《 ᠣᠶᠤᠨᠴᠢ ᠵᠠᠰᠠᠯᠲᠠ 》 《 ᠣᠶᠤᠨᠴᠢ ᠰᠢᠭᠦᠬᠦ ᠬᠣᠷᠢᠶ᠎ᠠ 》ᠵᠡᠷᠭᠡ ᠮᠡᠳᠡᠭᠡ ᠵᠠᠩᠭᠢ ᠶ᠋ᠢᠨ ᠲᠠᠪᠴᠠᠩ ᠤ᠋ᠨ ᠪᠠᠢᠭᠤᠯᠤᠯᠲᠠ ᠶ᠋ᠢ ᠴᠢᠩᠭᠠᠳᠬᠠᠵᠤ ᠂ ᠲᠣᠮᠣ ᠳ᠋ᠠᠢᠲ᠋ᠠ ᠶ᠋ᠢᠨ ᠪᠠᠢᠯᠳᠤᠬᠤ ᠪᠣᠳᠣᠯᠭ᠎ᠠ ᠶ᠋ᠢ ᠭᠦᠨᠵᠡᠭᠡᠢ ᠬᠡᠷᠡᠭᠵᠢᠭᠦᠯᠵᠦ ᠂ ᠰᠢᠨᠵᠢᠯᠡᠬᠦ ᠤᠬᠠᠭᠠᠨ ᠮᠡᠷᠭᠡᠵᠢᠯ ᠦ᠋ᠨ ᠰᠢᠨ᠎ᠡ ᠶ᠋ᠢ ᠡᠭᠦᠳᠦᠭᠰᠡᠨ ᠦᠷ᠎ᠡ ᠪᠦᠲᠦᠭᠡᠯ ᠢ᠋ ᠤᠯᠤᠰ ᠲᠥᠷᠥ ᠬᠠᠤᠯᠢ ᠴᠠᠭᠠᠵᠠ ᠶ᠋ᠢᠨ ᠠᠵᠢᠯ ᠲᠠᠢ ᠭᠦᠨ ᠠᠭᠤᠰᠤᠯᠴᠠᠭᠤᠯᠬᠤ ᠶ᠋ᠢᠨ ᠲᠥᠯᠥᠭᠡ ᠂ 3 ᠰᠠᠷ᠎ᠠ ᠶ᠋ᠢᠨ ᠰᠡᠭᠦᠯᠴᠢ ᠪᠡᠷ ᠂ ᠬᠠᠤᠯᠢ ᠪᠠᠷ ᠵᠠᠰᠠᠬᠤ ᠡᠳᠦᠷ ᠦ᠋ᠨ ᠰᠣᠨᠢᠨ ᠤ᠋ ᠬᠣᠷᠢᠶ᠎ᠠ 《 2022 ᠤᠯᠤᠰ ᠲᠥᠷᠥ ᠬᠠᠤᠯᠢ ᠴᠠᠭᠠᠵᠠ᠎ᠶ᠋ᠢᠨ ᠤᠶᠤᠨᠴᠢᠯᠠᠬᠤ ᠪᠠᠢᠭᠤᠯᠤᠯᠲᠠᠶ᠋ᠢᠨ ᠬᠡᠷᠡᠭᠦ᠋ᠨ ᠵᠢᠱ᠌ᠢᠶ᠎ᠡ ᠪᠠ ᠥᠭᠦᠯᠡᠯ ᠴᠤᠭᠯᠠᠭᠤᠯᠬᠤ ᠤᠬᠠᠭᠤᠯᠭ᠎ᠠ ᠶ᠋ᠢᠨ ᠠᠵᠢᠯᠯᠠᠭ᠎ᠠ 》 ᠶ᠋ᠢ ᠡᠷᠬᠢᠯᠡᠵᠦ ᠂ ᠬᠡᠳᠦᠨ ᠰᠠᠷ᠎ᠠ ᠶ᠋ᠢᠨ ᠬᠡᠷᠡᠭ ᠦ᠋ᠨ ᠵᠢᠱ᠌ᠢᠶ᠎ᠡ ᠡᠯᠰᠡᠬᠦ ᠂ ᠰᠦᠯᠵᠢᠶᠡᠨ ᠳᠡᠭᠡᠷ᠎ᠡ ᠰᠢᠯᠭᠠᠨ ᠰᠣᠩᠭᠣᠬᠤ ᠂ ᠲᠤᠰᠬᠠᠢ ᠮᠡᠷᠭᠡᠵᠢᠯᠲᠡᠨ ᠦ᠌ ᠬᠢᠨᠠᠨ ᠲᠣᠭᠲᠠᠭᠠᠬᠤ ᠱᠠᠲᠤ ᠦᠶ᠎ᠡ ᠶ᠋ᠢ ᠥᠩᠭᠡᠷᠡᠭᠡᠭᠡᠳ ᠂ 12 ᠰᠠᠷ᠎ᠠ ᠶ᠋ᠢᠨ 10 ᠤ᠋ ᠡᠳᠦᠷ ᠂ ᠲᠤᠰ ᠤᠳᠠᠭᠠᠨ ᠤ᠋ ᠦᠷ᠎ᠡ ᠳ᠋ᠦᠩ ᠨᠢ ᠦᠪᠡᠳᠡᠭᠰᠢ ᠶᠡᠬᠡᠪᠡᠷ ᠢᠯᠡᠴᠢᠯᠡᠭᠳᠡᠵᠦ ᠂ ᠣᠷᠳᠣᠰ ᠬᠣᠲᠠ ᠶ᠋ᠢᠨ ᠠᠷᠠᠳ ᠤ᠋ᠨ ᠰᠢᠭᠦᠬᠦ ᠬᠣᠷᠢᠶ᠎ᠠ ᠶ᠋ᠢᠨ ᠪᠡᠶ᠎ᠡ ᠪᠡᠨ ᠳᠠᠭᠠᠭᠠᠵᠤ ᠰᠤᠳᠤᠯᠤᠨ ᠨᠡᠭᠡᠭᠡᠭᠰᠡᠨ 《 ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠭᠦᠢᠴᠡᠳᠬᠡᠬᠦ ᠰᠢᠰᠲ᠋ᠧᠮ 》 ᠨᠢ ᠪᠦᠬᠦ ᠤᠯᠤᠰ ᠤ᠋ᠨ ᠤᠯᠤᠰ ᠲᠥᠷᠥ ᠬᠠᠤᠯᠢ ᠴᠠᠭᠠᠵᠠ ᠶ᠋ᠢᠨ ᠤᠶᠤᠨᠴᠢᠯᠠᠭᠰᠠᠨ ᠰᠢᠨ᠎ᠡ ᠶ᠋ᠢ ᠡᠭᠦᠳᠦᠭᠰᠡᠨ ᠵᠢᠱ᠌ᠢᠶ᠎ᠡ ᠶ᠋ᠢ ᠣᠯᠵᠠᠢ ︕
ᠬᠠᠤᠯᠢ ᠪᠠᠷ ᠵᠠᠰᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠲᠤᠬᠠᠢ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶ᠎ᠠ ᠶ᠋ᠢᠨ ᠠᠵᠢᠯ ᠤ᠋ᠨ ᠪᠠᠢᠷᠢᠯᠠᠭᠤᠯᠤᠯᠲᠠ ᠶ᠋ᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠬᠠᠤᠯᠢ ᠪᠠᠷ ᠵᠠᠰᠠᠭᠰᠠᠨ ᠬᠤᠳᠠᠯᠳᠤᠭ᠎ᠠ ᠡᠵᠡᠩᠨᠡᠬᠦ ᠰᠠᠢᠨ ᠰᠠᠢᠬᠠᠨ ᠣᠷᠴᠢᠨ ᠲᠣᠭᠣᠷᠢᠨ ᠢ᠋ ᠬᠦᠴᠦᠯᠡᠨ ᠪᠠᠢᠭᠤᠯᠬᠤ ᠶ᠋ᠢᠨ ᠲᠤᠰᠠᠳᠠ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠢᠳᠠᠯᠭ᠎ᠠ ᠪᠠᠷ ᠰᠤᠳᠤᠯᠤᠨ ᠨᠡᠭᠡᠭᠡᠭᠰᠡᠨ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠦ᠋ᠨ ᠰᠦᠯᠵᠢᠶᠡᠨ ᠳᠡᠭᠡᠷ᠎ᠡ 《 ᠬᠡᠷᠡᠭ ᠰᠢᠢᠳᠪᠦᠷᠢᠯᠡᠬᠦ ᠰᠢᠰᠲ᠋ᠧᠮ 》 ᠨᠢ ᠳᠡᠭᠡᠳᠦ ᠵᠡᠷᠭᠡ ᠶ᠋ᠢᠨ ᠰᠢᠭᠦᠬᠦ ᠬᠣᠷᠢᠶ᠎ᠠ ᠪᠣᠯᠤᠨ ᠪᠦᠬᠦ ᠣᠷᠣᠨ ᠤ᠋ 13 ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠳ᠋ᠤ᠌ ᠪᠠᠢᠷᠢᠯᠠᠭᠤᠯᠤᠯᠲᠠ ᠬᠢᠵᠦ ᠂ ᠪᠦᠬᠦ ᠣᠷᠣᠨ ᠤ᠋ ᠰᠢᠭᠦᠬᠦ ᠬᠣᠷᠢᠶ᠎ᠠ ᠶ᠋ᠢᠨ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠰᠦᠯᠵᠢᠶᠡᠨ ᠳᠡᠭᠡᠷ᠎ᠡ ᠭᠦᠢᠴᠡᠳᠬᠡᠬᠦ ᠪᠠ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠦ᠋ᠨ ᠶᠠᠪᠤᠴᠠ ᠲᠠᠢ ᠂ ᠨᠠᠷᠢᠯᠢᠭᠵᠢᠭᠰᠠᠨ ᠂ ᠣᠶᠤᠨᠵᠢᠭᠰᠠᠨ ᠬᠠᠮᠢᠶᠠᠷᠤᠯᠲᠠ ᠶ᠋ᠢ ᠪᠡᠶᠡᠯᠡᠭᠦᠯᠪᠡ ᠃
ᠲᠤᠰ ᠰᠢᠰᠲ᠋ᠧᠮ ᠨᠢ ᠪᠡᠶ᠎ᠡ ᠪᠡᠨ ᠳᠠᠭᠠᠭᠠᠭᠰᠠᠨ ᠮᠡᠳᠡᠯᠭᠡ ᠶ᠋ᠢᠨ ᠥᠮᠴᠢ ᠶ᠋ᠢᠨ ᠡᠷᠬᠡ ᠲᠡᠢ ᠪᠥᠭᠡᠳ ᠤᠯᠤᠰ ᠤ᠋ᠨ ᠬᠡᠪᠯᠡᠯ ᠦ᠋ᠨ ᠡᠷᠬᠡ ᠶ᠋ᠢᠨ ᠲᠣᠪᠴᠢᠶ᠎ᠠ ᠶ᠋ᠢᠨ ᠣᠯᠭᠣᠭᠰᠠᠨ ᠵᠥᠭᠡᠯᠡᠨ ᠲᠣᠨᠣᠭ ᠤ᠋ᠨ ᠵᠣᠬᠢᠶᠠᠯ ᠪᠦᠲᠦᠭᠡᠯ ᠦ᠋ᠨ ᠡᠷᠬᠡ ᠶ᠋ᠢᠨ ᠳᠠᠩᠰᠠᠯᠠᠬᠤ ᠦᠨᠡᠮᠯᠡᠯ ᠢ᠋ ᠣᠯᠵᠤ ᠂ ᠰᠢᠰᠲ᠋ᠧᠮ ᠦ᠋ᠨ ᠶᠠᠪᠤᠴᠠ ᠨᠢ ᠠᠷᠠᠳ ᠤ᠋ᠨ ᠰᠢᠭᠦᠬᠦ ᠬᠣᠷᠢᠶᠠᠨ ᠤ᠋ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠭᠦᠢᠴᠡᠳᠬᠡᠬᠦ ᠶᠠᠪᠤᠴᠠ ᠶ᠋ᠢᠨ ᠵᠢᠷᠤᠭ ᠲᠥᠯᠥᠪᠯᠡᠭᠡ ᠶ᠋ᠢ ᠴᠢᠩᠭ᠎ᠠ ᠵᠢᠷᠤᠮᠯᠠᠵᠤ ᠂ ᠰᠢᠰᠲ᠋ᠧᠮ ᠳ᠋ᠦ᠍ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠰᠤᠷᠠᠭ ᠵᠠᠩᠭᠢ ᠶ᠋ᠢ ᠣᠷᠣᠭᠤᠯᠬᠤ ᠂ ᠪᠡᠶ᠎ᠡ ᠪᠡᠨ ᠳᠠᠭᠠᠭᠠᠵᠤ ᠬᠡᠷᠡᠭ ᠪᠣᠯᠭᠠᠬᠤ ᠂ ᠣᠶᠤᠨ ᠢ᠋ᠶ᠋ᠠᠷ ᠬᠡᠷᠡᠭ ᠪᠣᠯᠭᠠᠨ ᠰᠢᠢᠳᠪᠦᠷᠢᠯᠡᠬᠦ ᠂ ᠣᠶᠤᠨᠴᠢ ᠪᠠᠷ ᠬᠡᠷᠡᠭ ᠰᠢᠢᠳᠪᠦᠷᠢᠯᠡᠬᠦ ᠂ ᠨᠠᠷᠢᠨ ᠣᠨᠣᠪᠴᠢᠲᠠᠢ ᠬᠢᠨᠠᠨ ᠪᠠᠢᠴᠠᠭᠠᠵᠤ ᠠᠷᠢᠯᠭᠠᠬᠤ ᠂ ᠬᠡᠷᠡᠭ ᠢ᠋ ᠰᠢᠢᠳᠪᠦᠷᠢᠯᠡᠭᠰᠡᠨ ᠦᠷ᠎ᠡ ᠳ᠋ᠦᠩ ᠢ᠋ ᠳᠠᠩᠰᠠᠯᠠᠬᠤ ᠂ ᠳᠠᠩᠰᠠ ᠡᠪᠬᠡᠮᠡᠯ ᠳ᠋ᠦ᠍ ᠣᠷᠣᠭᠤᠯᠬᠤ ᠵᠢᠴᠢ ᠲᠤᠬᠠᠢ ᠶ᠋ᠢᠨ ᠬᠥᠮᠦᠨ ᠳ᠋ᠦ᠍ ᠬᠠᠷᠢᠭᠤ ᠲᠤᠰᠬᠠᠬᠤ ᠵᠡᠷᠭᠡ ᠪᠥᠬᠥ ᠶᠠᠪᠤᠴᠠ ᠶ᠋ᠢᠨ ᠰᠦᠯᠵᠢᠶᠡᠨ ᠳᠡᠭᠡᠷ᠎ᠡ ᠭᠦᠢᠴᠡᠳᠬᠡᠬᠦ ᠴᠢᠳᠠᠮᠵᠢ ᠶ᠋ᠢ ᠪᠦᠷᠬᠦᠭᠦᠯᠵᠡᠢ ᠃ ᠲᠤᠰ ᠰᠢᠰᠲ᠋ᠧᠮ ᠨᠢ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠭᠤᠷᠪᠠᠨ ᠱᠠᠲᠤᠨ ᠤ᠋ ᠰᠢᠭᠦᠬᠦ ᠬᠣᠷᠢᠶᠠᠨ ᠤ᠋ ᠳᠠᠮᠵᠢᠭᠤᠯᠤᠨ ᠭᠦᠢᠴᠡᠳᠬᠡᠬᠦ ᠵᠢᠴᠢ ᠴᠢᠯᠥᠭᠡᠲᠡᠢ ᠪᠡᠷ ᠡᠷᠭᠢᠯᠳᠦᠭᠦᠯᠬᠦ ᠂ ᠪᠤᠴᠠᠭᠠᠨ ᠪᠤᠴᠠᠭᠠᠬᠤ ᠂ ᠰᠥᠷᠭᠡᠦ ᠴᠤᠪᠤᠷᠠᠯ ᠵᠡᠷᠭᠡ ᠴᠢᠳᠠᠮᠵᠢ ᠶ᠋ᠢ ᠪᠡᠶᠡᠯᠡᠭᠦᠯᠵᠦ ᠂ ᠬᠡᠷᠡᠭ ᠢ᠋ ᠰᠢᠢᠳᠪᠦᠷᠢᠯᠡᠬᠦ ᠪᠥᠬᠥ ᠶᠠᠪᠤᠴᠠ ᠶ᠋ᠢᠨ ᠵᠠᠩᠭᠢᠯᠠᠭ᠎ᠠ ᠴᠡᠭ ᠦ᠋ᠨ ᠬᠠᠮᠢᠶᠠᠷᠤᠨ ᠡᠵᠡᠮᠳᠡᠬᠦ ᠶ᠋ᠢ ᠪᠡᠶᠡᠯᠡᠭᠦᠯᠵᠦ ᠂ ᠠᠵᠢᠯᠲᠠᠳ ᠵᠠᠬᠢᠳᠠᠯ ᠰᠤᠷᠪᠤᠯᠵᠢᠯᠠᠭ᠎ᠠ ᠶ᠋ᠢ ᠬᠢᠨᠠᠨ ᠪᠠᠢᠴᠠᠭᠠᠬᠤ ᠨᠥᠬᠥᠴᠡᠯ ᠳ᠋ᠦ᠍ ᠨᠡᠢᠴᠡᠭᠰᠡᠨ ᠣᠯᠠᠨ ᠲᠦᠮᠡᠨ ᠦ᠌ ᠵᠠᠬᠢᠳᠠᠯ ᠰᠤᠷᠪᠤᠯᠵᠢᠯᠠᠭ᠎ᠠ ᠂ ᠵᠠᠬᠢᠳᠠᠯ ᠴᠢᠮᠡᠭᠡ ᠂ ᠢᠷᠡᠭᠦᠯᠦᠭᠰᠡᠨ ᠮᠡᠳᠡᠭᠡ ᠵᠠᠩᠭᠢ ᠶ᠋ᠢ ᠰᠢᠩᠭᠡᠭᠡᠨ ᠠᠪᠬᠤ ᠰᠢᠰᠲ᠋ᠧᠮ ᠢ᠋ᠶ᠋ᠡᠨ ᠰᠢᠰᠲ᠋ᠧᠮ ᠲᠡᠢ ᠪᠡᠷ ᠳᠠᠮᠵᠢᠭᠤᠯᠤᠨ ᠰᠦᠯᠵᠢᠶᠡᠨ ᠳᠡᠭᠡᠷ᠎ᠡ ᠰᠠᠯᠭᠠᠨ ᠲᠣᠬᠢᠷᠠᠭᠤᠯᠬᠤ ᠵᠠᠭᠪᠤᠷ ᠢ᠋ᠶ᠋ᠠᠷ ᠳᠠᠮᠵᠢᠭᠤᠯᠤᠨ ᠲᠤᠰ ᠬᠣᠷᠢᠶᠠᠨ ᠤ᠋ ᠳᠠᠭᠠᠭᠠᠨ ᠰᠢᠢᠳᠪᠦᠷᠢᠯᠡᠬᠦ ᠰᠠᠯᠠᠭ᠎ᠠ ᠮᠥᠴᠢᠷ ᠪᠤᠶᠤ ᠳᠣᠣᠷᠠᠲᠤ ᠱᠠᠲᠤᠨ ᠤ᠋ ᠰᠢᠭᠦᠬᠦ ᠬᠣᠷᠢᠶᠠᠨ ᠳ᠋ᠤ᠌ ᠲᠤᠰᠢᠶᠠᠨ ᠬᠢᠨᠠᠨ ᠪᠠᠢᠴᠠᠭᠠᠯᠭᠠᠵᠤ ᠰᠢᠢᠳᠪᠦᠷᠢᠯᠡᠭᠦᠯᠬᠦ ᠪᠡᠷ ᠪᠣᠯᠪᠠ ᠃ ᠲᠤᠰ ᠬᠣᠷᠢᠶᠠᠨ ᠤ᠋ ᠳᠠᠭᠠᠭᠠᠨ ᠰᠢᠢᠳᠪᠦᠷᠢᠯᠡᠬᠦ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠰᠢᠢᠳᠪᠦᠷᠢᠯᠡᠵᠦ ᠳᠠᠭᠤᠰᠬᠠᠭᠰᠠᠨ ᠤ᠋ ᠳᠠᠷᠠᠭ᠎ᠠ ᠰᠢᠢᠳᠪᠦᠷᠢᠯᠡᠵᠦ ᠳᠠᠭᠤᠰᠬᠠᠬᠤ ᠮᠡᠳᠡᠭᠡ ᠵᠠᠩᠭᠢ ᠶ᠋ᠢ ᠰᠢᠰᠲ᠋ᠸᠮ ᠳ᠋ᠦ᠍ ᠣᠷᠣᠭᠤᠯᠵᠤ ᠂ ᠰᠦᠯᠵᠢᠶᠡᠨ ᠳᠡᠭᠡᠷ᠎ᠡ ᠵᠠᠬᠢᠳᠠᠯ ᠰᠤᠷᠪᠤᠯᠵᠢᠯᠠᠭ᠎ᠠ ᠶ᠋ᠢᠨ ᠭᠠᠵᠠᠷ ᠲᠤ᠌ ᠲᠤᠰᠬᠠᠨ᠎ᠠ ; ᠳᠣᠣᠷᠠᠲᠤ ᠱᠠᠲᠤᠨ ᠤ᠋ ᠰᠢᠭᠦᠬᠦ ᠬᠣᠷᠢᠶᠠᠨ ᠤ᠋ ᠰᠢᠢᠳᠪᠦᠷᠢᠯᠡᠬᠦ ᠬᠡᠷᠡᠭ ᠲᠦ᠍ ᠲᠣᠭᠠᠴᠠᠭᠳᠠᠪᠠᠯ ᠂ ᠮᠡᠳᠡᠭᠡ ᠵᠠᠩᠭᠢ ᠶ᠋ᠢ ᠡᠯ᠎ᠡ ᠰᠢᠭᠦᠬᠦ ᠬᠣᠷᠢᠶᠠᠨ ᠳ᠋ᠤ᠌ ᠠᠶᠠᠨᠳᠠᠭᠠᠨ ᠰᠢᠯᠵᠢᠭᠦᠯᠵᠦ ᠰᠢᠢᠳᠪᠦᠷᠢᠯᠡᠭᠦᠯᠦᠨ᠎ᠡ ᠂ ᠡᠯ᠎ᠡ ᠰᠢᠭᠦᠬᠦ ᠬᠣᠷᠢᠶ᠎ᠠ ᠬᠡᠷᠡᠭ ᠬᠤᠪᠢᠶᠠᠬᠤ ᠂ ᠬᠢᠨᠠᠨ ᠪᠠᠢᠴᠠᠭᠠᠵᠤ ᠨᠠᠮᠳᠠᠭᠤᠯᠬᠤ ᠂ ᠰᠢᠢᠳᠪᠦᠷᠢᠯᠡᠵᠦ ᠳᠠᠭᠤᠰᠬᠠᠭᠰᠠᠨ ᠤ᠋ ᠳᠠᠷᠠᠭ᠎ᠠ ᠂ ᠰᠢᠰᠲ᠋ᠧᠮ ᠢ᠋ᠶ᠋ᠡᠨ ᠰᠢᠢᠳᠪᠦᠷᠢᠯᠡᠭᠰᠡᠨ ᠦᠷ᠎ᠡ ᠳ᠋ᠦᠩ ᠢ᠋ᠶ᠋ᠡᠨ ᠳᠡᠭᠡᠳᠦ ᠱᠠᠲᠤᠨ ᠤ᠋ ᠰᠢᠭᠦᠬᠦ ᠬᠣᠷᠢᠶᠠᠨ ᠤ᠋ ᠬᠢᠨᠠᠨ ᠪᠠᠢᠴᠠᠭᠠᠬᠤ ᠲᠢᠩᠬᠢᠮ ᠦ᠋ᠨ ᠲᠠᠰᠤᠭ ᠲᠤ᠌ ᠮᠡᠳᠡᠭᠦᠯᠵᠦ ᠬᠠᠷᠭᠤᠭᠤᠯᠤᠨ ᠪᠠᠢᠴᠠᠭᠠᠯᠭᠠᠭᠠᠳ ᠂ ᠡᠨᠳᠡᠭᠦᠦ ᠦᠭᠡᠢ ᠭᠡᠵᠦ ᠨᠤᠲᠠᠯᠠᠭᠰᠠᠨ ᠤ᠋ ᠳᠠᠷᠠᠭ᠎ᠠ ᠳᠡᠭᠡᠳᠦ ᠵᠡᠷᠭᠡ ᠶ᠋ᠢᠨ ᠰᠢᠭᠦᠬᠦ ᠬᠣᠷᠢᠶᠠᠨ ᠤ᠋ ᠵᠠᠬᠢᠳᠠᠯ ᠰᠤᠷᠪᠤᠯᠵᠢᠯᠠᠭ᠎ᠠ ᠶ᠋ᠢᠨ ᠭᠠᠵᠠᠷ ᠲᠤ᠌ ᠮᠡᠳᠡᠭᠦᠯᠦᠨ ᠳᠠᠩᠰᠠᠯᠠᠭᠤᠯᠤᠨ᠎ᠠ ᠃
ᠡᠭᠦᠨ ᠡᠴᠡ ᠭᠠᠳᠠᠨ᠎ᠠ ᠂ RPA ᠵᠠᠰᠠᠭ ᠤ᠋ᠨ ᠶᠠᠪᠤᠳᠠᠯ ᠤ᠋ᠨ ᠮᠠᠰᠢᠨ ᠬᠥᠮᠦᠨ ᠦ᠌ ᠵᠢᠷᠤᠮ ᠢ᠋ᠶ᠋ᠠᠷ ᠬᠡᠷᠡᠭ ᠦ᠋ᠨ ᠰᠤᠷᠠᠭ ᠵᠠᠩᠭᠢ ᠶ᠋ᠢ ᠠᠦ᠋ᠲ᠋ᠤ᠋ ᠭᠠᠷᠭᠠᠨ ᠠᠪᠬᠤ ᠶ᠋ᠢ ᠪᠡᠶᠡᠯᠡᠭᠦᠯᠵᠦ ᠂ ᠰᠤᠷᠪᠤᠯᠵᠢᠯᠠᠭ᠎ᠠ ᠬᠦᠯᠢᠶᠡᠬᠦ ᠲᠠᠰᠤᠭ ᠤ᠋ᠨ ᠳᠠᠭᠤ ᠳᠦᠷᠰᠦ ᠰᠢᠩᠭᠡᠭᠡᠯᠲᠡ ᠶ᠋ᠢᠨ ᠣᠶᠤᠨᠴᠢ ᠦᠵᠦᠭᠦᠷ ᠢ᠋ᠶ᠋ᠡᠷ ᠳᠠᠮᠵᠢᠨ ᠰᠤᠷᠪᠤᠯᠵᠢᠯᠠᠭ᠎ᠠ ᠬᠦᠯᠢᠶᠡᠬᠦ ᠲᠠᠰᠤᠭ ᠤ᠋ᠨ ᠳᠠᠭᠤ ᠳᠦᠷᠰᠦ ᠰᠢᠩᠭᠡᠭᠡᠬᠦ ᠠᠵᠢᠯᠯᠠᠭ᠎ᠠ ᠶ᠋ᠢ ᠰᠢᠩᠭᠡᠭᠡᠨ ᠠᠪᠴᠤ ᠂ ᠬᠡᠷᠡᠭᠴᠡᠭᠡ ᠪᠡᠷ ᠨᠢ ᠰᠢᠩᠭᠡᠭᠡᠵᠦ ᠠᠪᠬᠤ ᠂ ᠦᠨᠡᠮᠯᠡᠯ ᠬᠠᠳᠠᠭᠠᠯᠠᠬᠤ ᠵᠡᠷᠭᠡ ᠴᠢᠳᠠᠪᠬᠢ ᠶ᠋ᠢ ᠪᠡᠶᠡᠯᠡᠭᠦᠯᠵᠦ ᠪᠣᠯᠤᠨ᠎ᠠ ︔ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ 24 ᠴᠠᠭ ᠤ᠋ᠨ ᠣᠶᠤᠨᠲᠤ ᠮᠠᠰᠢᠨ ᠢ᠋ ᠳᠠᠮᠵᠢᠨ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠰᠢᠢᠳᠪᠦᠷᠢᠯᠡᠬᠦ ᠠᠬᠢᠴᠠ ᠂ ᠳᠠᠭᠤ ᠰᠢᠩᠭᠡᠭᠡᠯᠲᠡ ᠳᠦᠷᠰᠦ ᠰᠢᠩᠭᠡᠭᠡᠯᠲᠡ ᠶ᠋ᠢᠨ ᠮᠠᠲ᠋ᠧᠷᠢᠶᠠᠯ ᠢ᠋ ᠳᠡᠭᠡᠭᠰᠢ ᠳᠠᠮᠵᠢᠭᠤᠯᠬᠤ ᠮᠠᠲ᠋ᠧᠷᠢᠶᠠᠯ ᠂ ᠬᠠᠷᠢᠭᠤ ᠪᠠᠷᠢᠮᠲᠠ ᠵᠡᠷᠭᠡ ᠶ᠋ᠢ ᠪᠠᠢᠴᠠᠭᠠᠨ ᠦᠵᠡᠬᠦ ᠶᠠᠪᠤᠳᠠᠯ ᠢ᠋ ᠪᠡᠶᠡᠯᠡᠭᠦᠯᠦᠨ᠎ᠡ ︔ ᠣᠶᠤᠨᠴᠢ ᠵᠠᠬᠢᠳᠠᠯ ᠰᠤᠷᠪᠤᠯᠵᠢᠯᠠᠭ᠎ᠠ ᠶ᠋ᠢᠨ ᠵᠢᠵᠢᠭ᠌ ᠲᠤᠨᠤᠭ ᠢ᠋ᠶ᠋ᠠᠷ ᠳᠠᠮᠵᠢᠨ ᠰᠦᠯᠵᠢᠶᠡᠨ ᠳᠡᠭᠡᠷ᠎ᠡ ᠵᠠᠬᠢᠳᠠᠯ ᠰᠤᠷᠪᠤᠯᠵᠢᠯᠠᠭ᠎ᠠ ᠶ᠋ᠢᠨ ᠢᠯᠡᠴᠢᠯᠡᠨ ᠮᠡᠳᠡᠭᠦᠯᠬᠦ ᠰᠤᠷᠠᠭ ᠵᠠᠩᠭᠢ ᠶ᠋ᠢ ᠲᠤᠰᠢᠶᠠᠵᠤ ᠂ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠰᠢᠢᠳᠪᠦᠷᠢᠯᠡᠭᠰᠡᠨ ᠠᠬᠢᠴᠠ ᠶ᠋ᠢ ᠪᠠᠢᠴᠠᠭᠠᠨ ᠦᠵᠡᠵᠦ ᠂ ᠬᠠᠷᠢᠭᠤ ᠲᠤᠰᠬᠠᠭᠰᠠᠨ ᠮᠡᠳᠡᠭᠦᠯᠦᠯᠲᠡ ᠵᠡᠷᠭᠡ ᠴᠢᠳᠠᠪᠬᠢ ᠶ᠋ᠢ ᠪᠠᠭᠤᠯᠭᠠᠨ ᠠᠪᠤᠨ᠎ᠠ ︔ ᠲᠣᠭ᠎ᠠ ᠪᠠᠷᠢᠮᠲᠠ ᠶ᠋ᠢ ᠪᠦᠷᠢᠳᠬᠡᠨ ᠵᠠᠳᠠᠯᠬᠤ ᠮᠣᠳᠧᠯ ᠢ᠋ᠶ᠋ᠡᠷ ᠳᠠᠮᠵᠢᠭᠤᠯᠤᠨ ᠡᠯ᠎ᠡ ᠲᠥᠷᠥᠯ ᠦ᠋ᠨ ᠲᠣᠭ᠎ᠠ ᠪᠠᠷᠢᠮᠲᠠ ᠶ᠋ᠢ ᠪᠦᠷᠢᠳᠬᠡᠨ ᠵᠠᠳᠠᠯᠬᠤ ᠴᠢᠳᠠᠪᠤᠷᠢ ᠶ᠋ᠢ ᠪᠡᠶᠡᠯᠡᠭᠦᠯᠬᠦ ︔ ᠲᠣᠭ᠎ᠠ ᠪᠠᠷᠢᠮᠲᠠ ᠶ᠋ᠢ ᠦᠵᠡᠭᠳᠡᠬᠦᠢᠴᠡ ᠺᠤᠳ᠋ ᠢ᠋ᠶ᠋ᠠᠷ ᠳᠠᠮᠵᠢᠭᠤᠯᠤᠨ ᠲᠣᠮᠣ ᠳ᠋ᠠᠢᠲ᠋ᠠ ᠶ᠋ᠢᠨ ᠵᠠᠳᠠᠯᠤᠯᠲᠠ ᠳ᠋ᠤ᠌ ᠳᠡᠯᠭᠡᠨ ᠦᠵᠡᠭᠦᠯᠬᠦ ᠴᠢᠳᠠᠪᠤᠷᠢ ᠶ᠋ᠢ ᠪᠡᠶᠡᠯᠡᠭᠦᠯᠵᠦ ᠂ ᠵᠠᠬᠢᠳᠠᠯ ᠰᠤᠷᠪᠤᠯᠵᠢᠯᠠᠯ ᠤ᠋ᠨ ᠬᠡᠷᠡᠭ ᠢ᠋ ᠨᠠᠮᠳᠠᠭᠤᠯᠬᠤ ᠂ ᠤᠳᠤᠷᠢᠳᠤᠯᠭᠠᠶ᠋ᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳ᠋ᠤ᠌ ᠲᠣᠭ᠎ᠠ ᠪᠠᠷᠢᠮᠲᠠ ᠶ᠋ᠢᠨ ᠲᠤᠯᠭᠠᠭᠤᠷᠢᠯᠠᠯ ᠬᠠᠩᠭᠠᠨ᠎ᠠ ᠃
ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠭᠦᠢᠴᠡᠳᠬᠡᠬᠦ ᠰᠢᠰᠲ᠋ᠧᠮ 2021 ᠣᠨᠤ᠋ 5 ᠰᠠᠷ᠎ᠠ ᠳ᠋ᠤ᠌ ᠣᠷᠳᠣᠰ ᠲᠤ᠌ ᠲᠦᠷᠦᠭᠦᠯᠡᠨ ᠲᠤᠷᠰᠢᠨ ᠠᠵᠢᠯᠯᠠᠭᠰᠠᠨ ᠠ᠋ᠴᠠ ᠨᠡᠰᠢ ᠂ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠪᠦᠬᠦ ᠶᠠᠪᠤᠴᠠ ᠳ᠋ᠤ᠌ ᠪᠢᠲᠡᠭᠦᠮᠵᠢᠯᠡᠵᠦ ᠂ ᠢᠯᠡ ᠲᠣᠳᠣ ᠪᠠᠷ ᠰᠢᠢᠳᠪᠦᠷᠢᠯᠡᠵᠦ ᠂ ᠬᠡᠷᠡᠭᠰᠡᠬᠦ ᠴᠠᠭ ᠢ᠋ ᠰᠢᠨᠵᠢᠯᠡᠬᠦ ᠤᠬᠠᠭᠠᠨᠴᠢ ᠪᠠᠷ ᠪᠣᠭᠣᠨᠢᠰᠬᠠᠵᠤ ᠂ ᠰᠢᠢᠳᠪᠦᠷᠢᠯᠡᠬᠦ ᠴᠢᠨᠠᠷ ᠴᠢᠨᠰᠠᠭ᠎ᠠ ᠶ᠋ᠢ ᠦᠨᠡᠨᠬᠦ ᠳᠡᠭᠡᠭᠰᠢᠯᠡᠭᠦᠯᠪᠡ ᠃
ᠦᠨᠡᠯᠡᠬᠦ 0ᠦᠨᠡᠯᠡᠯᠲᠡ᠎ᠲᠠᠢ