ᠬᠢᠵᠢᠭ᠌ ᠵᠢ ᠰᠡᠷᠭᠡᠢᠯᠡᠨ ᠡᠵᠡᠮᠳᠡᠬᠦ ᠠᠵᠢᠯ ᠢ᠋ ᠤᠯᠠᠮ ᠴᠢᠨᠠᠭᠰᠢᠳᠠ ᠲᠣᠬᠢᠷᠠᠭᠤᠯᠤᠨ ᠪᠠᠢᠷᠢᠯᠠᠭᠤᠯᠵᠤ ᠂ ᠡᠯ᠎ᠡ ᠵᠦᠢᠯ ᠦ᠋ᠨ ᠪᠣᠳᠠᠲᠠᠢ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ ᠶ᠋ᠢ ᠰᠠᠢᠲᠤᠷ ᠠᠳᠬᠤᠵᠤ ᠂ ᠬᠢᠵᠢᠭ᠌ ᠵᠢ ᠰᠡᠷᠭᠡᠢᠯᠡᠨ ᠡᠵᠡᠮᠳᠡᠬᠦ ᠪᠠ ᠬᠢᠨᠠᠨ ᠭᠦᠢᠴᠡᠳᠬᠡᠬᠦ ᠠᠵᠢᠯ ᠤ᠋ᠨ ᠡᠮᠬᠢ ᠵᠢᠷᠤᠮ ᠲᠠᠢ ᠶᠠᠪᠤᠭᠳᠠᠬᠤ ᠶ᠋ᠢ ᠪᠠᠲᠤᠯᠠᠬᠤ ᠶ᠋ᠢᠨ ᠲᠥᠯᠥᠭᠡ ᠂ ᠣᠢᠷ᠎ᠠ ᠳ᠋ᠤ᠌ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠰᠢᠨ᠎ᠡ ᠲᠢᠲᠢᠮᠯᠢᠭ᠌ ᠠᠭᠤᠰᠬᠢᠨ ᠦᠷᠪᠢᠰᠦᠯ ᠦ᠋ᠨ ᠬᠢᠵᠢᠭ᠌ ᠢ ᠰᠡᠷᠭᠡᠢᠯᠡᠨ ᠬᠢᠵᠠᠭᠠᠷᠯᠠᠬᠤ ᠠᠵᠢᠯ ᠤ᠋ᠨ ᠤᠳᠤᠷᠢᠳᠬᠤ ᠳᠤᠭᠤᠢᠯᠠᠩ ᠤ᠋ᠨ ᠬᠤᠷᠠᠯ ᠬᠤᠷᠠᠯᠳᠤᠭᠤᠯᠵᠤ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠂ ᠳᠤᠭᠤᠢᠯᠠᠨᠭ᠌ ᠤᠨ ᠭᠡᠰᠢᠭᠦᠨ ᠵᠢᠴᠢ ᠡᠯ᠎ᠡ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠬᠤᠷᠠᠯ ᠳ᠋ᠤ᠌ ᠣᠷᠣᠯᠴᠠᠪᠠ ᠃
ᠬᠤᠷᠠᠯ ᠨᠢ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠶ᠋ᠢᠨ ᠪᠠᠢᠩᠭᠤ ᠶ᠋ᠢᠨ ᠬᠣᠷᠢᠶᠠᠶ᠋ᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ᠋ ᠬᠢᠵᠢᠭ᠌ ᠤᠨ ᠪᠠᠢᠳᠠᠯ ᠢ᠋ ᠠᠷᠭᠠᠴᠠᠬᠤ ᠠᠵᠢᠯ ᠤ᠋ᠨ ᠤᠳᠤᠷᠢᠳᠬᠤ ᠳᠤᠭᠤᠢᠯᠠᠩ ᠤ᠋ᠨ ᠬᠤᠷᠠᠯ ᠤ᠋ᠨ ᠵᠣᠷᠢᠭ ᠰᠠᠨᠠᠭ᠎ᠠ ᠵᠢᠴᠢ ᠣᠷᠳᠣᠰ ᠬᠣᠲᠠ ᠶ᠋ᠢᠨ ᠰᠢᠨ᠎ᠡ ᠲᠢᠲᠢᠮᠯᠢᠭ᠌ ᠠᠭᠤᠰᠬᠢᠨ ᠦᠷᠪᠢᠰᠦᠯ ᠦ᠋ᠨ ᠬᠢᠵᠢᠭ᠌ ᠠᠷᠭᠠᠴᠠᠬᠤ ᠠᠵᠢᠯ ᠤ᠋ᠨ ᠤᠳᠤᠷᠢᠳᠬᠤ ᠳᠤᠭᠤᠢᠯᠠᠩ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠤᠯᠠᠮᠵᠢᠯᠠᠪᠠ ︔ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠰᠢᠨ᠎ᠡ ᠬᠡᠯᠪᠡᠷᠢ ᠶ᠋ᠢᠨ ᠲᠢᠲᠢᠮᠯᠢᠭ᠌ ᠸᠢᠷᠦᠰ ᠦ᠋ᠨ ᠦᠷᠪᠢᠰᠦᠯ ᠦ᠋ᠨ ᠬᠢᠵᠢᠭ᠌ ᠢ ᠰᠡᠷᠭᠡᠢᠯᠡᠨ ᠡᠵᠡᠮᠳᠡᠬᠦ ᠪᠠᠴᠢᠮ ᠪᠠᠢᠳᠠᠯ ᠢ᠋ ᠠᠷᠭᠠᠴᠠᠨ ᠰᠢᠢᠳᠪᠦᠷᠢᠯᠡᠬᠦ ᠠᠵᠢᠯ ᠤ᠋ᠨ ᠶᠠᠪᠤᠴᠠ ᠵᠢ ᠲᠤᠳᠤᠷᠬᠠᠢᠯᠠᠪᠠ ᠃
ᠬᠤᠷᠠᠯ ᠠ᠋ᠴᠠ ᠂ ᠨᠢᠭᠡ ᠳ᠋ᠦ᠍ ᠨᠡᠩ ᠴᠢᠩᠭ᠎ᠠ ᠬᠠᠷᠢᠭᠤᠴᠠᠯᠭᠠᠲᠤ ᠤᠬᠠᠮᠰᠠᠷ ᠢ᠋ᠶ᠋ᠠᠷ ᠮᠠᠨ ᠤ᠋ ᠬᠣᠲᠠ ᠶ᠋ᠢᠨ ᠬᠢᠵᠢᠭ᠌ ᠤᠨ ᠪᠠᠢᠳᠠᠯ ᠢ᠋ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ ᠶ᠋ᠢ ᠨᠠᠢᠳᠠᠪᠤᠷᠢᠵᠢᠭᠤᠯᠬᠤ ᠬᠡᠷᠡᠭᠲᠡᠢ ᠃ ᠮᠢᠨᠴᠦᠭᠦᠷᠡᠬᠦ ᠦᠵᠡᠯ ᠰᠠᠨᠠᠭ᠎ᠠ ᠡᠷᠡᠰ ᠲᠡᠪᠴᠢᠵᠦ ᠂ ᠲᠦᠭᠰᠢᠭᠦᠷᠢ ᠶ᠋ᠢᠨ ᠦᠵᠡᠯ ᠤᠬᠠᠮᠰᠠᠷ ᠢ᠋ ᠨᠡᠮᠡᠭᠳᠡᠭᠦᠯᠵᠦ ᠂ ᠬᠢᠵᠢᠭ᠌ ᠢ ᠰᠡᠷᠭᠡᠢᠯᠡᠨ ᠬᠢᠵᠠᠭᠠᠷᠯᠠᠬᠤ ᠶ᠋ᠢ ᠰᠤᠯᠠᠷᠠᠭᠤᠯᠤᠯ ᠥᠬᠡᠢ ᠠᠳᠬᠤᠬᠤ ᠶ᠋ᠢ ᠢᠮᠠᠭᠲᠠ ᠪᠠᠷᠢᠮᠲᠠᠯᠠᠵᠤ ᠂ ᠡᠯ᠎ᠡ ᠵᠦᠢᠯ ᠦ᠋ᠨ ᠰᠡᠷᠭᠡᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶ᠋ᠢ ᠲᠡᠷᠡ ᠬᠡᠪ ᠢ᠋ᠶ᠋ᠡᠷ ᠨᠢ ᠨᠠᠢᠳᠠᠪᠤᠷᠢᠵᠢᠭᠤᠯᠵᠤ ᠪᠣᠳᠠᠲᠠᠢᠵᠢᠭᠤᠯᠬᠤ ᠬᠡᠷᠡᠭᠲᠡᠢ ᠃ ᠰᠠᠭᠤᠭ᠎ᠠ ᠭᠠᠵᠠᠷ ᠪᠣᠯᠤᠨ ᠠᠵᠢᠯᠯᠠᠬᠤ ᠭᠠᠵᠠᠷ ᠤᠨ ᠬᠢᠵᠢᠭ᠌ ᠤᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠲᠥᠷᠥ ᠶ᠋ᠢᠨ ᠪᠣᠳᠣᠯᠭ᠎ᠠ ᠶ᠋ᠢᠨ ᠱᠠᠭᠠᠷᠳᠠᠯᠭ᠎ᠠ ᠶ᠋ᠢ ᠨᠢᠭᠲᠠ ᠠᠩᠬᠠᠷᠴᠤ ᠂ ᠡᠪᠡᠳᠴᠢᠨ ᠡᠮᠭᠡᠭ ᠢ᠋ ᠰᠡᠷᠭᠡᠢᠯᠡᠨ ᠬᠢᠵᠠᠭᠠᠷᠯᠠᠬᠤ ᠰᠠᠯᠠᠭ᠎ᠠ ᠮᠥᠴᠢᠷ ᠪᠣᠯᠤᠨ ᠨᠡᠢᠭᠡᠮ ᠲᠣᠭᠣᠷᠢᠭ ᠲᠠᠢ ᠬᠠᠮᠵᠢᠯᠴᠠᠨ ᠪᠦᠭᠡᠮ ᠬᠦᠴᠢᠯ ᠢ᠋ ᠪᠠᠢᠴᠠᠭᠠᠨ ᠬᠡᠮᠵᠢᠬᠦ ᠂ ᠲᠤᠰᠠᠭᠠᠷᠯᠠᠨ ᠠᠵᠢᠭᠯᠠᠬᠤ ᠂ ᠲᠠᠬᠤᠯ ᠡᠪᠡᠳᠴᠢᠨ ᠦ᠌ ᠰᠤᠳᠤᠯᠤᠯᠤ᠋ᠨ ᠪᠠᠢᠴᠠᠭᠠᠯᠲᠠ ᠬᠢᠬᠦ ᠵᠡᠷᠭᠡ ᠡᠯ᠎ᠡ ᠵᠦᠢᠯ ᠦ᠋ᠨ ᠰᠡᠷᠭᠡᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶ᠋ᠢ ᠰᠠᠢᠲᠤᠷ ᠬᠢᠵᠦ ᠂ ᠬᠢᠵᠢᠭ᠌ ᠰᠡᠷᠭᠡᠢᠯᠡᠬᠦ ᠱᠠᠭᠠᠷᠳᠠᠯᠭ᠎ᠠ ᠳ᠋ᠤ᠌ ᠬᠠᠮᠵᠢᠯᠴᠠᠬᠤ ᠶ᠋ᠢ ᠲᠡᠪᠴᠢᠬᠦ ᠥᠬᠡᠢ ᠪᠠᠢᠬᠤ ᠬᠠᠤᠯᠢ ᠲᠣᠭᠲᠠᠭᠠᠯ ᠡᠴᠡ ᠵᠥᠷᠢᠴᠡᠭᠰᠡᠨ ᠦᠢᠯᠡ ᠠᠵᠢᠯᠯᠠᠭ᠎ᠠ ᠭᠠᠷᠬᠤ ᠶ᠋ᠢ ᠡᠷᠡᠰ ᠬᠣᠷᠢᠭᠯᠠᠨ ᠵᠣᠭᠰᠣᠭᠠᠬᠤ ᠬᠡᠷᠡᠭᠲᠡᠢ ᠃ᠬᠤᠶᠠᠷ ᠂ ᠨᠡᠩ ᠨᠠᠷᠢᠨ ᠰᠡᠷᠭᠡᠢᠯᠡᠬᠦ ᠠᠷᠭ᠎ᠠ ᠬᠡᠮᠵᠢᠶ᠎ᠡ ᠪᠡᠷ ᠬᠢᠵᠢᠭ᠌ ᠤᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠦᠷ᠎ᠡ ᠪᠦᠲᠦᠭᠡᠯ ᠢ᠋ ᠪᠡᠬᠢᠵᠢᠭᠦᠯᠵᠦ ᠃ ᠡᠯ᠎ᠡ ᠰᠠᠯᠠᠭ᠎ᠠ ᠮᠥᠴᠢᠷ ᠨᠢᠭᠲᠠ ᠬᠠᠮᠵᠢᠯᠴᠠᠨ ᠬᠠᠮᠵᠢᠯᠴᠠᠵᠤ ᠂ ᠰᠢᠭᠦᠬᠦ ᠬᠣᠷᠢᠶᠠᠨ ᠤ᠋ ᠳᠣᠲᠣᠭᠠᠳᠤ ᠶ᠋ᠢᠨ ᠰᠡᠷᠭᠡᠢᠯᠡᠨ ᠡᠵᠡᠮᠳᠡᠬᠦ ᠪᠡᠨ ᠴᠢᠩᠭᠠᠳᠬᠠᠵᠤ ᠂ ᠡᠯ᠎ᠡ ᠵᠦᠢᠯ ᠦ᠋ᠨ ᠰᠡᠷᠭᠡᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶ᠋ᠢ ᠨᠠᠷᠢᠨ ᠪᠣᠳᠠᠲᠠᠢ ᠠᠳᠬᠤᠬᠤ ᠬᠡᠷᠡᠭᠲᠡᠢ ᠃ ᠠᠵᠢᠯᠲᠠᠨ ᠢ᠋ ᠬᠠᠮᠢᠶᠠᠷᠤᠨ ᠬᠢᠵᠠᠭᠠᠷᠯᠠᠬᠤ ᠵᠢᠴᠢ ᠠᠯᠠᠵᠤ ᠤᠰᠠᠳᠬᠠᠬᠤ ᠠᠵᠢᠯ ᠢ᠋ ᠰᠠᠢᠲᠤᠷ ᠬᠢᠵᠦ ᠂ ᠬᠥᠮᠦᠨ ᠢ᠋ ᠲᠣᠭᠲᠠᠭᠠᠨ ᠠᠵᠢᠯ ᠤ᠋ᠨ ᠪᠠᠢᠷᠢ ᠲᠣᠭᠲᠠᠭᠠᠵᠤ ᠬᠠᠷᠢᠭᠤᠴᠠᠯᠭ᠎ᠠ ᠲᠣᠭᠲᠠᠭᠠᠬᠤ ᠶ᠋ᠢ ᠪᠠᠷᠢᠮᠲᠠᠯᠠᠨ ᠂ ᠬᠤᠪᠢ ᠬᠥᠮᠦᠨ ᠦ᠌ ᠰᠡᠷᠭᠡᠢᠯᠡᠨ ᠬᠠᠮᠠᠭᠠᠯᠠᠬᠤ ᠶ᠋ᠢ ᠰᠠᠢᠲᠤᠷ ᠬᠢᠵᠦ ᠂ 《 ᠬᠥᠮᠦᠨ ᠪᠦᠬᠦᠨ ᠴᠥᠮ ᠬᠢᠵᠢᠭ᠌ ᠢ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠪᠣᠯᠬᠤ 》 ᠦᠵᠡᠯ ᠤᠬᠠᠮᠰᠠᠷ ᠢ᠋ ᠪᠠᠲᠤ ᠪᠡᠬᠢ ᠪᠣᠢ ᠪᠣᠯᠭᠠᠵᠤ ᠂ ᠡᠯ᠎ᠡ ᠵᠦᠢᠯ ᠦ᠋ᠨ ᠰᠡᠷᠭᠡᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶ᠋ᠢ ᠪᠣᠳᠠᠲᠤ ᠭᠠᠵᠠᠷ ᠲᠤᠨᠢ ᠨᠠᠢᠳᠠᠪᠤᠷᠢᠵᠢᠭᠤᠯᠬᠤ ᠶ᠋ᠢ ᠦᠨᠡᠨᠬᠦ ᠪᠠᠲᠤᠯᠠᠬᠤ ᠬᠡᠷᠡᠭᠲᠡᠢ ᠃
ᠭᠤᠷᠪᠠ ᠳ᠋ᠤ᠌ ᠨᠡᠩ ᠰᠢᠯᠢᠳᠡᠭ ᠠᠵᠢᠯ ᠤ᠋ᠨ ᠲᠣᠭᠲᠠᠴᠠ ᠪᠠᠷ ᠰᠢᠭᠦᠨ ᠲᠠᠰᠤᠯᠬᠤ ᠭᠦᠢᠴᠡᠳᠬᠡᠬᠦ ᠠᠵᠢᠯ ᠤ᠋ᠨ ᠡᠮᠬᠢ ᠵᠢᠷᠤᠮ ᠲᠠᠢ ᠶᠠᠪᠤᠭᠳᠠᠬᠤ ᠶ᠋ᠢ ᠠᠬᠢᠭᠤᠯᠬᠤ ᠬᠡᠷᠡᠭᠲᠡᠢ ᠃ ᠦᠵᠡᠯ ᠰᠠᠨᠠᠭ᠎ᠠ ᠣᠢᠯᠠᠭᠠᠭᠳᠠᠬᠤᠨ ᠢ᠋ᠶ᠋ᠠᠨ ᠬᠤᠪᠢᠷᠠᠭᠤᠯᠵᠤ ᠂ ᠬᠢᠵᠢᠭ᠌ ᠡᠴᠡ ᠠᠪᠴᠢᠷᠠᠬᠤ ᠥᠷᠢᠰᠦᠯᠳᠦᠭᠡᠨ ᠢ᠋ ᠣᠶᠤᠨᠴᠢ ᠰᠢᠭᠦᠬᠦ ᠬᠣᠷᠢᠶ᠎ᠠ ᠶ᠋ᠢᠨ ᠪᠦᠲᠦᠭᠡᠨ ᠪᠠᠢᠭᠤᠯᠤᠯᠲᠠ ᠶ᠋ᠢ ᠠᠬᠢᠭᠤᠯᠬᠤ ᠠᠵᠠ ᠲᠣᠬᠢᠶᠠᠯ ᠪᠠ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠵᠤ ᠂ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠂ ᠰᠦᠯᠵᠢᠶᠡᠨ ᠳᠡᠭᠡᠷ᠎ᠡ ᠲᠢᠩᠬᠢᠮ ᠦ᠋ᠨ ᠰᠢᠭᠦᠯᠲᠡ ᠶ᠋ᠢ ᠶᠡᠬᠡᠪᠡᠷ ᠳᠡᠯᠭᠡᠷᠡᠭᠦᠯᠵᠦ ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶ᠋ᠢ ᠬᠠᠷᠢᠯᠴᠠᠨ ᠤᠶᠠᠯᠳᠤᠭᠤᠯᠬᠤ ᠶ᠋ᠢ ᠪᠠᠷᠢᠮᠲᠠᠯᠠᠵᠤ ᠂ ᠰᠢᠯᠵᠢᠭᠡ ᠪᠢᠴᠢᠯ ᠰᠢᠭᠦᠬᠦ ᠬᠣᠷᠢᠶ᠎ᠠ ᠂ ᠠᠷᠠᠳ ᠤ᠋ᠨ ᠰᠢᠭᠦᠬᠦ ᠬᠣᠷᠢᠶ᠎ᠠ ᠶ᠋ᠢᠨ ᠡᠶᠡᠳᠡᠭᠦᠯᠬᠦ ᠲᠠᠪᠴᠠᠩ ᠂ ᠡᠭᠦᠯᠡᠨ ᠰᠢᠭᠦᠬᠦ ᠲᠢᠩᠬᠢᠮ ᠵᠡᠷᠭᠡ ᠰᠦᠯᠵᠢᠶᠡᠨ ᠳᠡᠭᠡᠷᠡᠬᠢ ᠲᠠᠪᠴᠠᠩ ᠤ᠋ᠨ ᠤᠬᠠᠭᠤᠯᠤᠨ ᠳᠡᠯᠭᠡᠷᠡᠭᠦᠯᠬᠦ ᠡᠷᠴᠢᠮ ᠢ᠋ ᠦᠷᠭᠦᠯᠵᠢᠯᠡᠨ ᠴᠢᠩᠭᠠᠷᠠᠭᠤᠯᠵᠤ ᠂ ᠬᠢᠵᠢᠭ᠌ ᠦ᠋ᠨ ᠰᠢᠭᠦᠨ ᠭᠦᠢᠴᠡᠳᠬᠡᠬᠦ ᠠᠵᠢᠯ ᠳ᠋ᠤ᠌ ᠦᠵᠡᠭᠦᠯᠬᠦ ᠠᠰᠢᠭ ᠦᠭᠡᠢ ᠨᠥᠯᠥᠭᠡ ᠶ᠋ᠢ ᠬᠠᠮᠤᠭ ᠤ᠋ᠨ ᠶᠡᠬᠡ ᠬᠡᠮᠵᠢᠶ᠎ᠡ ᠪᠡᠷ ᠪᠠᠭᠤᠷᠠᠭᠤᠯᠵᠤ ᠂ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠪᠠ ᠰᠢᠭᠦᠨ ᠭᠦᠢᠴᠡᠳᠬᠡᠬᠦ ᠠᠵᠢᠯ ᠢ᠋ ᠬᠣᠶᠠᠷ ᠴᠤ᠌ ᠠᠯᠳᠠᠭ᠎ᠠ ᠦᠭᠡᠢ ᠪᠣᠯᠭᠠᠬᠤ ᠪᠠᠷ ᠴᠢᠷᠮᠠᠢᠬᠤ ᠬᠡᠷᠡᠭᠲᠡᠢ ᠃
ᠦᠨᠡᠯᠡᠬᠦ 0ᠦᠨᠡᠯᠡᠯᠲᠡ᠎ᠲᠠᠢ