᠎ ᠤ᠋ᠨ ᠪᠠᠢᠭᠤᠯᠤᠯᠲᠠ᠎ ᠶ᠋ᠢ ᠦᠨᠡᠨ ᠬᠦ᠌ ᠴᠢᠩᠭᠠᠳᠬᠠᠵᠤ ᠂ ᠪᠥᠬᠥ ᠲᠠᠯ᠎ᠠ᠎ ᠪᠠᠷ ᠨᠠᠮ᠎ ᠢ᠋ ᠴᠢᠩᠭ᠎ᠠ ᠵᠠᠰᠠᠬᠤ ᠂ ᠰᠢᠭᠦᠬᠦ ᠬᠣᠷᠢᠶ᠎ᠠ᠎ ᠶ᠋ᠢ ᠴᠢᠩᠭ᠎ᠠ ᠵᠠᠰᠠᠬᠤ ᠂ ᠤᠯᠤᠰ ᠲᠥᠷᠥ ᠎ᠶ᠋ᠢᠨ ᠬᠠᠷᠢᠭᠤᠴᠠᠯᠭ᠎ᠠ᠎ ᠶ᠋ᠢ ᠴᠢᠩᠭ᠎ᠠ ᠬᠠᠮᠢᠶᠠᠷᠬᠤ᠎ ᠶ᠋ᠢ ᠲᠦᠯᠬᠢᠨ ᠠᠬᠢᠭᠤᠯᠵᠤ ᠂ ᠲᠥᠪ ᠎ᠦ᠋ᠨ ᠨᠠᠢ᠍ᠮᠠᠨ ᠲᠣᠭᠲᠠᠭᠠᠯ᠎ ᠤ᠋ᠨ ᠵᠣᠷᠢᠭ ᠰᠠᠨᠠᠭ᠎ᠠ᠎ ᠶ᠋ᠢ ᠤᠷᠲᠤ ᠬᠤᠭᠤᠴᠠᠭ᠎ᠠ᠎ ᠪᠠᠷ ᠨᠠᠢᠳᠠᠪᠤᠷᠢᠵᠢᠭᠤᠯᠵᠤ ᠂ ᠬᠠᠤᠯᠢ ᠴᠠᠭᠠᠵᠠ ᠎ᠶ᠋ᠢᠨ 《 ᠭᠤᠷᠪᠠᠨ ᠲᠣᠭᠲᠠᠭᠠᠯ 》 ᠪᠠ ᠰᠢᠨ᠎ᠡ ᠴᠠᠭ ᠦᠶ᠎ᠡ ᠎ᠶ᠋ᠢᠨ ᠤᠯᠤᠰ ᠲᠥᠷᠥ ᠬᠠᠤᠯᠢ ᠴᠠᠭᠠᠵᠠ ᠎ᠶ᠋ᠢᠨ ᠺᠠᠲ᠋ᠷ ᠴᠠᠭᠳᠠᠭ᠎ᠠ᠎ ᠶ᠋ᠢᠨ 《 ᠠᠷᠪᠠ ᠎ᠶ᠋ᠢ ᠴᠢᠩᠭ᠎ᠠ ᠴᠠᠭᠠᠵᠠᠯᠠᠬᠤ 》 ᠵᠡᠷᠭᠡ ᠲᠡᠮᠦᠷ ᠳᠦᠷᠢᠮ᠎ ᠢ᠋ ᠴᠢᠩᠭ᠎ᠠ ᠬᠡᠷᠡᠭᠵᠢᠭᠦᠯᠦᠨ ᠂ ᠬᠠᠤᠯᠢ ᠴᠠᠭᠠᠵᠠ ᠎ᠶ᠋ᠢᠨ ᠲᠠᠯ᠎ᠠ᠎ ᠪᠠᠷ ᠢᠯᠵᠠᠷᠠᠨ ᠳᠣᠷᠣᠢᠲᠠᠬᠤ ᠎ᠶ᠋ᠢ ᠣᠭᠲᠣ ᠠᠭᠤᠴᠢᠯᠠᠵᠤ ᠂ ᠰᠢᠭᠦᠬᠦ ᠬᠣᠷᠢᠶᠠᠨ ᠎ᠤ᠋ ᠡᠩᠨᠡᠭᠡ ᠎ᠶ᠋ᠢᠨ ᠡᠷᠡᠰ ᠦᠨᠡᠨᠴᠢ ᠰᠢᠳᠤᠷᠭᠤ ᠂ ᠡᠷᠡᠰ ᠴᠡᠪᠡᠷ ᠂ ᠡᠷᠡᠰ ᠨᠠᠢᠳᠠᠪᠤᠷᠢᠲᠠᠢ ᠪᠠᠢᠬᠤ ᠎ᠶ᠋ᠢ ᠦᠨᠡᠨ ᠬᠦ᠌ ᠪᠠᠲᠤᠯᠠᠨ᠎ᠠ ᠃
   ᠦᠨᠳᠦᠰᠦᠨ ᠱᠠᠲᠤᠨ ᠤ᠋ ᠰᠢᠭᠦᠬᠦ ᠬᠣᠷᠢᠶᠠᠨ ᠎ᠤ᠋ ᠨᠢᠭᠡᠨ ᠳᠠᠷᠤᠭ᠎ᠠ ᠪᠣᠯᠤᠭᠰᠠᠨ ᠎ᠤ᠋ ᠬᠤᠪᠢ ᠎ᠳ᠋ᠤ᠌ ᠂ ᠪᠦᠬᠦ ᠬᠣᠷᠢᠶᠠᠨ ᠤ᠋ ᠺᠠᠲ᠋ᠷ ᠴᠠᠭᠳᠠᠭ᠎ᠠ ᠎ᠶ᠋ᠢ ᠪᠦᠯᠬᠦᠮᠳᠡᠭᠦᠯᠦᠨ ᠳᠠᠭᠠᠭᠤᠯᠵᠤ ᠂ ᠰᠢᠨ᠎ᠡ ᠴᠠᠭ ᠦᠶ᠎ᠡ᠎ ᠶ᠋ᠢᠨ ᠰᠢᠨ᠎ᠡ ᠠᠶᠠᠨ ᠳᠠᠢᠨ ᠎ᠤ᠋ ᠠᠯᠬᠤᠮ ᠎ᠢ᠋ ᠰᠠᠯᠤᠯ ᠥᠬᠡᠢ ᠳᠠᠭᠠᠵᠤ ᠂ 《 ᠭᠤᠷᠪᠠᠨ ᠡᠷᠬᠡᠪᠰᠢ 》 ᠶ᠋ᠢ ᠪᠠᠲᠤ ᠴᠡᠭᠡᠵᠢᠯᠡᠵᠦ ᠂ ᠬᠦᠴᠦ ᠲᠠᠯᠪᠢᠨ ᠠᠷᠠᠳ ᠣᠯᠠᠨ ᠎ᠤ᠋ ᠪᠠᠴᠢᠮ ᠬᠦᠴᠢᠷ ᠵᠣᠪᠠᠭᠤᠷᠢ᠎ ᠶ᠋ᠢ ᠬᠦᠴᠦᠯᠡᠨ ᠰᠢᠢᠳᠪᠦᠷᠢᠯᠡᠵᠦ ᠂ ᠪᠣᠳᠠᠲᠤ ᠶᠠᠪᠤᠳᠠᠯ ᠬᠢᠵᠦ ᠂ ᠰᠢᠨ᠎ᠡ ᠠᠭᠤᠷ ᠠᠮᠢᠰᠬᠤᠯ ᠎ᠢ᠋ ᠪᠣᠢ ᠪᠣᠯᠭᠠᠵᠤ ᠂ ᠰᠢᠨ᠎ᠡ ᠬᠠᠷᠢᠭᠤᠴᠠᠯᠭ᠎ᠠ ᠡᠭᠦᠷᠭᠡᠯᠡᠵᠦ ᠂ ᠰᠢᠨ᠎ᠡ ᠠᠮᠵᠢᠯᠲᠠ ᠪᠦᠲᠦᠮᠵᠢ ᠎ᠶ᠋ᠢ ᠢᠯᠡᠷᠡᠭᠦᠯᠬᠦ ᠪᠣᠯᠤᠨ᠎ᠠ ᠃ ᠰᠢᠭᠦᠨ ᠲᠠᠰᠤᠯᠬᠤ ᠠᠵᠢᠯ ᠨᠢ ᠣᠷᠣᠨ ᠪᠦᠰᠡ ᠎ᠶ᠋ᠢᠨ ᠠᠵᠤ ᠠᠬᠤᠢ᠎ ᠶ᠋ᠢᠨ ᠴᠢᠨᠠᠷ ᠰᠠᠢᠲᠠᠢ ᠬᠥᠭᠵᠢᠯᠲᠡ ᠎ᠳ᠋ᠦ᠍ ᠴᠢᠨᠠᠷ ᠰᠠᠢᠲᠠᠢ ᠦᠢᠯᠡᠴᠢᠯᠡᠵᠦ ᠂ ᠰᠢᠭᠦᠨ ᠲᠠᠰᠤᠯᠤᠯᠲᠠ ᠎ᠶ᠋ᠢᠨ ᠦᠷ᠎ᠡ ᠪᠦᠲᠦᠮᠵᠢ ᠪᠠ ᠬᠠᠤᠯᠢ ᠴᠠᠭᠠᠵᠠ ᠎ᠶ᠋ᠢᠨ ᠨᠡᠢᠲᠡ ᠎ᠶ᠋ᠢᠨ ᠢᠲᠡᠭᠡᠮᠵᠢ᠎ᠶ᠋ᠢᠨ ᠬᠦᠴᠦᠨ ᠎ᠢ᠋ ᠳᠡᠭᠡᠭᠰᠢᠯᠡᠭᠦᠯᠵᠦ ᠂ ᠣᠷᠳᠣᠰ ᠬᠣᠲᠠ᠎ ᠶ᠋ᠢᠨ ᠣᠷᠣᠨ ᠪᠦᠰᠡ ᠎ᠶ᠋ᠢᠨ ᠨᠡᠢᠭᠡᠮ᠎ ᠦ᠋ᠨ ᠵᠠᠰᠠᠯᠲᠠ᠎ ᠶ᠋ᠢᠨ ᠣᠳᠣᠬᠢᠴᠢᠯᠠᠯᠲᠠ ᠎ᠳ᠋ᠤ᠌ ᠬᠤᠪᠢ ᠨᠡᠮᠡᠷᠢ ᠦᠵᠡᠭᠦᠯᠦᠨ᠎ᠡ ᠃
 

 


 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )