《ᠬᠢᠵᠢᠭ᠌ ᠤᠨ ᠪᠠᠢᠳᠠᠯ ᠢ᠋ ᠰᠡᠷᠭᠡᠢᠯᠡᠬᠦ》 ᠥᠪᠡᠷᠲᠡᠭᠡᠨ ᠵᠠᠰᠠᠬᠤ ᠣᠷᠣᠨ ᠤ᠋ ᠳᠡᠭᠡᠳᠦ ᠵᠡᠷᠭᠡ ᠶ᠋ᠢᠨ ᠰᠢᠭᠦᠬᠦ ᠬᠣᠷᠢᠶᠠᠨ ᠤ᠋ ᠳᠡᠳ᠋ ᠳᠠᠷᠤᠭ᠎ᠠ ᠯᠢᠦ ᠶᠢᠩ ᠵᠢᠶᠧ ᠣᠷᠳᠣᠰ ᠬᠣᠲᠠ᠎ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠳ᠋ᠤ᠌ ᠬᠦᠷᠴᠦ ᠭᠣᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠰᠢᠢᠳᠪᠦᠷᠢᠯᠡᠬᠦ ᠵᠢᠴᠢ ᠬᠢᠵᠢᠭ᠌ ᠦ᠋ᠨ ᠪᠠᠢᠳᠠᠯ ᠢ᠋ ᠰᠡᠷᠭᠡᠢᠯᠡᠬᠦ ᠠᠵᠢᠯ ᠢ᠋ ᠬᠢᠨᠠᠨ ᠵᠢᠯᠣᠭᠣᠳᠪᠠ
ᠣᠢᠷ᠎ᠠ ᠳ᠋ᠤ᠌ ᠂ ᠥᠪᠡᠷᠲᠡᠭᠡᠨ ᠵᠠᠰᠠᠬᠤ ᠣᠷᠣᠨ ᠤ᠋ ᠳᠡᠭᠡᠳᠦ ᠵᠡᠷᠭᠡ ᠶ᠋ᠢᠨ ᠰᠢᠭᠦᠬᠦ ᠬᠤᠷᠢᠶᠠᠨ ᠤ ᠳᠡᠳ᠋ ᠳᠠᠷᠤᠭ᠎ᠠ ᠯᠢᠦ ᠶᠢᠩ ᠵᠢᠶᠧ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠳ᠋ᠤ᠌ ᠬᠦᠷᠴᠦ ᠭᠣᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠰᠢᠢᠳᠪᠦᠷᠢᠯᠡᠬᠦ ᠵᠢᠴᠢ ᠬᠢᠵᠢᠭ᠌ ᠢ᠋ ᠰᠡᠷᠭᠡᠢᠯᠡᠨ ᠡᠵᠡᠮᠳᠡᠬᠦ ᠠᠵᠢᠯ ᠢ᠋ ᠬᠢᠨᠠᠨ ᠵᠢᠯᠣᠭᠣᠳᠪᠠ ᠃
ᠰᠠᠭᠤᠳᠠᠯ ᠤ᠋ᠨ ᠬᠤᠷᠠᠯ ᠳᠡᠭᠡᠷ᠎ᠡ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠂ ᠰᠦ ᠯᠢ ᠵᠢᠶᠦ᠋ᠨ ᠬᠠᠮᠢᠶ᠎ᠠ ᠪᠥᠬᠥᠢ ᠬᠡᠷᠡᠭ ᠢ᠋ ᠰᠢᠢᠳᠪᠦᠷᠢᠯᠡᠭᠰᠡᠨ ᠪᠠᠢᠳᠠᠯ ᠵᠢᠴᠢ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠬᠤ ᠠᠵᠢᠯ ᠢ᠋ ᠮᠡᠳᠡᠭᠦᠯᠵᠦ ᠂ ᠬᠠᠮᠢᠶ᠎ᠠ ᠪᠥᠬᠥᠢ ᠦᠨᠳᠦᠰᠦᠨ ᠱᠠᠲᠤᠨ ᠤ᠋ ᠬᠣᠷᠢᠶᠠᠨ ᠤ᠋ ᠳᠠᠷᠤᠭ᠎ᠠ ᠂ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠬᠤᠷᠠᠯ ᠳ᠋ᠤ᠌ ᠣᠷᠣᠯᠴᠠᠭᠰᠠᠨ ᠪᠥᠭᠡᠳ ᠨᠥᠬᠥᠪᠥᠷᠢ ᠬᠠᠷᠢᠭᠤ ᠮᠡᠳᠡᠭᠦᠯᠦᠯᠲᠡ ᠬᠢᠵᠡᠢ ᠃
ᠯᠢᠦ ᠶᠢᠩ ᠵᠢᠶᠧ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠪᠠ ᠺᠠᠲ᠋ᠷ ᠴᠠᠭᠳᠠᠭ᠎ᠠ ᠶ᠋ᠢᠨ ᠰᠠᠢᠨ ᠳᠤᠷ᠎ᠠ ᠶ᠋ᠢᠨ ᠠᠵᠢᠯᠯᠠᠭᠰᠠᠳ ᠤ᠋ᠨ ᠨᠡᠢᠭᠡᠮ ᠲᠣᠭᠣᠷᠢᠭ ᠲᠤ᠌ ᠬᠦᠷᠴᠦ ᠬᠢᠵᠢᠭ᠌ ᠢ᠋ ᠰᠡᠷᠭᠡᠢᠯᠡᠨ ᠬᠣᠷᠢᠭᠯᠠᠬᠤ ᠳ᠋ᠤ᠌ ᠲᠤᠰᠠᠯᠠᠬᠤ ᠢᠳᠡᠪᠬᠢᠲᠡᠢ ᠠᠷᠭ᠎ᠠ ᠬᠡᠮᠵᠢᠶ᠎ᠡ ᠶ᠋ᠢ ᠦᠨᠡᠨ ᠬᠦ᠌ ᠨᠤᠲᠠᠯᠠᠪᠠ ᠂ ᠡᠭᠦᠨ ᠦ᠌ ᠬᠠᠮᠲᠤ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢ ᠨᠠᠮᠳᠠᠭᠠᠬᠤ ᠠᠵᠢᠯ ᠢ᠋ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ ᠂ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠳᠠᠬᠢᠨ ᠭᠦᠨᠵᠡᠭᠡᠢ ᠰᠤᠳᠤᠯᠵᠤ ᠂ ᠬᠠᠷᠢᠭᠤᠴᠠᠯᠭ᠎ᠠ ᠶ᠋ᠢ ᠤᠯᠠᠮ ᠨᠢᠭᠡ ᠠᠯᠬᠤᠮ ᠲᠣᠳᠣᠷᠬᠠᠢᠯᠠᠵᠤ ᠂ ᠬᠠᠢᠯᠤᠯᠲᠠ ᠶ᠋ᠢᠨ ᠨᠡᠢᠯᠡᠮᠡᠯ ᠬᠦᠴᠦᠨ ᠢ᠋ ᠪᠦᠷᠢᠯᠳᠦᠭᠦᠯᠬᠦ ᠬᠡᠷᠡᠭᠲᠡᠢ ᠭᠡᠪᠡ ᠃ ᠨᠠᠮᠳᠠᠭᠰᠠᠨ ᠦᠷ᠎ᠡ ᠪᠦᠲᠦᠭᠡᠯ ᠢ᠋ᠶ᠋ᠡᠨ ᠪᠡᠬᠢᠵᠢᠭᠦᠯᠦᠨ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠡᠯ᠎ᠡ ᠲᠥᠷᠥᠯ ᠦ᠋ᠨ ᠬᠡᠷᠡᠭ ᠢ᠋ ᠬᠠᠤᠯᠢ ᠶᠣᠰᠣᠭᠠᠷ ᠲᠣᠬᠢᠲᠠᠢ ᠰᠢᠢᠳᠪᠦᠷᠢᠯᠡᠵᠦ ᠂ ᠵᠠᠬᠢᠳᠠᠯ ᠰᠤᠷᠪᠤᠯᠵᠢᠯᠠᠭ᠎ᠠ ᠬᠢᠭᠰᠡᠳ ᠲᠦ᠍ ᠲᠥᠷᠥ ᠶ᠋ᠢᠨ ᠪᠣᠳᠣᠯᠭ᠎ᠠ ᠶ᠋ᠢᠨ ᠲᠠᠯ᠎ᠠ ᠪᠠᠷ ᠂ ᠬᠠᠤᠯᠢ ᠴᠠᠭᠠᠵᠠ ᠶ᠋ᠢᠨ ᠲᠠᠯ᠎ᠠ ᠪᠠᠷ ᠂ ᠬᠠᠢᠷ᠎ᠠ ᠰᠡᠳᠬᠢᠯᠭᠡ ᠶ᠋ᠢᠨ ᠲᠠᠯ᠎ᠠ ᠪᠠᠷ ᠦᠵᠡᠯ ᠰᠠᠨᠠᠭᠠᠨ ᠤ᠋ ᠠᠵᠢᠯ ᠢ᠋ ᠢᠯᠡᠭᠦᠬᠡᠨ ᠬᠢᠵᠦ ᠂ ᠣᠯᠠᠨ ᠠᠷᠭ᠎ᠠ ᠵᠠᠮ ᠢ᠋ᠶ᠋ᠠᠷ ᠳᠠᠮᠵᠢᠭᠤᠯᠤᠨ ᠠᠰᠠᠭᠤᠳᠠᠯ ᠢ᠋ ᠰᠢᠢᠳᠪᠦᠷᠢᠯᠡᠵᠦ ᠂ ᠬᠡᠷᠡᠭ ᠪᠣᠯᠭᠠᠨ ᠳᠤᠮᠳᠠ ᠠᠷᠠᠳ ᠣᠯᠠᠨ ᠳ᠋ᠤ᠌ ᠲᠥᠪ ᠭᠣᠣᠯᠴᠢ ᠰᠢᠳᠤᠷᠭᠤ ᠶᠣᠰᠣ ᠶ᠋ᠢ ᠣᠢᠯᠠᠭᠠᠭᠤᠯᠬᠤ ᠪᠠᠷ ᠴᠢᠷᠮᠠᠢᠬᠤ ᠬᠡᠷᠡᠭᠲᠡᠢ ᠃
ᠳᠠᠷᠠᠭᠠᠴᠢ ᠶ᠋ᠢᠨ ᠠᠯᠬᠤᠮ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠢᠨᠠᠨ ᠵᠢᠯᠣᠭᠣᠳᠬᠤ ᠰᠠᠨᠠᠯ ᠢ᠋ ᠨᠠᠷᠢᠨ ᠬᠢᠨᠠᠮᠠᠭᠠᠢ ᠲᠤᠤᠱᠯᠠᠭᠤᠯᠵᠤ ᠂ ᠱᠠᠲᠤ ᠱᠠᠲᠤ ᠪᠠᠷ ᠳᠠᠷᠤᠯᠲᠠ ᠶ᠋ᠢ ᠳᠠᠮᠵᠢᠭᠤᠯᠤᠨ ᠂ ᠬᠠᠷᠢᠭᠤᠴᠠᠯᠭ᠎ᠠ ᠶ᠋ᠢ ᠴᠢᠩᠭ᠎ᠠ ᠳᠠᠷᠤᠵᠤ ᠂ ᠵᠥᠷᠢᠴᠡᠯ ᠢ᠋ ᠴᠠᠭ ᠲᠤᠬᠠᠢ ᠳ᠋ᠤᠨᠢ ᠨᠠᠮᠳᠠᠭᠤᠯᠵᠤ ᠂ ᠵᠠᠷᠭᠤ ᠵᠠᠭᠠᠯᠳᠤᠯᠭ᠎ᠠ ᠶ᠋ᠢ ᠵᠣᠭᠰᠣᠭᠠᠵᠤ ᠵᠠᠷᠭᠤ ᠬᠢᠬᠦ ᠪᠡᠨ ᠵᠣᠭᠰᠣᠵᠤ ᠂ ᠬᠡᠷᠡᠭ ᠢ᠋ ᠳᠠᠭᠤᠰᠬᠠᠵᠤ ᠤᠴᠢᠷ ᠶᠠᠪᠤᠳᠠᠯ ᠢ᠋ ᠰᠢᠢᠳᠪᠦᠷᠢᠯᠡᠬᠦ ᠶ᠋ᠢ ᠪᠡᠶᠡᠯᠡᠭᠦᠯᠦᠨ᠎ᠡ ︔ ᠡᠨᠡ ᠨᠢ ᠬᠢᠵᠢᠭ᠌ ᠤᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠢ᠋ ᠤᠯᠠᠮ ᠴᠢᠩᠭ᠋ᠠᠳᠬᠠᠵᠤ ᠂ ᠨᠠᠮ ᠤ᠋ᠨ ᠭᠡᠰᠢᠭᠦᠨ ᠺᠠᠲ᠋ᠷ ᠴᠠᠭᠳᠠᠭ᠎ᠠ ᠶ᠋ᠢ ᠵᠣᠬᠢᠶᠠᠨ ᠪᠠᠢᠭᠤᠯᠵᠤ ᠂ ᠰᠠᠢᠨ ᠳᠤᠷ᠎ᠠ ᠶ᠋ᠢᠨ ᠦᠢᠯᠡᠴᠢᠯᠡᠭᠡ ᠶ᠋ᠢ ᠥᠷᠨᠢᠭᠦᠯᠵᠦ ᠂ ᠬᠢᠵᠢᠭ᠌ ᠤᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠨᠢᠭᠡᠳᠦᠭᠡᠷ ᠹᠷᠣᠨᠲᠲᠤ᠌ ᠨᠠᠮ ᠤ᠋ᠨ ᠲᠤᠭ ᠢ᠋ ᠥᠨᠳᠥᠷ ᠨᠠᠮᠵᠢᠭᠤᠯᠤᠨ ᠂ ᠡᠨᠡ ᠤᠳᠠᠭᠠᠨ ᠤ᠋ ᠬᠢᠵᠢᠭ᠌ ᠤᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠪᠠ ᠬᠣᠷᠢᠭᠯᠠᠨ ᠴᠣᠬᠢᠬᠤ ᠠᠵᠢᠯᠯᠠᠭ᠎ᠠ ᠳ᠋ᠤ᠌ ᠰᠢᠭᠦᠬᠦ ᠬᠣᠷᠢᠶᠠᠨᠤ᠋ ᠬᠤᠪᠢ ᠨᠡᠮᠡᠷᠢ ᠪᠡᠨ ᠦᠵᠡᠭᠦᠯᠦᠨ᠎ᠡ ᠃
ᠦᠨᠡᠯᠡᠬᠦ 0ᠦᠨᠡᠯᠡᠯᠲᠡ᠎ᠲᠠᠢ