ᠠᠮᠤᠷ ᠲᠦᠪᠰᠢᠨ ᠂ ᠬᠠᠤᠯᠢ ᠪᠠᠷ ᠵᠠᠰᠠᠬᠤ ᠪᠣᠯ ᠠᠷᠠᠳ ᠲᠦᠮᠡᠨ ᠦ᠌ ᠵᠣᠯ ᠵᠢᠷᠭᠠᠯ ᠤ᠋ᠨ ᠰᠠᠭᠤᠷᠢ ᠂ ᠨᠡᠢᠭᠡᠮ ᠦ᠋ᠨ ᠡᠶ᠎ᠡ ᠵᠣᠬᠢᠴᠠᠯ ᠤ᠋ᠨ ᠦᠨᠳᠦᠰᠦ ᠮᠥᠨ ᠃ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠠ᠋ᠴᠠ ᠨᠡᠰᠢ ᠂ ᠣᠷᠳᠣᠰ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠬᠤ ᠶ᠋ᠢ ᠪᠠᠷᠢᠮᠲᠠᠯᠠᠵᠤ ᠂ ᠰᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠶ᠋ᠢ ᠬᠢᠨᠠᠮᠠᠭᠠᠢ ᠦᠢᠯᠡᠳᠦᠯᠭᠡᠵᠢᠭᠦᠯᠵᠦ ᠂ ᠨᠠᠮ ᠤ᠋ᠨ ᠠᠷᠠᠳ ᠤ᠋ᠨ ᠰᠢᠭᠦᠬᠦ ᠬᠣᠷᠢᠶ᠎ᠠ ᠶ᠋ᠢᠨ ᠠᠵᠢᠯ ᠳ᠋ᠤ᠌ ᠦᠵᠡᠭᠦᠯᠬᠦ ᠬᠠᠷᠢᠴᠠᠯᠠᠰᠢ ᠦᠭᠡᠢ ᠤᠳᠤᠷᠢᠳᠤᠯᠭ᠎ᠠ ᠶ᠋ᠢ ᠪᠠᠷᠢᠮᠲᠠᠯᠠᠵᠤ ᠂ ᠰᠢᠭᠦᠨ ᠲᠠᠰᠤᠯᠬᠤ ᠡᠭᠦᠷᠭᠡ ᠴᠢᠳᠠᠪᠬᠢ ᠶ᠋ᠢᠨ ᠦᠢᠯᠡᠳᠦᠯ ᠢ᠋ᠶ᠋ᠡᠨ ᠭᠦᠢᠴᠡᠳ ᠪᠠᠳᠠᠷᠠᠭᠤᠯᠵᠤ ᠂ ᠠᠮᠤᠷ ᠠᠮᠤᠭᠤᠯᠠᠩ ᠣᠷᠳᠣᠰ ᠂ ᠬᠠᠤᠯᠢ ᠪᠠᠷ ᠵᠠᠰᠠᠬᠤ ᠣᠷᠳᠣᠰᠤ᠋ᠨ ᠪᠦᠲᠦᠭᠡᠨ ᠪᠠᠢᠭᠤᠯᠤᠯᠲᠠ ᠶ᠋ᠢ ᠭᠦᠨᠵᠡᠭᠡᠢ ᠠᠬᠢᠭᠤᠯᠵᠤ ᠂ ᠠᠷᠠᠳ ᠲᠦᠮᠡᠨ ᠦ᠌ ᠠᠮᠤᠷ ᠲᠠᠢᠪᠤᠩ ᠢ ᠪᠠᠲᠤᠯᠠᠬᠤ ᠂ ᠨᠡᠢᠭᠡᠮ ᠦ᠋ᠨ ᠲᠣᠭᠲᠠᠭᠤᠨ ᠢ᠋ ᠬᠠᠮᠠᠭᠠᠯᠠᠬᠤ ᠂ ᠠᠵᠤ ᠠᠬᠤᠢ ᠨᠡᠢᠭᠡᠮ ᠦ᠋ᠨ ᠬᠥᠭᠵᠢᠯᠲᠡ᠎ᠳ᠋ᠦ᠍ ᠦᠢᠯᠡᠴᠢᠯᠡᠬᠦ ᠳ᠋ᠦ᠍ ᠥᠨᠳᠥᠷ ᠶᠠᠰᠤ ᠴᠢᠨᠠᠷ ᠲᠠᠢ ᠬᠠᠤᠯᠢ ᠴᠠᠭᠠᠵᠠ ᠶ᠋ᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠭᠰᠠᠨ ᠪᠠᠢᠨ᠎ᠠ ᠃
ᠬᠥᠭᠵᠢᠯᠲᠡ ᠶ᠋ᠢᠨ ᠶᠡᠬᠡ ᠲᠠᠯ᠎ᠠ ᠶ᠋ᠢ ᠪᠠᠲᠤᠯᠠᠬᠤ ᠳ᠋ᠤ᠌ ᠦᠢᠯᠡᠴᠢᠯᠡᠬᠦ ᠪᠠᠷ ᠴᠢᠷᠮᠠᠢᠶ᠎ᠠ
《ᠳᠥᠷᠪᠡᠨ ᠵᠢᠯ ᠦ᠋ᠨ ᠲᠣᠷᠰᠢ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠨᠢ ᠡᠯ᠎ᠡ ᠲᠥᠷᠥᠯ ᠦ᠋ᠨ ᠬᠡᠷᠡᠭ ᠢ᠋ ᠨᠡᠢᠲᠡ 32.7 ᠲᠦᠮᠡᠨ ᠬᠤᠪᠢ ᠬᠦᠯᠢᠶᠡᠨ ᠠᠪᠴᠤ ᠂ 31.7 ᠲᠦᠮᠡᠨ ᠬᠤᠪᠢ ᠰᠢᠭᠦᠨ ᠳᠠᠭᠤᠰᠬᠠᠵᠤ ᠂ ᠲᠤᠰ ᠲᠤᠰ ᠪᠦᠬᠦ ᠣᠷᠣᠨ ᠤ᠋ ᠰᠢᠭᠦᠬᠦ ᠬᠣᠷᠢᠶᠠᠨ ᠤ᠋ ᠬᠡᠷᠡᠭ ᠦ᠋ᠨ ᠲᠣᠭᠠᠨ ᠤ᠋ 10 % ᠂ 10.4 % ᠶ᠋ᠢ ᠡᠵᠡᠯᠡᠪᠡ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠡᠯ᠎ᠡ ᠲᠥᠷᠥᠯ ᠦ᠋ᠨ ᠬᠡᠷᠡᠭ ᠢ᠋ 2.8 ᠲᠦᠮᠡᠨ ᠬᠤᠪᠢ ᠬᠦᠯᠢᠶᠡᠨ ᠠᠪᠴᠤ ᠂ 2.7 ᠲᠦᠮᠡᠨ ᠬᠤᠪᠢ ᠬᠡᠷᠡᠭ ᠢ᠋ ᠰᠢᠭᠦᠨ ᠳᠠᠭᠤᠰᠬᠠᠪᠠ ᠁》 ᠭᠡᠵᠦ 2012 ᠣᠨ ᠤ᠋ 2 ᠰᠠᠷ᠎ᠠ ᠶ᠋ᠢᠨ 12 ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠣᠲᠠ ᠶ᠋ᠢᠨ ᠲᠠᠪᠤᠳᠤᠭᠠᠷ ᠬᠤᠭᠤᠴᠠᠭᠠᠨ ᠤ᠋ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠠᠩᠬᠠᠳᠤᠭᠠᠷ ᠬᠤᠷᠠᠯ ᠳ᠋ᠤ᠌ ᠠᠵᠢᠯ ᠤ᠋ᠨ ᠮᠡᠳᠡᠭᠦᠯᠦᠯᠲᠡ ᠬᠢᠵᠡᠢ ᠃
ᠣᠷᠳᠣᠰ ᠬᠣᠲᠠ ᠶ᠋ᠢᠨ ᠰᠢᠭᠦᠬᠦ ᠬᠣᠷᠢᠶ᠎ᠠ ᠠᠷᠠᠳ ᠤ᠋ᠨ ᠲᠥᠯᠥᠭᠡ ᠬᠠᠤᠯᠢ ᠬᠡᠷᠡᠭᠵᠢᠭᠦᠯᠬᠦ ᠂ ᠲᠥᠪ ᠭᠣᠣᠯᠴᠢ ᠪᠠᠷ ᠬᠠᠤᠯᠢ ᠬᠡᠷᠡᠭᠵᠢᠭᠦᠯᠬᠦ ᠶ᠋ᠢ ᠪᠠᠷᠢᠮᠲᠠᠯᠠᠵᠤ ᠂ ᠠᠵᠤ ᠠᠬᠤᠢ ᠨᠡᠢᠭᠡᠮ ᠦ᠋ᠨ ᠴᠢᠨᠠᠷ ᠰᠠᠢᠲᠠᠢ ᠬᠥᠭᠵᠢᠯᠲᠡ ᠳ᠋ᠦ᠍ ᠦᠢᠯᠡᠴᠢᠯᠡᠬᠦ ᠦᠨᠡᠨ ᠪᠣᠳᠠᠲᠤ ᠵᠢᠷᠤᠭᠯᠠᠯ ᠪᠣᠯᠤᠨ᠎ᠠ ᠃
《 ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶ᠎ᠠ ᠠᠷᠭ᠎ᠠ ᠪᠦᠬᠦᠨ ᠢ᠋ ᠰᠦᠪᠡᠭᠴᠢᠯᠡᠨ ᠪᠢᠳᠡᠨ ᠢ᠋ ᠬᠠᠪᠰᠤᠷᠴᠤ ᠬᠦᠴᠢᠷᠳᠡᠯ ᠢ᠋ ᠨᠢ ᠰᠢᠢᠳᠪᠦᠷᠢᠯᠡᠵᠦ ᠥᠭᠬᠦ ᠦᠭᠡᠢ ᠪᠣᠯ ᠮᠠᠨ ᠤ᠋ ᠡᠨᠡ ᠵᠠᠭᠤᠨ ᠳ᠋ᠦᠩᠰᠢᠭᠤᠷ ᠲᠦᠭᠦᠷᠢᠭ ᠦ᠋ᠨ ᠮᠠᠢᠮᠠᠢ ᠰᠠᠭᠠᠲᠠᠭᠠᠬᠤ ᠨᠢ ᠠ᠋ !》ᠠᠵᠤ ᠠᠬᠤᠢᠯᠠᠯ ᠤ᠋ᠨ ᠬᠠᠷᠢᠭᠤᠴᠠᠯᠭᠠᠲᠠᠨ ᠠᠯᠲᠠᠨ ᠬᠣᠰᠢᠭᠤᠨ ᠢ᠋ ᠬᠠᠤᠯᠢ ᠶ᠋ᠢᠨ ᠲᠤᠰᠢᠶᠠᠯᠲᠠᠨ ᠳ᠋ᠤ᠌ ᠢᠩᠭᠢᠵᠦ ᠬᠡᠯᠡᠪᠡ ᠃
2011 ᠣᠨ ᠤ᠋ 12 ᠰᠠᠷ᠎ᠠ ᠶ᠋ᠢᠨ 8 ᠤ᠋ ᠡᠳᠦᠷ ᠂ ᠰᠢᠭᠦᠭᠴᠢ ᠬᠡᠷᠡᠭ ᠰᠢᠭᠦᠨ ᠲᠠᠰᠤᠯᠬᠤ ᠬᠤᠭᠤᠴᠠᠭᠠᠨ ᠳ᠋ᠤ᠌ ᠂ ᠣᠷᠳᠣᠰ ᠬᠣᠲᠠ ᠶ᠋ᠢᠨ ᠨᠢᠭᠡᠨ ᠤᠯᠤᠰ ᠤ᠋ᠨ ᠥᠮᠴᠢᠯᠡᠯᠲᠦ ᠠᠵᠤ ᠠᠬᠤᠢᠯᠠᠯ ᠤ᠋ᠨ ᠬᠠᠷᠢᠭᠤᠴᠠᠯᠭᠠᠲᠠᠨ ᠤ᠋ ᠤᠲᠠᠰᠤ ᠶ᠋ᠢ ᠲᠤᠰᠴᠠᠢ ᠃ ᠤᠤᠯ ᠨᠢ ᠵᠠᠭᠠᠯᠳᠤᠭᠳᠠᠭᠴᠢ ᠠᠵᠤ ᠠᠬᠤᠢᠯᠠᠯ ᠲᠤᠰ ᠤᠯᠤᠰ ᠤ᠋ᠨ ᠥᠮᠴᠢᠯᠡᠯᠲᠦ ᠺᠣᠮᠫᠠᠨᠢ ᠯᠤᠭ᠎ᠠ ᠦᠢᠯᠡᠳᠪᠦᠷᠢ ᠶ᠋ᠢᠨ ᠭᠡᠷ ᠪᠠᠢᠰᠢᠩ ᠢ᠋ ᠲᠦᠷᠢᠶᠡᠰᠦᠯᠡᠬᠦ ᠭᠤᠷᠪᠠᠨ ᠵᠢᠯ ᠦ᠋ᠨ ᠵᠥᠪᠯᠡᠯᠴᠡᠬᠡᠷ ᠲᠣᠭᠲᠠᠵᠤ ᠂ ᠲᠣᠭᠲᠠᠭᠰᠠᠨ ᠬᠤᠭᠤᠴᠠᠭᠠᠨ ᠳ᠋ᠠᠭᠠᠨ ᠭᠡᠷ ᠪᠠᠢᠰᠢᠩ ᠤ᠋ᠨ ᠲᠦᠷᠢᠶᠡᠰᠦ ᠣᠯᠭᠣᠭᠰᠠᠨ ᠤ᠋ ᠳᠠᠷᠠᠭ᠎ᠠ ᠂ ᠵᠠᠭᠠᠯᠳᠤᠭᠳᠠᠭᠴᠢ ᠠᠵᠤ ᠠᠬᠤᠢᠯᠠᠯ ᠤ᠋ᠨ ᠦᠢᠯᠡᠳᠪᠦᠷᠢ ᠶ᠋ᠢᠨ ᠭᠡᠷ ᠪᠠᠢᠰᠢᠩ ᠤ᠋ᠨ ᠳᠣᠲᠣᠷᠠᠬᠢ ᠲᠣᠨᠣᠭ ᠲᠥᠬᠥᠭᠡᠷᠦᠮᠵᠢ ᠶ᠋ᠢ ᠬᠠᠤᠯᠢ ᠶᠣᠰᠣᠭᠠᠷ ᠪᠢᠲᠡᠭᠦᠮᠵᠢᠯᠡᠵᠦ ᠂ ᠲᠤᠰ ᠤᠯᠤᠰ ᠤ᠋ᠨ ᠥᠮᠴᠢᠯᠡᠯᠲᠦ ᠠᠵᠤ ᠠᠬᠤᠢᠯᠠᠯ ᠨᠢ ᠬᠤᠳᠠᠯᠳᠤᠭᠠᠴᠢᠨ ᠤᠷᠢᠵᠤ ᠪᠡᠯᠡ ᠮᠥᠩᠭᠥ ᠣᠷᠣᠭᠤᠯᠬᠤ ᠰᠢᠨ᠎ᠡ ᠵᠥᠪᠯᠡᠯᠴᠡᠬᠡᠷ ᠲᠣᠭᠲᠠᠭᠠᠭᠰᠠᠨ ᠪᠥᠭᠡᠳ ᠪᠤᠰᠤᠳ ᠠᠵᠤ ᠠᠬᠤᠢᠯᠠᠯ ᠣᠷᠣᠵᠤ ᠨᠤᠲᠤᠭᠰᠢᠭᠰᠠᠨ ᠪᠣᠯᠬᠣᠷ ᠲᠥᠷᠥᠯ ᠵᠦᠢᠯ ᠦ᠋ᠨ ᠪᠡᠯᠡ ᠮᠥᠩᠭᠥ ᠨᠢ ᠵᠠᠭᠤᠨ ᠳ᠋ᠦᠩᠰᠢᠭᠤᠷ ᠲᠦᠭᠦᠷᠢᠭ ᠲᠦ᠍ ᠬᠣᠯᠪᠣᠭᠳᠠᠵᠠᠢ ᠃ ᠬᠡᠷᠪᠡ ᠦᠢᠯᠡᠳᠪᠦᠷᠢ ᠶ᠋ᠢᠨ ᠭᠡᠷ ᠢ᠋ ᠴᠠᠭ ᠲᠤᠬᠠᠢ ᠳ᠋ᠤᠨᠢ ᠰᠤᠯᠠᠯᠠᠵᠤ ᠥᠭᠬᠦ ᠦᠭᠡᠢ ᠪᠣᠯ ᠲᠤᠰ ᠤᠯᠤᠰ ᠤ᠋ᠨ ᠥᠮᠴᠢᠯᠡᠯ ᠦ᠋ᠨ ᠺᠣᠮᠫᠠᠨᠢ ᠶ᠋ᠢᠨ ᠬᠤᠳᠠᠯᠳᠤᠭᠠᠴᠢᠨ ᠤᠷᠢᠵᠤ ᠠᠮᠵᠢᠯᠲᠠ ᠣᠯᠬᠤ ᠡᠰᠡᠬᠦ ᠶ᠋ᠢ ᠰᠢᠭᠤᠳ ᠨᠥᠯᠥᠭᠡᠯᠡᠵᠦ ᠂ ᠵᠠᠭᠠᠯᠳᠤᠭᠳᠠᠭᠴᠢ ᠶ᠋ᠢᠨ ᠠᠵᠤ ᠠᠬᠤᠢᠯᠠᠯ ᠨᠢ ᠪᠠᠰᠠ ᠦᠢᠯᠡᠳᠪᠦᠷᠢ ᠶ᠋ᠢᠨ ᠭᠡᠷ ᠪᠠᠢᠰᠢᠩ ᠤ᠋ᠨ ᠲᠦᠷᠢᠶᠡᠰᠦᠯᠡᠯ ᠦ᠋ᠨ ᠵᠠᠷᠤᠳᠠᠯ ᠢ᠋ ᠦᠷᠭᠦᠯᠵᠢᠯᠡᠨ ᠲᠤᠰᠢᠶᠠᠬᠤ ᠴᠢᠬᠤᠯᠠᠲᠠᠢ ᠪᠣᠯᠤᠨ᠎ᠠ ᠃
ᠰᠢᠭᠦᠯᠲᠡ ᠬᠢᠬᠦ ᠪᠡᠷ ᠳᠠᠮᠵᠢᠨ ᠂ ᠵᠠᠭᠠᠯᠳᠤᠭᠳᠠᠭᠴᠢ ᠠᠵᠤ ᠠᠬᠤᠢᠯᠠᠯ ᠤ᠋ᠨ ᠲᠦᠷᠢᠶᠡᠰᠦᠯᠡᠨ ᠬᠡᠷᠡᠭᠯᠡᠭᠰᠡᠨ ᠦᠢᠯᠡᠳᠪᠦᠷᠢ ᠶ᠋ᠢᠨ ᠭᠡᠷ ᠪᠠᠢᠰᠢᠩ ᠵᠢᠴᠢ ᠪᠢᠲᠡᠭᠦᠮᠵᠢᠯᠡᠭᠰᠡᠨ ᠲᠥᠬᠥᠭᠡᠷᠦᠮᠵᠢ ᠨᠢ ᠬᠡᠷᠡᠭ ᠲᠦ᠍ ᠬᠣᠯᠪᠣᠭᠳᠠᠭᠰᠠᠨ ᠡᠳ᠋ ᠬᠥᠷᠥᠩᠭᠡ ᠳ᠋ᠦ᠍ ᠬᠠᠷᠢᠶᠠᠯᠠᠭᠳᠠᠬᠤ ᠦᠭᠡᠢ ᠭᠡᠳᠡᠭ ᠢ᠋ ᠣᠯᠵᠤ ᠮᠡᠳᠡᠭᠡᠳ ᠂ ᠲᠡᠷᠡ ᠳᠠᠷᠤᠢ ᠳ᠋ᠤᠨᠢ ᠬᠣᠯᠪᠣᠭᠳᠠᠯ ᠪᠦᠬᠦᠢ ᠰᠠᠯᠠᠭ᠎ᠠ ᠮᠥᠴᠢᠷ ᠲᠡᠢ ᠬᠠᠷᠢᠯᠴᠠᠵᠤ ᠂ ᠣᠯᠠᠨ ᠤᠳᠠᠭ᠎ᠠ ᠵᠣᠬᠢᠶᠠᠨ ᠪᠠᠢᠭᠤᠯᠤᠨ ᠵᠣᠬᠢᠴᠠᠭᠤᠯᠵᠤ ᠬᠠᠮᠲᠤ ᠪᠠᠷ ᠪᠢᠲᠡᠭᠦᠮᠵᠢᠯᠡᠬᠦ ᠰᠠᠨᠠᠯ ᠢ᠋ ᠣᠯᠵᠠᠢ ᠃ ᠰᠢᠭᠦᠭᠴᠢ ᠵᠢᠨ ᠳᠠᠬᠢᠨ ᠳᠠᠪᠲᠠᠨ ᠨᠡᠪᠲᠡᠷᠡᠯᠴᠡᠨ ᠵᠣᠬᠢᠴᠠᠭᠤᠯᠬᠤ ᠪᠠ ᠴᠥᠬᠥᠷᠡᠰᠢ ᠦᠭᠡᠢ ᠴᠢᠷᠮᠠᠢᠯᠭ᠎ᠠ ᠪᠠᠷ ᠳᠠᠮᠵᠢᠨ ᠂ ᠦᠢᠯᠡᠳᠪᠦᠷᠢ ᠶ᠋ᠢᠨ ᠭᠡᠷ ᠳᠣᠲᠣᠷᠠᠬᠢ ᠲᠥᠬᠥᠭᠡᠷᠦᠮᠵᠢ ᠶ᠋ᠢ ᠤᠷᠤᠭᠰᠢᠲᠠᠢ ᠵᠠᠳᠠᠷᠠᠭᠤᠯᠬᠤ ᠶ᠋ᠢᠨ ᠬᠠᠮᠲᠤ ᠵᠣᠬᠢᠰᠲᠠᠢ ᠦᠨ᠎ᠡ ᠬᠠᠩᠰᠢ ᠪᠠᠷ ᠬᠤᠳᠠᠯᠳᠤᠵᠤ ᠰᠠᠯᠭᠠᠨ ᠬᠡᠷᠡᠭᠯᠡᠭᠰᠡᠨ ᠡᠴᠡ ᠪᠣᠯᠵᠤ ᠂ ᠰᠢᠨ᠎ᠡ ᠪᠡᠯᠡ ᠣᠷᠣᠭᠤᠯᠤᠯᠲᠠ ᠶ᠋ᠢᠨ ᠠᠵᠤ ᠠᠬᠤᠢᠯᠠᠯ ᠴᠠᠭ ᠲᠤᠬᠠᠢ ᠳ᠋ᠤᠨᠢ ᠣᠷᠣᠵᠤ ᠢᠷᠡᠨ ᠂ ᠤᠯᠤᠰ ᠤ᠋ᠨ ᠥᠮᠴᠢᠯᠡᠯᠲᠦ ᠠᠵᠤ ᠠᠬᠤᠢᠯᠠᠯ ᠪᠣᠯᠤᠨ ᠭᠠᠵᠠᠷ ᠣᠷᠣᠨ ᠳ᠋ᠤ᠌ ᠵᠠᠭᠤᠨ ᠳ᠋ᠦᠩᠰᠢᠭᠤᠷ ᠲᠥᠭᠥᠷᠢᠭ ᠦ᠋ᠨ ᠠᠵᠤ ᠠᠬᠤᠢ ᠶ᠋ᠢᠨ ᠦᠷ᠎ᠡ ᠠᠰᠢᠭ ᠢ᠋ ᠠᠪᠴᠢᠷᠠᠵᠤ ᠥᠭᠴᠡᠢ ᠂ ᠵᠠᠭᠠᠯᠳᠤᠭᠳᠠᠭᠴᠢ ᠠᠵᠤ ᠠᠬᠤᠢᠯᠠᠯ ᠴᠤ᠌ ᠦᠢᠯᠡᠳᠪᠦᠷᠢ ᠶ᠋ᠢᠨ ᠭᠡᠷ ᠪᠠᠢᠰᠢᠩ ᠡᠵᠡᠯᠡᠭᠰᠡᠨ ᠡᠴᠡ ᠪᠣᠯᠵᠣ ᠲᠦᠷᠢᠶᠡᠰᠦᠨ ᠵᠠᠷᠤᠳᠠᠯ ᠥᠭᠬᠦ ᠴᠢᠬᠤᠯᠠ ᠦᠭᠡᠢ ᠪᠣᠯᠵᠠᠢ ᠃
ᠬᠤᠳᠠᠯᠳᠤᠭ᠎ᠠ ᠡᠷᠬᠢᠯᠡᠬᠦ ᠣᠷᠴᠢᠨ ᠪᠣᠯ ᠵᠥᠭᠡᠯᠡᠨ ᠪᠣᠳᠠᠲᠤ ᠬᠦᠴᠦᠨ ᠂ ᠪᠠᠰᠠ ᠴᠤ᠌ ᠭᠣᠣᠯ ᠥᠷᠢᠰᠦᠯᠳᠦᠬᠦ ᠬᠦᠴᠦᠨ ᠪᠣᠯᠤᠨ᠎ᠠ ᠃ ᠪᠥᠬᠥ ᠬᠣᠲᠠ ᠶ᠋ᠢᠨ ᠰᠢᠭᠦᠬᠦ ᠬᠣᠷᠢᠶ᠎ᠠ ᠬᠠᠤᠯᠢᠵᠢᠭᠰᠠᠨ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠪᠡᠷ ᠴᠢᠬᠤᠯᠠ ᠤᠯᠤᠰ ᠲᠥᠷᠥ ᠶ᠋ᠢᠨ ᠬᠠᠷᠢᠭᠤᠴᠠᠯᠭ᠎ᠠ ᠪᠣᠯᠭᠠᠵᠤ ᠂ ᠬᠠᠤᠯᠢᠵᠢᠭᠰᠠᠨ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠤ᠋ 《 ᠰᠢᠯᠢᠳᠡᠭ 》 ᠢ᠋ ᠦᠷᠭᠦᠯᠵᠢᠯᠡᠨ ᠪᠠᠷᠢᠮᠲᠠᠯᠠᠵᠤ ᠂ ᠰᠢᠭᠦᠨ ᠭᠦᠢᠴᠡᠳᠬᠡᠬᠦ ᠡᠭᠦᠷᠭᠡ ᠴᠢᠳᠠᠪᠤᠷᠢ ᠪᠠᠨ ᠪᠠᠳᠠᠷᠠᠭᠤᠯᠬᠤ ᠲᠠᠯ᠎ᠠ ᠪᠠᠷ ᠲᠡᠷᠢᠭᠦᠨ ᠦ᠌ ᠪᠠᠷᠢᠮᠵᠢᠶ᠎ᠠ ᠪᠣᠯᠭᠠᠵᠤ ᠂ ᠪᠣᠳᠠᠲᠤ ᠡᠷᠳᠡᠮ ᠴᠢᠳᠠᠪᠤᠷᠢ ᠶ᠋ᠢ ᠪᠣᠯᠪᠠᠰᠤᠷᠠᠭᠤᠯᠵᠠᠢ ᠃ ᠳᠠᠮᠫᠤᠷᠠᠯ ᠤ᠋ᠨ ᠬᠡᠷᠡᠭ ᠢ᠋ ᠭᠦᠢᠴᠡᠳᠬᠡᠬᠦ ᠪᠥᠬᠥ ᠶᠠᠪᠤᠴᠠ ᠶ᠋ᠢ ᠤᠶᠤᠨᠵᠢᠭᠤᠯᠬᠤ ᠶ᠋ᠢ ᠠᠬᠢᠭᠤᠯᠵᠤ ᠂ ᠠᠵᠤ ᠠᠬᠤᠢᠯᠠᠯ ᠤ᠋ᠨ ᠵᠢᠭᠤᠷᠠᠯᠳᠤᠭᠠᠨ ᠢ᠋ ᠰᠢᠢᠳᠪᠦᠷᠢᠯᠡᠬᠦ ᠣᠯᠠᠨ ᠡᠰᠢᠴᠢᠯᠡᠭᠰᠡᠨ ᠰᠢᠨ᠎ᠡ ᠵᠠᠭᠪᠤᠷ ᠢ᠋ ᠪᠣᠢ ᠪᠣᠯᠭᠠᠵᠤ ᠂ ᠠᠵᠤ ᠠᠬᠤᠢᠯᠠᠯ ᠢ᠋ ᠬᠠᠪᠰᠤᠷᠤᠨ ᠲᠡᠳᠬᠦᠬᠦ ᠬᠠᠷᠢᠭᠤᠴᠠᠯᠭ᠎ᠠ ᠶ᠋ᠢᠨ ᠳᠦᠷᠢᠮ ᠢ᠋ ᠲᠡᠭᠦᠯᠳᠡᠷᠵᠢᠭᠦᠯᠵᠦ ᠂ 《 ᠵᠠᠭᠤᠨ ᠨᠡᠷᠡᠰ ᠰᠢᠭᠦᠭᠴᠢ ᠵᠢ ᠵᠠᠭᠤᠨ ᠠᠵᠤ ᠠᠬᠤᠢᠯᠠᠯ ᠳ᠋ᠤ᠌ ᠣᠴᠢᠭᠤᠯᠬᠤ 》ᠠᠵᠢᠯᠯᠠᠭ᠎ᠠ ᠶ᠋ᠢ ᠥᠷᠨᠢᠭᠦᠯᠦᠨ᠎ᠡ ᠁ ᠪᠣᠳᠠᠲᠠᠢ ᠶ᠋ᠢ ᠡᠷᠬᠢᠮᠯᠡᠨ ᠲᠤᠰᠠᠲᠠᠢ ᠪᠠᠢᠬᠤ ᠠᠯᠢ ᠣᠯᠠᠨ ᠠᠷᠭ᠎ᠠ ᠬᠡᠮᠵᠢᠶ᠎ᠡ ᠶ᠋ᠢ ᠬᠡᠷᠡᠭᠵᠢᠭᠦᠯᠵᠦ ᠂ ᠪᠥᠬᠥ ᠬᠦᠴᠦᠨ ᠢ᠋ᠶ᠋ᠡᠷ ᠣᠷᠴᠢᠨ ᠲᠣᠭᠣᠷᠢᠨ ᠢ᠋ ᠰᠢᠯᠢᠳᠡᠭᠵᠢᠭᠦᠯᠵᠦ ᠂ ᠦᠷ᠎ᠡ ᠪᠦᠲᠦᠮᠵᠢ ᠶ᠋ᠢ ᠳᠡᠭᠡᠭᠰᠢᠯᠡᠭᠦᠯᠵᠦ ᠂ ᠦᠢᠯᠡᠴᠢᠯᠡᠭᠡ ᠶ᠋ᠢ ᠴᠢᠩᠭᠠᠳᠬᠠᠵᠤ ᠂ ᠠᠵᠤ ᠠᠬᠤᠢᠯᠠᠯ ᠤ᠋ᠨ 《 ᠪᠠᠴᠢᠮ ᠵᠣᠪᠠᠵᠤ ᠬᠦᠰᠡᠨ ᠬᠦᠯᠢᠶᠡᠵᠦ ᠳᠡᠢᠯᠬᠦ ᠦᠭᠡᠢ 》 ᠠᠰᠠᠭᠤᠳᠠᠯ ᠢ᠋ ᠦᠨᠡᠨᠬᠦ ᠰᠢᠢᠳᠪᠦᠷᠢᠯᠡᠨ᠎ᠡ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 《 ᠰᠢᠭᠦᠨ ᠲᠠᠰᠤᠯᠵᠤ ᠭᠦᠢᠴᠡᠳᠬᠡᠬᠦ ᠲᠦᠭᠰᠢᠭᠦᠷᠢ ᠶ᠋ᠢ ᠰᠡᠷᠭᠡᠢᠯᠡᠨ ᠡᠵᠡᠮᠳᠡᠬᠦ ᠶ᠋ᠢᠨ ᠬᠡᠷᠡᠭᠵᠢᠭᠦᠯᠬᠦ ᠨᠠᠷᠢᠨ ᠳᠦᠷᠢᠮ 》 ᠢ᠋ ᠨᠡᠢᠲᠡᠯᠡᠵᠦ ᠂《 ᠠᠶᠤᠯ ᠲᠦᠭᠰᠢᠭᠦᠷᠢ ᠶ᠋ᠢ ᠰᠠᠨᠠᠭᠤᠯᠬᠤ ᠪᠠ ᠠᠵᠢᠯᠯᠠᠭᠠᠨ ᠤ᠋ ᠵᠢᠯᠣᠭᠣᠳᠤᠮᠵᠢ 》 ᠶ᠋ᠢ ᠨᠠᠢᠷᠠᠭᠤᠯᠤᠨ ᠪᠢᠴᠢᠵᠦ ᠂ ᠠᠶᠤᠯ ᠲᠦᠭᠰᠢᠭᠦᠷᠢ ᠶ᠋ᠢ ᠰᠡᠷᠭᠡᠢᠯᠡᠨ ᠡᠵᠡᠮᠳᠡᠬᠦ ᠬᠠᠮᠢᠶᠠᠷᠤᠯᠲᠠ ᠶ᠋ᠢᠨ ᠰᠢᠰᠲ᠋ᠧᠮ ᠢ᠋ ᠪᠥᠬᠥ ᠲᠠᠯ᠎ᠠ ᠪᠠᠷ ᠪᠠᠢᠭᠤᠯᠤᠨ ᠂ ᠪᠥᠬᠥ ᠤᠯᠤᠰ ᠤ᠋ᠨ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠬᠦ ᠠᠯᠪᠠᠨ ᠭᠡᠷ ᠦ᠋ᠨ ᠪᠠᠢᠴᠠᠭᠠᠨ ᠰᠤᠳᠤᠯᠬᠤ ᠳᠤᠭᠤᠢᠯᠠᠩ ᠂ ᠠᠷᠠᠳ ᠤ᠋ᠨ ᠳᠡᠭᠡᠳᠦ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠲᠣᠭᠣᠷᠢᠨ ᠪᠠᠢᠴᠠᠭᠠᠬᠤ ᠳᠤᠭᠤᠢᠯᠠᠩ ᠵᠡᠷᠭᠡ ᠡᠯ᠎ᠡ ᠱᠠᠲᠤᠨ ᠤ᠋ ᠤᠳᠤᠷᠢᠳᠤᠯᠭ᠎ᠠ ᠶ᠋ᠢᠨ ᠭᠦᠢᠴᠡᠳ ᠨᠤᠲᠠᠯᠠᠯᠲᠠ ᠪᠠ ᠳᠡᠭᠡᠳᠦ ᠬᠡᠮᠵᠢᠶᠡᠨ ᠦ᠌ ᠦᠨᠡᠯᠡᠯᠲᠡ ᠶ᠋ᠢ ᠣᠯᠤᠭᠰᠠᠨ ᠪᠥᠭᠡᠳ ᠠᠷᠠᠳ ᠤ᠋ᠨ ᠳᠡᠭᠡᠳᠦ ᠰᠢᠭᠦᠬᠦ ᠬᠣᠷᠢᠶ᠎ᠠ ᠳ᠋ᠤ᠌ ᠲᠠᠨᠢᠯᠴᠠᠭᠤᠯᠤᠭᠳᠠᠵᠤ ᠂ ᠨᠡᠩ ᠡᠷᠬᠡ ᠲᠡᠭᠰᠢ ᠲᠥᠪ ᠭᠣᠣᠯᠴᠢ ᠂ ᠤᠷᠢᠳᠴᠢᠯᠠᠨ ᠵᠢᠱ᠌ᠢᠵᠦ ᠪᠣᠯᠬᠤ ᠬᠠᠤᠯᠢ ᠪᠠᠷ ᠵᠠᠰᠠᠬᠤ ᠬᠤᠳᠠᠯᠳᠤᠭᠠᠨ ᠤ᠋ ᠣᠷᠴᠢᠨ ᠲᠣᠭᠣᠷᠢᠨ ᠢ᠋ ᠪᠣᠢ ᠪᠣᠯᠭᠠᠬᠤ ᠳ᠋ᠤ᠌ ᠰᠢᠭᠦᠬᠦ ᠬᠣᠷᠢᠶᠠᠨ ᠤ᠋ ᠬᠦᠴᠦᠨ ᠴᠢᠳᠠᠯ ᠢ᠋ᠶ᠋ᠠᠨ ᠡᠷᠭᠦᠬᠦ ᠪᠤᠯᠤᠨ᠎ᠠ᠃
ᠦᠨᠳᠦᠰᠦᠨ ᠱᠠᠲᠤᠨ ᠤ᠋ ᠵᠠᠰᠠᠯᠲᠠ ᠶ᠋ᠢᠨ ᠨᠢᠭᠤᠴᠠ ᠨᠣᠮᠧᠷ ᠢ᠋ ᠡᠪᠳᠡᠶᠡ
《ᠶᠡᠷᠦ ᠨᠢ ᠰᠢᠭᠦᠬᠦ ᠬᠣᠷᠢᠶᠠᠨ ᠳ᠋ᠤ᠌ ᠵᠠᠭᠠᠯᠳᠤᠯᠭ᠎ᠠ ᠬᠢᠭᠰᠡᠨ ᠦᠭᠡᠢ ᠂ ᠶᠠᠷᠰᠢᠭ ᠲᠦᠪᠡᠭ ᠡᠴᠡ ᠠᠶᠤᠳᠠᠭ ᠂ ᠭᠡᠲᠡᠯ᠎ᠡ ᠰᠢᠭᠦᠭᠴᠢ ᠭᠡᠷ ᠲᠦ᠍ ᠢᠷᠡᠵᠦ ᠡᠶᠡᠳᠡᠭᠦᠯᠬᠦ ᠭᠡᠵᠦ ᠶᠡᠷᠥ ᠪᠤᠳᠤᠵᠤ ᠤᠯᠤᠭᠰᠠᠨ ᠦᠭᠡᠢ ᠂ ᠪᠢᠳᠡᠨ ᠢ᠋ ᠬᠠᠪᠰᠤᠷᠴᠤ ᠣᠯᠠᠨ ᠵᠢᠯ ᠵᠢᠭᠤᠷᠠᠯᠳᠤᠭᠠᠨ ᠰᠢᠢᠳᠪᠦᠷᠢᠯᠡᠵᠦ ᠥᠭᠴᠡᠢ 》 ᠭᠡᠵᠦ ᠲᠤᠬᠠᠢ ᠶ᠋ᠢᠨ ᠬᠥᠮᠦᠨ ᠽᠢ ᠣᠪᠣᠭᠲᠤ ᠬᠡᠯᠡᠪᠡ ᠃
ᠲᠤᠰ ᠵᠢᠯ ᠦ᠋ᠨ 4 ᠰᠠᠷ᠎ᠠ ᠶ᠋ᠢᠨ 21 ᠦ᠌ ᠡᠳᠦᠷ ᠂ ᠡᠵᠡᠨ ᠬᠣᠷᠣᠭ᠎ᠠ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶᠠᠨ ᠤ᠋ ᠰᠤᠪᠤᠷᠭ᠎ᠠ ᠪᠠᠯᠭᠠᠰᠤᠨ ᠤ᠋ ᠤᠷᠢᠯᠭ᠎ᠠ ᠪᠠᠷ ᠂ ᠮᠣᠭᠠᠢᠲᠤ ᠲᠣᠰᠬᠣᠨ ᠤ᠋ ᠠᠷᠠᠳ ᠤ᠋ᠨ ᠭᠠᠵᠠᠷ ᠰᠢᠷᠣᠢ ᠶ᠋ᠢᠨ ᠵᠢᠭᠤᠷᠠᠭᠠᠨ ᠢ᠋ ᠰᠢᠢᠳᠪᠦᠷᠢᠯᠡᠬᠦ ᠲᠤᠬᠠᠢ ᠂ ᠲᠣᠰᠬᠣᠨ ᠤ᠋ ᠠᠷᠠᠳ ᠽᠢ ᠣᠪᠣᠭᠲᠤ ᠸᠠᠩ ᠣᠪᠣᠭᠲᠤ ᠬᠣᠶᠠᠷ ᠬᠠᠪᠢ ᠶ᠋ᠢᠨ ᠭᠠᠵᠠᠷ ᠰᠢᠷᠣᠢ ᠶ᠋ᠢᠨ ᠵᠠᠭᠠᠭ ᠱᠤᠭᠤᠮ ᠤ᠋ᠨ ᠲᠤᠬᠠᠢ ᠮᠠᠷᠭᠤᠭᠠᠨ ᠲᠠᠢ ᠪᠠᠢᠭ᠎ᠠ ᠤᠴᠢᠷ ᠡᠴᠡ ᠬᠣᠶᠠᠷ ᠡᠷᠦᠬᠡ ᠭᠠᠵᠠᠷ ᠰᠢᠷᠣᠢ ᠶ᠋ᠢ ᠬᠤᠪᠢᠶᠠᠵᠤ ᠂ ᠮᠠᠷᠭᠤᠯᠳᠤᠭᠠᠨ ᠢ᠋ ᠲᠤᠢᠯᠪᠤᠷᠢᠲᠠᠢ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠵᠠᠢ ᠃ ᠬᠣᠶᠠᠷ ᠲᠠᠯ᠎ᠠ ᠶ᠋ᠢᠨ ᠠᠢᠯ ᠨᠢ ᠪᠦᠷ ᠨᠢᠭᠡ ᠲᠣᠰᠬᠣᠨ ᠤ᠋ ᠣᠯᠠᠨ ᠵᠢᠯ ᠦ᠋ᠨ ᠬᠥᠷᠰᠢ ᠵᠡᠷᠭᠡᠯᠡᠳᠡᠭᠡ ᠪᠣᠯᠬᠤ ᠶ᠋ᠢ ᠪᠣᠳᠣᠯᠬᠢᠯᠠᠨ ᠂ ᠭᠠᠵᠠᠷ ᠰᠢᠷᠣᠢ ᠶ᠋ᠢᠨ ᠵᠢᠭᠤᠷᠭᠠᠨ ᠨᠢ ᠬᠡᠳᠦᠨ ᠦᠶ᠎ᠡ ᠶ᠋ᠢᠨ ᠬᠥᠮᠦᠰ ᠡᠴᠡ ᠡᠮᠦᠨ᠎ᠡ ᠪᠠᠢᠵᠤ ᠂ ᠪᠠᠢᠳᠠᠯ ᠨᠢ ᠬᠠᠷᠢᠴᠠᠩᠭᠤᠢ ᠪᠤᠳᠤᠯᠢᠶᠠᠨᠲᠠᠢ ᠂ ᠰᠤᠪᠤᠷᠭ᠎ᠠ ᠰᠢᠶᠠᠨ ᠤ᠋ ᠠᠷᠠᠳ ᠤ᠋ᠨ ᠰᠢᠭᠦᠬᠦ ᠬᠣᠷᠢᠶ᠎ᠠ ᠪᠣᠯᠤᠨ ᠠᠮᠤᠷ ᠲᠦᠪᠰᠢᠨ ᠦ᠌ ᠠᠯᠪᠠᠨ ᠭᠡᠷ ᠂ ᠰᠢᠶᠠᠩ ᠰᠢᠶᠠᠨ ᠰᠢᠶᠠᠨ ᠥᠷᠲᠡᠭᠡ ᠂ ᠲᠣᠮᠢᠯᠠᠭᠰᠠᠨ ᠰᠠᠯᠪᠤᠷᠢ ᠬᠠᠮᠲᠤᠷᠠᠨ ᠡᠶᠡᠳᠡᠭᠦᠯᠬᠦ ᠬᠤᠷᠠᠯ ᠬᠤᠷᠠᠯᠳᠤᠭᠤᠯᠵᠤ ᠂ ᠣᠯᠠᠨ ᠤᠳᠠᠭ᠎ᠠ ᠲᠤᠬᠠᠢ ᠶ᠋ᠢᠨ ᠲᠠᠯᠠᠪᠠᠢ ᠳ᠋ᠤ᠌ ᠬᠦᠷᠴᠦ ᠪᠠᠢᠴᠠᠭᠠᠨ ᠦᠵᠡᠵᠦ ᠂ ᠡᠴᠦᠰ ᠲᠤ᠌ ᠪᠠᠨ ᠡᠶᠡᠳᠡᠭᠰᠡᠨ ᠪᠠᠢᠨ᠎ᠠ᠃
ᠡᠨᠡ ᠨᠢ ᠵᠥᠪᠬᠡᠨ ᠣᠷᠳᠣᠰ ᠤ᠋ᠨ ᠰᠢᠭᠦᠬᠦ ᠬᠣᠷᠢᠶ᠎ᠠ ᠦᠨᠳᠦᠰᠦᠨ ᠱᠠᠲᠤᠨ ᠤ᠋ ᠨᠡᠢᠭᠡᠮ ᠦ᠋ᠨ ᠵᠠᠰᠠᠯᠲᠠ ᠳ᠋ᠤ᠌ ᠢᠳᠡᠪᠬᠢᠲᠡᠢ ᠣᠷᠣᠯᠴᠠᠵᠤ ᠂ 《 ᠭᠤᠷᠪᠠᠨ ᠦᠵᠦᠭᠦᠷ ᠦ᠋ᠨ ᠲᠠᠪᠤᠨ ᠰᠡᠷᠭᠡᠢᠯᠡᠯᠲᠡ ᠶ᠋ᠢᠨ ᠱᠤᠭᠤᠮ》 ᠤ᠋ᠨ ᠵᠠᠭᠠᠯᠳᠤᠯᠭ᠎ᠠ ᠶ᠋ᠢᠨ ᠡᠬᠢ ᠰᠤᠷᠪᠤᠯᠵᠢ ᠶ᠋ᠢ ᠵᠠᠰᠠᠬᠤ ᠵᠠᠭᠪᠤᠷ ᠤ᠋ᠨ ᠨᠢᠭᠡᠨ ᠬᠤᠷᠢᠶᠠᠩᠭᠤᠢ ᠳᠦᠷᠢ ᠪᠣᠯᠤᠨ᠎ᠠ ᠃
2022 ᠣᠨ ᠤ᠋ ᠡᠬᠢᠨᠳ᠋ᠦ᠍ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 《ᠹᠧᠩ ᠴᠢᠶᠣᠤ ᠬᠥᠭᠥᠷᠭᠡ ᠶ᠋ᠢᠨ ᠲᠤᠷᠰᠢᠯᠭ᠎ᠠ 》 ᠳ᠋ᠤ᠌ ᠲᠤᠬᠠᠢ ᠶ᠋ᠢᠨ ᠭᠠᠵᠠᠷ ᠤ᠋ᠨ ᠨᠤᠲᠤᠭ ᠤ᠋ᠨ ᠵᠠᠩ ᠳᠠᠳᠬᠠᠯ ᠳ᠋ᠤ᠌ ᠵᠣᠬᠢᠴᠠᠭᠰᠠᠨ ᠰᠢᠨ᠎ᠡ ᠡᠭᠦᠳᠦᠯᠲᠡ ᠶ᠋ᠢ ᠰᠦᠪᠡᠭᠴᠢᠯᠡᠵᠦ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠳ᠋ᠤ᠌ 《 ᠭᠤᠷᠪᠠᠨ ᠦᠵᠦᠭᠦᠷ ᠲᠠᠪᠤᠨ ᠰᠡᠷᠭᠡᠢᠯᠡᠯᠲᠡ ᠶ᠋ᠢᠨ ᠱᠤᠭᠤᠮ 》 ᠤ᠋ᠨ ᠵᠠᠷᠭᠤ ᠶ᠋ᠢᠨ ᠢᠷᠡᠯᠲᠡ ᠶ᠋ᠢ ᠵᠠᠰᠠᠬᠤ ᠬᠡᠯᠪᠡᠷᠢ ᠶ᠋ᠢ ᠬᠡᠷᠡᠭᠵᠢᠭᠦᠯᠵᠦ ᠂ 《 ᠵᠥᠷᠢᠴᠡᠯ ᠢ᠋ ᠵᠠᠷᠭᠤ ᠬᠢᠬᠦ ᠡᠴᠡ ᠡᠮᠦᠨ᠎ᠡ ᠵᠣᠭᠰᠣᠭᠠᠬᠤ ᠂ ᠵᠢᠭᠤᠷᠠᠯᠳᠤᠭᠠᠨ ᠢ᠋ ᠵᠠᠷᠭᠤ ᠶ᠋ᠢᠨ ᠳᠣᠲᠣᠷ᠎ᠠ ᠰᠢᠢᠳᠪᠦᠷᠢᠯᠡᠬᠦ 》ᠣᠯᠠᠨ ᠰᠡᠷᠭᠡᠢᠯᠡᠯᠲᠡ ᠶ᠋ᠢᠨ ᠱᠤᠭᠤᠮ ᠢ᠋ ᠪᠥᠬᠥ ᠲᠠᠯ᠎ᠠ ᠪᠠᠷ ᠵᠠᠰᠠᠬᠤ ᠬᠠᠷᠠᠯᠲᠠ ᠶ᠋ᠢ ᠪᠡᠶᠡᠯᠡᠭᠦᠯᠵᠦ ᠂ ᠵᠥᠷᠢᠴᠡᠯ ᠵᠢᠭᠤᠷᠠᠯᠳᠤᠭᠠᠨ ᠢ᠋ ᠰᠢᠢᠳᠪᠦᠷᠢᠯᠡᠬᠦ ᠨᠢ ᠰᠢᠭᠦᠬᠦ ᠬᠣᠷᠢᠶᠠᠨ ᠤ᠋ 《 ᠨᠢᠭᠡ ᠡᠰᠢᠵᠢᠭᠦᠯᠦᠯᠲᠡ 》ᠡᠴᠡ ᠰᠢᠭᠦᠬᠦ ᠬᠣᠷᠢᠶ᠎ᠠ ᠪᠠᠷ ᠭᠣᠣᠯ ᠤᠳᠤᠷᠢᠳᠤᠮᠵᠢ ᠪᠣᠯᠭᠠᠭᠰᠠᠨ《ᠣᠯᠠᠨ ᠡᠰᠢᠵᠢᠭᠦᠯᠦᠯᠲᠡ 》 ᠪᠣᠯᠭᠠᠨ ᠬᠤᠪᠢᠷᠠᠭᠤᠯᠵᠤ ᠂ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ ᠶ᠋ᠢ ᠬᠡᠷᠡᠭᠵᠢᠭᠦᠯᠵᠦ ᠂ ᠬᠣᠲᠠ ᠶ᠋ᠢᠨ ᠵᠠᠰᠠᠨ ᠴᠡᠭᠴᠡᠯᠡᠬᠦ ᠰᠢᠨ᠎ᠡ ᠪᠠᠢᠳᠠᠯ ᠢ᠋ ᠴᠢᠩᠭᠠᠳᠬᠠᠪᠠ ᠃
《ᠬᠡᠷᠡᠭ ᠢ᠋ ᠳᠠᠭᠤᠰᠬᠠᠬᠤ ᠨᠢ ᠬᠡᠳᠦᠢᠪᠡᠷ ᠬᠡᠷᠡᠭ ᠨᠢᠭᠡᠪᠦᠷᠢ ᠶ᠋ᠢᠨ ᠵᠢᠷᠤᠮᠤ᠋ᠨ ᠡᠴᠦᠰ ᠦ᠋ᠨ ᠴᠠᠭ ᠪᠣᠯᠪᠠᠴᠤ ᠰᠢᠭᠦᠬᠦ ᠬᠣᠷᠢᠶᠠᠨ ᠤ᠋ ᠬᠥᠮᠦᠨ ᠦ᠌ ᠡᠴᠦᠰ ᠦ᠋ᠨ ᠬᠥᠭᠡᠭᠡᠴᠡᠯᠳᠦᠯ ᠪᠢᠰᠢ ᠂ ᠬᠡᠷᠡᠭ ᠨᠢᠭᠡᠪᠦᠷᠢ ᠳᠤᠮᠳᠠ ᠵᠥᠷᠢᠴᠡᠯ ᠢ᠋ ᠰᠢᠢᠳᠪᠦᠷᠢᠯᠡᠵᠦ ᠂ ᠵᠢᠭᠤᠷᠠᠯᠳᠤᠭᠠᠨ ᠢ᠋ ᠰᠢᠢᠳᠪᠦᠷᠢᠯᠡᠵᠦ ᠂ ᠡᠶ᠎ᠡ ᠵᠣᠬᠢᠴᠠᠯ ᠲᠠᠢ ᠨᠡᠢᠭᠡᠮ ᠳ᠋ᠦ᠍ ᠳᠠᠯᠳᠠ ᠭᠡᠮ ᠢ᠋ ᠠᠷᠢᠯᠭᠠᠬᠤ ᠪᠣᠯ ᠰᠠᠶᠢ ᠮᠠᠨ ᠤ᠋ ᠡᠴᠦᠰ ᠦ᠋ᠨ ᠬᠠᠷᠠᠯᠲᠠ ᠮᠥᠨ ᠃》 ᠨᠢᠭᠡᠨ ᠢᠷᠭᠡᠨ ᠦ᠌ ᠬᠡᠷᠡᠭᠦ᠋ᠨ ᠬᠠᠤᠯᠢ ᠶ᠋ᠢᠨ ᠲᠤᠰᠢᠶᠠᠯᠲᠠᠨ ᠢᠩᠭᠢᠵᠦ ᠬᠡᠯᠡᠪᠡ ᠃
ᠪᠥᠬᠥ ᠬᠣᠲᠠ ᠶ᠋ᠢᠨ ᠰᠢᠭᠦᠬᠦ ᠬᠣᠷᠢᠶ᠎ᠠ ᠨᠢ ᠡᠮᠦᠨ᠎ᠡ ᠦᠵᠦᠭᠦᠷ ᠦ᠋ᠨ ᠡᠪᠡᠳᠴᠢᠨ ᠦᠭᠡᠢ ᠂ ᠳᠤᠮᠳᠠ ᠦᠵᠦᠭᠦᠷ ᠦ᠋ᠨ ᠪᠢᠴᠢᠯ ᠡᠪᠡᠳᠴᠢᠨ ᠂ ᠰᠡᠭᠦᠯ ᠦ᠋ᠨ ᠦᠵᠦᠭᠦᠷ ᠦ᠋ᠨ ᠡᠪᠡᠳᠴᠢᠨ ᠵᠠᠰᠠᠬᠤ 《ᠭᠤᠷᠪᠠᠨ ᠦᠵᠦᠭᠦᠷ 》 ᠳ᠋ᠦ᠍ ᠠᠩᠬᠠᠷᠤᠯ ᠢ᠋ᠶ᠋ᠠᠨ ᠲᠥᠪᠯᠡᠷᠡᠭᠦᠯᠵᠦ ᠂ 《 ᠵᠠᠭᠠᠯᠳᠤᠬᠤ ᠢᠷᠡᠯᠲᠡ ᠂ ᠵᠠᠭᠠᠯᠳᠤᠬᠤ ᠡᠮᠦᠨ᠎ᠡ ᠂ ᠵᠠᠭᠠᠯᠳᠤᠬᠤ ᠳᠤᠮᠳᠠ ᠂ ᠰᠢᠭᠦᠨ ᠲᠠᠰᠤᠯᠤᠭᠰᠠᠨ ᠤ᠋ ᠳᠠᠷᠠᠭ᠎ᠠ ᠂ ᠭᠦᠢᠴᠡᠳᠬᠡᠬᠦ ᠡᠬᠢ ᠂ ᠵᠠᠬᠢᠳᠠᠯ ᠰᠤᠷᠪᠤᠯᠵᠢᠯᠠᠭ᠎ᠠ 》ᠠ᠋ᠴᠠ ᠰᠡᠷᠭᠡᠢᠯᠡᠬᠦ ᠪᠠ ᠵᠥᠷᠢᠴᠡᠯ ᠵᠢᠭᠤᠷᠠᠭᠠᠨ ᠢ᠋ ᠵᠣᠬᠢᠴᠠᠭᠤᠯᠬᠤ《 ᠲᠠᠪᠤᠨ ᠰᠡᠷᠭᠡᠢᠯᠡᠯᠲᠡ ᠶ᠋ᠢᠨ ᠱᠤᠭᠤᠮ》 ᠢ᠋ ᠪᠥᠬᠥ ᠲᠠᠯ᠎ᠠ ᠪᠠᠷ ᠴᠣᠭᠴᠠᠯᠠᠵᠤ ᠂ 《ᠡᠮᠦᠨ᠎ᠡ ᠦᠵᠦᠭᠦᠷ ᠦ᠋ᠨ ᠡᠬᠢ ᠡᠭᠦᠰᠦᠯ ᠡᠴᠡ ᠨᠢ ᠪᠠᠭᠠᠰᠬᠠᠬᠤ ᠂ ᠳᠤᠮᠳᠠ ᠦᠵᠦᠭᠦᠷ ᠦ᠋ᠨ ᠶᠠᠰᠤ ᠴᠢᠨᠠᠷ ᠢ᠋ ᠳᠡᠭᠡᠭᠰᠢᠯᠡᠭᠦᠯᠬᠦ ᠬᠤᠷᠳᠤᠴᠠ ᠶ᠋ᠢ ᠳᠡᠭᠡᠭᠰᠢᠯᠡᠭᠦᠯᠬᠦ ᠂ ᠡᠴᠦᠰ ᠦ᠋ᠨ ᠵᠠᠭᠠᠯᠳᠤᠯᠭ᠎ᠠ ᠶ᠋ᠢ ᠵᠣᠭᠰᠣᠭᠠᠬᠤ ᠰᠤᠷᠪᠤᠯᠵᠢᠯᠠᠯ ᠢ᠋ ᠰᠢᠢᠳᠪᠦᠷᠢᠯᠡᠬᠦ 》 ᠲᠣᠭᠣᠷᠢᠭ ᠳᠠᠰᠢ ᠥᠨᠳᠥᠷ ᠦᠷ᠎ᠡ ᠪᠦᠲᠦᠮᠵᠢᠲᠡᠢ ᠵᠠᠰᠠᠬᠤ ᠲᠣᠭᠲᠠᠴᠠ ᠶ᠋ᠢ ᠰᠦᠪᠡᠭᠴᠢᠯᠡᠨ ᠪᠦᠷᠢᠯᠳᠦᠭᠦᠯᠵᠦ ᠂ ᠵᠥᠷᠢᠴᠡᠯ ᠵᠢᠭᠤᠷᠠᠯᠳᠤᠭᠠᠨ ᠢ᠋ ᠵᠠᠭᠠᠯᠳᠤᠬᠤ ᠪᠠ ᠭᠠᠳᠠᠭᠰᠢ ᠪᠦᠲᠦᠮᠵᠢᠲᠡᠢ ᠰᠠᠯᠭᠠᠬᠤ ᠂ ᠵᠠᠭᠠᠯᠳᠤᠬᠤ ᠳᠣᠲᠣᠷ᠎ᠠ ᠥᠨᠳᠥᠷ ᠦᠷ᠎ᠡ ᠪᠦᠲᠦᠮᠵᠢᠲᠡᠢ ᠨᠠᠮᠳᠠᠭᠤᠯᠬᠤ ᠶ᠋ᠢ ᠬᠥᠲᠥᠯᠦᠨ ᠵᠢᠯᠣᠭᠣᠳᠴᠤ ᠂ ᠣᠷᠳᠣᠰ ᠤ᠋ᠨ ᠰᠢᠭᠦᠬᠦ ᠬᠣᠷᠢᠶ᠎ᠠ ᠶ᠋ᠢᠨ ᠣᠨᠴᠠᠯᠢᠭ ᠲᠠᠢ ᠬᠠᠮᠲᠤ ᠪᠠᠷ ᠪᠠᠢᠭᠤᠯᠵᠤ ᠬᠠᠮᠲᠤ ᠪᠠᠷ ᠵᠠᠰᠠᠬᠤ ᠨᠢᠭᠡ ᠵᠠᠮ ᠶᠠᠭ ᠪᠦᠷᠢᠯᠳᠦᠵᠦ ᠪᠠᠢᠨ᠎ᠠ ᠃
ᠡᠨᠡ ᠵᠢᠯ ᠡᠴᠡ ᠨᠡᠰᠢ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠵᠠᠷᠭᠤᠯᠳᠤᠬᠤ ᠠ᠋ᠴᠠ ᠡᠮᠦᠨ᠎ᠡ 20841 ᠬᠡᠷᠡᠭ ᠢ᠋ ᠡᠶᠡᠳᠡᠭᠦᠯᠵᠦ ᠂ ᠡᠶᠡᠳᠡᠭᠦᠯᠦᠭᠰᠡᠨ ᠬᠠᠷᠠᠯᠲᠠ 12.77 ᠳ᠋ᠦᠩᠰᠢᠭᠤᠷ ᠲᠥᠭᠥᠷᠢᠭ ᠬᠦᠷᠪᠡ ︔ 514 ᠨᠡᠷᠡᠰ ᠬᠠᠤᠯᠢᠵᠢᠯ ᠤ᠋ᠨ ᠵᠢᠯᠣᠭᠣᠳᠤᠭᠴᠢ ᠳᠣᠷᠣᠭᠰᠢ ᠪᠠᠭᠤᠨ ᠵᠥᠷᠢᠴᠡᠯ ᠢ᠋ ᠰᠢᠢᠳᠪᠦᠷᠢᠯᠡᠬᠦ ᠳ᠋ᠦ᠍ 577 ᠤᠳᠠᠭ᠎ᠠ ᠣᠷᠣᠯᠴᠠᠪᠠ ︔ ᠬᠠᠤᠯᠢᠶ᠋ᠢᠨ ᠲᠤᠰᠢᠶᠠᠯᠲᠠᠨ ᠤ᠋ ᠠᠵᠤ ᠠᠬᠤᠢᠯᠠᠯ ᠳ᠋ᠤ᠌ ᠣᠷᠣᠵᠤ ᠲᠣᠰᠬᠣᠨ ᠳ᠋ᠤ᠌ ᠰᠠᠭᠤᠬᠤ ᠠᠵᠢᠯ ᠤ᠋ᠨ ᠲᠣᠭᠲᠠᠴᠠ ᠶ᠋ᠢ ᠬᠡᠷᠡᠭᠵᠢᠭᠦᠯᠵᠦ ᠂ ᠨᠡᠢᠲᠡ 662 ᠬᠠᠤᠯᠢ ᠶ᠋ᠢᠨ ᠲᠤᠰᠢᠶᠠᠯᠲᠠᠨ ᠤ᠋ ᠲᠣᠰᠬᠣᠨ ᠳ᠋ᠤ᠌ ᠰᠠᠭᠤᠭ᠎ᠠ ᠂ ᠠᠵᠤ ᠠᠬᠤᠢᠯᠠᠯ ᠳ᠋ᠤ᠌ ᠰᠠᠭᠤᠭ᠎ᠠ ᠠᠵᠢᠯᠯᠠᠬᠤ ᠲᠠᠰᠤᠭ (ᠥᠷᠲᠡᠭᠡ ) ᠭᠠᠷᠭᠠᠵᠤ ᠂ 5020 ᠵᠢᠭᠤᠷᠠᠭᠠᠨ ᠢ᠋ ᠡᠬᠢ ᠡᠭᠦᠰᠦᠯ ᠡᠴᠡ ᠨᠢ ᠨᠠᠮᠳᠠᠭᠤᠯᠤᠨ ᠰᠢᠢᠳᠪᠦᠷᠢᠯᠡᠵᠦ ᠂ ᠵᠥᠷᠢᠴᠡᠯ ᠵᠢᠭᠤᠷᠠᠯᠳᠤᠭᠠᠨ ᠢ᠋ ᠦᠨᠳᠦᠰᠦᠨ ᠱᠠᠲᠤᠨ ᠳ᠋ᠤ᠌ ᠰᠢᠢᠳᠪᠦᠷᠢᠯᠡᠵᠦ ᠂ ᠠᠩᠬ᠎ᠠ ᠬᠤᠭᠤᠴᠠᠭᠠᠨ ᠳ᠋ᠤ᠌ ᠲᠦᠪᠰᠢᠳᠬᠡᠨ ᠂ ᠵᠢᠭᠤᠷᠠᠯᠳᠤᠭᠠᠨ ᠤ᠋ ᠵᠠᠷᠭᠤ ᠪᠣᠯᠬᠤ ᠨᠣᠷᠮ᠎ᠠ ᠢᠯᠡᠳᠲᠡ ᠪᠠᠭᠤᠷᠠᠪᠠ ᠃
2022 ᠣᠨ ᠤ᠋ 1 - 11 ᠰᠠᠷᠠᠳ᠋ᠤ᠌ ᠂ ᠪᠥᠬᠥ ᠬᠣᠲᠠ ᠶ᠋ᠢᠨ ᠰᠢᠭᠦᠬᠦ ᠬᠣᠷᠢᠶ᠎ᠠ 《 ᠭᠤᠷᠪᠠᠨ ᠦᠵᠦᠭᠦᠷ ᠦ᠋ᠨ ᠲᠠᠪᠤᠨ ᠰᠡᠷᠭᠡᠢᠯᠡᠯᠲᠡ ᠶ᠋ᠢᠨ ᠱᠤᠭᠤᠮ 》 ᠤ᠋ᠨ ᠵᠠᠷᠭᠤᠯᠳᠤᠬᠤ ᠡᠬᠢ ᠶ᠋ᠢ ᠵᠠᠰᠠᠬᠤ ᠵᠠᠭᠪᠤᠷ ᠢ᠋ᠶ᠋ᠠᠷ ᠳᠠᠮᠵᠢᠭᠤᠯᠤᠨ 36510 ᠵᠥᠷᠢᠴᠡᠯ ᠵᠢᠭᠤᠷᠠᠯᠳᠤᠭᠠᠨ ᠢ᠋ ᠠᠮᠵᠢᠯᠲᠠ ᠲᠠᠢ ᠰᠠᠯᠭᠠᠨ ᠰᠢᠢᠳᠪᠦᠷᠢᠯᠡᠵᠦ ︔ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠰᠢᠨ᠎ᠡ ᠪᠡᠷ ᠬᠦᠯᠢᠶᠡᠨ ᠠᠪᠤᠭᠰᠠᠨ ᠬᠡᠷᠡᠭ ᠦ᠋ᠨ ᠲᠣᠭ᠎ᠠ ᠠᠳᠠᠯᠢ ᠬᠤᠭᠤᠴᠠᠭᠠᠨ ᠤ᠋ ᠬᠢ ᠡᠴᠡ 8.7 % ᠪᠠᠷ ᠪᠠᠭᠤᠷᠠᠵᠤ ᠂ ᠰᠢᠭᠦᠨ ᠳᠠᠭᠤᠰᠬᠠᠭᠰᠠᠨ ᠨᠣᠷᠮ᠎ᠠ ᠠᠳᠠᠯᠢ ᠬᠤᠭᠤᠴᠠᠭᠠᠨ ᠤ᠋ ᠬᠢ ᠡᠴᠡ 9.83 ᠵᠠᠭᠤᠨ ᠤ᠋ ᠬᠤᠪᠢ ᠳᠡᠭᠡᠭᠰᠢᠯᠡᠵᠦ ᠂ ᠰᠢᠭᠦᠨ ᠲᠠᠰᠤᠯᠤᠭᠰᠠᠨ ᠴᠢᠨᠠᠷ ᠴᠢᠨᠰᠠᠭ᠎ᠠ ᠦᠷ᠎ᠡ ᠪᠦᠲᠦᠮᠵᠢ ᠂ ᠣᠯᠠᠨ ᠲᠦᠮᠡᠨ ᠦ᠌ ᠬᠠᠨᠤᠮᠵᠢ ᠶ᠋ᠢᠨ ᠬᠡᠮᠵᠢᠶ᠎ᠡ ᠪᠠ ᠰᠢᠨ᠎ᠡ ᠬᠣᠷᠢᠶᠠᠨ ᠠᠪᠤᠭᠰᠠᠨ ᠬᠡᠷᠡᠭ ᠦ᠋ᠨ ᠲᠣᠭ᠎ᠠ ᠂ ᠬᠡᠷᠡᠭ ᠦ᠋ᠨ ᠨᠡᠮᠡᠭᠳᠡᠯ ᠦ᠋ᠨ ᠬᠤᠷᠳᠤᠴᠠ 《ᠬᠣᠶᠠᠷ ᠳᠡᠭᠡᠭᠰᠢᠯᠡᠵᠦ ᠬᠣᠶᠠᠷ ᠪᠠᠭᠤᠷᠠᠬᠤ》 ᠰᠠᠢᠨ ᠦᠷ᠎ᠡ ᠪᠦᠲᠦᠮᠵᠢ ᠣᠯᠵᠠᠢ ᠃ ᠡᠨᠡᠬᠦ ᠠᠵᠢᠯ ᠨᠢ ᠠᠷᠠᠳ ᠤ᠋ᠨ ᠳᠡᠭᠡᠳᠦ ᠰᠢᠭᠦᠬᠦ ᠬᠣᠷᠢᠶᠠᠨ ᠤ᠋ ᠳᠠᠷᠤᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠤ᠋ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠂ ᠣᠷᠳᠣᠰ ᠬᠣᠲᠠ ᠶ᠋ᠢᠨ ᠨᠠᠮ ᠤ᠋ᠨ ᠬᠣᠷᠢᠶ᠎ᠠ ᠂ ᠵᠠᠰᠠᠭ ᠤ᠋ᠨ ᠣᠷᠳᠣᠨ ᠂ ᠬᠣᠲᠠ ᠶ᠋ᠢᠨ ᠨᠠᠮ ᠤ᠋ᠨ ᠬᠣᠷᠢᠶᠠᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶ᠎ᠠ ᠵᠡᠷᠭᠡ ᠣᠯᠠᠨ ᠭᠣᠣᠯ ᠤᠳᠤᠷᠢᠳᠤᠯᠭ᠎ᠠ ᠶ᠋ᠢᠨ ᠴᠣᠬᠣᠯᠠᠪᠤᠷᠢ ᠶ᠋ᠢ ᠨᠤᠲᠠᠯᠠᠨ ᠵᠥᠪᠰᠢᠶᠡᠷᠡᠭᠰᠡᠨ ᠪᠠᠢᠨ᠎ᠠ ᠃
ᠡᠷᠡᠭᠦᠦ ᠶ᠋ᠢᠨ ᠬᠡᠷᠡᠭ ᠦ᠋ᠨ ᠶᠠᠯᠠᠲᠤ ᠬᠡᠷᠡᠭ ᠦ᠋ᠨ ᠢᠲᠡᠭᠡᠯ ᠵᠣᠷᠢᠭ ᠢ᠋ ᠬᠠᠤᠯᠢ ᠶᠣᠰᠣᠭᠠᠷ ᠶᠠᠯᠠᠯᠠᠨ ᠰᠢᠳᠭᠡᠬᠦ《 ᠬᠠᠮᠠᠭᠠᠯᠠᠭᠴᠢ 》 ᠪᠣᠯᠪᠠ
ᠬᠠᠷ᠎ᠠ ᠬᠠᠷᠭᠢᠰ ᠳᠠᠢᠰᠤᠨ ᠢ᠋ ᠠᠷᠢᠯᠭᠠᠵᠤ ᠴᠢᠳᠠᠬᠤ ᠦᠭᠡᠢ ᠂ ᠬᠠᠷᠭᠢᠰ ᠮᠠᠭᠤ ᠶᠠᠪᠤᠳᠠᠯ ᠢ᠋ ᠠᠷᠢᠯᠭᠠᠵᠤ ᠴᠢᠳᠠᠬᠤ ᠦᠭᠡᠢ ᠃ 2020 ᠣᠨ ᠤ᠋ 9 ᠰᠠᠷ᠎ᠠ ᠶ᠋ᠢᠨ 29 ᠦ᠌ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠠᠶᠠᠨᠨᠠᠭᠤᠷ ᠬᠣᠲᠠ ᠶ᠋ᠢᠨ ᠤᠷᠠᠳ ᠤ᠋ᠨ ᠡᠮᠦᠨᠡᠲᠦ ᠬᠤᠰᠢᠭᠤᠨ ᠤ᠋ ᠵᠠᠰᠠᠭ ᠤ᠋ᠨ ᠣᠷᠳᠣᠨ ᠤ᠋ ᠤᠤᠯ ᠤ᠋ᠨ ᠳᠡᠳ᠋ ᠬᠤᠰᠢᠭᠤᠨ ᠳᠠᠷᠤᠭ᠎ᠠ ᠂ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠶ᠋ᠢᠨ ᠤᠤᠯ ᠤ᠋ᠨ ᠨᠠᠮ ᠤ᠋ᠨ ᠬᠣᠷᠢᠶ᠎ᠠ ᠶ᠋ᠢᠨ ᠱᠦᠵᠢ ᠂ ᠲᠣᠪᠴᠢᠶᠠᠨ ᠳᠠᠷᠤᠭ᠎ᠠ ᠵᠢᠶᠠ ᠵᠢᠩ ᠪᠦᠸᠧ ᠵᠡᠷᠭᠡ 61 ᠵᠠᠭᠠᠯᠳᠤᠭᠳᠠᠭᠴᠢ ᠶ᠋ᠢ ᠵᠣᠬᠢᠶᠠᠨ ᠪᠠᠢᠭᠤᠯᠵᠤ ᠂ ᠤᠳᠤᠷᠢᠳᠤᠭᠰᠠᠨ ᠂ ᠲᠡᠭᠦᠨ ᠳ᠋ᠦ᠍ ᠣᠷᠣᠯᠴᠠᠭᠰᠠᠨ ᠶᠠᠯᠠᠲᠤ ᠬᠡᠷᠡᠭ ᠦ᠋ᠨ ᠨᠢᠭᠡᠳᠦᠭᠡᠷ ᠰᠢᠭᠦᠯᠲᠡ ᠳ᠋ᠦ᠍ ᠢᠯᠡ ᠪᠡᠷ ᠰᠢᠭᠦᠨ ᠲᠠᠰᠤᠯᠤᠯᠲᠠ ᠬᠢᠵᠦ ᠂ ᠵᠠᠭᠠᠯᠳᠤᠭᠳᠠᠭᠴᠢ ᠵᠢᠶᠠ ᠵᠢᠩ ᠪᠦᠸᠧ ᠬᠤᠭᠤᠴᠠᠭ᠎ᠠ ᠦᠭᠡᠢ ᠬᠣᠷᠢᠬᠤ ᠶᠠᠯ᠎ᠠ ᠪᠠᠷ ᠰᠢᠳᠬᠡᠵᠦ ᠂ ᠤᠯᠤᠰ ᠲᠥᠷᠥ ᠶ᠋ᠢᠨ ᠡᠷᠬᠡ ᠶ᠋ᠢ ᠨᠢ ᠨᠠᠰᠤᠨ ᠲᠤᠷᠰᠢᠲᠠ ᠬᠠᠰᠤᠵᠤ ᠂ ᠬᠤᠪᠢ ᠬᠥᠮᠦᠨ ᠦ᠌ ᠪᠦᠬᠦ ᠡᠳ᠋ ᠬᠥᠷᠥᠩᠭᠡ ᠶ᠋ᠢ ᠨᠢ ᠬᠣᠷᠢᠶᠠᠨ ᠠᠪᠬᠤ ᠪᠠᠷ ᠨᠡᠢᠯᠡᠭᠦᠯᠦᠨ ᠰᠢᠳᠬᠡᠵᠦ ᠂ ᠪᠤᠰᠤᠳ ᠵᠠᠭᠠᠯᠳᠤᠭᠳᠠᠭᠴᠢᠶ᠋ᠢ ᠲᠤᠰ ᠲᠤᠰ ᠠᠷᠪᠠᠨ ᠨᠠᠢ᠍ᠮᠠᠨ ᠵᠢᠯ ᠡᠴᠡ ᠨᠢᠭᠡ ᠵᠢᠯ ᠬᠤᠭᠤᠴᠠᠭ᠎ᠠ ᠲᠠᠢ ᠬᠣᠷᠢᠬᠤ ᠡᠷᠡᠭᠦᠦ ᠪᠡᠷ ᠰᠢᠳᠬᠡᠵᠡᠢ ᠃ ᠲᠤᠰ ᠬᠡᠷᠡᠭ ᠪᠣᠯ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠠᠷ᠎ᠠ ᠪᠦᠯᠦᠭᠲᠡᠨ ᠪᠠ ᠬᠠᠷ᠎ᠠ ᠶ᠋ᠢ ᠰᠢᠭᠦᠷᠡᠭᠦᠯᠬᠦ ᠠᠯᠪᠠᠨ ᠭᠡᠷ᠎ᠦ᠋ᠨ ᠫᠠᠢᠰᠠ ᠡᠯᠭᠦᠵᠦ ᠰᠢᠮᠳᠠᠭᠤᠯᠤᠨ ᠰᠢᠢᠳᠪᠦᠷᠢᠯᠡᠬᠦ ᠭᠣᠣᠯᠳᠠᠯᠭ᠎ᠠ ᠲᠠᠢ ᠬᠡᠷᠡᠭ ᠪᠣᠯᠤᠨ᠎ᠠ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠠᠢᠭᠤᠯᠤᠭᠳᠠᠭᠰᠠᠨ ᠡᠴᠡ ᠨᠡᠰᠢ ᠬᠦᠯᠢᠶᠡᠨ ᠠᠪᠤᠭᠰᠠᠨ ᠵᠠᠭᠠᠯᠳᠤᠭᠳᠠᠭᠴᠢ ᠶ᠋ᠢᠨ ᠲᠣᠭ᠎ᠠ ᠬᠠᠮᠤᠭ ᠣᠯᠠᠨ ᠂ ᠰᠢᠭᠦᠨ ᠰᠢᠢᠳᠪᠦᠷᠢᠯᠡᠬᠦ ᠳ᠋ᠦ᠍ ᠬᠠᠮᠤᠭ ᠤ᠋ᠨ ᠬᠦᠴᠢᠷᠲᠡᠢ ᠂ ᠨᠡᠢᠭᠡᠮ ᠦ᠋ᠨ ᠬᠢᠨ ᠦ᠌ ᠠᠩᠬᠠᠷᠤᠯ ᠲᠠᠯᠪᠢᠵᠤ ᠪᠠᠢᠭ᠎ᠠ ᠬᠡᠮᠵᠢᠶ᠎ᠡ ᠬᠠᠮᠤᠭ ᠥᠨᠳᠥᠷ ᠂ ᠬᠦᠳᠡᠯᠭᠡᠨᠳᠤ ᠪᠠᠲᠤᠯᠠᠭ᠎ᠠ ᠶ᠋ᠢᠨ ᠬᠥᠮᠦᠰ ᠢ᠋ ᠬᠠᠮᠤᠭ ᠠᠷᠪᠢᠨ ᠡᠷᠡᠭᠦᠦ ᠶ᠋ᠢᠨ ᠬᠡᠷᠡᠭ ᠪᠣᠯᠤᠨ᠎ᠠ ᠃
ᠨᠠᠰᠤᠲᠠᠢᠴᠤᠳ ᠢ ᠮᠡᠬᠡᠯᠡᠬᠦ ᠠᠵᠢᠯᠯᠠᠭᠠᠳ᠋ᠤ᠌ ᠴᠣᠬᠢᠯᠲᠠ ᠥᠭᠬᠦ ᠲᠤᠰᠬᠠᠢ ᠲᠥᠷᠥᠯ ᠦ᠋ᠨ ᠠᠵᠢᠯᠯᠠᠭ᠎ᠠ ᠶ᠋ᠢ ᠪᠠᠲᠤᠲᠠᠢ ᠥᠷᠨᠢᠭᠦᠯᠵᠦ ᠂ 2022 ᠣᠨ ᠤ᠋ 5 ᠰᠠᠷ᠎ᠠ ᠶ᠋ᠢᠨ 16 ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠣᠷᠳᠣᠰ ᠬᠣᠲᠠ ᠶ᠋ᠢᠨ ᠢ ᠰᠢᠶᠠᠩ ᠴᠧᠩ ᠡᠯᠧᠺᠲ᠋ᠷᠣᠨ ᠬᠤᠳᠠᠯᠳᠤᠭᠠᠨ ᠤ᠋ ᠶᠠᠪᠤᠳᠠᠯ ᠤ᠋ᠨ ᠬᠢᠵᠠᠭᠠᠷᠲᠤ ᠺᠣᠮᠫᠠᠨᠢ ᠂ ᠵᠠᠭᠠᠯᠳᠤᠭᠳᠠᠭᠴᠢ ᠸᠠᠩ ᠰᠢᠶᠣᠤ ᠺᠠᠢ ᠵᠡᠷᠭᠡ ᠬᠥᠮᠦᠰ ᠦ᠋ᠨ ᠪᠡᠯᠡ ᠮᠥᠩᠭᠥ ᠴᠤᠭᠯᠠᠭᠤᠯᠵᠤ ᠮᠡᠬᠡᠯᠡᠭᠰᠡᠨ ᠶᠠᠯ᠎ᠠ ᠂ ᠣᠯᠠᠨ ᠨᠡᠢᠲᠡ ᠶ᠋ᠢᠨ ᠬᠠᠳᠠᠭᠠᠯᠠᠮᠵᠢ ᠶ᠋ᠢ ᠬᠠᠤᠯᠢ ᠪᠤᠰᠤ ᠪᠠᠷ ᠣᠷᠣᠭᠤᠯᠤᠨ ᠠᠪᠤᠭᠰᠠᠨ ᠶᠠᠯ᠎ᠠ ᠂ ᠳᠠᠪᠬᠤᠷ ᠤᠷᠤᠭᠯᠠᠭᠰᠠᠨ ᠶᠠᠯ᠎ᠠ ᠂ ᠨᠢᠭᠤᠵᠤ ᠳᠠᠯᠳᠠᠯᠠᠭᠰᠠᠨ ᠶᠠᠯ᠎ᠠ ᠪᠠᠷ ᠰᠢᠭᠦᠨ ᠲᠠᠰᠤᠯᠤᠯᠲᠠ ᠶ᠋ᠢ ᠢᠯᠡ ᠵᠠᠷᠯᠠᠵᠤ ᠂ ᠵᠠᠭᠠᠯᠳᠤᠭᠳᠠᠭᠴᠢ ᠸᠠᠩ ᠰᠢᠶᠣᠤ ᠺᠢᠶ᠋ᠢ ᠬᠤᠭᠤᠴᠠᠭ᠎ᠠ ᠦᠭᠡᠢ ᠬᠣᠷᠢᠬᠤ ᠪᠠᠷ ᠰᠢᠢᠳᠬᠡᠪᠡ ᠃
《ᠠᠮᠤᠭᠤᠯᠠᠩ ᠣᠷᠳᠣᠰ》 ᠢ᠋ ᠪᠦᠲᠦᠭᠡᠨ ᠪᠠᠢᠭᠤᠯᠬᠤ ᠪᠠᠷ ᠡᠭᠦᠷᠭᠡ ᠪᠣᠯᠭᠠᠬᠤ ᠶ᠋ᠢ ᠪᠠᠷᠢᠮᠲᠠᠯᠠᠵᠤ ᠂ ᠤᠯᠤᠰ ᠤ᠋ᠨ ᠠᠮᠤᠷ ᠲᠦᠪᠰᠢᠨ ᠦ᠌ ᠶᠡᠷᠦᠩᠬᠡᠢ ᠦᠵᠡᠯᠲᠡ ᠶ᠋ᠢ ᠡᠷᠡᠰ ᠲᠤᠤᠱᠯᠠᠭᠤᠯᠵᠤ ᠂ ᠠᠭᠤᠴᠢᠯᠠᠨ ᠰᠢᠳᠬᠡᠬᠦ ᠪᠠ ᠴᠢᠩᠭ᠎ᠠ ᠰᠢᠳᠬᠡᠬᠦ ᠶ᠋ᠢ ᠬᠣᠣᠰᠯᠠᠭᠤᠯᠤᠨ ᠡᠷᠡᠭᠦᠦ ᠶ᠋ᠢᠨ ᠶᠠᠯᠠᠲᠤ ᠬᠡᠷᠡᠭ ᠢ᠋ ᠰᠢᠳᠬᠡᠵᠦ ᠂ 2018 ᠣᠨ ᠠ᠋ᠴᠠ ᠣᠳᠣ ᠪᠣᠯᠲᠠᠯ᠎ᠠ ᠨᠡᠢᠲᠡ 20840 ᠡᠷᠡᠭᠦᠦ ᠶ᠋ᠢᠨ ᠬᠡᠷᠡᠭ ᠢ᠋ ᠰᠢᠭᠦᠨ ᠳᠠᠭᠤᠰᠬᠠᠵᠤ ᠂ 21375 ᠶᠠᠯᠠᠲᠠᠨ ᠢ᠋ ᠰᠢᠭᠦᠨ ᠰᠢᠳᠬᠡᠪᠡ ᠃ ᠠᠷᠠᠳ ᠣᠯᠠᠨ ᠤ᠋ ᠠᠮᠤᠷ ᠲᠦᠪᠰᠢᠨ ᠦ᠌ ᠰᠡᠳᠬᠢᠯᠭᠡ ᠶ᠋ᠢ ᠬᠦᠨᠳᠦ ᠨᠣᠴᠢᠲᠠᠢ ᠨᠥᠯᠥᠭᠡᠯᠡᠭᠰᠡᠨ ᠶᠠᠯᠠᠲᠤ ᠬᠡᠷᠡᠭ ᠢ᠋ ᠬᠠᠤᠯᠢ ᠶᠣᠰᠣᠭᠠᠷ ᠴᠢᠩᠭ᠎ᠠ ᠪᠥᠭᠡᠳ ᠲᠦᠷᠭᠡᠨ ᠰᠢᠳᠬᠡᠵᠦ ᠂ ᠬᠥᠮᠦᠨ ᠠᠯᠠᠭᠰᠠᠨ ᠂ ᠳᠡᠭᠡᠷᠡᠮᠳᠡᠭᠰᠡᠨ ᠂ ᠨᠥᠵᠢᠳᠯᠡᠭᠰᠡᠨ ᠵᠡᠷᠭᠡ ᠬᠡᠷᠡᠭ 373 ᠬᠤᠪᠢ 313 ᠬᠥᠮᠦᠨ ᠢ᠋ ᠰᠢᠭᠦᠨ ᠳᠠᠭᠤᠰᠬᠠᠪᠠ ᠃ ᠬᠣᠣᠷᠲᠤ ᠡᠳ᠋ ᠢ᠋ ᠴᠠᠭᠠᠵᠠᠯᠠᠬᠤ ᠲᠡᠮᠡᠴᠡᠯ ᠳ᠋ᠦ᠍ ᠢᠳᠡᠪᠬᠢᠲᠡᠢ ᠣᠷᠣᠯᠴᠠᠵᠤ ᠂ ᠬᠣᠣᠷᠲᠤ ᠡᠳ᠋ ᠦ᠋ᠨ ᠶᠠᠯᠠᠲᠤ ᠬᠡᠷᠡᠭ ᠢ᠋ 495 ᠬᠤᠪᠢ 710 ᠬᠥᠮᠦᠨ ᠰᠢᠭᠦᠨ ᠳᠠᠭᠤᠰᠬᠠᠪᠠ᠃ ᠪᠡᠯᠡ ᠮᠥᠩᠭᠥ ᠴᠤᠭᠯᠠᠭᠤᠯᠵᠤ ᠮᠡᠬᠡᠯᠡᠭᠰᠡᠨ ᠂ ᠣᠯᠠᠨ ᠨᠡᠢᠲᠡ ᠶ᠋ᠢᠨ ᠬᠠᠳᠠᠭᠠᠯᠠᠮᠵᠢ ᠶ᠋ᠢ ᠬᠠᠤᠯᠢ ᠪᠤᠰᠤ ᠪᠠᠷ ᠰᠢᠩᠭᠡᠭᠡᠨ ᠠᠪᠤᠭᠰᠠᠨ ᠵᠡᠷᠭᠡ ᠣᠯᠠᠨ ᠬᠥᠮᠦᠨ ᠳ᠋ᠦ᠍ ᠬᠣᠯᠪᠣᠭᠳᠠᠭᠰᠠᠨ ᠠᠵᠤ ᠠᠬᠤᠢᠶ᠋ᠢᠨ ᠶᠠᠯᠠᠲᠤ ᠬᠡᠷᠡᠭᠢ᠋ 137 ᠬᠤᠪᠢ 176 ᠬᠥᠮᠦᠨ ᠰᠢᠭᠦᠨ ᠳᠠᠭᠤᠰᠬᠠᠪᠠ ᠃ᠢᠯᠵᠠᠷᠠᠯᠢ᠋ ᠵᠠᠯᠬᠠᠭᠠᠨ ᠰᠢᠳᠬᠡᠬᠦ ᠲᠠᠯ᠎ᠠ ᠪᠠᠷ ᠬᠦᠴᠦᠲᠡᠢ ᠳᠠᠷᠤᠯᠲᠠ ᠦᠵᠡᠭᠦᠯᠬᠦ ᠪᠠᠢᠳᠠᠯ ᠢ᠋ ᠪᠠᠲᠤᠯᠠᠵᠤ ᠂ ᠱᠠᠮᠰᠢᠵᠤ ᠬᠡᠭᠡᠯᠢ ᠢᠳᠡᠵᠦ ᠬᠠᠬᠤᠤᠯᠢ ᠲᠦᠯᠬᠢᠭᠰᠡᠨ ᠂ ᠲᠤᠰᠢᠶᠠᠯ ᠢ᠋ᠶ᠋ᠠᠨ ᠭᠤᠲᠤᠭᠠᠭᠰᠠᠨ ᠵᠡᠷᠭᠡ ᠡᠷᠬᠡ ᠲᠤᠰᠢᠶᠠᠯ ᠢ᠋ᠶ᠋ᠠᠨ ᠠᠰᠢᠭᠯᠠᠨ ᠶᠠᠯ᠎ᠠ ᠬᠢᠭᠰᠡᠨ 199 ᠬᠡᠷᠡᠭ ᠂ 296 ᠬᠥᠮᠦᠨ ᠢ᠋ ᠰᠢᠭᠦᠨ ᠳᠠᠭᠤᠰᠬᠠᠵᠠᠢ ᠃
ᠬᠦᠴᠢᠷ ᠪᠡᠷᠬᠡᠰᠢᠶᠡᠯ ᠢ᠋ ᠢᠯᠠᠨ ᠳᠠᠪᠠᠵᠤ 《 ᠪᠡᠯᠡᠨ ᠵᠣᠭᠣᠰ ᠰᠣᠯᠢᠭᠴᠢ 》 ᠶ᠋ᠢ ᠱᠠᠯᠠᠪᠳᠠᠨ ᠬᠢᠬᠦ
《ᠣᠳᠣ ᠰᠢᠭᠦᠬᠦ ᠬᠣᠷᠢᠶ᠎ᠠ ᠨᠢ ᠰᠢᠭᠤᠳ ᠰᠢᠯᠤᠭᠤᠨ ᠵᠠᠮ ᠨᠡᠭᠡᠭᠡᠵᠦ ᠂ ᠬᠡᠷᠡᠭ ᠪᠣᠯᠭᠠᠨ ᠳᠠᠩᠰᠠᠯᠠᠬᠤ ᠠ᠋ᠴᠠ ᠠᠪᠤᠭᠠᠳ ᠬᠠᠮᠤᠭ ᠰᠡᠭᠦᠯ ᠳ᠋ᠦ᠍ ᠭᠦᠢᠴᠡᠳᠬᠡᠬᠦ ᠵᠣᠭᠣᠰ ᠢ᠋ ᠬᠦᠷᠲᠡᠯ᠎ᠡ ᠂ ᠪᠢᠳᠡ ᠵᠥᠪᠬᠡᠨ 6 ᠡᠳᠦᠷ ᠬᠦᠯᠢᠶᠡᠵᠡᠢ ᠂ ᠭᠡᠲᠡᠯ᠎ᠡ ᠦᠨᠡᠬᠡᠷ 176 ᠲᠦᠮᠡᠨ ᠲᠥᠭᠥᠷᠢᠭ ᠢ᠋ ᠨᠢᠭᠡ ᠯᠡ ᠤᠳᠠᠭ᠎ᠠ ᠳ᠋ᠤ᠌ ᠪᠦᠭᠦᠳᠡ ᠶ᠋ᠢ ᠭᠦᠢᠴᠡᠳᠬᠡᠵᠦ ᠳᠠᠭᠤᠰᠬᠠᠵᠤ ᠴᠢᠳᠠᠨ᠎ᠠ ᠭᠡᠵᠦ ᠶᠡᠷᠥ ᠪᠣᠳᠣᠵᠤ ᠣᠯᠤᠭᠰᠠᠨ ᠦᠭᠡᠢ ᠃ 》
3 ᠰᠠᠷ᠎ᠠ ᠶ᠋ᠢᠨ 5 ᠤ᠋ ᠡᠳᠦᠷ ᠂ ᠦᠦᠰᠢᠨ ᠬᠤᠰᠢᠭᠤᠨ ᠤ᠋ ᠨᠢᠭᠡᠨ ᠪᠡᠯᠡ ᠣᠷᠣᠭᠤᠯᠤᠯᠲᠠ ᠶ᠋ᠢᠨ ᠬᠢᠵᠠᠭᠠᠷᠲᠤ ᠺᠣᠮᠫᠠᠨᠢ ᠶ᠋ᠢᠨ ᠬᠠᠷᠢᠭᠤᠴᠠᠯᠭᠠᠲᠠᠨ ᠡᠴᠡ ᠬᠦᠢᠴᠡᠳᠬᠡᠯᠬᠡᠭᠴᠢ ᠶ᠋ᠢᠨ ᠭᠠᠷ ᠢ᠋ ᠠᠳᠬᠤᠨ ᠂ ᠵᠠᠯᠭᠠᠪᠠᠷ ᠬᠣᠶᠠᠷ ᠡᠳᠦᠷ ᠲᠠᠯᠠᠷᠬᠠᠯ ᠢ᠋ᠶ᠋ᠠᠨ ᠢᠯᠡᠳᠬᠡᠭᠰᠡᠨ ᠪᠠᠢᠨ᠎ᠠ ᠃
ᠦᠦᠰᠢᠨ ᠬᠤᠰᠢᠭᠤᠨ ᠤ᠋ ᠨᠢᠭᠡᠨ ᠪᠡᠯᠡ ᠣᠷᠣᠭᠤᠯᠤᠯᠲᠠ ᠶ᠋ᠢᠨ ᠬᠢᠵᠠᠭᠠᠷᠲᠤ ᠺᠣᠮᠫᠠᠨᠢ ᠪᠠ ᠥᠪᠥᠷ ᠮᠣᠩᠭᠣᠯ ᠤ᠋ᠨ ᠨᠢᠭᠡᠨ ᠲᠠᠷᠢᠶᠠᠯᠠᠩ ᠮᠠᠯ ᠠᠵᠤ ᠠᠬᠤᠢ ᠶ᠋ᠢᠨ ᠨᠡᠭᠡᠭᠡᠯᠲᠡ ᠶ᠋ᠢᠨ ᠬᠢᠵᠠᠭᠠᠷᠲᠤ ᠺᠣᠮᠫᠠᠨᠢ ᠶ᠋ᠢᠨ ᠵᠢᠭᠤᠷᠠᠯᠳᠤᠭᠠᠨ ᠤ᠋ ᠬᠡᠷᠡᠭ ᠦ᠋ᠨ ᠭᠦᠢᠴᠡᠳᠬᠡᠭᠳᠡᠭᠴᠢ ᠨᠢ ᠰᠢᠭᠦᠨ ᠲᠠᠰᠤᠯᠬᠤ ᠡᠭᠦᠷᠭᠡ ᠪᠡᠨ ᠴᠠᠭ ᠲᠤᠬᠠᠢ ᠳ᠋ᠤᠨᠢ ᠭᠦᠢᠴᠡᠳᠬᠡᠭᠰᠡᠨ ᠥᠬᠡᠢ ᠤᠴᠢᠷ ᠠ᠋ᠴᠠ ᠦᠦᠰᠢᠨ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶᠠᠨ ᠳ᠋ᠤ᠌ ᠠᠯᠪᠠᠳᠠᠯᠭ᠎ᠠ ᠪᠠᠷ ᠬᠡᠷᠡᠭᠵᠢᠭᠦᠯᠬᠦ ᠪᠡᠷ ᠭᠤᠶᠤᠴᠢᠯᠠᠪᠠ᠃
3 ᠰᠠᠷ᠎ᠠ ᠶ᠋ᠢᠨ 3 ᠤ᠋ ᠡᠳᠦᠷ ᠂ ᠭᠦᠢᠴᠡᠳᠬᠡᠭᠳᠡᠭᠴᠢ ᠶ᠋ᠢᠨ ᠺᠣᠮᠫᠠᠨᠢ ᠡᠴᠡ ᠨᠡᠢᠲᠡ ᠶ᠋ᠢᠨ ᠳᠠᠩᠰᠠᠨ ᠡᠷᠦᠬᠡ ᠳ᠋ᠦ᠍ ᠵᠣᠭᠣᠰ ᠬᠤᠷᠢᠶᠠᠬᠤ ᠨᠢᠭᠡᠨ ᠪᠦᠯᠦᠭ ᠲᠥᠷᠥᠯ ᠵᠦᠢᠯ ᠢ᠋ ᠣᠷᠣᠭᠤᠯᠤᠭᠰᠠᠨ ᠤ᠋ ᠳᠠᠷᠠᠭ᠎ᠠ ᠂ ᠭᠦᠢᠴᠡᠳᠬᠡᠭᠴᠢ ᠲᠡᠷᠡ ᠳᠠᠷᠤᠢ ᠳ᠋ᠤᠨᠢ ᠲᠤᠰ ᠺᠣᠮᠫᠠᠨᠢ ᠳ᠋ᠤ᠌ ᠬᠦᠷᠴᠦ ᠂ ᠬᠠᠤᠯᠢ ᠶ᠋ᠢ ᠭᠦᠢᠴᠡᠳ ᠲᠠᠢᠯᠪᠤᠷᠢᠯᠠᠨ ᠶᠣᠰᠣ ᠶᠠᠷᠢᠵᠤ ᠂ ᠠᠰᠢᠭ ᠬᠣᠣᠷ ᠤ᠋ᠨ ᠬᠠᠷᠢᠴᠠᠭ᠎ᠠ ᠶ᠋ᠢ ᠲᠣᠳᠣᠷᠬᠠᠢᠯᠠᠭᠰᠠᠨ ᠤ᠋ ᠳᠠᠷᠠᠭ᠎ᠠ ᠂ ᠬᠡᠷᠡᠭ ᠲᠦ᠍ ᠬᠣᠯᠪᠣᠭᠳᠠᠭᠰᠠᠨ ᠵᠣᠭᠣᠰ ᠨᠡᠢᠲᠡ 176 ᠲᠦᠮᠡᠨ ᠲᠥᠭᠥᠷᠢᠭ ᠢ᠋ ᠳᠠᠩᠰᠠᠨ ᠠ᠋ᠴᠠ ᠭᠠᠷᠭᠠᠬᠤ ᠶ᠋ᠢᠨ ᠬᠠᠮᠲᠤ ᠂ ᠲᠤᠰ ᠺᠣᠮᠫᠠᠨᠢ ᠶ᠋ᠢᠨ ᠳᠠᠩᠰᠠᠨ ᠡᠷᠦᠬᠡ ᠶ᠋ᠢ ᠦᠯᠦ ᠬᠦᠳᠡᠯᠬᠡᠯᠬᠡᠬᠦ ᠠᠷᠭ᠎ᠠ ᠬᠡᠮᠵᠢᠶ᠎ᠡ ᠪᠡᠨ ᠬᠦᠴᠦᠨ ᠦᠭᠡᠢ ᠪᠣᠯᠭᠠᠵᠠᠢ ᠃
ᠬᠣᠲᠠ ᠶ᠋ᠢᠨ ᠨᠠᠮ ᠤ᠋ᠨ ᠬᠣᠷᠢᠶᠠᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶᠠᠨ ᠤ᠋ ᠨᠢᠭᠡᠳᠦᠯᠲᠡᠢ ᠤᠳᠤᠷᠢᠳᠤᠯᠭ᠎ᠠ ᠳᠣᠣᠷ᠎ᠠ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠲᠦᠷᠦᠭᠦᠯᠡᠨ ᠬᠠᠷᠢᠭᠤᠴᠠᠬᠤ ᠪᠠᠢᠭᠤᠯᠭ᠎ᠠ ᠪᠣᠯᠤᠭᠰᠠᠨ ᠤ᠋ ᠬᠤᠪᠢ ᠳ᠋ᠤ᠌ ᠬᠣᠲᠠ ᠶ᠋ᠢᠨ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠂ ᠬᠣᠲᠠ ᠶ᠋ᠢᠨ ᠪᠠᠢᠴᠠᠭᠠᠬᠤ ᠬᠣᠷᠢᠶ᠎ᠠ ᠂ ᠬᠣᠲᠠ ᠶ᠋ᠢᠨ ᠬᠠᠤᠯᠢ ᠴᠠᠭᠠᠵᠠ ᠶ᠋ᠢᠨ ᠲᠣᠪᠴᠢᠶ᠎ᠠ ᠲᠠᠢ ᠬᠠᠮᠵᠢᠯᠴᠠᠨ 《 ᠬᠠᠤᠯᠢ ᠵᠥᠷᠢᠴᠡᠵᠦ ᠶᠠᠯ᠎ᠠ ᠬᠢᠭᠰᠡᠨ ᠠᠵᠢᠯᠯᠠᠭ᠎ᠠ ᠳ᠋ᠤ᠌ ᠴᠣᠬᠢᠯᠲᠠ ᠥᠭᠬᠦ 》 ᠲᠤᠰᠬᠠᠢ ᠠᠵᠢᠯᠯᠠᠭ᠎ᠠ ᠶ᠋ᠢ ᠥᠷᠨᠢᠭᠦᠯᠵᠦ ᠂ ᠰᠢᠭᠦᠨ ᠲᠠᠰᠤᠯᠤᠯᠲᠠ ᠂ ᠲᠣᠭᠲᠠᠭᠠᠯᠲᠠ ᠶ᠋ᠢ ᠭᠦᠢᠴᠡᠳᠬᠡᠬᠦ ᠶ᠋ᠢ ᠲᠡᠪᠴᠢᠭᠰᠡᠨ ᠵᠡᠷᠭᠡ ᠶᠠᠯᠠᠲᠤ ᠬᠡᠷᠡᠭ ᠢ᠋ ᠬᠠᠤᠯᠢ ᠶᠣᠰᠣᠭᠠᠷ ᠵᠠᠯᠬᠠᠭᠠᠨ ᠰᠢᠳᠬᠡᠵᠦ ᠂ ᠲᠤᠬᠠᠢ ᠶ᠋ᠢᠨ ᠬᠥᠮᠦᠨ ᠦ᠌ ᠬᠠᠤᠯᠢ ᠶᠣᠰᠣᠨ ᠤ᠋ ᠡᠷᠬᠡ ᠠᠰᠢᠭ ᠪᠠ ᠬᠠᠤᠯᠢ ᠴᠠᠭᠠᠵᠠ ᠶ᠋ᠢᠨ ᠡᠷᠬᠡ ᠰᠦᠷ ᠢ᠋ ᠦᠨᠡᠨ ᠬᠦ᠌ ᠬᠠᠮᠠᠭᠠᠯᠠᠪᠠ ᠃ 11 ᠰᠠᠷ᠎ᠠ ᠶ᠋ᠢᠨ 30 ᠤ᠋ ᠡᠳᠦᠷ ᠪᠣᠯᠲᠠᠯ᠎ᠠ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠲᠤᠰᠬᠠᠢ ᠲᠥᠷᠥᠯᠦ᠋ᠨ ᠠᠵᠢᠯᠯᠠᠭ᠎ᠠ ᠶ᠋ᠢᠨ ᠬᠤᠭᠤᠴᠠᠭᠠᠨ ᠳ᠋ᠤ᠌ ᠨᠡᠢᠲᠡ 8610 ᠬᠡᠷᠡᠭ ᠢ᠋ ᠭᠦᠢᠴᠡᠳᠬᠡᠨ ᠳᠠᠭᠤᠰᠬᠠᠵᠤ ᠂ ᠭᠦᠢᠴᠡᠳᠬᠡᠨ ᠳᠠᠭᠤᠰᠬᠠᠭᠰᠠᠨ ᠵᠣᠭᠣᠰᠤ᠋ᠨ ᠲᠣᠭ᠎ᠠ 44.84 ᠳ᠋ᠦᠩᠰᠢᠭᠤᠷ ᠲᠥᠭᠥᠷᠢᠭ ᠬᠦᠷᠪᠡ ︔ ᠰᠠᠨᠠᠭᠠᠴᠢᠯᠠᠭ᠎ᠠ ᠠ᠋ᠴᠠ ᠪᠠᠨ ᠭᠦᠢᠴᠡᠳᠬᠡᠭᠰᠡᠨ ᠬᠡᠷᠡᠭ ᠦ᠋ᠨ ᠲᠣᠭ᠎ᠠ 1823 ᠬᠤᠪᠢ ᠂ ᠥᠪᠡᠷᠲᠡᠭᠡᠨ ᠪᠣᠳᠠᠲᠠᠢ ᠭᠦᠢᠴᠡᠳᠬᠡᠭᠰᠡᠨ ᠵᠣᠭᠣᠰ ᠤ᠋ᠨ ᠲᠣᠭ᠎ᠠ 16.65 ᠳ᠋ᠦᠩᠰᠢᠭᠤᠷ ᠲᠥᠭᠥᠷᠢᠭ ᠬᠦᠷᠴᠦ ᠂ ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ ᠳ᠋ᠤ᠌ ᠶᠠᠯ᠎ᠠ ᠬᠢᠬᠦ ᠶ᠋ᠢ ᠲᠡᠪᠴᠢᠭᠰᠡᠨ ᠬᠡᠷᠡᠭ 52 ᠬᠤᠪᠢ 64 ᠬᠥᠮᠦᠨ ᠢ᠋ ᠰᠢᠯᠵᠢᠭᠦᠯᠦᠨ ᠬᠦᠷᠭᠡᠵᠦ ᠂ ᠣᠳᠣ ᠨᠢᠭᠡᠨᠲᠡ ᠶᠠᠯ᠎ᠠ ᠬᠢᠬᠦ ᠶ᠋ᠢ ᠲᠡᠪᠴᠢᠭᠰᠡᠨ ᠬᠡᠷᠡᠭ ᠢ᠋ 2 ᠬᠤᠪᠢ ᠰᠢᠭᠦᠨ ᠲᠠᠰᠤᠯᠠᠪᠠ ᠃ 2022 ᠣᠨ ᠤ᠋ 1- 11 ᠰᠠᠷ᠎ᠠ ᠪᠣᠯᠲᠠᠯ᠎ᠠ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠰᠢᠨ᠎ᠡ ᠪᠡᠷ ᠬᠦᠯᠢᠶᠡᠨ ᠠᠪᠴᠤ ᠭᠦᠢᠴᠡᠳᠬᠡᠬᠦ ᠬᠡᠷᠡᠭ 26889 ᠪᠠᠢᠵᠤ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠭᠦᠢᠴᠡᠳᠬᠡᠭᠰᠡᠨ ᠬᠡᠷᠡᠭ ᠦ᠋ᠨ ᠭᠦᠢᠴᠡᠳᠬᠡᠨ ᠳᠠᠭᠤᠰᠬᠠᠭᠰᠠᠨ ᠨᠣᠷᠮ᠎ᠠ 89.56 % ᠬᠦᠷᠴᠦ ᠂ ᠠᠳᠠᠯᠢ ᠬᠤᠭᠤᠴᠠᠭᠠᠨ ᠤ᠋ ᠬᠢ ᠡᠴᠡ 11 ᠵᠠᠭᠤᠨ ᠤ᠋ ᠬᠤᠪᠢ ᠳᠡᠭᠡᠭᠰᠢᠯᠡᠵᠦ ᠂ ᠠᠩᠬ᠎ᠠ ᠭᠦᠢᠴᠡᠳᠬᠡᠵᠦ ᠳᠠᠭᠤᠰᠤᠭᠰᠠᠨ ᠬᠡᠷᠡᠭ ᠦ᠋ᠨ ᠬᠡᠷᠡᠭ ᠳᠤᠮᠳᠠᠴᠢ ᠪᠠᠷ 89.25 ᠡᠳᠦᠷ ᠴᠠᠭ ᠬᠡᠷᠡᠭᠯᠡᠵᠦ ᠂ ᠨᠢᠳᠤᠨᠤᠨ ᠤ᠋ ᠬᠢ ᠡᠴᠡ 43.29 ᠡᠳᠦᠷ ᠪᠣᠭᠣᠨᠢᠰᠪᠠ ᠃
ᠨᠠᠮ ᠤ᠋ᠨ ᠬᠣᠷᠢᠳᠤᠭᠠᠷ ᠶᠡᠬᠡ ᠬᠤᠷᠠᠯ ᠠ᠋ᠴᠠ ᠠᠤᠭ᠎ᠠ ᠲᠥᠰᠥᠪ ᠢ᠋ ᠵᠢᠷᠤᠭᠯᠠᠵᠤ ᠂ ᠰᠢᠨ᠎ᠡ ᠴᠠᠭ ᠦᠶ᠎ᠡ ᠳ᠋ᠦ᠍ ᠰᠢᠨ᠎ᠡ ᠠᠶᠠᠨ ᠢ᠋ ᠡᠬᠢᠯᠡᠭᠦᠯᠦᠨ ᠂ ᠰᠢᠨ᠎ᠡ ᠠᠶᠠᠨ ᠵᠠᠮ ᠳ᠋ᠤ᠌ ᠰᠢᠨ᠎ᠡ ᠡᠭᠦᠷᠭᠡ ᠬᠠᠷᠢᠭᠤᠴᠠᠯᠭ᠎ᠠ ᠣᠯᠭᠣᠪᠠ ᠃ ᠣᠷᠳᠣᠰ ᠤ᠋ᠨ ᠰᠢᠭᠦᠬᠦ ᠬᠣᠷᠢᠶ᠎ᠠ 《ᠬᠠᠤᠯᠢ ᠴᠠᠭᠠᠵᠠ ᠶ᠋ᠢᠨ ᠬᠡᠷᠡᠭ ᠪᠣᠯᠭᠠᠨ ᠳᠤᠮᠳᠠ ᠠᠷᠠᠳ ᠣᠯᠠᠨ ᠳ᠋ᠤ᠌ ᠲᠥᠪ ᠭᠣᠣᠯᠴᠢ ᠰᠢᠳᠤᠷᠭᠤ ᠶᠣᠰᠣ ᠶ᠋ᠢ ᠣᠢᠯᠠᠭᠠᠭᠤᠯᠬᠤ ᠪᠠᠷ ᠴᠢᠷᠮᠠᠢᠬᠤ 》 ᠠᠵᠢᠯ ᠤ᠋ᠨ ᠬᠠᠷᠠᠯᠲᠠ ᠶ᠋ᠢᠨ ᠲᠣᠭᠣᠷᠢᠨ ᠳ᠋ᠤ᠌ ᠂ ᠬᠣᠲᠠ ᠶ᠋ᠢᠨ ᠨᠠᠮ ᠤ᠋ᠨ ᠬᠣᠷᠢᠶᠠᠨ ᠤ᠋ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠲᠤᠤᠱᠯᠠᠭᠤᠯᠬᠤ ᠰᠡᠳᠬᠢᠴᠡ ᠬᠠᠷᠠᠯᠲᠠ ᠶ᠋ᠢᠨ ᠲᠣᠭᠣᠷᠢᠨ ᠳ᠋ᠤ᠌ ᠂ ᠶᠡᠬᠡ ᠲᠠᠯ᠎ᠠ ᠳ᠋ᠤ᠌ ᠦᠢᠯᠡᠴᠢᠯᠡᠬᠦ ᠪᠡᠷ ᠡᠭᠦᠷᠭᠡ ᠪᠣᠯᠭᠠᠨ ᠬᠠᠤᠯᠢ ᠴᠠᠭᠠᠵᠠ ᠶ᠋ᠢᠨ ᠬᠠᠩᠭᠠᠯᠭ᠎ᠠ ᠪᠠᠨ ᠪᠦᠬᠦ ᠲᠠᠯ᠎ᠠ ᠪᠠᠷ ᠰᠢᠯᠢᠳᠡᠭᠵᠢᠭᠦᠯᠵᠦ ᠂ ᠤᠬᠠᠮᠰᠠᠷ ᠠ᠋ᠴᠠ ᠪᠠᠨ ᠰᠢᠭᠦᠬᠦ ᠬᠣᠷᠢᠶᠠᠨ ᠤ᠋ ᠠᠵᠢᠯ ᠢ᠋ ᠪᠥᠬᠥ ᠬᠣᠲᠠ᠎ᠶ᠋ᠢᠨ ᠠᠵᠢᠯ ᠤ᠋ᠨ ᠶᠡᠬᠡ ᠲᠠᠯ᠎ᠠ ᠳ᠋ᠤ᠌ ᠠᠭᠤᠰᠤᠯᠴᠠᠭᠤᠯᠵᠤ ᠂ ᠬᠠᠤᠯᠢ ᠴᠠᠭᠠᠵᠠ ᠶ᠋ᠢᠨ ᠰᠢᠭᠦᠨ ᠲᠠᠰᠤᠯᠤᠯᠲᠠ ᠶ᠋ᠢᠨ ᠡᠭᠦᠷᠭᠡ ᠴᠢᠳᠠᠪᠤᠷᠢ ᠶ᠋ᠢᠨ ᠦᠢᠯᠡᠳᠦᠯ ᠢ᠋ᠶ᠋ᠡᠨ ᠭᠦᠢᠴᠡᠳ ᠪᠠᠳᠠᠷᠠᠭᠤᠯᠵᠤ ᠂ ᠦᠨᠳᠦᠰᠦᠨ ᠬᠠᠤᠯᠢ ᠴᠠᠭᠠᠵᠠ ᠶ᠋ᠢᠨ ᠡᠷᠬᠡ ᠲᠤᠰᠢᠶᠠᠯ ᠢ᠋ᠶ᠋ᠠᠨ ᠦᠨᠡᠨᠴᠢ ᠪᠡᠷ ᠭᠦᠢᠴᠡᠳᠬᠡᠵᠦ ᠂ ᠬᠠᠤᠯᠢ ᠴᠠᠭᠠᠵᠠ ᠶ᠋ᠢᠨ ᠲᠥᠪ ᠭᠣᠣᠯᠴᠢ ᠪᠠᠷ ᠲᠤᠰᠠᠯᠠᠬᠤ ᠬᠦᠴᠦᠨ ᠠᠮᠤᠷ ᠲᠦᠪᠰᠢᠨ ᠂ ᠬᠠᠤᠯᠢ ᠪᠠᠷ ᠵᠠᠰᠠᠬᠤ ᠣᠷᠳᠣᠰ ᠤ᠋ᠨ ᠪᠠᠢᠭᠤᠯᠤᠯᠲᠠ ᠶ᠋ᠢ ᠨᠡᠩ ᠳᠣᠪᠣᠢᠮ᠎ᠠ ᠪᠠᠢᠷᠢᠨ ᠳ᠋ᠤ᠌ ᠲᠠᠯᠪᠢᠨ ᠰᠠᠢᠲᠤᠷ ᠠᠳᠬᠤᠵᠤ ᠂ ᠨᠡᠢᠭᠡᠮ ᠦ᠋ᠨ ᠶᠡᠬᠡ ᠲᠠᠯ᠎ᠠ ᠶ᠋ᠢᠨ ᠲᠣᠭᠲᠠᠭᠤᠨ ᠂ ᠠᠷᠠᠳ ᠣᠯᠠᠨ ᠤ᠋ ᠵᠣᠯ ᠵᠢᠷᠭᠠᠯ ᠠᠮᠤᠷ ᠲᠣᠭᠲᠠᠭᠤᠨ ᠢ᠋ ᠬᠠᠮᠠᠭᠠᠯᠠᠬᠤ ᠳ᠋ᠤ᠌ ᠬᠠᠤᠯᠢ ᠴᠠᠭᠠᠵᠠ ᠶ᠋ᠢᠨ ᠬᠦᠴᠦᠲᠡᠢ ᠬᠠᠯᠬᠠᠪᠴᠢ ᠶ᠋ᠢ ᠪᠠᠢᠭᠤᠯᠬᠤ ᠪᠣᠯᠤᠨ᠎ᠠ ᠃
ᠦᠨᠡᠯᠡᠬᠦ 0ᠦᠨᠡᠯᠡᠯᠲᠡ᠎ᠲᠠᠢ