ᠣᠢᠷ᠎ᠠ ᠳ᠋ᠤ ᠂ ᠰᠢᠨ᠎ᠡ ᠲᠢᠲᠢᠮᠯᠢᠭ᠌ ᠠᠭᠤᠰᠬᠢᠨ ᠦᠷᠪᠢᠰᠦᠯ ᠦ᠋ᠨ ᠬᠢᠵᠢᠭ᠌ ᠤᠨ ᠪᠠᠢᠳᠠᠯ ᠤ᠋ᠨ ᠡᠮᠦᠨ᠎ᠡ ᠂ ᠣᠷᠳᠣᠰ ᠤ᠋ᠨ ᠰᠢᠭᠦᠬᠦ ᠬᠣᠷᠢᠶ᠎ᠠ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠣᠷᠢᠭᠯᠠᠬᠤ ᠴᠢᠬᠤᠯᠠ ᠶᠡᠬᠡ ᠤᠯᠤᠰ ᠲᠥᠷᠥ ᠶ᠋ᠢᠨ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠ᠋ᠴᠠ ᠪᠠᠨ ᠡᠭᠦᠷᠭᠡᠯᠡᠵᠦ ᠨᠠᠮ ᠤ᠋ᠨ ᠬᠣᠷᠢᠶ᠎ᠠ ᠵᠠᠰᠠᠭ ᠤ᠋ᠨ ᠣᠷᠳᠣᠨ ᠡᠴᠡ ᠤᠷᠢᠶᠠᠯᠠᠬᠤ ᠂ ᠰᠢᠭᠦᠬᠦ ᠬᠣᠷᠢᠶ᠎ᠠ ᠴᠤᠤᠷᠢᠶᠠᠲᠤᠨ ᠳᠠᠭᠠᠬᠤ ᠂ ᠺᠠᠲ᠋ᠷ ᠴᠠᠭᠳᠠᠭ᠎ᠠ ᠬᠠᠷᠢᠭᠤᠴᠠᠯᠭ᠎ᠠ ᠡᠭᠦᠷᠭᠡᠯᠡᠬᠦ ᠂ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠣᠷᠢᠭᠯᠠᠬᠤ ᠨᠢᠭᠡᠳᠦᠭᠡᠷ ᠹᠷᠣᠨᠲ ᠲᠤ᠌ ᠰᠠᠨᠠᠭᠠᠴᠢᠯᠠᠭᠠᠠ᠋ᠴᠠ ᠪᠠᠨ ᠣᠷᠣᠯᠴᠠᠵᠤ ᠂ ᠨᠡᠢᠭᠡᠮ ᠲᠣᠭᠣᠷᠢᠭ ᠤ᠋ᠨ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠣᠷᠢᠭᠯᠠᠬᠤ ᠠᠵᠢᠯ ᠳ᠋ᠤ᠌ ᠣᠷᠣᠯᠴᠠᠵᠤ ᠂ ᠬᠢᠵᠢᠭ᠌ ᠢ᠋ ᠰᠡᠷᠭᠡᠢᠯᠡᠨ ᠬᠣᠷᠢᠭᠯᠠᠬᠤ ᠲᠡᠢᠨ ᠳ᠋ᠦ᠍ ᠢᠯᠠᠯᠲᠠ ᠣᠯᠬᠤᠶ᠋ᠢᠨ ᠲᠥᠯᠥᠭᠡ ᠰᠢᠭᠦᠬᠦ ᠬᠣᠷᠢᠶᠠᠨ ᠤ᠋ ᠬᠦᠴᠦᠨ ᠴᠢᠳᠠᠯ ᠢ᠋ᠶ᠋ᠠᠨ ᠡᠷᠭᠦᠪᠡ ᠃
ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ
ᠲᠤᠰ ᠤᠳᠠᠭᠠᠨ ᠤ᠋ ᠬᠢᠵᠢᠭ᠌ ᠦ᠋ᠨ ᠪᠠᠢᠳᠠᠯ ᠢᠷᠡᠵᠦ ᠂ ᠳ᠋ᠦᠩᠱᠧᠩ ᠂ ᠬᠢᠶ᠎ᠡ ᠪᠠᠭᠰᠢ ᠂ ᠡᠵᠡᠨ ᠬᠣᠷᠣᠭ᠎ᠠ ᠬᠣᠰᠢᠭᠤ ᠵᠡᠷᠭᠡ ᠣᠯᠠᠨ ᠭᠠᠵᠠᠷ ᠲᠤ᠌ ᠨᠠᠮ ᠵᠢᠮ ᠬᠠᠮᠢᠶᠠᠷᠤᠯᠲᠠ ᠶᠠᠪᠤᠭᠤᠯᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠡᠰᠡᠭ ᠺᠠᠲ᠋ᠷ ᠴᠠᠭᠳᠠᠭ᠎ᠠ ᠨᠠᠷ ᠠᠵᠢᠯ ᠤ᠋ᠨ ᠪᠠᠢᠷᠢ ᠳ᠋ᠤ᠌ ᠬᠦᠷᠴᠦ ᠰᠢᠭᠦᠨ ᠲᠠᠰᠤᠯᠬᠤ ᠠᠵᠢᠯ ᠢ᠋ ᠬᠢᠵᠦ ᠳᠡᠢᠯᠬᠦ ᠦᠭᠡᠢ ᠪᠠᠢᠨ᠎ᠠ ᠃ ᠠᠮᠢ ᠪᠡᠶ᠎ᠡ ᠶ᠋ᠢᠨ ᠠᠮᠤᠷ ᠲᠦᠪᠰᠢᠨ ᠢ᠋ ᠪᠠᠲᠤᠯᠠᠭᠰᠠᠨ ᠪᠠᠢᠳᠠᠯ ᠳᠣᠣᠷ᠎ᠠ ᠂ ᠬᠡᠰᠡᠭ ᠰᠢᠭᠦᠭᠴᠢ ᠰᠠᠢᠨ ᠳᠤᠷ᠎ᠠ ᠠ᠋ᠴᠠ ᠪᠦᠭᠡᠮ ᠬᠦᠴᠢᠯᠢ᠋ ᠰᠢᠯᠭᠠᠨ ᠪᠠᠢᠴᠠᠭᠠᠬᠤ ᠰᠠᠢᠨ ᠳᠤᠷ᠎ᠠ ᠶ᠋ᠢᠨ ᠪᠦᠯᠬᠦᠮ ᠳ᠋ᠦ᠍ ᠣᠷᠣᠯᠴᠠᠵᠤ ᠂ ᠡᠨᠡ ᠤᠳᠠᠭᠠᠨ ᠤ᠋ ᠤᠲᠤᠭ᠎ᠠ ᠦᠭᠡᠢ ᠲᠡᠢᠨ ᠳ᠋ᠦ᠍ ᠣᠷᠣᠯᠴᠠᠪᠠ ᠃ ᠲᠡᠳᠡ ᠪᠣᠯ ᠲᠥᠪ ᠭᠣᠣᠯᠴᠢ ᠭᠣᠶᠠᠴᠢ ᠦᠭᠡᠢ ᠰᠢᠭᠦᠭᠴᠢ ᠪᠣᠯᠬᠤ ᠪᠥᠭᠡᠳ ᠪᠠᠰᠠ ᠴᠤ᠌ ᠡᠭᠡᠯ ᠠᠷᠠᠳ ᠶᠤᠮ ᠂ ᠳᠤᠷᠠᠲᠠᠶ᠎ᠠ ᠨᠢᠭᠡ ᠰᠢᠷᠬᠡᠭ ᠠᠨᠠᠷᠤ᠋ᠨ ᠦᠷ᠎ᠡ ᠪᠣᠯᠵᠤ ᠂ ᠠᠷᠠᠳ ᠣᠯᠠᠨᠤ᠋ ᠠᠮᠢ ᠨᠠᠰᠤ ᠪᠣᠯᠤᠨ ᠠᠮᠤᠷ ᠲᠦᠪᠰᠢᠨ ᠦ᠌ ᠱᠤᠭᠤᠮ ᠢ᠋ ᠬᠠᠮᠲᠤ ᠪᠠᠷ ᠰᠠᠬᠢᠨ ᠬᠠᠮᠠᠭᠠᠯᠠᠪᠠ᠃
● ᠳ᠋ᠦᠩᠱᠧᠩ ᠲᠣᠭᠣᠷᠢᠭ ᠤ᠋ᠨ ᠠᠷᠠᠳ ᠶ᠋ᠢᠨ ᠰᠢᠭᠦᠬᠦ ᠬᠣᠷᠢᠶ᠎ᠠ
ᠲᠡᠳᠡ ᠪᠣᠯ ᠮᠡᠳᠡᠭᠡ ᠵᠠᠩᠭᠢ ᠴᠤᠭᠯᠠᠭᠤᠯᠤᠭᠴᠢ ᠂ ᠤᠳᠠᠭ᠎ᠠ ᠳᠠᠷᠠᠭᠠᠯᠠᠨ 《 ᠣᠯᠠᠨ ᠢ᠋ᠶ᠋ᠠᠷ ᠢ᠋ᠶ᠋ᠠᠨ ᠨᠣᠮᠧᠷ ᠢ᠋ ᠰᠢᠷᠪᠡᠵᠦ ᠳᠠᠩᠰᠠᠯᠠᠬᠤ ᠮᠡᠳᠡᠭᠡ ᠵᠠᠩᠭᠢ ᠶ᠋ᠢ ᠳᠠᠬᠢᠨ ᠳᠠᠪᠲᠠᠨ ᠪᠣᠯᠪᠠᠰᠤᠷᠠᠵᠤ ᠪᠠᠢᠭ᠎ᠠ 》 ; ᠲᠡᠳᠡ ᠪᠣᠯ ᠡᠮᠬᠢ ᠳᠢᠭ᠌ᠯᠢᠮ ᠤᠨ ᠬᠠᠮᠠᠭᠠᠯᠠᠭᠴᠢ ᠂ ᠳᠠᠷᠠᠭᠠᠯᠠᠨ 《 ᠣᠯᠠᠨ ᠢ᠋ᠶ᠋ᠠᠷ ᠢ᠋ᠶ᠋ᠠᠨ ᠨᠢᠭᠡ ᠮᠧᠲ᠋ᠷ ᠦ᠋ᠨ ᠵᠠᠢ ᠵᠢ ᠪᠠᠲᠤᠯᠠᠭᠠᠷᠠᠢ 》 ᠭᠡᠵᠦ ᠰᠠᠨᠠᠭᠤᠯᠵᠠᠢ ︔ ᠲᠡᠳᠡ ᠪᠣᠯ ᠠᠮᠤᠷ ᠲᠦᠪᠰᠢᠨ ᠦ᠌ ᠬᠠᠮᠢᠶᠠᠷᠤᠭᠴᠢ ᠂ ᠡᠯ᠎ᠡ ᠠᠰᠠᠷ ᠤ᠋ᠨ ᠬᠣᠭᠣᠷᠣᠨᠳᠣ ᠶᠠᠪᠤᠵᠤ ᠂ ᠣᠯᠠᠨ ᠲᠦᠮᠡᠨ ᠪᠣᠯᠤᠨ ᠲᠤᠰᠠᠭᠠᠷᠯᠠᠭᠴᠢᠳ ᠤ᠋ᠨ ᠬᠣᠭᠣᠷᠣᠨᠳᠣ ᠠᠮᠤᠷ ᠲᠦᠪᠰᠢᠨ ᠦ᠌ ᠰᠡᠷᠭᠡᠢᠯᠡᠯᠲᠡ ᠶ᠋ᠢᠨ ᠱᠤᠭᠤᠮ ᠪᠠᠷᠢᠵᠤ ᠪᠠᠢᠳᠠᠭ ᠃ ᠲᠡᠳᠡ ᠨᠠᠷ ᠬᠢᠵᠢᠭ᠌ ᠢ ᠰᠡᠷᠭᠡᠢᠯᠡᠬᠦ ᠠᠵᠢᠯᠲᠠᠨ ᠂ ᠪᠠᠷᠢᠯᠭ᠎ᠠ ᠶ᠋ᠢᠨ ᠠᠵᠢᠯᠴᠢᠨ ᠢ᠋ ᠲᠥᠪᠯᠡᠷᠡᠭᠦᠯᠵᠦ ᠂ ᠬᠢᠵᠢᠭ᠌ ᠢ ᠰᠡᠷᠭᠡᠢᠯᠡᠬᠦ ᠶ᠋ᠢᠨ ᠬᠠᠮᠲᠤ ᠮᠠᠢᠬᠠᠨ ᠪᠠᠷᠢᠪᠠ ᠃ 10 ᠰᠠᠷ᠎ᠠ ᠶ᠋ᠢᠨ 8 ᠤ᠋ ᠡᠳᠦᠷ ᠂ ᠳᠤᠮᠳᠠᠳᠤ ᠤᠯᠤᠰ ᠤ᠋ᠨ ᠠᠷᠠᠳᠴᠢᠯᠠᠭᠰᠠᠨ ᠬᠣᠯᠪᠣᠭ᠎ᠠ ᠶ᠋ᠢᠨ C ᠲᠣᠭᠣᠷᠢᠭ ᠤ᠋ᠨ ᠦᠯᠢᠭᠡᠷ ᠠᠪᠤᠭᠰᠠᠨ ᠮᠠᠢᠬᠠᠨ ᠢ᠋ ᠶᠡᠬᠡ ᠰᠠᠯᠬᠢᠨ ᠳ᠋ᠤ᠌ ᠤᠬᠳᠠᠨ ᠰᠦᠢᠷᠡᠭᠦᠯᠵᠦ ᠂ ᠳ᠋ᠦᠩᠱᠧᠩ ᠲᠣᠭᠣᠷᠢᠭ ᠤ᠋ᠨ ᠰᠢᠭᠦᠬᠦ ᠬᠣᠷᠢᠶ᠎ᠠ ᠶ᠋ᠢᠨ ᠺᠠᠲ᠋ᠷ ᠴᠠᠭᠳᠠᠭ᠎ᠠ ᠨᠠᠷ ᠬᠠᠮᠠᠭᠠᠯᠠᠯᠲᠠ ᠶ᠋ᠢᠨ ᠬᠤᠪᠴᠠᠰᠤ ᠡᠮᠦᠰᠴᠦ ᠂ ᠨᠡᠢᠭᠡᠮ ᠲᠣᠭᠣᠷᠢᠭ ᠤ᠋ᠨ ᠠᠵᠢᠯᠲᠠᠳ ᠲᠠᠢ ᠬᠠᠮᠲᠤᠪᠠᠷ ᠡᠯᠡᠰᠦᠨ ᠤᠭᠤᠲᠠ ᠵᠥᠭᠡᠭᠡᠵᠦ ᠂ ᠮᠠᠢᠬᠠᠨ ᠢ᠋ ᠰᠠᠢᠲᠤᠷ ᠪᠣᠰᠬᠠᠨ ᠂ ᠬᠢᠵᠢᠭ᠌ ᠢ᠋ ᠰᠡᠷᠭᠡᠢᠯᠡᠬᠦ ᠠᠵᠢᠯ ᠤ᠋ᠨ ᠡᠮᠬᠢ ᠳᠢᠭᠯᠢᠮ ᠲᠡᠢ ᠶᠠᠪᠤᠭᠳᠠᠬᠤ ᠶ᠋ᠢ ᠪᠠᠲᠤᠯᠠᠪᠠ ᠃
ᠬᠢᠶ᠎ᠡ ᠪᠠᠭᠰᠢ ᠲᠣᠭᠣᠷᠢᠭ ᠤ᠋ᠨ ᠠᠷᠠᠳ ᠤ᠋ᠨ ᠰᠢᠭᠦᠬᠦ ᠬᠣᠷᠢᠶ᠎ᠠ
ᠠᠭᠠᠷ ᠤ᠋ᠨ ᠳᠤᠯᠠᠭᠠᠨ ᠭᠡᠨᠡᠳᠲᠡ ᠪᠠᠭᠤᠷᠠᠵᠤ ᠂ ᠶᠡᠬᠡ ᠰᠠᠯᠬᠢᠨ ᠤ᠋ ᠠᠭᠤᠷ ᠠᠮᠢᠰᠬᠤᠯ ᠤ᠋ᠨ ᠠᠰᠢᠭ ᠥᠬᠡᠢ ᠨᠥᠯᠥᠭᠡ ᠳ᠋ᠦ᠍ ᠬᠠᠨᠳᠤᠭᠤᠯᠤᠨ ᠂ ᠬᠢᠶ᠎ᠡ ᠪᠠᠭᠰᠢ ᠲᠣᠭᠣᠷᠢᠭ ᠤ᠋ᠨ ᠠᠷᠠᠳ ᠤ᠋ᠨ ᠰᠢᠭᠦᠬᠦ ᠬᠣᠷᠢᠶᠠᠨ ᠤ᠋ ᠺᠠᠲ᠋ᠷ ᠴᠠᠭᠳᠠᠭ᠎ᠠ ᠨᠠᠷ ᠭᠡᠷ ᠡᠷᠦᠬᠡ ᠪᠡᠨ ᠬᠠᠢᠷᠠᠯᠠᠨ ᠬᠠᠷᠠᠭᠠᠯᠵᠠᠬᠤ ᠵᠣᠷᠢᠭ ᠰᠠᠨᠠᠭ᠎ᠠ ᠶ᠋ᠢ ᠭᠦᠢᠴᠡᠳ ᠪᠠᠳᠠᠷᠠᠭᠤᠯᠵᠤ ᠂ ᠺᠠᠩ ᠳᠠ ᠨᠡᠢᠲᠡ ᠶ᠋ᠢᠨ ᠰᠠᠭᠤᠴᠠ ᠪᠠ ᠺᠠᠩ ᠰᠢᠨ ᠰᠠᠭᠤᠭᠠᠯᠢ ᠲᠣᠭᠣᠷᠢᠭ ᠬᠣᠶᠠᠷ ᠪᠠᠢᠴᠠᠭᠠᠨ ᠬᠡᠮᠵᠢᠬᠦ ᠴᠢᠭ᠌ ᠲᠦ᠍ ᠦᠢᠯᠡᠴᠢᠯᠡᠵᠦ ᠂ ᠡᠮᠬᠢ ᠳᠢᠭᠯᠢᠮ ᠢ᠋ ᠬᠠᠮᠠᠭᠠᠯᠠᠬᠤ ᠂ ᠮᠡᠳᠡᠭᠡ ᠵᠠᠩᠭᠢ ᠶ᠋ᠢ ᠳᠠᠩᠰᠠᠯᠠᠬᠤ ᠂ ᠳᠤᠯᠠᠭᠠᠨ ᠢ᠋ ᠬᠡᠮᠵᠢᠬᠦ ᠂ ᠠᠷᠤ ᠲᠠᠯ᠎ᠠ ᠶ᠋ᠢᠨ ᠠᠵᠢᠯ ᠤ᠋ᠨ ᠪᠠᠲᠤᠯᠠᠭ᠎ᠠ ᠵᠡᠷᠭᠡ ᠠᠵᠢᠯ ᠤ᠋ᠨ ᠪᠠᠢᠷᠢ ᠳᠡᠭᠡᠷ᠎ᠡ ᠪᠦᠬᠦ ᠬᠦᠴᠦᠨ ᠢ᠋ᠶ᠋ᠡᠷ ᠢ᠋ᠶ᠋ᠡᠨ ᠴᠢᠷᠮᠠᠢᠵᠤ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠂ ᠨᠡᠢᠭᠡᠮ ᠲᠣᠭᠣᠷᠢᠭ ᠢ᠋ ᠬᠠᠪᠰᠤᠷᠤᠨ ᠪᠦᠭᠡᠮ ᠬᠦᠴᠢᠯᠦ᠋ᠨ ᠪᠠᠢᠴᠠᠭᠠᠨ ᠬᠡᠮᠵᠢᠬᠦ ᠠᠵᠢᠯ ᠬᠢᠪᠡ ᠃
ᠳᠠᠯᠠᠳ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ᠎ᠠ
ᠲᠡᠳᠡ ᠪᠣᠯ ᠨᠠᠮ ᠤ᠋ᠨ ᠭᠡᠰᠢᠭᠦᠨ ᠦ᠌ ᠰᠠᠢᠨ ᠳᠤᠷ᠎ᠠ ᠶ᠋ᠢᠨ ᠬᠥᠮᠦᠰ ᠂ ᠲᠡᠳᠡ ᠪᠣᠯ ᠨᠡᠢᠭᠡᠮ ᠲᠣᠭᠣᠷᠢᠭ ᠂ ᠵᠡᠭᠡᠯᠢ ᠭᠤᠳᠤᠮᠵᠢ ᠶ᠋ᠢᠨ 《 ᠬᠢᠵᠢᠭ᠌ ᠰᠡᠷᠭᠡᠢᠯᠡᠬᠦ 》 ᠠᠵᠢᠯ ᠢ᠋ ᠬᠢᠵᠦ ᠪᠠᠢᠭ᠎ᠠ ᠬᠥᠮᠦᠰ ᠪᠣᠯᠤᠨ᠎ᠠ ᠃ ᠬᠢᠵᠢᠭ᠌ ᠢ᠋ ᠰᠡᠷᠭᠡᠢᠯᠡᠬᠦ ᠡᠮᠦᠨ᠎ᠡ ᠹᠷᠣᠨᠲ ᠲᠤ᠌ ᠲᠡᠳᠡ ᠪᠦᠭᠡᠮ ᠬᠦᠴᠢᠯ ᠦ᠋ᠨ ᠪᠠᠢᠴᠠᠭᠠᠯᠲᠠ ᠬᠢᠵᠦ ᠂ ᠬᠠᠬᠢᠷ ᠬᠦᠢᠲᠡᠨ ᠳ᠋ᠦ᠍ ᠬᠢᠵᠢᠭ᠌ ᠢ᠋ ᠰᠡᠷᠭᠡᠢᠯᠡᠬᠦ ᠡᠮᠬᠢ ᠵᠠᠮᠪᠠᠷᠠᠭ᠎ᠠ ᠶ᠋ᠢ ᠬᠠᠮᠠᠭᠠᠯᠠᠨ ᠂ ᠡᠮᠦᠨ᠎ᠡ ᠹᠷᠣᠨᠲᠲᠤ᠌ ᠬᠢᠵᠢᠭ᠌ ᠢ ᠰᠡᠷᠭᠡᠢᠯᠡᠬᠦ ᠬᠠᠯᠬᠠᠪᠴᠢ ᠪᠣᠰᠬᠠᠵᠤ ᠪᠠᠢᠨ᠎ᠠ ᠃
ᠵᠡᠭᠦᠨᠭᠠᠷ ᠬᠤᠰᠢᠭᠤᠨ ᠤ᠋ ᠠᠷᠠᠳᠤ᠋ᠨ ᠰᠢᠭᠦᠬᠦ ᠬᠣᠷᠢᠶ᠎ᠠ
ᠨᠠᠮ ᠤ᠋ᠨ ᠭᠡᠰᠢᠭᠦᠨ ᠦ᠌ ᠬᠣᠰᠢᠭᠤᠴᠢ ᠵᠢᠱ᠌ᠢᠶᠡᠴᠢ ᠦᠢᠯᠡᠳᠦᠯ ᠢ᠋ ᠪᠠᠳᠠᠷᠠᠭᠤᠯᠬᠤ ᠨᠢ ᠤᠷᠢᠶ᠎ᠠ ᠲᠡᠳᠦᠢ ᠪᠡᠷ ᠪᠠᠷᠠᠬᠤ ᠦᠭᠡᠢ ᠂ ᠨᠠᠮ ᠤ᠋ᠨ ᠭᠡᠰᠢᠭᠦᠨ ᠺᠠᠲ᠋ᠷ ᠴᠠᠭᠳᠠᠭ᠎ᠠ ᠨᠠᠷ ᠪᠠᠴᠢᠮ ᠦᠶ᠎ᠡ ᠳ᠋ᠦ᠍ ᠴᠡᠭᠡᠵᠢ ᠲᠦᠷᠢᠨ ᠭᠠᠷᠴᠤ ᠢᠷᠡᠭᠰᠡᠨ ᠶᠠᠪᠤᠳᠠᠯ ᠮᠥᠨ ᠃ 10 ᠰᠠᠷ᠎ᠠ ᠶ᠋ᠢᠨ 7 ᠤ᠋ ᠡᠳᠦᠷ ᠡᠴᠡ ᠡᠬᠢᠯᠡᠨ ᠂ ᠵᠡᠭᠦᠨᠭᠠᠷ ᠬᠤᠰᠢᠭᠤᠨ ᠤ᠋ ᠰᠢᠭᠦᠬᠦ ᠬᠣᠷᠢᠶ᠎ᠠ ᠡᠯ᠎ᠡ ᠨᠠᠮ ᠤ᠋ᠨ ᠭᠡᠰᠢᠭᠦᠨ ᠺᠠᠲ᠋ᠷ ᠴᠠᠭᠳᠠᠭ᠎ᠠ ᠶ᠋ᠢ ᠵᠣᠬᠢᠶᠠᠨ ᠪᠠᠢᠭᠤᠯᠤᠨ ᠪᠦᠬᠦ ᠬᠤᠰᠢᠭᠤᠨ ᠤ᠋ ᠪᠦᠭᠡᠮ ᠬᠦᠴᠢᠯ ᠢ᠋ ᠰᠢᠯᠭᠠᠨ ᠪᠠᠢᠴᠠᠭᠠᠬᠤ ᠰᠠᠢᠨ ᠳᠤᠷ᠎ᠠ ᠶ᠋ᠢᠨ ᠦᠢᠯᠡᠴᠢᠯᠡᠭᠡᠨ ᠦ᠌ ᠠᠵᠢᠯ ᠳ᠋ᠤ᠌ ᠣᠷᠣᠯᠴᠠᠭᠤᠯᠵᠤ ᠂ ᠪᠦᠭᠡᠮ ᠬᠦᠴᠢᠯ ᠢ᠋ ᠰᠢᠯᠭᠠᠨ ᠪᠠᠢᠴᠠᠭᠠᠬᠤ ᠰᠠᠢᠨ ᠳᠤᠷ᠎ᠠ ᠶ᠋ᠢᠨ ᠦᠢᠯᠡᠴᠢᠯᠡᠭᠡ ᠳ᠋ᠦ᠍ ᠬᠦᠴᠦᠨ ᠨᠡᠮᠡᠷᠢᠯᠡᠪᠡ ᠃ ᠲᠡᠳᠡ ᠡᠮᠨᠡᠯᠭᠡ ᠶ᠋ᠢᠨ ᠠᠵᠢᠯᠲᠠᠨ ᠤ᠋ ᠶᠠᠭᠠᠷᠠᠯᠲᠠᠢ ᠪᠠᠷ᠎ᠠ ᠲᠥᠷᠬᠦ ᠶ᠋ᠢ ᠳᠠᠭᠠᠵᠤ ᠂ ᠨᠡᠢᠭᠡᠮ ᠲᠣᠭᠣᠷᠢᠭ ᠤ᠋ᠨ ᠰᠠᠭᠤᠭᠠᠯᠢ ᠠᠷᠠᠳ ᠲᠤ᠌ ᠺᠣᠳ᠋ ᠠᠷᠢᠯᠭᠠᠬᠤ ᠂ ᠮᠡᠳᠡᠭᠡ ᠵᠠᠩᠭᠢ ᠴᠤᠭᠯᠠᠭᠤᠯᠬᠤ ᠪᠠ ᠠᠬᠤᠢ ᠲᠠᠯᠠᠪᠠᠢ ᠶ᠋ᠢᠨ ᠡᠮᠬᠢ ᠳᠢᠭᠯᠢᠮ ᠢ᠋ ᠪᠠᠲᠤᠯᠠᠵᠤ ᠂ ᠨᠠᠰᠤ ᠠᠬᠢᠭᠰᠠᠨ ᠨᠠᠰᠤᠲᠠᠨ ᠢ᠋ ᠬᠠᠪᠰᠤᠷᠴᠤ ᠮᠡᠳᠡᠭᠡ ᠵᠠᠩᠭᠢ ᠰᠢᠩᠭᠡᠭᠡᠨ ᠣᠷᠣᠭᠤᠯᠬᠤ ᠪᠠ ᠴᠤᠭᠯᠠᠭᠤᠯᠵᠤ ᠂ ᠨᠡᠢᠭᠡᠮ ᠲᠣᠭᠣᠷᠢᠭ ᠤ᠋ᠨ ᠰᠠᠭᠤᠭᠠᠯᠢ ᠠᠷᠠᠳ ᠢ᠋ ᠬᠥᠲᠥᠯᠦᠨ ᠵᠢᠯᠣᠭᠣᠳᠴᠤ ᠪᠠᠢᠭᠠᠳ ᠡᠮᠬᠢ ᠵᠢᠷᠤᠮ ᠲᠠᠢ ᠪᠠᠷ ᠪᠦᠭᠡᠮ ᠬᠦᠴᠢᠯ ᠴᠤᠭᠯᠠᠭᠤᠯᠵᠠᠢ᠃
● ᠡᠵᠡᠨ ᠬᠣᠷᠣᠭ᠎ᠠ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ
ᠬᠢᠵᠢᠭ᠌ ᠡᠬᠢᠯᠡᠭᠰᠡᠨ ᠡᠴᠡ ᠨᠠᠰᠢ᠂ ᠡᠵᠡᠨ ᠬᠣᠷᠣᠭ᠎ᠠ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶᠠᠨ ᠤ᠋ ᠺᠠᠲ᠋ᠷ ᠴᠠᠭᠳᠠᠭ᠎ᠠ ᠨᠡᠢᠭᠡᠮ ᠲᠣᠭᠣᠷᠢᠭ ᠢ᠋ ᠬᠠᠪᠰᠤᠷᠤᠨ ᠪᠠᠢᠴᠠᠭᠠᠬᠤ ᠂ ᠲᠡᠮᠳᠡᠭᠯᠡᠬᠦ ᠂ ᠡᠮᠬᠢ ᠳᠢᠭᠯᠢᠮ ᠢ᠋ ᠬᠠᠮᠠᠭᠠᠯᠠᠵᠤ ᠂ ᠵᠢᠯᠣᠭᠣᠳᠤᠨ ᠂ ᠡᠷᠦᠬᠡ ᠳ᠋ᠦ᠍ ᠣᠷᠣᠵᠤ ᠂ ᠬᠢᠵᠢᠭ᠌ ᠢ ᠰᠡᠷᠭᠡᠢᠯᠡᠬᠦ ᠠᠵᠢᠯ ᠢ ᠬᠠᠪᠰᠤᠷᠠᠭᠰᠠᠨ ᠪᠠᠢᠨ᠎ᠠ᠃
ᠦᠦᠰᠢᠨ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ
《ᠲᠠ ᠰᠠᠢᠨᠤ︖ ᠂ ᠲᠠ ᠬᠠᠮᠢᠭ᠎ᠠ ᠠ᠋ᠴᠠ ᠢᠷᠡᠭᠰᠡᠨ ᠪᠣᠢ ? ︖ ᠲᠠᠨ ᠤ᠋ ᠡᠷᠡᠭᠦᠯ ᠮᠡᠨᠳᠦ ᠶ᠋ᠢᠨ ᠨᠣᠮᠧᠷ ᠂ ᠠᠶᠠᠨ ᠤ᠋ ᠲᠡᠮᠳᠡᠭ ᠢ᠋ᠶ᠋ᠡᠨ ᠭᠠᠷᠭᠠᠭᠠᠷᠠᠢ ᠃ 》 ᠦᠦᠰᠢᠨ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶᠠᠨ ᠤ᠋ ᠨᠠᠮ ᠤ᠋ᠨ ᠪᠦᠭᠡᠮ ᠬᠦᠴᠢᠯ ᠢ᠋ ᠪᠠᠢᠴᠠᠭᠠᠬᠤ ᠲᠤᠬᠠᠢ ᠶ᠋ᠢᠨ ᠲᠠᠯᠠᠪᠠᠢ ᠳ᠋ᠤ᠌ ᠡᠮᠨᠡᠯᠭᠡ ᠶ᠋ᠢᠨ ᠠᠵᠢᠯᠲᠠᠳ ᠢ᠋ ᠬᠠᠪᠰᠤᠷᠤᠨ ᠠᠵᠢᠯ ᠥᠷᠨᠢᠭᠦᠯᠪᠡ ᠃
ᠬᠠᠩᠭᠢᠨ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ
10 ᠰᠠᠷᠠᠶ᠋ᠢᠨ 7 ᠤ᠋ ᠣᠷᠣᠢ ᠶ᠋ᠢᠨ 23 ᠴᠠᠭ ᠤ᠋ᠨ ᠦᠶ᠎ᠡ ᠪᠡᠷ ᠂ ᠬᠠᠩᠭᠢᠨ ᠬᠤᠰᠢᠭᠤᠨ ᠤ᠋ ᠠᠷᠠᠳᠤ᠋ᠨ ᠰᠢᠭᠦᠬᠦ ᠬᠣᠷᠢᠶ᠎ᠠ ᠬᠤᠰᠢᠭᠤᠨ ᠤ ᠨᠠᠮ ᠤ᠋ᠨ ᠬᠣᠷᠢᠶ᠎ᠠ ᠵᠢᠴᠢ ᠬᠢᠵᠢᠭ᠌ ᠢ᠋ ᠰᠡᠷᠭᠡᠢᠯᠡᠨ ᠬᠣᠷᠢᠭᠯᠠᠬᠤ ᠵᠢᠯᠣᠭᠣᠳᠬᠤ ᠭᠠᠵᠠᠷ ᠤ᠋ᠨ ᠲᠣᠬᠢᠷᠠᠭᠤᠯᠤᠯᠲᠠ ᠪᠠᠢᠷᠢᠯᠠᠭᠤᠯᠤᠯᠲᠠ ᠶ᠋ᠢ ᠳᠠᠭᠠᠵᠤ ᠂ ᠬᠦᠴᠦᠨ ᠢ᠋ᠶ᠋ᠡᠨ ᠦᠳᠲᠡᠷ ᠲᠦᠷᠭᠡᠨ ᠳᠠᠢᠴᠢᠯᠠᠵᠤ ᠂ 8 ᠤ᠋ ᠡᠳᠦᠷ ᠦ᠋ᠨ ᠥᠷᠯᠥᠭᠡ 30 ᠬᠥᠮᠦᠨ ᠦ᠌ ᠰᠠᠢᠨ ᠳᠤᠷ᠎ᠠ ᠶ᠋ᠢᠨ ᠦᠢᠯᠡᠴᠢᠯᠡᠭᠡᠨ ᠦ᠌ ᠠᠩᠭᠢ ᠶ᠋ᠢ ᠪᠠᠢᠭᠤᠯᠵᠠᠢ ᠃ ᠥᠷᠯᠥᠭᠡ ᠶ᠋ᠢᠨ 4 ᠄ 30 ᠮᠢᠨᠦᠢ᠍ᠲᠲᠦ᠍ ᠂ ᠰᠠᠢᠨ ᠳᠤᠷᠠᠶ᠋ ᠢᠨ ᠠᠩᠭᠢ ᠨᠢ ᠪᠤᠭᠤᠲᠤ ᠶ᠋ᠢᠨ ᠭᠤᠷᠪᠠᠨ ᠲᠣᠭᠣᠷᠢᠭ ᠤ᠋ᠨ ᠰᠠᠭᠤᠭᠠᠯᠢ ᠠᠷᠠᠳ ᠤ᠋ᠨ ᠲᠣᠭᠣᠷᠢᠭ ᠢ᠋ ᠲᠦᠷ ᠴᠠᠭ ᠪᠢᠲᠡᠭᠦᠮᠵᠢᠯᠡᠨ ᠡᠵᠡᠮᠳᠡᠵᠦ ᠂ ᠥᠷᠯᠥᠭᠡ ᠶ᠋ᠢᠨ 8 ᠄ 00 ᠮᠢᠨᠦᠢ᠍ᠲᠲᠦ᠍ ᠂ ᠰᠠᠢᠨ ᠳᠤᠷᠠᠴᠤᠳ ᠨᠢ ᠡᠮᠴᠢ ᠰᠤᠪᠢᠯᠠᠭᠴᠢᠳ ᠢ᠋ ᠬᠠᠪᠰᠤᠷᠤᠨ ᠨᠣᠮᠧᠷ ᠢ᠋ ᠰᠢᠷᠪᠡᠨ ᠳᠠᠩᠰᠠᠯᠠᠵᠤ ᠂ ᠮᠡᠳᠡᠭᠡ ᠵᠠᠩᠭᠢ ᠶ᠋ᠢ ᠲᠡᠮᠳᠡᠭᠯᠡᠪᠡ ᠂ ᠡᠭᠦᠨ ᠡᠴᠡ ᠭᠠᠳᠠᠨ᠎ᠠ ᠂ ᠺᠠᠲ᠋ᠷ ᠴᠠᠭᠳᠠᠭ᠎ᠠ ᠪᠠᠰᠠ 《 ᠭᠤᠷᠪᠠᠨ ᠨᠣᠮᠧᠷ 》 ᠢ᠋ ᠬᠢᠨᠠᠨ ᠰᠢᠯᠭᠠᠵᠤ ᠂ ᠳᠠᠮᠵᠢᠨ ᠣᠷᠣᠵᠤ ᠢᠷᠡᠬᠦ ᠴᠢᠨᠠᠷᠲᠠᠢ ᠡᠪᠡᠳᠴᠢᠨᠦ᠌ ᠵᠢᠱ᠌ᠢᠶ᠎ᠡ ᠶ᠋ᠢ ᠪᠦᠲᠦᠮᠵᠢᠲᠡᠢ ᠰᠡᠷᠭᠡᠢᠯᠡᠵᠦ ᠪᠠᠢᠨ᠎ᠠ ᠃
ᠣᠲᠣᠭ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ
ᠨᠡᠢᠭᠡᠮ ᠲᠣᠭᠣᠷᠢᠭ ᠪᠣᠯ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠴᠢᠬᠤᠯᠠ ᠰᠡᠷᠭᠡᠢᠯᠡᠯᠲᠡ ᠶ᠋ᠢᠨ ᠱᠤᠭᠤᠮ ᠪᠣᠯᠬᠣᠷ ᠠᠵᠢᠯ ᠤ᠋ᠨ ᠡᠭᠦᠷᠭᠡ ᠬᠦᠨᠳᠦ ᠨᠦᠰᠡᠷ ᠪᠠᠢᠳᠠᠭ ᠃ ᠣᠲᠣᠭ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠶ᠋ᠢᠨ ᠠᠵᠢᠯ ᠤ᠋ᠨ ᠪᠠᠢᠷᠢᠨ ᠳ᠋ᠤ᠌ ᠪᠠᠢᠭ᠎ᠠ ᠨᠠᠮ ᠤ᠋ᠨ ᠭᠡᠰᠢᠭᠦᠳ ᠤᠷᠢᠶᠠᠯᠠᠭ᠎ᠠ ᠶ᠋ᠢ ᠳᠠᠭᠠᠵᠤ ᠂ ᠰᠠᠨᠠᠭᠠᠴᠢᠯᠠᠭ᠎ᠠ ᠠ᠋ᠴᠠ ᠪᠠᠨ ᠠᠵᠢᠯ ᠬᠢᠵᠦ ᠂ ᠨᠡᠢᠭᠡᠮ ᠲᠣᠭᠣᠷᠢᠭ ᠤ᠋ᠨ ᠬᠢᠵᠢᠭ᠌ ᠢ᠋ ᠰᠡᠷᠭᠡᠢᠯᠡᠨ ᠬᠣᠷᠢᠭᠯᠠᠬᠤ ᠠᠵᠢᠯ ᠳ᠋ᠤ᠌ ᠢᠳᠡᠪᠬᠢᠲᠡᠢ ᠤᠷᠤᠯᠴᠠᠵᠤ ᠪᠤᠢ᠃ ᠡᠷᠦᠬᠡ ᠳᠠᠭᠠᠭᠠᠴᠢᠯᠠᠬᠤ ᠬᠠᠷᠢᠭᠤᠴᠠᠯᠭ᠎ᠠ ᠶ᠋ᠢᠨ ᠳᠦᠷᠢᠮ ᠢ᠋ ᠨᠠᠢᠳᠠᠪᠤᠷᠢᠵᠢᠭᠤᠯᠵᠤ ᠂ ᠨᠡᠢᠭᠡᠮ ᠲᠣᠭᠣᠷᠢᠭ ᠲᠤ᠌ ᠭᠦᠨᠵᠡᠭᠡᠢᠷᠡᠨ ᠰᠠᠭᠤᠭᠠᠯᠢ ᠠᠷᠠᠳ ᠤ᠋ᠨ ᠭᠠᠳᠠᠭᠰᠢ ᠶᠠᠪᠤᠵᠤ ᠪᠠᠢᠭ᠎ᠠ ᠪᠠᠢᠳᠠᠯ ᠢ᠋ ᠵᠢᠭᠰᠠᠭᠠᠨ ᠪᠠᠢᠴᠠᠭᠠᠬᠤ ᠶ᠋ᠢᠨ ᠬᠠᠮᠲᠤ 《 ᠰᠠᠭᠤᠭᠠᠯᠢ ᠠᠷᠠᠳ ᠬᠤᠪᠢ ᠬᠥᠮᠦᠨ ᠦ᠌ ᠡᠭᠦᠷᠭᠡ ᠬᠠᠷᠢᠭᠤᠴᠠᠯᠭ᠎ᠠ ᠶ᠋ᠢᠨ ᠮᠡᠳᠡᠭᠳᠡᠯ ᠦ᠋ᠨ ᠪᠢᠴᠢᠭ᠌ 》 ᠲᠦ᠍ ᠭᠠᠷ ᠤ᠋ᠨ ᠦᠰᠦᠭ ᠵᠢᠷᠤᠭᠤᠯᠪᠠ᠃ ᠲᠡᠳᠡ ᠬᠢᠵᠢᠭ᠌ ᠦ᠋ᠨ ᠪᠠᠢᠳᠠᠯ ᠢ᠋ ᠰᠡᠷᠭᠡᠢᠯᠡᠬᠦ ᠲᠡᠮᠡᠴᠡᠯ ᠦ᠋ᠨ ᠨᠢᠭᠡᠳᠦᠭᠡᠷ ᠹᠷᠣᠨᠲᠲᠤ᠌ ᠭᠤᠢᠪᠢᠰᠢ ᠥᠬᠡᠢ ᠵᠣᠭᠰᠣᠵᠤ ᠂ ᠨᠡᠢᠭᠡᠮ ᠲᠣᠭᠣᠷᠢᠭ ᠤᠨ ᠪᠦᠭᠡᠮ ᠬᠦᠴᠢᠯ ᠢ᠋ ᠰᠢᠯᠭᠠᠨ ᠪᠠᠢᠴᠠᠭᠠᠬᠤ ᠴᠡᠭ ᠨᠡᠢᠭᠡᠮ ᠲᠣᠭᠣᠷᠢᠭ ᠲᠤ᠌ ᠪᠦᠭᠡᠮ ᠬᠦᠴᠢᠯ ᠢ᠋ ᠰᠢᠯᠭᠠᠨ ᠪᠠᠢᠴᠠᠭᠠᠬᠤ ᠠᠵᠢᠯ ᠢ᠋ ᠬᠠᠮᠵᠢᠨ ᠦᠷᠨᠢᠭᠦᠯᠪᠡ ᠃
ᠣᠲᠣᠭ ᠤ᠋ᠨ ᠡᠮᠦᠨᠡᠲᠦ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ
ᠣᠲᠣᠭ ᠤ᠋ᠨ ᠡᠮᠦᠨᠡᠲᠦ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠬᠢᠵᠢᠭ᠌ ᠢ ᠰᠡᠷᠭᠡᠢᠯᠡᠬᠦ ᠡᠮᠦᠨ᠎ᠡ ᠹᠷᠣᠨᠲᠲᠤ᠌ ᠪᠦᠬᠦ ᠬᠦᠴᠦ ᠪᠡᠷ ᠢ᠋ᠶ᠋ᠡᠨ ᠠᠵᠢᠯᠯᠠᠪᠠ ᠃ ᠲᠡᠳᠡ ᠬᠠᠮᠠᠭᠠᠯᠠᠯᠲᠠ ᠶ᠋ᠢᠨ ᠬᠤᠪᠴᠠᠰᠤ ᠡᠮᠦᠰᠴᠦ ᠂ ᠠᠷᠠᠳ ᠤ᠋ᠨ ᠠᠮᠢᠳᠤᠷᠠᠯ ᠤ᠋ᠨ ᠲᠣᠭᠣᠷᠢᠭ ᠲᠤ᠌ ᠭᠦᠨᠵᠡᠭᠡᠢᠷᠡᠵᠦ ᠂ ᠡᠷᠦᠬᠡ ᠳᠠᠷᠠᠭᠠᠯᠠᠨ ᠬᠦᠷᠴᠦ ᠂ ᠰᠠᠭᠤᠭᠠᠯᠢ ᠠᠷᠠᠳ ᠤ᠋ᠨ ᠲᠣᠭᠣᠷᠢᠭ ᠤ᠋ᠨ ᠲᠣᠭᠣᠷᠢᠨ ᠪᠠᠢᠴᠠᠭᠠᠵᠤ ᠪᠠᠢᠭ᠎ᠠ ᠬᠥᠮᠦᠰ ᠦ᠋ᠨ ᠬᠦᠴᠢᠷᠳᠡᠯ ᠢ᠋ ᠠᠰᠠᠭᠤᠨ ᠯᠠᠪᠯᠠᠵᠤ ᠂ ᠰᠠᠭᠤᠭᠠᠯᠢ ᠲᠣᠭᠣᠷᠢᠭ ᠤ᠋ᠨ 77 ᠡᠷᠦᠬᠡ ᠣᠯᠠᠨ ᠲᠦᠮᠡᠨ ᠳ᠋ᠦ᠍ ᠬᠣᠭ ᠨᠣᠪᠰᠢ ᠴᠡᠪᠡᠷᠯᠡᠨ ᠲᠡᠭᠡᠭᠡᠪᠦᠷᠢᠯᠡᠬᠦ ᠂ ᠡᠳ᠋ ᠪᠣᠳᠠᠰ ᠵᠥᠭᠡᠭᠡᠪᠦᠷᠢᠯᠡᠨ ᠬᠦᠷᠭᠡᠬᠦ ᠵᠡᠷᠭᠡ ᠰᠠᠢᠨ ᠳᠤᠷ᠎ᠠ ᠶ᠋ᠢᠨ ᠦᠢᠯᠡᠴᠢᠯᠡᠭᠡ ᠬᠠᠩᠭᠠᠵᠤ ᠂ ᠬᠠᠯᠠᠮᠵᠢᠯᠠᠯ ᠢ᠋ ᠣᠯᠠᠨ ᠲᠦᠮᠡᠨᠦ᠌ ᠳᠡᠷᠭᠡᠳᠡ ᠬᠦᠷᠭᠡᠭᠰᠡᠨ ᠪᠠᠢᠨ᠎ᠠ ᠃
ᠦᠨᠡᠯᠡᠬᠦ 0ᠦᠨᠡᠯᠡᠯᠲᠡ᠎ᠲᠠᠢ