ᠬᠣᠶᠠᠷ ᠬᠤᠷᠠᠯ ᠎ᠤ᠋ᠨ ᠲᠤᠰᠬᠠᠢ ᠰᠡᠳᠦᠪ ᠣᠷᠳᠣᠰ ᠬᠣᠲᠠ᠎ ᠶ᠋ᠢᠨ ᠳᠤᠮᠳᠠ ᠵᠡᠷᠭᠡ ᠎ᠶ᠋ᠢᠨ ᠰᠢᠭᠦᠬᠦ ᠬᠣᠷᠢᠶ᠎ᠠ ᠎ᠶ᠋ᠢᠨ ᠠᠵᠢᠯ ᠎ᠤ᠋ᠨ ᠮᠡᠳᠡᠭᠦᠯᠦᠯᠲᠡ ᠪᠦᠬᠦ ᠪᠢᠯᠧᠲ᠎ ᠢ᠋ᠶ᠋ᠡᠷ ᠪᠠᠲᠤᠯᠠᠭᠳᠠᠪᠠ
2023.01.16 ᠲᠣᠰ ᠥᠷᠲᠡᠭᠡᠨ᠎ᠦ ᠨᠠᠢᠷᠠᠭᠤᠯᠤᠭᠴᠢ

ᠣᠷᠳᠣᠰ ᠬᠣᠲᠠ᠎ ᠶ᠋ᠢᠨ ᠳᠤᠮᠳᠠ ᠵᠡᠷᠭᠡ ᠵᠢᠨ ᠰᠢᠭᠦᠬᠦ

ᠠᠵᠢᠯ᠎ ᠤ᠋ᠨ ᠮᠡᠳᠡᠭᠦᠯᠦᠯᠲᠡ ᠨᠢ ᠪᠦᠬᠦ ᠪᠢᠯᠧᠲ᠎ ᠢ᠋ᠶ᠋ᠡᠷ ᠪᠠᠲᠤᠯᠠᠭᠳᠠᠪᠠ

ᠰᠢᠨ᠎ᠡ ᠠᠶᠠᠨ ᠢ ᠡᠬᠢᠯᠡᠭᠦᠯᠵᠦ ᠂ ᠰᠢᠨ᠎ᠡ ᠬᠠᠭᠤᠳᠠᠰᠤ ᠵᠢ ᠨᠡᠭᠡᠭᠡᠬᠦ

  2023 ᠣᠨ ᠎ᠤ᠋ 1 ᠰᠠᠷ᠎ᠠ᠎ ᠶ᠋ᠢᠨ 4᠎ ᠦ᠌ ᠦᠳᠡ᠎ ᠶ᠋ᠢᠨ ᠬᠣᠢᠨ᠎ᠠ ᠂ ᠣᠷᠳᠣᠰ ᠬᠣᠲᠠ ᠎ᠶ᠋ᠢᠨ ᠲᠠᠪᠤᠳᠤᠭᠠᠷ ᠬᠤᠭᠤᠴᠠᠭᠠᠨ ᠤ᠋ ᠠᠷᠠᠳ᠎ ᠤ᠋ᠨ ᠲᠥᠯᠥᠭᠡᠯᠡᠭᠴᠢᠳ᠎ ᠦ᠋ᠨ ᠶᠡᠬᠡ ᠬᠤᠷᠠᠯ ᠎ᠤ᠋ᠨ ᠬᠣᠶᠠᠳᠤᠭᠠᠷ ᠤᠳᠠᠭᠠᠨ ᠤ᠋ ᠬᠤᠷᠠᠯ ᠳᠥᠷᠪᠡᠳᠦᠭᠡᠷ ᠤᠳᠠᠭᠠᠨ ᠤ᠋ ᠪᠦᠭᠦᠳᠡ ᠬᠤᠷᠠᠯ ᠬᠢᠵᠦ ᠂ ᠣᠷᠳᠣᠰ ᠬᠣᠲᠠ᠎ ᠶ᠋ᠢᠨ ᠳᠤᠮᠳᠠ ᠵᠡᠷᠭᠡ ᠎ᠶ᠋ᠢᠨ ᠰᠢᠭᠦᠬᠦ ᠬᠣᠷᠢᠶᠠᠨ ᠎ᠤ᠋ ᠠᠵᠢᠯ᠎ ᠤ᠋ᠨ ᠮᠡᠳᠡᠭᠦᠯᠦᠯᠲᠡ᠎ ᠶ᠋ᠢ ᠪᠦᠬᠦ ᠪᠢᠯᠧᠲ᠎ ᠢ᠋ᠶ᠋ᠡᠷ ᠪᠠᠲᠤᠯᠠᠵᠤ ᠂ ᠪᠥᠬᠥ ᠬᠣᠲᠠ᠎ ᠶ᠋ᠢᠨ ᠰᠢᠭᠦᠬᠦ ᠬᠣᠷᠢᠶᠠᠨ ᠎ᠤ᠋ 2022 ᠣᠨ ᠤ᠋ ᠠᠵᠢᠯ ᠎ᠢ᠋ ᠭᠦᠢᠴᠡᠳ ᠨᠤᠲᠠᠯᠠᠵᠤ ᠂ ᠮᠡᠳᠡᠭᠦᠯᠦᠯᠲᠡ ᠎ᠳ᠋ᠦ᠍ ᠳᠤᠷᠠᠳᠤᠭᠰᠠᠨ 2023 ᠣᠨ ᠎ᠤ᠋ ᠠᠵᠢᠯ ᠎ᠤ᠋ᠨ ᠲᠣᠬᠢᠷᠠᠭᠤᠯᠤᠯᠲᠠ᠎ ᠶ᠋ᠢ ᠵᠥᠪᠰᠢᠶᠡᠷᠡᠭᠰᠡᠨ ᠪᠠᠢᠨ᠎ᠠ᠃

    ᠪᠢᠯᠧᠲ ᠥᠭᠴᠦ ᠪᠠᠲᠤᠯᠠᠭᠰᠠᠨ ᠎ᠤ᠋ ᠠᠷᠤ ᠳ᠋ᠤ᠌ ᠂ ᠠᠷᠠᠳ ᠎ᠤ᠋ᠨ ᠲᠥᠯᠥᠭᠡᠯᠡᠭᠴᠢᠳ ᠎ᠦ᠋ᠨ ᠶᠡᠬᠡ ᠬᠤᠷᠠᠯ ᠎ᠤ᠋ᠨ ᠲᠥᠯᠥᠭᠡᠯᠡᠭᠴᠢ ᠨᠠᠷ  ᠤᠨ ᠣᠷᠳᠣᠰ᠎ ᠤ᠋ᠨ ᠰᠢᠭᠦᠬᠦ ᠬᠣᠷᠢᠶᠠᠨ ᠎ᠤ᠋ ᠠᠵᠢᠯ᠎ ᠢ᠋ ᠨᠤᠲᠠᠯᠠᠵᠤ ᠂ ᠨᠡᠩ ᠴᠦ᠍ ᠬᠣᠶᠠᠷ ᠱᠠᠲᠤᠨ ᠤ᠋ ᠰᠢᠭᠦᠬᠦ ᠬᠣᠷᠢᠶᠠᠨ ᠎ᠤ᠋ ᠺᠠᠲ᠋ᠷ ᠴᠠᠭᠳᠠᠭ᠎ᠠ᠎ ᠵᠢ ᠢᠲᠡᠭᠡᠵᠦ ᠪᠠᠢᠭ᠎ᠠ ᠵᠢᠨ ᠢᠯᠡᠷᠡᠯ ᠪᠤᠯᠤᠨ᠎ᠠ᠃ ᠡᠢᠨᠬᠦ ᠣᠷᠳᠣᠰ ᠎ᠤ᠋ᠨ ᠰᠢᠭᠦᠬᠦ ᠬᠣᠷᠢᠶ᠎ᠠ ᠬᠦᠨᠳᠦ ᠨᠠᠢᠳᠠᠯᠭ᠎ᠠ᠎ ᠶ᠋ᠢ ᠬᠥᠰᠡᠷᠳᠡᠭᠦᠯᠦᠯ ᠦᠭᠡᠢ᠎ ᠪᠡᠷ ᠡᠷᠡᠯᠬᠡᠭᠯᠡᠨ ᠤᠷᠤᠭᠰᠢᠯᠠᠬᠤ ᠤᠯᠤᠨ᠎ᠠ ᠃

   ᠬᠤᠷᠠᠯ᠎ ᠤ᠋ᠨ ᠬᠤᠭᠤᠴᠠᠭᠠᠨ ᠳ᠋ᠤ᠌ ᠂ ᠠᠷᠠᠳ ᠎ᠤ᠋ᠨ ᠲᠥᠯᠥᠭᠡᠯᠡᠭᠴᠢᠳ ᠎ᠦ᠋ᠨ ᠶᠡᠬᠡ ᠬᠤᠷᠠᠯ ᠎ᠤ᠋ᠨ ᠲᠥᠯᠥᠭᠡᠯᠡᠭᠴᠢ ᠂ ᠠᠷᠠᠳ ᠎ᠤ᠋ᠨ ᠰᠢᠭᠦᠬᠦ ᠬᠣᠷᠢᠶᠠᠨ ᠎ᠤ᠋ ᠠᠵᠢᠯ᠎ ᠤ᠋ᠨ ᠢᠯᠡᠳᠬᠡᠯ᠎ ᠳ᠋ᠦ᠍ 2022 ᠣᠨ ᠎ᠤ᠋ ᠠᠵᠢᠯ᠎ ᠤ᠋ᠨ ᠦᠷ᠎ᠡ ᠪᠦᠲᠦᠮᠵᠢ᠎ ᠶ᠋ᠢ ᠦᠨᠡᠨ ᠪᠣᠳᠠᠲᠠᠢ ᠳ᠋ᠦᠩᠨᠡᠵᠦ ᠂ ᠠᠷᠠᠳ ᠎ᠤ᠋ᠨ ᠰᠢᠭᠦᠬᠦ ᠬᠣᠷᠢᠶᠠᠨ ᠤ᠋ ᠰᠢᠨ᠎ᠡ ᠴᠠᠭ ᠦᠶ᠎ᠡ ᠎ᠳ᠋ᠦ᠍ ᠪᠡᠶᠡᠯᠡᠭᠦᠯᠦᠭᠰᠡᠨ ᠰᠢᠨ᠎ᠡ ᠠᠮᠵᠢᠯᠲᠠ ᠪᠦᠲᠦᠭᠡᠯ᠎ ᠢ᠋ ᠢᠯᠡᠷᠡᠭᠦᠯᠵᠦ ᠂ ᠣᠷᠳᠣᠰ ᠬᠤᠲᠠ ᠵᠢᠨ ᠰᠢᠭᠦᠬᠦ ᠬᠣᠷᠢᠶᠠᠨ ᠎ᠤ᠋ 2022 ᠣᠨ ᠎ᠳ᠋ᠤ᠌ ᠭᠠᠷᠭᠠᠭᠰᠠᠨ ᠴᠢᠷᠮᠠᠢᠯᠭ᠎ᠠ ᠂ ᠣᠯᠤᠭᠰᠠᠨ ᠦᠷ᠎ᠡ ᠪᠦᠲᠦᠮᠵᠢ᠎ ᠶ᠋ᠢ ᠭᠦᠢᠴᠡᠳ ᠨᠤᠲᠠᠯᠠᠪᠠ ᠭᠡᠵᠦ ᠢᠯᠡᠷᠬᠡᠢᠯᠡᠭᠰᠡᠨ ᠪᠠᠢᠨ᠎ᠠ ᠃

  2023 ᠣᠨ ᠎ᠳ᠋ᠤ᠌ ᠂ ᠪᠥᠬᠥ ᠬᠣᠲᠠ ᠎ᠶ᠋ᠢᠨ ᠰᠢᠭᠦᠬᠦ ᠬᠣᠷᠢᠶ᠎ᠠ ᠰᠢ ᠵᠢᠨ ᠫᠢᠩ ᠎ᠦ᠋ᠨ ᠰᠢᠨ᠎ᠡ ᠴᠠᠭ ᠦᠶ᠎ᠡ ᠎ᠶ᠋ᠢᠨ ᠳᠤᠮᠳᠠᠳᠤ ᠤᠯᠤᠰ ᠎ᠤ᠋ᠨ ᠣᠨᠴᠠᠯᠢᠭ ᠎ᠲᠠᠢ ᠨᠡᠢᠭᠡᠮ ᠵᠢᠷᠤᠮ ᠎ᠤ᠋ᠨ ᠦᠵᠡᠯ ᠰᠠᠨᠠᠭ᠎ᠠ ᠎ᠪᠠᠷ ᠵᠢᠯᠣᠭᠣᠳᠤᠯᠭ᠎ᠠ ᠪᠣᠯᠭᠠᠬᠤ᠎ ᠶ᠋ᠢ ᠪᠠᠷᠢᠮᠲᠠᠯᠠᠵᠤ ᠂ ᠰᠢ ᠵᠢᠨ ᠫᠢᠩ᠎ ᠦ᠋ᠨ ᠬᠠᠤᠯᠢ᠎ ᠪᠠᠷ ᠵᠠᠰᠠᠬᠤ ᠦᠵᠡᠯ ᠰᠠᠨᠠᠭ᠎ᠠ ᠎ᠶ᠋ᠢ ᠭᠦᠨᠵᠡᠭᠡᠢ ᠰᠤᠷᠤᠯᠴᠠᠨ ᠬᠡᠷᠡᠭᠯᠡᠵᠦ ᠂ ᠨᠠᠮ ᠎ᠤ᠋ᠨ ᠬᠣᠷᠢᠳᠤᠭᠠᠷ ᠶᠡᠬᠡ ᠬᠤᠷᠠᠯ ᠎ᠤ᠋ᠨ ᠵᠣᠷᠢᠭ ᠰᠠᠨᠠᠭ᠎ᠠ ᠎ᠶ᠋ᠢ ᠪᠥᠬᠥ ᠲᠠᠯ᠎ᠠ᠎ ᠪᠠᠷ ᠰᠤᠷᠤᠯᠴᠠᠨ ᠲᠤᠤᠱᠯᠠᠭᠤᠯᠵᠤ ᠂ ᠨᠠᠮ᠎ ᠤ᠋ᠨ ᠬᠠᠤᠯᠢ ᠴᠠᠭᠠᠵᠠ᠎ ᠶ᠋ᠢᠨ ᠠᠵᠢᠯ᠎ ᠳ᠋ᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠎ᠶ᠋ᠢ ᠪᠠᠷᠢᠮᠲᠠᠯᠠᠵᠤ ᠂ ᠶᠡᠷᠦᠩᠬᠡᠢ ᠱᠦᠵᠢ ᠰᠢ ᠵᠢᠨ ᠫᠢᠩ᠎ ᠦ᠋ᠨ ᠥᠪᠥᠷ ᠮᠣᠩᠭᠣᠯ᠎ ᠳ᠋ᠤ᠌ ᠲᠤᠰᠢᠶᠠᠭᠰᠠᠨ ᠲᠠᠪᠤᠨ ᠶᠡᠬᠡ ᠡᠭᠦᠷᠭᠡ᠎ ᠶ᠋ᠢ ᠪᠦᠬᠦ ᠲᠠᠯ᠎ᠠ ᠎ᠪᠠᠷ ᠰᠠᠢᠲᠤᠷ ᠨᠠᠢᠳᠠᠪᠤᠷᠢᠵᠢᠭᠤᠯᠵᠤ ᠂ ᠬᠣᠲᠠ᠎ ᠶ᠋ᠢᠨ ᠨᠠᠮ᠎ ᠤ᠋ᠨ ᠬᠣᠷᠢᠶ᠎ᠠ ᠎ᠶ᠋ᠢᠨ 《 ᠭᠤᠷᠪᠠ ᠳᠥᠷᠪᠡ 》 ᠶ᠋ᠢᠨ ᠬᠠᠷᠠᠯᠲᠠ ᠎ᠶ᠋ᠢᠨ ᠡᠭᠦᠷᠭᠡ᠎ ᠶ᠋ᠢ ᠴᠢᠩᠭ᠎ᠠ ᠠᠳᠬᠤᠨ ᠂ 《 ᠳᠥᠷᠪᠡᠨ ᠨᠡᠷᠡᠲᠦ ᠲᠡᠮᠳᠡᠭᠲᠦ 》 ᠶ᠋ᠢᠨ ᠪᠦᠲᠦᠭᠡᠨ ᠪᠠᠢᠭᠤᠯᠤᠯᠲᠠ ᠎ᠶ᠋ᠢ ᠪᠥᠬᠥ ᠲᠠᠯ᠎ᠠ᠎ ᠪᠠᠷ ᠨᠠᠢᠳᠠᠪᠤᠷᠢᠵᠢᠭᠤᠯᠵᠤ ᠂ ᠠᠷᠠᠳ ᠣᠯᠠᠨ ᠎ᠢ᠋ ᠨᠡᠩ ᠢᠲᠡᠭᠡᠯ ᠪᠢᠰᠢᠷᠡᠭᠰᠡᠨ ᠰᠢᠭᠦᠭᠴᠢ ᠂ ᠢᠲᠡᠭᠡᠯ ᠨᠠᠢᠳᠠᠭᠳᠠᠭᠰᠠᠨ ᠰᠢᠭᠦᠬᠦ ᠬᠣᠷᠢᠶ᠎ᠠ ᠂ ᠰᠢᠭᠦᠬᠦ ᠬᠣᠷᠢᠶ᠎ᠠ ᠎ᠶ᠋ᠢᠨ ᠬᠠᠤᠯᠢ ᠬᠡᠷᠡᠭᠵᠢᠭᠦᠯᠬᠦ ᠰᠢᠨ᠎ᠡ ᠳᠦᠷᠢ ᠲᠦᠷᠬᠦ᠎ ᠶ᠋ᠢ ᠳᠠᠬᠢᠨ ᠱᠤᠭᠤᠵᠤ ᠂ ᠲᠡᠷᠢᠭᠦᠨ ᠵᠡᠷᠭᠡ ᠎ᠶ᠋ᠢᠨ ᠬᠡᠷᠡᠭ ᠶᠠᠪᠤᠳᠠᠯ ᠎ᠤ᠋ᠨ ᠦᠷ᠎ᠡ ᠪᠦᠲᠦᠮᠵᠢ ᠂ ᠲᠡᠷᠢᠭᠦᠨ ᠵᠡᠷᠭᠡ᠎ ᠶ᠋ᠢᠨ ᠬᠠᠤᠯᠢ ᠴᠠᠭᠠᠵᠠ ᠎ᠶ᠋ᠢᠨ ᠦᠢᠯᠡᠴᠢᠯᠡᠭᠡ ᠂ ᠲᠡᠷᠢᠭᠦᠨ ᠵᠡᠷᠭᠡ ᠎ᠶ᠋ᠢᠨ ᠬᠠᠤᠯᠢ ᠴᠠᠭᠠᠵᠠ᠎ᠶ᠋ᠢᠨ ᠳᠦᠷᠢ ᠲᠦᠷᠬᠦ ᠂ ᠲᠡᠷᠢᠭᠦᠨ ᠵᠡᠷᠭᠡ ᠎ᠶ᠋ᠢᠨ ᠬᠤᠳᠠᠯᠳᠤᠭᠠᠨ ᠤ᠋ ᠣᠷᠴᠢᠨ ᠎ᠢ᠋ ᠵᠠᠰᠠᠨ ᠰᠠᠢᠵᠢᠷᠠᠭᠤᠯᠬᠤ ᠂ ᠵᠢᠷᠤᠮᠵᠢᠭᠤᠯᠤᠯᠲᠠ ᠎ᠶ᠋ᠢᠨ ᠪᠦᠲᠦᠭᠡᠨ ᠪᠠᠢᠭᠤᠯᠤᠯᠲᠠ᠎ ᠶ᠋ᠢ ᠴᠢᠩᠭᠠᠳᠬᠠᠵᠤ ᠂ 《 ᠳᠥᠷᠪᠡᠨ ᠨᠡᠷᠡᠲᠦ ᠲᠡᠮᠳᠡᠭᠲᠦ 》 ᠶ᠋ᠢᠨ ᠪᠦᠲᠦᠭᠡᠨ ᠪᠠᠢᠭᠤᠯᠤᠯᠲᠠ᠎ ᠶ᠋ᠢ ᠪᠥᠬᠥ ᠲᠠᠯ᠎ᠠ᠎ ᠪᠠᠷ ᠬᠡᠷᠡᠭᠵᠢᠭᠦᠯᠵᠦ ᠂ 《 ᠳᠥᠷᠪᠡᠨ ᠨᠡᠷᠡᠲᠦ ᠲᠡᠮᠳᠡᠭᠲᠦ 》 ᠶ᠋ᠢᠨ ᠠᠵᠢᠯᠯᠠᠭ᠎ᠠ᠎ ᠶ᠋ᠢ ᠪᠥᠬᠥ ᠲᠠᠯ᠎ᠠ᠎ ᠪᠠᠷ ᠬᠡᠷᠡᠭᠵᠢᠭᠦᠯᠵᠦ ᠂ ᠮᠠᠨ ᠎ᠤ᠋ ᠬᠣᠲᠠ᠎ ᠶ᠋ᠢᠨ ᠰᠢᠨ᠎ᠡ ᠵᠠᠮ᠎ ᠢ᠋ᠶ᠋ᠠᠷ ᠵᠠᠮᠨᠠᠵᠤ ᠂ ᠳᠤᠮᠳᠠᠳᠤ ᠤᠯᠤᠰ ᠎ᠤ᠋ᠨ ᠣᠨᠴᠠᠯᠢᠭ ᠎ᠲᠠᠢ ᠨᠡᠢᠭᠡᠮ ᠵᠢᠷᠤᠮ᠎ ᠤ᠋ᠨ ᠬᠠᠤᠯᠢ ᠴᠠᠭᠠᠵᠠ᠎ ᠶ᠋ᠢᠨ ᠣᠳᠣᠬᠢᠴᠢᠯᠠᠯᠲᠠ᠎ ᠶ᠋ᠢ ᠴᠢᠷᠮᠠᠢᠨ ᠪᠡᠶᠡᠯᠡᠭᠦᠯᠵᠦ ᠂ ᠳᠤᠮᠳᠠᠳᠤ ᠤᠯᠤᠰ᠎ ᠤ᠋ᠨ ᠣᠨᠴᠠᠯᠢᠭ ᠎ᠲᠠᠢ ᠭᠣᠢᠳᠠ ᠰᠠᠢᠬᠠᠨ ᠣᠷᠴᠢᠨ ᠲᠣᠭᠣᠷᠢᠨ ᠢ᠋ ᠪᠦᠲᠦᠭᠡᠨ ᠪᠠᠢᠭᠤᠯᠬᠤ ᠎ᠳ᠋ᠤ᠌ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )