ᠰᠢᠨ᠎ᠡ ᠴᠠᠭ ᠦᠶ᠎ᠡ ᠴᠢᠳᠠᠪᠤᠷᠢᠲᠠᠨ ᠢ᠋ ᠤᠷᠢᠶᠠᠯᠠᠨ ᠳᠠᠢᠴᠢᠯᠠᠵᠤ ᠰᠢᠨ᠎ᠡ ᠠᠶᠠᠨ ᠵᠠᠮ ᠳ᠋ᠤ᠌ ᠴᠢᠳᠠᠪᠤᠷᠢᠲᠠᠨ ᠢ᠋ ᠬᠤᠷᠠᠮᠳᠤᠭᠤᠯᠤᠨ ᠬᠥᠮᠦᠵᠢᠭᠦᠯᠵᠦ ᠪᠠᠢᠨ᠎ᠠ ᠃ ᠣᠢᠷ᠎ᠠ ᠶ᠋ᠢᠨ ᠵᠢᠯ ᠡᠴᠡ ᠨᠡᠰᠢ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢᠨ ᠱᠠᠭᠠᠷᠳᠠᠯᠭ᠎ᠠ ᠶ᠋ᠢᠨ ᠲᠣᠭᠣᠷᠢᠨ ᠳ᠋ᠤ᠌ ᠴᠢᠳᠠᠪᠤᠷᠢᠲᠠᠨ ᠤ᠋ ᠠᠵᠢᠯ ᠤ᠋ᠨ ᠡᠯ᠎ᠡ ᠵᠦᠢᠯ ᠦ᠋ᠨ ᠪᠠᠢᠷᠢᠯᠠᠭᠤᠯᠤᠯᠲᠠ ᠶ᠋ᠢᠨ ᠱᠠᠭᠠᠷᠳᠠᠯᠭ᠎ᠠ ᠶ᠋ᠢ ᠨᠠᠷᠢᠨ ᠬᠢᠨᠠᠮᠠᠭᠠᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠴᠢᠳᠠᠪᠤᠷᠢᠲᠠᠨ ᠤ᠋ ᠠᠵᠢᠯ ᠪᠣᠯᠤᠨ ᠰᠢᠭᠦᠬᠦ ᠬᠣᠷᠢᠶᠠᠨ ᠤ᠋ ᠡᠯ᠎ᠡ ᠵᠦᠢᠯ ᠦ᠋ᠨ ᠲᠤᠬᠠᠢᠯᠠᠭᠰᠠᠨ ᠠᠵᠢᠯ ᠢ᠋ ᠬᠠᠮᠲᠤ ᠳ᠋ᠤᠨᠢ ᠲᠥᠯᠥᠪᠯᠡᠵᠦ ᠂ ᠬᠠᠮᠲᠤ ᠳ᠋ᠤᠨᠢ ᠪᠠᠢᠷᠢᠯᠠᠭᠤᠯᠵᠤ ᠂ ᠣᠯᠠᠨ ᠠᠷᠭ᠎ᠠ ᠠᠪᠴᠠᠯ ᠢ᠋ᠶ᠋ᠠᠷ ᠡᠯ᠎ᠡ ᠲᠥᠷᠥᠯ ᠦ᠋ᠨ ᠲᠤᠰᠬᠠᠢ ᠮᠡᠷᠭᠡᠵᠢᠯ ᠦ᠋ᠨ ᠴᠢᠳᠠᠪᠤᠷᠢᠲᠠᠨ ᠢ᠋ ᠢᠳᠡᠪᠬᠢᠲᠡᠢ ᠠᠭᠤᠳᠠᠯᠤᠨ ᠬᠥᠮᠦᠵᠢᠭᠦᠯᠵᠦ ᠂ ᠬᠥᠮᠦᠨ ᠪᠦᠬᠦᠨ ᠴᠢᠳᠠᠪᠤᠷᠢᠲᠠᠨ ᠪᠣᠯᠵᠤ ᠪᠣᠯᠬᠤ ᠂ ᠬᠥᠮᠦᠨ ᠪᠦᠬᠦᠨ ᠴᠢᠳᠠᠪᠤᠷᠢ ᠪᠠᠨ ᠭᠦᠢᠴᠡᠳ ᠪᠠᠳᠠᠷᠠᠭᠤᠯᠬᠤ ᠠᠮᠢᠳᠤᠯᠢᠭ ᠪᠠᠢᠳᠠᠯ ᠢ᠋ ᠪᠦᠬᠦ ᠬᠦᠴᠦᠨ ᠢ᠋ᠶ᠋ᠡᠷ ᠪᠣᠢ ᠪᠣᠯᠭᠠᠵᠤ ᠂ ᠲᠥᠪ ᠭᠣᠣᠯᠴᠢ ᠪᠠᠷ ᠬᠠᠤᠯᠢ ᠬᠡᠷᠡᠭᠵᠢᠭᠦᠯᠬᠦ ᠂ ᠰᠢᠭᠦᠨ ᠲᠠᠰᠤᠯᠤᠯᠲᠠ ᠶ᠋ᠢᠨ ᠴᠢᠨᠠᠷ ᠪᠦᠲᠦᠮᠵᠢ ᠪᠡᠨ ᠳᠡᠭᠡᠭᠰᠢᠯᠡᠭᠦᠯᠬᠦ ᠂ ᠬᠠᠤᠯᠢ ᠴᠠᠭᠠᠵᠠ ᠶ᠋ᠢᠨ ᠣᠯᠠᠨ ᠨᠡᠢᠲᠡ ᠶ᠋ᠢᠨ ᠢᠲᠡᠭᠡᠮᠵᠢ ᠶ᠋ᠢ ᠴᠢᠩᠭᠠᠳᠬᠠᠬᠤ ᠳ᠋ᠤ᠌ ᠬᠦᠴᠦᠨ ᠪᠦᠬᠦᠢ ᠴᠢᠳᠠᠪᠤᠷᠢᠲᠠᠨ ᠤ᠋ ᠪᠠᠲᠤᠯᠠᠭ᠎ᠠ ᠶ᠋ᠢ ᠬᠠᠩᠭᠠᠭᠰᠠᠨ ᠪᠠᠢᠨ᠎ᠠ ᠃
2022 ᠣᠨ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠪᠦᠬᠦ ᠣᠷᠣᠨ ᠤ᠋ ᠠᠩᠬᠠᠳᠠᠭᠴᠢ ᠬᠠᠤᠯᠢ ᠶ᠋ᠢᠨ ᠲᠤᠰᠢᠶᠠᠯᠲᠠᠨ ᠢ᠋ ᠱᠠᠲᠤ ᠳᠠᠷᠠᠭᠠᠯᠠᠨ ᠰᠢᠯᠢᠨ ᠰᠣᠩᠭᠣᠬᠤ ᠠᠵᠢᠯ ᠢ᠋ ᠥᠷᠨᠢᠭᠦᠯᠦᠭᠰᠡᠨ ᠰᠢᠭᠦᠬᠦ ᠬᠣᠷᠢᠶ᠎ᠠ ᠪᠣᠯᠤᠭᠰᠠᠨ ᠤ᠋ ᠬᠤᠪᠢ ᠳ᠋ᠤ᠌ ᠂ ᠦᠨᠳᠦᠰᠦᠨ ᠱᠠᠲᠤᠨ ᠤ᠋ ᠰᠢᠭᠦᠬᠦ ᠬᠣᠷᠢᠶ᠎ᠠ ᠳ᠋ᠤ᠌ ᠬᠠᠨᠳᠤᠭᠤᠯᠤᠨ 7 ᠨᠡᠷᠡᠰ ᠣᠷᠣᠨ ᠲᠣᠭᠠᠨ ᠤ᠋ ᠬᠠᠤᠯᠢ ᠶ᠋ᠢᠨ ᠲᠤᠰᠢᠶᠠᠯᠲᠠᠨ ᠢ᠋ ᠢᠯᠡ ᠪᠡᠷ ᠰᠢᠯᠢᠨ ᠰᠣᠩᠭᠣᠵᠤ ᠂ ᠬᠠᠤᠯᠢ ᠶ᠋ᠢᠨ ᠲᠤᠰᠢᠶᠠᠯᠲᠠᠨ ᠤ᠋ ᠬᠡᠷᠡᠭ ᠰᠢᠢᠳᠪᠦᠷᠢᠯᠡᠬᠦ ᠬᠦᠴᠦᠨ ᠢ᠋ ᠴᠠᠭ ᠲᠤᠬᠠᠢ ᠳ᠋ᠤᠨᠢ ᠨᠥᠬᠥᠪᠥᠷᠢᠯᠡᠵᠦ ᠂ ᠬᠠᠤᠯᠢ ᠶ᠋ᠢᠨ ᠲᠤᠰᠢᠶᠠᠯᠲᠠᠨ ᠤ᠋ ᠡᠩᠨᠡᠭᠡᠨ ᠦ᠌ ᠬᠦᠴᠦᠨ ᠦ᠌ ᠲᠣᠬᠢᠷᠠᠭᠤᠯᠤᠯᠲᠠ ᠶ᠋ᠢ ᠴᠢᠩᠭᠠᠳᠬᠠᠨ ᠂ ᠬᠠᠤᠯᠢ ᠶ᠋ᠢᠨ ᠲᠤᠰᠢᠶᠠᠯᠲᠠᠨ ᠤ᠋ ᠡᠩᠨᠡᠭᠡᠨ ᠦ᠌ ᠪᠦᠲᠦᠴᠡ ᠶ᠋ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ ᠃ ᠠᠯᠪᠠᠲᠠᠨ ᠂ ᠤᠷᠢᠵᠤ ᠬᠡᠷᠡᠭᠯᠡᠬᠦ ᠳᠦᠷᠢᠮᠲᠦ ᠪᠢᠴᠢᠭᠡᠴᠢ ᠵᠡᠷᠭᠡ ᠡᠯ᠎ᠡ ᠲᠥᠷᠥᠯ ᠦ᠋ᠨ ᠠᠵᠢᠯᠲᠠᠨ ᠡᠯᠰᠡᠨ ᠬᠡᠷᠡᠭᠯᠡᠬᠦ ᠠᠵᠢᠯ ᠢ᠋ ᠢᠳᠡᠪᠬᠢᠲᠡᠢ ᠪᠡᠷ ᠵᠣᠬᠢᠶᠠᠨ ᠪᠠᠢᠭᠤᠯᠤᠨ ᠥᠷᠨᠢᠭᠦᠯᠵᠦ ᠂ ᠬᠠᠤᠯᠢ ᠴᠠᠭᠠᠵᠠ ᠶ᠋ᠢᠨ ᠲᠤᠰᠠᠯᠠᠮᠵᠢ ᠦᠵᠡᠭᠦᠯᠬᠦ ᠬᠥᠮᠦᠰ ᠢ᠋ ᠴᠠᠭ ᠲᠤᠬᠠᠢ ᠳ᠋ᠤᠨᠢ ᠨᠡᠮᠡᠵᠦ ᠨᠥᠬᠥᠪᠥᠷᠢᠯᠡᠨᠡ ᠃ ᠰᠢᠨ᠎ᠡ ᠪᠡᠷ ᠡᠯᠰᠡᠵᠦ ᠬᠡᠷᠡᠭᠯᠡᠭᠰᠡᠨ ᠬᠥᠮᠦᠨ ᠦ᠌ ᠳᠣᠲᠣᠷᠠᠬᠢ 98 % ᠠ᠋ᠴᠠ ᠳᠡᠭᠡᠭᠰᠢᠬᠢ ᠬᠥᠮᠦᠨ ᠨᠢ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠳ᠋ᠤ᠌ ᠠᠵᠢᠯᠯᠠᠵᠤ ᠂ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠬᠡᠷᠡᠭ ᠰᠢᠢᠳᠪᠦᠷᠢᠯᠡᠬᠦ ᠬᠦᠴᠦᠨ ᠢ᠋ ᠬᠦᠴᠦᠲᠡᠢ ᠲᠡᠭᠦᠯᠳᠡᠷᠵᠢᠭᠦᠯᠪᠡ ᠃ ᠴᠢᠳᠠᠪᠤᠷᠢᠲᠠᠨ ᠤ᠋ ᠰᠣᠯᠢᠯᠴᠠᠭᠠᠨ ᠤ᠋ ᠠᠵᠢᠯ ᠢ᠋ ᠭᠦᠨᠵᠡᠭᠡᠢ ᠥᠷᠨᠢᠭᠦᠯᠵᠦ ᠂ ᠺᠠᠲ᠋ᠷ ᠤ᠋ᠨ ᠰᠣᠯᠢᠯᠴᠠᠭ᠎ᠠ ᠶ᠋ᠢ ᠪᠠᠢᠨᠭᠭᠤᠵᠢᠭᠤᠯᠬᠤ ᠶ᠋ᠢ ᠬᠦᠴᠦᠯᠡᠨ ᠠᠬᠢᠭᠤᠯᠵᠤ ᠂ ᠴᠢᠳᠠᠪᠤᠷᠢᠲᠠᠨ ᠬᠡᠷᠡᠭᠯᠡᠬᠦ ᠠᠷᠭ᠎ᠠ ᠵᠠᠮ ᠢ᠋ ᠤᠯᠠᠮ ᠨᠢᠭᠡ ᠠᠯᠬᠤᠮ ᠥᠷᠭᠡᠳᠬᠡᠨ ᠂ ᠺᠠᠲ᠋ᠷ ᠤ᠋ᠨ ᠡᠩᠨᠡᠭᠡᠨ ᠦ᠌ ᠰᠣᠯᠢᠯᠴᠠᠭ᠎ᠠ ᠶ᠋ᠢ ᠠᠬᠢᠭᠤᠯᠬᠤ ᠬᠡᠷᠡᠭᠲᠡᠢ ᠃
ᠴᠢᠳᠠᠪᠤᠷᠢᠲᠠᠨ ᠢ᠋ ᠬᠥᠮᠦᠵᠢᠭᠦᠯᠬᠦ ᠶᠠᠪᠤᠳᠠᠯ ᠢ᠋ ᠴᠢᠩᠭ᠋ᠠᠳᠬᠠᠨ᠎ᠠ ᠃ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 《 2022 ᠣᠨ ᠤ᠋ ᠰᠤᠷᠭᠠᠨ ᠬᠥᠮᠦᠵᠢᠯ ᠦ᠋ᠨ ᠪᠣᠯᠪᠠᠰᠤᠷᠠᠯ ᠤ᠋ᠨ ᠠᠵᠢᠯ ᠤ᠋ᠨ ᠲᠥᠯᠥᠪᠯᠡᠭᠡ 》 ᠶ᠋ᠢ ᠲᠣᠭᠲᠠᠭᠠᠨ ᠨᠡᠢᠲᠡᠯᠡᠵᠦ ᠂ ᠤᠯᠤᠰ ᠲᠥᠷᠥ ᠶ᠋ᠢᠨ ᠴᠢᠳᠠᠪᠤᠷᠢᠶ᠋ᠢᠨ ᠪᠣᠯᠪᠠᠰᠤᠷᠠᠯ ᠂ ᠠᠵᠢᠯ ᠮᠡᠷᠭᠡᠵᠢᠯ ᠦ᠋ᠨ ᠵᠣᠷᠢᠭ ᠰᠠᠨᠠᠭ᠎ᠠ ᠶ᠋ᠢ ᠬᠥᠮᠦᠵᠢᠭᠦᠯᠬᠦ ᠂ ᠬᠠᠤᠯᠢ ᠬᠡᠷᠡᠭᠵᠢᠭᠦᠯᠬᠦ ᠴᠢᠳᠠᠪᠤᠷᠢ ᠶ᠋ᠢᠨ ᠪᠣᠯᠪᠠᠰᠤᠷᠠᠯ ᠂ ᠶᠡᠷᠦᠩᠬᠡᠢ ᠬᠡᠪ ᠴᠢᠨᠠᠷ ᠂ ᠨᠠᠮ ᠤ᠋ᠨ ᠰᠠᠬᠢᠯᠭ᠎ᠠ ᠨᠠᠮ ᠤ᠋ᠨ ᠳᠦᠷᠢᠮ ᠲᠣᠭᠲᠠᠭᠠᠯ ᠵᠡᠷᠭᠡ ᠠᠭᠤᠯᠭ᠎ᠠ ᠶ᠋ᠢᠨ ᠲᠣᠭᠣᠷᠢᠨ ᠳ᠋ᠤ᠌ ᠂ 32 ᠤᠳᠠᠭ᠎ᠠ ᠰᠤᠷᠭᠠᠨ ᠬᠥᠮᠦᠵᠢᠯ ᠦ᠋ᠨ ᠪᠣᠯᠪᠠᠰᠤᠷᠠᠯ ᠬᠦᠷᠲᠡᠭᠡᠵᠦ ᠂ ᠨᠡᠢᠲᠡ 3284 ᠬᠥᠮᠦᠨ ᠤᠳᠠᠭ᠎ᠠ ᠳ᠋ᠤ᠌ ᠣᠷᠣᠯᠴᠠᠬᠤ ᠂ ᠺᠠᠲ᠋ᠷ ᠤ᠋ᠨ ᠤᠯᠤᠰ ᠲᠥᠷᠥ ᠶ᠋ᠢᠨ ᠴᠢᠳᠠᠪᠤᠷᠢ ᠂ ᠲᠤᠰᠬᠠᠢᠵᠢᠬᠤ ᠴᠢᠳᠠᠪᠤᠷᠢ ᠂ ᠪᠠᠴᠢᠮ ᠬᠦᠨᠳᠦ ᠠᠰᠠᠭᠤᠳᠠᠯ ᠢ᠋ ᠰᠢᠢᠳᠪᠦᠷᠢᠯᠡᠬᠦ ᠴᠢᠳᠠᠪᠤᠷᠢ ᠶ᠋ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠺᠠᠲ᠋ᠷ ᠴᠠᠭᠳᠠᠭ᠎ᠠ ᠶ᠋ᠢᠨ ᠴᠢᠳᠠᠪᠤᠷᠢ ᠬᠡᠪ ᠴᠢᠨᠠᠷ ᠢ᠋ ᠦᠷᠭᠦᠯᠵᠢᠯᠡᠨ ᠳᠡᠭᠡᠭᠰᠢᠯᠡᠭᠦᠯᠦᠨ᠎ᠡ ᠃ 《 ᠰᠢᠭᠦᠨ ᠲᠠᠰᠤᠯᠬᠤ ᠲᠤᠬᠠᠢᠯᠠᠭᠰᠠᠨ ᠠᠵᠢᠯ ᠤ᠋ᠨ ᠳᠠᠭᠠᠭᠤᠯᠤᠭᠴᠢ 》 ᠶ᠋ᠢ ᠰᠢᠯᠭᠠᠷᠠᠭᠤᠯᠬᠤ ᠵᠡᠷᠭᠡ ᠠᠵᠢᠯᠯᠠᠭᠠᠨ ᠢ᠋ ᠥᠷᠨᠢᠭᠦᠯᠬᠦ ᠪᠡᠷ ᠳᠠᠮᠵᠢᠨ ᠳᠡᠭᠡᠳᠦ ᠳᠡᠰ ᠳᠠᠪᠬᠤᠷᠭ᠎ᠠ ᠶ᠋ᠢᠨ ᠰᠢᠭᠦᠨ ᠲᠠᠰᠤᠯᠬᠤ ᠴᠢᠳᠠᠪᠤᠷᠢᠲᠠᠨ ᠢ᠋ ᠬᠥᠮᠦᠵᠢᠭᠦᠯᠬᠦ ᠶ᠋ᠢ ᠬᠦᠴᠦᠯᠡᠨ ᠰᠠᠢᠲᠤᠷ ᠠᠳᠬᠤᠵᠤ ᠂ ᠳᠡᠭᠡᠳᠦ ᠳᠡᠰ ᠳᠠᠪᠬᠤᠷᠭ᠎ᠠ ᠶ᠋ᠢᠨ ᠲᠤᠰᠬᠠᠢ ᠮᠡᠷᠭᠡᠵᠢᠯᠲᠡᠨ ᠦ᠌ ᠬᠡᠯᠪᠡᠷᠢ ᠶ᠋ᠢᠨ ᠰᠢᠭᠦᠨ ᠲᠠᠰᠤᠯᠬᠤ ᠴᠢᠳᠠᠪᠤᠷᠢᠲᠠᠨ ᠢ᠋ ᠱᠠᠲᠤ ᠳᠠᠷᠠᠭᠠᠯᠠᠨ ᠬᠥᠮᠦᠵᠢᠭᠦᠯᠬᠦ ᠵᠠᠭᠪᠤᠷ ᠢ᠋ ᠠᠯᠬᠤᠮ ᠠᠯᠬᠤᠮ ᠢ᠋ᠶ᠋ᠠᠷ ᠪᠠᠢᠭᠤᠯᠵᠤ ᠂ ᠮᠠᠨ ᠤ᠋ ᠬᠣᠲᠠ ᠶ᠋ᠢᠨ ᠰᠢᠭᠦᠬᠦ ᠬᠣᠷᠢᠶᠠᠨ ᠤ᠋ ᠰᠢᠭᠦᠨ ᠲᠠᠰᠤᠯᠬᠤ ᠲᠤᠬᠠᠢᠯᠠᠭᠰᠠᠨ ᠠᠵᠢᠯ ᠤ᠋ᠨ ᠳᠠᠭᠠᠭᠤᠯᠤᠭᠴᠢ ᠶ᠋ᠢ 《 ᠪᠦᠬᠦ ᠣᠷᠣᠨ ᠤ᠋ ᠲᠤᠰᠬᠠᠢ ᠮᠡᠷᠭᠡᠵᠢᠯᠲᠡᠨ ᠦ᠌ ᠬᠡᠯᠪᠡᠷᠢ ᠶ᠋ᠢᠨ ᠰᠢᠭᠦᠬᠦ ᠲᠤᠰᠢᠶᠠᠯᠲᠠᠨ 》 ᠢ᠋ᠶ᠋ᠠᠷ ᠨᠡᠷᠡᠢᠳᠦᠭᠦᠯᠵᠦ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠡᠩᠨᠡᠭᠡᠨ ᠦ᠌ ᠬᠠᠤᠯᠢ ᠪᠠᠷᠢᠬᠤ ᠴᠢᠳᠠᠪᠤᠷᠢ ᠪᠠ ᠪᠦᠬᠦᠯᠢ ᠴᠣᠭᠴᠠ ᠶ᠋ᠢᠨ ᠬᠡᠪ ᠴᠢᠨᠠᠷ ᠢ᠋ ᠰᠢᠨ᠎ᠡ ᠳᠡᠭᠡᠭᠰᠢᠯᠡᠯᠲᠡᠲᠡᠢ ᠪᠣᠯᠭᠠᠬᠤ ᠶ᠋ᠢ ᠵᠢᠯᠣᠭᠣᠳᠤᠨ ᠲᠡᠢᠴᠢᠯᠡᠪᠡ ᠃
ᠡᠷᠳᠡᠮ ᠴᠢᠳᠠᠪᠤᠷᠢ ᠶ᠋ᠢ ᠡᠷᠬᠢᠮᠯᠡᠬᠦ ᠤᠬᠠᠮᠰᠠᠷ ᠢ᠋ᠶ᠋ᠠᠨ ᠴᠢᠩᠭᠠᠳᠬᠠᠵᠤ ᠂ ᠵᠢᠩᠬᠢᠨᠢ ᠺᠠᠲ᠋ᠷ ᠢ᠋ ᠰᠠᠢᠲᠤᠷ ᠰᠣᠩᠭᠣᠵᠤ ᠬᠡᠷᠡᠭᠯᠡᠬᠦ ᠬᠡᠷᠡᠭᠲᠡᠢ ᠃ ᠬᠥᠮᠦᠨ ᠰᠣᠩᠭᠣᠨ ᠬᠥᠮᠦᠨ ᠬᠡᠷᠡᠭᠯᠡᠬᠦ ᠲᠣᠭᠲᠠᠴᠠ ᠶ᠋ᠢ ᠢᠳᠡᠪᠬᠢᠲᠡᠢ ᠲᠡᠭᠦᠯᠳᠡᠷᠵᠢᠭᠦᠯᠵᠦ ᠂ 《 ᠪᠣᠳᠠᠲᠠᠢ ᠠᠵᠢᠯᠯᠠᠬᠤ ᠂ ᠪᠣᠳᠠᠲᠠᠢ ᠠᠮᠵᠢᠯᠲᠠ 》 ᠶ᠋ᠢᠨ ᠬᠥᠮᠦᠨ ᠬᠡᠷᠡᠭᠯᠡᠬᠦ ᠤᠳᠤᠷᠢᠳᠤᠮᠵᠢ ᠶ᠋ᠢ ᠪᠣᠢ ᠪᠣᠯᠭᠠᠵᠤ ᠂ ᠰᠢᠭᠦᠬᠦ ᠬᠣᠷᠢᠶᠠᠨ ᠤ᠋ ᠤᠳᠤᠷᠢᠳᠬᠤ ᠪᠠᠭ ᠪᠣᠯᠤᠨ ᠺᠠᠲ᠋ᠷ ᠤ᠋ᠨ ᠡᠩᠨᠡᠭᠡᠨ ᠦ᠌ ᠮᠡᠳᠡᠯᠭᠡ ᠂ ᠴᠢᠳᠠᠪᠤᠷᠢ ᠂ ᠲᠤᠰᠬᠠᠢ ᠮᠡᠷᠭᠡᠵᠢᠯ ᠦ᠋ᠨ ᠪᠦᠲᠦᠴᠡ ᠶ᠋ᠢ ᠰᠢᠯᠢᠳᠡᠭᠵᠢᠭᠦᠯᠦᠨ᠎ᠡ ᠃ ᠵᠠᠯᠠᠭᠤ ᠺᠠᠲ᠋ᠷ ᠢ᠋ ᠰᠢᠯᠢᠨ ᠰᠣᠩᠭᠣᠵᠤ ᠲᠣᠮᠢᠯᠠᠨ ᠬᠡᠷᠡᠭᠯᠡᠬᠦ ᠬᠦᠴᠦᠯᠡᠴᠡ ᠪᠡᠨ ᠲᠠᠰᠤᠷᠠᠯᠲᠠ ᠦᠭᠡᠢ ᠴᠢᠩᠭᠠᠳᠬᠠᠵᠤ ᠂ ᠰᠢᠯᠢᠳᠡᠭ ᠵᠠᠯᠠᠭᠤ ᠺᠠᠲ᠋ᠷ ᠢ᠋ ᠬᠥᠮᠦᠵᠢᠭᠦᠯᠵᠦ ᠰᠣᠩᠭᠣᠨ ᠰᠢᠯᠭᠠᠷᠠᠭᠤᠯᠬᠤ ᠪᠠ ᠬᠡᠷᠡᠭᠯᠡᠵᠦ ᠬᠠᠮᠢᠶᠠᠷᠬᠤ ᠶ᠋ᠢ ᠦᠷᠭᠦᠯᠵᠢᠯᠡᠨ ᠴᠢᠩᠭᠠᠳᠬᠠᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ 35 ᠣᠷᠴᠢᠮ ᠨᠠᠰᠤᠨ ᠤ᠋ ᠰᠠᠯᠠᠭᠠᠨ ᠳᠡᠰ ᠦ᠋ᠨ ᠺᠠᠲ᠋ᠷᠤ᠋ᠨ ᠡᠵᠡᠯᠡᠬᠦ ᠬᠠᠷᠢᠴᠠᠯ 39.3 % ᠳ᠋ᠤ᠌ ᠬᠦᠷᠴᠦ ᠂ ᠲᠣᠬᠢᠷᠠᠭᠤᠯᠤᠯᠲᠠ ᠬᠢᠬᠦ ᠤᠷᠢᠳᠠᠯ 15 % ᠳ᠋ᠤ᠌ ᠬᠦᠷᠪᠡ ᠃ ᠵᠠᠯᠠᠭᠤ ᠺᠠᠲ᠋ᠷᠤ᠋ᠨ ᠦᠰᠦᠨ ᠪᠣᠢᠵᠢᠯᠲᠠᠶ᠋ᠢᠨ 《 ᠬᠥᠬᠡ ᠳᠡᠰᠦ᠋ᠨ ᠢᠨᠵᠧᠨᠧᠷᠢᠩ 》 ᠢ᠋ ᠰᠦᠪᠡᠭᠴᠢᠯᠡᠨ ᠬᠡᠷᠡᠭᠵᠢᠭᠦᠯᠵᠦ ᠂ 《 ᠨᠡᠷᠡᠲᠦ ᠰᠢᠭᠦᠭᠴᠢ ᠶ᠋ᠢᠨ ᠠᠵᠢᠯᠯᠠᠬᠤ ᠲᠠᠰᠤᠭ 》 ᠢ᠋ ᠪᠠᠢᠭᠤᠯᠤᠨ ᠂ ᠵᠠᠯᠠᠭᠤ ᠺᠠᠲ᠋ᠷ ᠴᠠᠭᠳᠠᠭ᠎ᠠ ᠵᠠᠬᠢᠳᠠᠯ ᠰᠤᠷᠪᠤᠯᠵᠢᠯᠠᠭ᠎ᠠ ᠶ᠋ᠢᠨ ᠨᠢᠭᠡᠳᠦᠭᠡᠷ ᠹᠷᠣᠨᠲ ᠲᠤ᠌ ᠣᠴᠢᠵᠤ ᠪᠣᠯᠪᠠᠰᠤᠷᠠᠬᠤ ᠡᠷᠴᠢᠮ ᠢ᠋ᠶ᠋ᠡᠨ ᠴᠢᠩᠭᠠᠳᠬᠠᠵᠤ ᠂ 35 ᠨᠠᠰᠤᠨ ᠠ᠋ᠴᠠ ᠳᠣᠷᠣᠭᠰᠢᠬᠢ ᠵᠠᠯᠠᠭᠤ ᠺᠠᠲ᠋ᠷ ᠴᠠᠭᠳᠠᠭ᠎ᠠ ᠶ᠋ᠢ ᠵᠣᠬᠢᠶᠠᠨ ᠪᠠᠢᠭᠤᠯᠤᠨ ᠂ ᠵᠠᠷᠭᠤ ᠶ᠋ᠢᠨ ᠦᠢᠯᠡᠴᠢᠯᠡᠭᠡᠨ ᠦ᠌ ᠲᠥᠪ ᠲᠦ᠍ ᠵᠠᠬᠢᠳᠠᠯ ᠰᠤᠷᠪᠤᠯᠵᠢᠯᠠᠭ᠎ᠠ ᠶ᠋ᠢᠨ ᠵᠢᠵᠢᠭᠦᠷᠯᠡᠵᠦ ᠂ ᠵᠠᠯᠠᠭᠤ ᠺᠠᠲ᠋ᠷ ᠴᠠᠭᠳᠠᠭ᠎ᠠ ᠶ᠋ᠢᠨ ᠶᠡᠷᠦᠩᠬᠡᠢᠯᠡᠭᠰᠡᠨ ᠬᠡᠪ ᠴᠢᠨᠠᠷ ᠤ᠋ᠨ ᠴᠢᠳᠠᠪᠤᠷᠢᠶ᠋ᠢ ᠪᠥᠬᠥ ᠲᠠᠯ᠎ᠠ ᠪᠠᠷ ᠳᠡᠭᠡᠭᠰᠢᠯᠡᠭᠦᠯᠦᠨ᠎ᠡ ᠃ ᠬᠠᠤᠯᠢ ᠶ᠋ᠢᠨ ᠲᠤᠰᠢᠶᠠᠯᠲᠠᠨ ᠤ᠋ ᠵᠡᠷᠭᠡ ᠳᠡᠰ ᠢ᠋ ᠳᠡᠪᠰᠢᠭᠦᠯᠬᠦ ᠂ ᠣᠷᠣᠨ ᠲᠣᠭ᠎ᠠ ᠲᠠᠢ ᠰᠢᠭᠦᠭᠴᠢ ᠶ᠋ᠢ ᠰᠢᠯᠢᠨ ᠰᠣᠩᠭᠣᠬᠤ ᠲᠣᠭ᠎ᠠ ᠂ ᠬᠠᠤᠯᠢ ᠶ᠋ᠢᠨ ᠲᠤᠰᠢᠶᠠᠯᠲᠠᠨ ᠤ᠋ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶ᠋ᠢ ᠦᠨᠡᠯᠡᠨ ᠶᠠᠷᠢᠯᠴᠠᠬᠤ ᠵᠡᠷᠭᠡ ᠠᠵᠢᠯ ᠢ᠋ ᠬᠠᠮᠵᠢᠯᠴᠠᠨ ᠪᠡᠶᠡᠯᠡᠭᠦᠯᠬᠦ ᠶᠠᠪᠤᠳᠠᠯ ᠢ᠋ᠶ᠋ᠠᠷ ᠳᠠᠮᠵᠢᠭᠤᠯᠤᠨ ᠂ ᠬᠠᠤᠯᠢ ᠶ᠋ᠢᠨ ᠲᠤᠰᠢᠶᠠᠯᠲᠠᠨ ᠤ᠋ ᠲᠤᠰᠠᠭᠠᠷ ᠲᠤᠰᠢᠶᠠᠯ ᠤ᠋ᠨ ᠳᠠᠷᠠᠭᠠᠯᠠᠯ ᠤ᠋ᠨ ᠬᠠᠮᠢᠶᠠᠷᠤᠯᠲᠠ ᠶ᠋ᠢᠨ ᠱᠠᠭᠠᠷᠳᠠᠯᠭ᠎ᠠ ᠶ᠋ᠢ ᠪᠣᠳᠠᠲᠤ ᠭᠠᠵᠠᠷ ᠲᠤᠨᠢ ᠨᠠᠢᠳᠠᠪᠤᠷᠢᠵᠢᠭᠤᠯᠵᠤ ᠂ ᠬᠠᠤᠯᠢ ᠶ᠋ᠢᠨ ᠲᠤᠰᠢᠶᠠᠯᠲᠠᠨ ᠤ᠋ ᠡᠭᠦᠷᠭᠡ ᠲᠤᠰᠢᠶᠠᠯ ᠢ᠋ᠶ᠋ᠠᠨ ᠭᠦᠢᠴᠡᠳᠬᠡᠬᠦ ᠴᠢᠳᠠᠪᠤᠷᠢ ᠶ᠋ᠢᠨ ᠪᠠᠢᠭᠤᠯᠤᠯᠲᠠ ᠶ᠋ᠢᠨ ᠬᠢᠷᠢ ᠬᠡᠮᠵᠢᠶ᠎ᠡ ᠶ᠋ᠢ ᠦᠨᠡᠨ ᠬᠦ᠌ ᠳᠡᠭᠡᠭᠰᠢᠯᠡᠭᠦᠯᠵᠦ ᠂ ᠬᠠᠤᠯᠢ ᠴᠠᠭᠠᠵᠠ ᠶ᠋ᠢᠨ ᠪᠠᠢᠭᠤᠯᠤᠯ ᠤ᠋ᠨ ᠥᠭᠡᠷᠡᠴᠢᠯᠡᠯᠲᠡ ᠶ᠋ᠢ ᠦᠨᠡᠨ ᠬᠦ᠌ ᠪᠣᠳᠠᠲᠠᠢ ᠪᠠᠷ ᠶᠠᠪᠤᠭᠳᠠᠭᠤᠯᠬᠤ ᠬᠡᠷᠡᠭᠲᠡᠢ ᠃
ᠣᠯᠠᠨ ᠠᠷᠭ᠎ᠠ ᠬᠡᠮᠵᠢᠶ᠎ᠡ ᠶ᠋ᠢ ᠵᠡᠷᠭᠡᠪᠡᠷ ᠬᠡᠷᠡᠭᠯᠡᠨ ᠺᠠᠲ᠋ᠷ ᠴᠠᠭᠳᠠᠭ᠎ᠠ ᠶ᠋ᠢᠨ ᠠᠵᠢᠯ ᠬᠢᠵᠦ ᠦᠢᠯᠡᠰ ᠪᠣᠰᠬᠠᠬᠤ ᠶ᠋ᠢ ᠪᠠᠲᠤᠯᠠᠬᠤ ᠬᠡᠮᠵᠢᠶ᠎ᠡ ᠶ᠋ᠢ ᠳᠡᠭᠡᠭᠰᠢᠯᠡᠭᠦᠯᠵᠦ ᠂ ᠡᠯ᠎ᠡ ᠲᠥᠷᠥᠯ ᠦ᠋ᠨ 10 ᠭᠠᠷᠤᠢ ᠤᠳᠠᠭ᠎ᠠ ᠶ᠋ᠢᠨ ᠠᠵᠢᠯᠲᠠᠨ ᠤ᠋ ᠵᠡᠷᠭᠡ ᠳᠡᠰ ᠳᠡᠪᠰᠢᠭᠦᠯᠬᠦ ᠠᠵᠢᠯ ᠢ᠋ ᠨᠢᠭᠡᠳᠦᠯᠲᠡᠢ ᠲᠥᠯᠥᠪᠯᠡᠨ ᠥᠷᠨᠢᠭᠦᠯᠵᠦ ᠂ ᠨᠡᠢᠲᠡ 139 ᠬᠥᠮᠦᠨ ᠳᠡᠰ ᠳᠡᠪᠰᠢᠭᠦᠯᠵᠦ ᠂ ᠵᠡᠷᠭᠡ ᠳᠡᠰ ᠳᠡᠪᠰᠢᠭᠦᠯᠦᠨ ᠶᠠᠭ ᠰᠠᠢᠬᠠᠨ ᠤᠷᠮᠠᠰᠢᠭᠤᠯᠬᠤ ᠦᠢᠯᠡᠳᠦᠯ ᠢ᠋ ᠦᠨᠡᠨᠬᠦ ᠪᠠᠳᠠᠷᠠᠭᠤᠯᠪᠠ ᠃ ᠺᠠᠲ᠋ᠷ ᠴᠠᠭᠳᠠᠭ᠎ᠠ ᠳ᠋ᠤ᠌ ᠪᠣᠳᠠᠲᠤ ᠶᠠᠪᠤᠳᠠᠯ ᠰᠢᠢᠳᠪᠦᠷᠢᠯᠡᠬᠦ ᠤᠷᠲᠤ ᠬᠤᠭᠤᠴᠠᠭᠠᠨ ᠤ᠋ ᠪᠦᠲᠦᠮᠵᠢᠲᠡᠢ ᠲᠣᠭᠲᠠᠴᠠ ᠶ᠋ᠢ ᠪᠠᠢᠭᠤᠯᠵᠤ ᠂ ᠴᠠᠭᠳᠠᠭᠠᠨ ᠤ᠋ ᠪᠡᠯᠡᠳᠬᠡᠮᠵᠢ ᠶ᠋ᠢ ᠬᠠᠷᠠᠭᠠᠯᠵᠠᠬᠤ ᠂ ᠴᠠᠭᠳᠠᠭᠠᠨ ᠤ᠋ ᠬᠠᠷᠠᠭᠠᠯᠵᠠᠯ ᠦᠵᠡᠭᠦᠯᠬᠦ ᠠᠵᠢᠯᠯᠠᠭ᠎ᠠ ᠥᠷᠨᠢᠭᠦᠯᠬᠦ ᠂ ᠲᠣᠬᠣᠨᠢᠭᠤᠯᠬᠤ ᠂ ᠬᠠᠪᠰᠤᠷᠤᠨ ᠲᠡᠳᠬᠦᠬᠦ ᠵᠡᠷᠭᠡ ᠠᠵᠢᠯ ᠤ᠋ᠨ ᠲᠣᠭᠲᠠᠴᠠ ᠶ᠋ᠢ ᠪᠠᠢᠭᠤᠯᠤᠨ ᠂ ᠺᠠᠲ᠋ᠷ ᠴᠠᠭᠳᠠᠭ᠎ᠠ ᠶ᠋ᠢᠨ ᠬᠡᠷᠡᠭᠴᠡᠭᠡ ᠱᠠᠭᠠᠷᠳᠠᠯᠭ᠎ᠠ ᠳ᠋ᠤ᠌ ᠢᠳᠡᠪᠬᠢᠲᠡᠢ ᠬᠠᠷᠢᠭᠤᠯᠲᠠ ᠥᠭᠴᠦ ᠂ ᠺᠠᠲ᠋ᠷ ᠴᠠᠭᠳᠠᠭ᠎ᠠ ᠨᠠᠷ ᠢ᠋ ᠦᠨᠡᠨᠬᠦ ᠬᠠᠪᠰᠤᠷᠴᠤ ᠪᠣᠳᠠᠲᠠᠢ ᠬᠦᠴᠢᠷᠳᠡᠯ ᠢ᠋ ᠨᠢ ᠰᠢᠢᠳᠪᠦᠷᠢᠯᠡᠵᠦ ᠥᠭᠭᠦᠨ᠎ᠡ ᠃ ᠺᠠᠲ᠋ᠷ ᠴᠠᠭᠳᠠᠭ᠎ᠠ ᠶ᠋ᠢᠨ ᠰᠡᠳᠬᠢᠴᠡ ᠶ᠋ᠢᠨ ᠬᠠᠢᠷ᠎ᠠ ᠬᠠᠯᠠᠮᠵᠢ ᠶ᠋ᠢᠨ ᠲᠥᠪ ᠢ᠋ ᠪᠠᠢᠭᠤᠯᠵᠤ ᠂ ᠰᠡᠳᠬᠢᠴᠡ ᠶ᠋ᠢ ᠬᠠᠯᠠᠮᠵᠢᠯᠠᠬᠤ ᠲᠥᠪ ᠦ᠋ᠨ ᠬᠠᠮᠢᠶᠠᠷᠤᠯᠲᠠ ᠪᠠ ᠬᠡᠷᠡᠭᠯᠡᠬᠦ ᠳᠦᠷᠢᠮ ᠢ᠋ ᠲᠣᠭᠲᠠᠭᠠᠵᠤ ᠂ ᠰᠡᠳᠬᠢᠴᠡ ᠶ᠋ᠢᠨ ᠯᠠᠪᠯᠠᠯᠭ᠎ᠠ ᠶ᠋ᠢ ᠨᠡᠢᠲᠡ 35 ᠤᠳᠠᠭ᠎ᠠ ᠬᠡᠪᠰᠢᠭᠦᠯᠪᠡ ᠃ ᠰᠡᠳᠬᠢᠯ ᠢ᠋ᠶ᠋ᠡᠨ ᠰᠣᠯᠢᠯᠴᠠᠵᠤ ᠶᠠᠷᠢᠯᠴᠠᠬᠤ ᠳᠦᠷᠢᠮ ᠢ᠋ ᠨᠠᠢᠳᠠᠪᠤᠷᠢᠵᠢᠭᠤᠯᠵᠤ ᠂ ᠺᠠᠲ᠋ᠷ ᠴᠠᠭᠳᠠᠭ᠎ᠠ ᠶ᠋ᠢᠨ ᠰᠡᠳᠬᠢᠴᠡ ᠶ᠋ᠢᠨ ᠳᠠᠷᠤᠯᠲᠠ ᠶ᠋ᠢ ᠲᠤᠷᠰᠢᠨ ᠲᠣᠬᠢᠷᠠᠭᠤᠯᠬᠤ ᠪᠠ ᠬᠠᠮᠢᠶ᠎ᠠ ᠪᠦᠬᠦᠢ ᠠᠵᠢᠯ ᠢ᠋ ᠰᠠᠢᠲᠤᠷ ᠬᠢᠵᠦ ᠺᠠᠲ᠋ᠷ ᠴᠠᠭᠳᠠᠭ᠎ᠠ ᠶ᠋ᠢᠨ ᠠᠵᠢᠯᠯᠠᠵᠤ ᠠᠮᠠᠷᠠᠬᠤ ᠶ᠋ᠢ ᠤᠶᠠᠯᠳᠤᠭᠤᠯᠤᠨ ᠂ ᠠᠵᠢᠯ ᠤ᠋ᠨ ᠪᠠᠢᠳᠠᠯ ᠢ᠋ᠶ᠋ᠠᠨ ᠳᠡᠭᠡᠭᠰᠢᠯᠡᠭᠦᠯᠬᠦ ᠶ᠋ᠢ ᠵᠣᠷᠢᠭᠵᠢᠭᠤᠯᠤᠨ᠎ᠠ ᠃ ᠤᠯᠤᠰ ᠲᠥᠷᠥ ᠶ᠋ᠢᠨ ᠪᠠᠷᠢᠮᠵᠢᠶ᠎ᠠ ᠶ᠋ᠢ ᠪᠠᠷᠢᠮᠲᠠᠯᠠᠨ ᠂ ᠠᠵᠢᠯ ᠤ᠋ᠨ ᠪᠣᠳᠠᠲᠤ ᠠᠮᠵᠢᠯᠲᠠ ᠶ᠋ᠢ ᠳᠣᠪᠣᠢᠯᠭᠠᠵᠤ ᠂ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠶ᠋ᠢ ᠥᠷᠭᠡᠨ ᠳᠡᠯᠭᠡᠷ ᠥᠷᠨᠢᠭᠦᠯᠬᠦ ᠬᠡᠷᠡᠭᠲᠡᠢ ᠃ ᠵᠢᠯ ᠦ᠋ᠨ ᠡᠬᠢᠨ ᠡᠴᠡ ᠣᠳᠣ ᠲᠤᠯᠲᠠᠯ᠎ᠠ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠨᠡᠢᠲᠡ 4 ᠬᠠᠮᠲᠤ ᠨᠡᠢᠲᠡ ᠵᠢᠨ ᠂ 33 ᠬᠤᠪᠢ ᠬᠥᠮᠦᠨ ᠤ ᠥᠪᠡᠷᠲᠡᠭᠡᠨ ᠵᠠᠰᠠᠬᠤ ᠣᠷᠣᠨ ᠤ᠋ ᠳᠡᠰ ᠦ᠋ᠨ ᠰᠠᠢᠰᠢᠶᠠᠯ ᠬᠥᠬᠢᠭᠦᠯᠦᠯ ᠢ᠋ ᠬᠦᠷᠲᠡᠪᠡ ᠃ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠠᠳᠠᠯᠢ ᠪᠤᠰᠤ ᠠᠵᠢᠯ ᠤ᠋ᠨ ᠪᠠᠢᠷᠢ ᠳᠡᠭᠡᠷᠡᠬᠢ ᠬᠠᠷᠢᠭᠤᠴᠠᠯᠭ᠎ᠠ ᠶ᠋ᠢ ᠦᠷᠭᠦᠯᠵᠢᠯᠡᠨ ᠭᠦᠨᠵᠡᠭᠡᠢ ᠠᠭᠤᠳᠠᠯᠤᠨ ᠰᠣᠩᠭᠣᠵᠤ ᠲᠡᠷᠢᠭᠦᠨ ᠦ᠌ ᠨᠡᠢᠲᠡᠯᠢᠭ ᠵᠢᠱ᠌ᠢᠶ᠎ᠡ ᠪᠣᠯᠭᠠᠵᠤ ᠂ ᠳᠡᠷᠭᠡᠳᠡᠬᠢ ᠨᠡᠢᠲᠡᠯᠢᠭ ᠵᠢᠱ᠌ᠢᠶ᠎ᠡ ᠪᠡᠷ ᠺᠠᠲ᠋ᠷ ᠴᠠᠭᠳᠠᠭ᠎ᠠ ᠨᠠᠷ ᠢ᠋ ᠬᠥᠲᠥᠯᠦᠨ ᠵᠢᠯᠣᠭᠣᠳᠴᠤ ᠡᠷᠳᠡᠮᠲᠡᠨ ᠮᠡᠷᠭᠡᠳ ᠢ᠋ ᠦᠵᠡᠵᠦ ᠪᠦᠷᠢᠨ ᠢᠲᠡᠭᠡᠬᠦ ᠂ ᠴᠢᠷᠮᠠᠢᠨ ᠠᠮᠵᠢᠯᠲᠠ ᠣᠯᠬᠤ ᠶ᠋ᠢ ᠬᠥᠲᠥᠯᠦᠨ ᠵᠢᠯᠣᠭᠣᠳᠪᠠ ᠃
ᠳᠠᠷᠠᠭᠠᠴᠢ ᠶ᠋ᠢᠨ ᠠᠯᠬᠤᠮ ᠳ᠋ᠤ᠌ ᠂ ᠣᠷᠳᠣᠰ ᠬᠣᠲᠠ᠎ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠦᠷᠭᠦᠯᠵᠢᠯᠡᠨ 《ᠰᠤᠷᠭᠠᠨ ᠬᠥᠮᠦᠵᠢᠭᠦᠯᠵᠦ 》 ᠳᠥᠷᠪᠡᠨ ᠵᠠᠩᠭᠢᠯᠠᠭᠠᠶ᠋ᠢᠨ ᠭᠣᠭᠴᠣᠭ᠎ᠠ ᠳ᠋ᠤ᠌ ᠠᠩᠬᠠᠷᠤᠯ ᠢ᠋ᠶ᠋ᠠᠨ ᠲᠥᠪᠯᠡᠷᠡᠭᠦᠯᠵᠦ ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠪᠠ ᠰᠢᠭᠦᠨ ᠲᠠᠰᠤᠯᠵᠤ ᠠᠵᠢᠯ ᠦᠢᠯᠡᠰ ᠦ᠋ᠨ ᠵᠠᠷᠴᠢᠮ ᠢ᠋ ᠪᠠᠷᠢᠮᠲᠠᠯᠠᠵᠤ ᠂ ᠥᠪᠡᠷ ᠦ᠋ᠨ ᠪᠡᠶ᠎ᠡ ᠶ᠋ᠢᠨ ᠵᠥᠷᠢᠶ᠎ᠡ ᠪᠡᠨ ᠲᠠᠰᠤᠷᠠᠯᠲᠠ ᠦᠭᠡᠢ ᠬᠢᠨᠠᠨ ᠦᠵᠡᠵᠦ ᠂ ᠳᠤᠲᠠᠭᠳᠠᠯ ᠢ᠋ ᠨᠥᠬᠥᠪᠥᠷᠢᠯᠡᠵᠦ ᠂ ᠪᠠᠭᠤᠷᠠᠢ ᠲᠠᠯ᠎ᠠ ᠪᠠᠨ ᠴᠢᠩᠭᠠᠳᠬᠠᠵᠤ ᠂ ᠴᠢᠳᠠᠪᠤᠷᠢᠲᠠᠨ ᠤ᠋ ᠠᠵᠢᠯ ᠤ᠋ᠨ ᠣᠳᠣᠬᠢ ᠪᠠᠢᠳᠠᠯ ᠢ᠋ ᠨᠠᠷᠢᠨ ᠬᠢᠨᠠᠮᠠᠭᠠᠢ ᠵᠠᠳᠠᠯᠵᠤ ᠂ ᠰᠢᠯᠢᠳᠡᠭ ᠵᠠᠯᠠᠭᠤ ᠴᠢᠳᠠᠪᠤᠷᠢᠲᠠᠨ ᠤ᠋ ᠨᠥᠭᠡᠴᠡ ᠶ᠋ᠢ ᠴᠢᠩᠭᠠᠳᠬᠠᠵᠤ ᠂ ᠲᠤᠰᠬᠠᠢ ᠮᠡᠷᠭᠡᠵᠢᠯ ᠦ᠋ᠨ ᠴᠢᠳᠠᠪᠤᠷᠢᠲᠠᠨ ᠢ᠋ ᠬᠥᠮᠦᠵᠢᠭᠦᠯᠬᠦ ᠲᠣᠭᠲᠠᠴᠠ ᠶ᠋ᠢ ᠰᠦᠪᠡᠭᠴᠢᠯᠡᠵᠦ ᠂ ᠠᠷᠠᠳ ᠤ᠋ᠨ ᠰᠢᠭᠦᠬᠦ ᠬᠣᠷᠢᠶ᠎ᠠ ᠶ᠋ᠢᠨ ᠠᠵᠢᠯ ᠦᠢᠯᠡᠰ ᠦ᠋ᠨ ᠳᠠᠷᠠᠭ᠎ᠠ ᠵᠠᠯᠭᠠᠮᠵᠢᠯᠠᠭᠴᠢ ᠂ ᠴᠠᠯᠢᠩ ᠬᠥᠯᠥᠰᠥ ᠶ᠋ᠢᠨ ᠬᠠᠷᠢᠯᠴᠠᠨ ᠤᠯᠠᠮᠵᠢᠯᠠᠬᠤ ᠶ᠋ᠢ ᠦᠨᠡᠨᠬᠦ ᠪᠠᠲᠤᠯᠠᠵᠤ ᠂ ᠨᠡᠩ ᠰᠢᠨᠵᠢᠯᠡᠬᠦ ᠤᠬᠠᠭᠠᠨᠴᠢ ᠂ ᠠᠮᠢᠳᠤᠯᠢᠭ ᠂ ᠪᠦᠲᠦᠮᠵᠢᠲᠡᠢ ᠠᠵᠢᠯ ᠤ᠋ᠨ ᠠᠷᠭ᠎ᠠ ᠬᠡᠯᠪᠡᠷᠢ ᠪᠡᠷ ᠰᠢᠭᠦᠬᠦ ᠬᠤᠷᠢᠶᠠᠨ ᠤ ᠴᠢᠳᠠᠪᠤᠷᠢᠲᠠᠨ ᠤ᠋ ᠠᠵᠢᠯ ᠤ᠋ᠨ ᠰᠢᠨ᠎ᠡ ᠪᠠᠢᠳᠠᠯ ᠢ᠋ ᠡᠭᠦᠳᠴᠦ ᠂ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠶ᠋ᠢᠨ ᠴᠢᠳᠠᠪᠤᠷᠢᠲᠠᠨ ᠤ᠋ ᠠᠵᠢᠯ ᠤ᠋ᠨ ᠰᠢᠨ᠎ᠡ ᠬᠠᠭᠤᠳᠠᠰᠤ ᠶ᠋ᠢ ᠴᠢᠷᠮᠠᠢᠨ ᠪᠢᠴᠢᠭᠯᠡᠨ᠎ᠡ ᠃
ᠦᠨᠡᠯᠡᠬᠦ 0ᠦᠨᠡᠯᠡᠯᠲᠡ᠎ᠲᠠᠢ