ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠨᠢᠭᠡ ᠥᠷᠲᠡᠭᠡᠴᠢᠯᠡᠭᠰᠡᠨ ᠣᠯᠠᠨ ᠡᠰᠢᠲᠦ ᠡᠶᠡᠳᠡᠭᠦᠯᠬᠦ ᠂ ᠵᠠᠷᠭᠤ ᠬᠢᠬᠦ ᠦᠢᠯᠡᠴᠢᠯᠡᠭᠡᠨ ᠦ᠌ ᠰᠢᠰᠲ᠋ᠧᠮ ᠦ᠋ᠨ ᠪᠠᠢᠭᠤᠯᠤᠯᠲᠠ ᠶ᠋ᠢᠨ ᠬᠢᠷᠢ ᠲᠦᠪᠰᠢᠨ ᠢ᠋ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠬᠡᠷᠡᠭ ᠪᠣᠯᠭᠠᠨ ᠳᠠᠩᠰᠠᠯᠠᠬᠤ ᠬᠠᠮᠢᠶᠠᠷᠤᠯᠲᠠ ᠂ ᠲᠦᠷᠭᠡᠨ ᠲᠠᠰᠤᠯᠤᠨ ᠲᠣᠭᠲᠠᠭᠠᠯᠲᠠ ᠶ᠋ᠢᠨ ᠲᠦᠷᠭᠡᠨ ᠰᠢᠭᠦᠯᠲᠡ ᠪᠠ ᠵᠠᠷᠭᠤ ᠶ᠋ᠢᠨ ᠢᠷᠡᠯᠲᠡᠶ᠋ᠢᠨ ᠵᠠᠰᠠᠯᠲᠠ ᠶ᠋ᠢᠨ ᠠᠵᠢᠯ ᠢ᠋ ᠴᠢᠩᠭᠠᠳᠬᠠᠬᠤ ᠶ᠋ᠢᠨ ᠲᠥᠯᠥᠭᠡ ᠂ 2 ᠰᠠᠷ᠎ᠠ ᠶ᠋ᠢᠨ 10 ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠡᠷᠡᠭ ᠪᠣᠯᠭᠠᠨ ᠳᠠᠩᠰᠠᠯᠠᠬᠤ ᠵᠠᠷᠭᠤ ᠬᠢᠬᠦ ᠦᠢᠯᠡᠴᠢᠯᠡᠭᠡᠨ ᠦ᠌ ᠠᠵᠢᠯ ᠤ᠋ᠨ ᠬᠤᠷᠠᠯ ᠬᠤᠷᠠᠯᠳᠤᠭᠤᠯᠪᠠ ᠃ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠬᠡᠷᠡᠭ ᠪᠣᠯᠭᠠᠨ ᠳᠠᠩᠰᠠᠯᠠᠬᠤ ᠠᠵᠢᠯ ᠢ᠋ ᠬᠤᠪᠢᠳᠠᠨ ᠬᠠᠮᠢᠶᠠᠷᠴᠤ ᠪᠠᠢᠭ᠎ᠠ ᠬᠣᠷᠢᠶᠠᠨ ᠤ ᠤᠳᠤᠷᠢᠳᠤᠯᠭ᠎ᠠ ᠂ ᠬᠡᠷᠡᠭ ᠪᠣᠯᠭᠠᠨ ᠳᠠᠩᠰᠠᠯᠠᠬᠤ ᠲᠢᠩᠬᠢᠮ ᠦ᠋ᠨ ᠳᠠᠷᠤᠭ᠎ᠠ (ᠵᠠᠷᠭᠤ ᠶ᠋ᠢᠨ ᠦᠢᠯᠡᠴᠢᠯᠡᠭᠡᠨ ᠦ᠌ ᠲᠥᠪ ᠦ᠋ᠨ ᠡᠷᠬᠢᠯᠡᠭᠴᠢ ) ᠵᠢᠴᠢ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠡᠷᠡᠭ ᠪᠣᠯᠭᠠᠨ ᠳᠠᠩᠰᠠᠯᠠᠬᠤ ᠲᠢᠩᠬᠢᠮ ᠦ᠋ᠨ ᠪᠥᠬᠥ ᠰᠢᠭᠦᠭᠴᠢ ᠂ ᠰᠢᠭᠦᠭᠴᠢ ᠶ᠋ᠢᠨ ᠲᠤᠰᠠᠯᠠᠭᠴᠢ ᠂ ᠰᠢᠭᠦᠬᠦ ᠦᠢᠯᠡᠴᠢᠯᠡᠭᠡ ᠶ᠋ᠢᠨ ᠪᠠᠲᠤᠯᠠᠭ᠎ᠠ ᠶ᠋ᠢᠨ ᠲᠥᠪ ᠦ᠋ᠨ ᠺᠠᠲ᠋ᠷ ᠴᠠᠭᠳᠠᠭ᠎ᠠ ᠬᠤᠷᠠᠯ ᠳ᠋ᠤ᠌ ᠤᠷᠤᠯᠴᠠᠪᠠ᠃
ᠬᠤᠷᠠᠯ ᠳᠡᠭᠡᠷ᠎ᠡ ᠂ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠬᠡᠷᠡᠭ ᠪᠣᠯᠭᠠᠨ ᠳᠠᠩᠰᠠᠯᠠᠬᠤ ᠲᠢᠩᠬᠢᠮ ᠦ᠋ᠨ ᠳᠠᠷᠤᠭ᠎ᠠ ᠂ ᠬᠡᠷᠡᠭ ᠪᠣᠯᠭᠠᠨ ᠳᠠᠩᠰᠠᠯᠠᠬᠤ ᠂ ᠵᠠᠷᠭᠤ ᠂ ᠦᠢᠯᠡᠴᠢᠯᠡᠬᠦ ᠂ ᠣᠷᠣᠰᠢᠵᠤ ᠪᠠᠢᠭ᠎ᠠ ᠠᠰᠠᠭᠤᠳᠠᠯ ᠵᠢᠴᠢ ᠳᠠᠷᠠᠭᠠᠴᠢᠶ᠋ᠢᠨ ᠠᠯᠬᠤᠮ ᠤ᠋ᠨ ᠠᠵᠢᠯ ᠤ᠋ᠨ ᠲᠥᠯᠥᠪᠯᠡᠭᠡ ᠶ᠋ᠢᠨ ᠲᠣᠭᠣᠷᠢᠨᠳ᠋ᠤ᠌ ᠰᠠᠨᠠᠯ ᠢ᠋ᠶ᠋ᠠᠨ ᠰᠣᠯᠢᠯᠴᠠᠵᠤ ᠶᠠᠷᠢᠶ᠎ᠠ ᠲᠠᠯᠪᠢᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠡᠷᠡᠭ ᠪᠣᠯᠭᠠᠨ ᠳᠠᠩᠰᠠᠯᠠᠬᠤ ᠲᠢᠩᠬᠢᠮ ᠦ᠋ᠨ ᠳᠠᠷᠤᠭ᠎ᠠ ᠸᠠᠩ ᠭᠠᠩ 《 ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠠᠵᠢᠯ ᠢ᠋ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠣᠷᠳᠣᠰ ᠬᠣᠲᠠ᠎ᠶ᠋ᠢᠨ ᠳᠤᠮᠳᠠ ᠵᠡᠷᠭᠡ ᠶ᠋ᠢᠨ ᠠᠷᠠᠳᠤ᠋ᠨ ᠰᠢᠭᠦᠬᠦ ᠬᠣᠷᠢᠶᠠᠨ ᠤ᠋ ᠮᠡᠳᠡᠭᠳᠡᠯ 》 ᠂ 《 ᠪᠠᠭ᠎ᠠ ᠲᠣᠭᠠᠨ ᠤ᠋ ᠵᠠᠷᠭᠤ ᠶ᠋ᠢᠨ ᠵᠢᠷᠤᠮ ᠢ᠋ ᠴᠢᠩᠭᠠᠳᠬᠠᠨ ᠳᠡᠯᠭᠡᠷᠡᠭᠦᠯᠬᠦ ᠲᠤᠬᠠᠢ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠮᠡᠳᠡᠭᠳᠡᠯ 》 ᠢ᠋ ᠤᠩᠰᠢᠨ ᠲᠠᠶ᠋ᠢᠯᠪᠤᠷᠢᠯᠠᠭ᠋ᠰᠠᠨ ᠢ᠋ᠶ᠋ᠠᠷ ᠬᠡᠷᠡᠭ ᠪᠣᠯᠭᠠᠨ ᠳᠠᠩᠰᠠᠯᠠᠬᠤ ᠦᠢᠯᠡᠴᠢᠯᠡᠭᠡᠨ ᠦ᠌ ᠭᠣᠣᠯᠳᠠᠯᠭ᠎ᠠ ᠲᠠᠢ ᠠᠵᠢᠯ ᠢ᠋ ᠪᠠᠢᠷᠢᠯᠠᠭᠤᠯᠪᠠ ; ᠬᠤᠷᠠᠯᠳ᠋ᠤ᠌ ᠣᠷᠣᠯᠴᠠᠭᠰᠠᠳ ᠬᠡᠷᠡᠭ ᠪᠣᠯᠭᠠᠨ ᠳᠠᠩᠰᠠᠯᠠᠬᠤ ᠪᠠ ᠬᠢᠨᠠᠨ ᠪᠠᠢᠴᠠᠭᠠᠬᠤ ᠂ ᠳᠡᠭᠡᠭᠰᠢ ᠵᠠᠭᠠᠯᠳᠤᠭᠰᠠᠨ ᠬᠡᠷᠡᠭᠢ᠋ ᠰᠢᠯᠵᠢᠭᠦᠯᠦᠨ ᠬᠦᠷᠭᠡᠬᠦ ᠂ ᠪᠤᠳᠤᠯᠢᠶᠠᠨᠲᠠᠢ ᠢᠯᠭᠠᠨ ᠰᠠᠯᠭᠠᠬᠤ ᠂ ᠵᠠᠷᠭᠤᠶ᠋ᠢᠨ ᠰᠤᠷᠪᠤᠯᠵᠢ ᠶ᠋ᠢ ᠵᠠᠰᠠᠬᠤ ᠂ ᠣᠯᠠᠨ ᠲᠠᠯ᠎ᠠ ᠠ᠋ᠴᠠ ᠲᠠᠢᠯᠪᠤᠷᠢᠯᠠᠯᠲᠠ ᠬᠢᠬᠦ ᠂ 《 ᠨᠢᠭᠡ ᠥᠷᠲᠡᠭᠡᠨ ᠦ᠌ ᠬᠡᠯᠪᠡᠷᠢ 》 ᠶ᠋ᠢᠨ ᠵᠠᠷᠭᠤ ᠶ᠋ᠢᠨ ᠦᠢᠯᠡᠴᠢᠯᠡᠭᠡᠨ ᠦ᠌ ᠰᠢᠰᠲ᠋ᠧᠮ ᠂ ᠵᠠᠷᠭᠤ ᠶ᠋ᠢᠨ ᠰᠦᠢᠳᠬᠡᠯ ᠢ᠋ ᠬᠤᠷᠢᠶᠠᠬᠤ ᠵᠡᠷᠭᠡ ᠠᠵᠢᠯ ᠤ᠋ᠨ ᠲᠣᠭᠣᠷᠢᠨ ᠳ᠋ᠤ᠌ ᠭᠦᠨᠵᠡᠭᠡᠢ ᠰᠣᠯᠢᠯᠴᠠᠭ᠎ᠠ ᠬᠢᠵᠡᠢ ᠃
ᠬᠤᠷᠠᠯ ᠠ᠋ᠴᠠ ᠴᠢᠬᠤᠯᠠᠴᠢᠯᠠᠭᠰᠠᠨ ᠨᠢ ᠂ ᠨᠢᠭᠡ ᠳ᠋ᠦ᠍ ᠬᠡᠷᠡᠭ ᠪᠣᠯᠭᠠᠨ ᠳᠠᠩᠰᠠᠯᠠᠬᠤ ᠠᠵᠢᠯ ᠢ᠋ ᠴᠥᠬᠥᠷᠡᠰᠢ ᠥᠬᠡᠢ ᠰᠠᠢᠲᠤᠷ ᠠᠳᠬᠤᠵᠤ ᠂ ᠬᠡᠷᠡᠭ ᠪᠣᠯᠭᠠᠨ ᠳᠠᠩᠰᠠᠯᠠᠬᠤ ᠡᠭᠦᠷᠭᠡ ᠴᠢᠳᠠᠪᠤᠷᠢ ᠪᠠᠨ ᠬᠠᠤᠯᠢ ᠶᠣᠰᠣᠭᠠᠷ ᠭᠦᠢᠴᠡᠳᠬᠡᠵᠦ ᠂ ᠬᠡᠷᠡᠭ ᠪᠣᠯᠭᠠᠨ ᠳᠠᠩᠰᠠᠯᠠᠬᠤ ᠳᠦᠷᠢᠮ ᠢ ᠴᠢᠨᠭᠭ᠎ᠠ ᠬᠡᠷᠡᠭᠵᠢᠭᠦᠯᠵᠦ ᠂ ᠪᠤᠳᠤᠯᠢᠶᠠᠨᠲᠠᠢ ᠬᠤᠪᠢᠶᠠᠷᠢᠯᠠᠯᠲᠠ ᠶ᠋ᠢᠨ ᠪᠠᠷᠢᠮᠵᠢᠶ᠎ᠠ ᠶ᠋ᠢ ᠨᠠᠷᠢᠯᠢᠭᠵᠢᠭᠤᠯᠤᠨ ᠂ ᠳᠥᠭᠥᠮ ᠠᠪᠰᠠᠷᠬᠠᠨ ᠬᠤᠪᠢᠷᠠᠭᠤᠯᠬᠤ ᠲᠣᠭᠲᠠᠴᠠ ᠶ᠋ᠢ ᠲᠡᠭᠦᠯᠳᠡᠷᠵᠢᠭᠦᠯᠵᠦ ᠂ ᠠᠵᠢᠯ ᠤ᠋ᠨ ᠶᠠᠪᠤᠴᠠ ᠶ᠋ᠢ ᠤᠯᠠᠮ ᠨᠢᠭᠡ ᠠᠯᠬᠤᠮ ᠰᠢᠯᠤᠭᠤᠳᠬᠠᠵᠤ ᠂ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠠᠵᠢᠯ ᠢ᠋ ᠠᠬᠢᠭᠤᠯᠵᠤ ᠂ ᠦᠢᠯᠡᠴᠢᠯᠡᠭᠡᠨ ᠦ᠌ ᠶᠠᠰᠤ ᠴᠢᠨᠠᠷ ᠢ᠋ᠶ᠋ᠠᠨ ᠳᠡᠭᠡᠭᠰᠢᠯᠡᠭᠦᠯᠦᠨ ᠂ ᠠᠷᠠᠳ ᠣᠯᠠᠨ ᠳ᠋ᠤ᠌ ᠨᠡᠩ ᠴᠢᠨᠠᠷ ᠰᠠᠢᠲᠠᠢ ᠂ ᠥᠨᠳᠥᠷ ᠪᠦᠲᠦᠮᠵᠢᠲᠡᠢ ᠂ ᠳᠥᠭᠥᠮ ᠲᠦᠳᠡ ᠵᠠᠷᠭᠤ ᠶ᠋ᠢᠨ ᠦᠢᠯᠡᠴᠢᠯᠡᠭᠡ ᠬᠠᠩᠭᠠᠬᠤ ᠬᠡᠷᠡᠭᠲᠡᠢ ; ᠬᠣᠶᠠᠷ ᠲᠤ᠌ ᠂ ᠵᠠᠷᠭᠤᠯᠳᠤᠬᠤ ᠡᠬᠢ ᠢᠷᠡᠯᠲᠡ ᠶ᠋ᠢ ᠵᠠᠰᠠᠬᠤ ᠠᠵᠢᠯ ᠢ᠋ ᠰᠢᠨᠲᠠᠷᠠᠰᠢ ᠦᠭᠡᠢ ᠰᠠᠢᠲᠤᠷ ᠠᠳᠬᠤᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ 《ᠵᠠᠷᠭᠤ ᠶ᠋ᠢᠨ ᠡᠬᠢ ᠰᠤᠷᠪᠤᠯᠵᠢ ᠶ᠋ᠢ ᠵᠠᠰᠠᠵᠤ ᠳᠡᠭᠡᠭᠰᠢᠯᠡᠭᠦᠯᠬᠦ ᠢᠨᠵᠧᠨᠧᠷᠢᠩ 》 ᠦ᠋ᠨ ᠠᠵᠢᠯ ᠤ᠋ᠨ ᠲᠥᠰᠦᠯ ᠶᠣᠰᠣᠭᠠᠷ ᠂ ᠪᠣᠳᠠᠲᠠᠢ ᠠᠷᠭ᠎ᠠ ᠠᠪᠴᠠᠯ ᠢ᠋ ᠰᠤᠳᠤᠯᠤᠨ ᠨᠠᠢᠳᠠᠪᠤᠷᠢᠵᠢᠭᠤᠯᠵᠤ ᠂ ᠵᠠᠷᠭᠤ ᠶ᠋ᠢᠨ ᠢᠷᠡᠯᠲᠡ ᠶ᠋ᠢᠨ ᠵᠠᠰᠠᠯᠲᠠᠶ᠋ᠢᠨ 《 ᠰᠦᠯᠵᠢᠶᠡᠨ ᠳᠡᠭᠡᠷ᠎ᠡ + ᠰᠦᠯᠵᠢᠶᠡᠨ ᠳᠣᠣᠷ᠎ᠠ 》 ᠬᠠᠮᠲᠤ ᠪᠠᠷ ᠵᠠᠰᠠᠬᠤ ᠦᠢᠯᠡᠴᠢᠯᠡᠭᠡᠨ ᠦ᠌ ᠬᠣᠣᠰ ᠲᠠᠪᠴᠠᠩ ᠢ᠋ ᠪᠠᠢᠭᠤᠯᠵᠤ ᠂ ᠪᠥᠬᠥ ᠬᠣᠲᠠ᠎ᠶ᠋ᠢᠨ ᠰᠢᠭᠦᠬᠦ ᠬᠣᠷᠢᠶᠠᠨ ᠤ᠋ ᠵᠠᠷᠭᠤ ᠶ᠋ᠢᠨ ᠡᠬᠢ ᠰᠤᠷᠪᠤᠯᠵᠢ ᠶ᠋ᠢ ᠵᠠᠰᠠᠬᠤ ᠠᠵᠢᠯ ᠤ᠋ᠨ ᠬᠢᠷᠢ ᠲᠦᠪᠰᠢᠨ ᠢ᠋ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ︔ ᠭᠤᠷᠪᠠ ᠳ᠋ᠤ᠌ ᠲᠦᠷᠭᠡᠨ ᠲᠠᠰᠤᠯᠤᠨ ᠲᠣᠭᠲᠠᠭᠠᠵᠤ ᠲᠦᠷᠭᠡᠨ ᠰᠢᠭᠦᠨ ᠲᠠᠰᠤᠯᠬᠤ ᠶ᠋ᠢ ᠴᠢᠩᠭᠠᠳᠬᠠᠨ ᠂ ᠪᠤᠳᠤᠯᠢᠶᠠᠨᠲᠠᠢ ᠪᠠ ᠳᠥᠭᠥᠮ ᠬᠡᠷᠡᠭ ᠢ᠋ ᠣᠨᠣᠪᠴᠢᠲᠠᠢ ᠢᠯᠭᠠᠨ ᠲᠣᠳᠣᠯᠠᠵᠤ ᠂ ᠪᠠᠭ᠎ᠠ ᠲᠣᠭᠠᠨ ᠤ᠋ ᠵᠠᠷᠭᠤ ᠂ ᠬᠦᠴᠦᠨ ᠵᠦᠢᠯ ᠦ᠋ᠨ ᠬᠡᠯᠪᠡᠷᠢ ᠶ᠋ᠢᠨ ᠰᠢᠭᠦᠨ ᠲᠠᠰᠤᠯᠤᠯᠲᠠ ᠪᠠᠷ ᠭᠠᠷᠳᠠᠴᠠ ᠪᠣᠯᠭᠠᠵᠤ ᠂ ᠬᠡᠷᠡᠭ ᠰᠢᠢᠳᠪᠦᠷᠢᠯᠡᠬᠦ ᠬᠢᠨᠠᠨ ᠬᠢᠵᠠᠭᠠᠷᠯᠠᠯ ᠢ᠋ ᠦᠷᠭᠦᠯᠵᠢᠯᠡᠨ ᠪᠣᠭᠣᠨᠢᠰᠬᠠᠵᠤ ᠂ ᠬᠡᠷᠡᠭ ᠰᠢᠢᠳᠪᠦᠷᠢᠯᠡᠬᠦ ᠶᠠᠰᠤ ᠴᠢᠨᠠᠷᠢ᠋ ᠳᠡᠭᠡᠭᠰᠢᠯᠡᠭᠦᠯᠦᠨ᠎ᠡ ; ᠳᠥᠷᠪᠡ ᠳ᠋ᠦ᠍ ᠰᠠᠬᠢᠯᠭ᠎ᠠ ᠪᠠᠲᠤ ᠪᠠ ᠳᠦᠷᠢᠮ ᠲᠣᠭᠲᠠᠭᠠᠯ ᠢ᠋ ᠡᠮᠦᠨ᠎ᠡ ᠲᠠᠯᠪᠢᠬᠤ ᠶ᠋ᠢ ᠪᠠᠷᠢᠮᠲᠠᠯᠠᠵᠤ ᠂ ᠡᠯ᠎ᠡ ᠵᠦᠢᠯ ᠦ᠋ᠨ ᠦᠢᠯᠡᠴᠢᠯᠡᠭᠡ ᠶ᠋ᠢ ᠲᠠᠰᠤᠷᠠᠯᠲᠠ ᠦᠭᠡᠢ ᠴᠢᠩᠭᠠᠳᠬᠠᠵᠤ ᠂ ᠰᠢᠭᠦᠬᠦ ᠬᠣᠷᠢᠶᠠᠨ ᠤ᠋ ᠳᠦᠷᠢ ᠲᠦᠷᠬᠦ ᠶ᠋ᠢ ᠬᠠᠷᠠᠭᠤᠯᠬᠤ ᠭᠡᠷᠡᠯᠲᠦ ᠢᠨᠵᠸᠨ᠋ᠸᠷᠢᠩ ᠪᠣᠯᠭᠠᠬᠤ ᠪᠠᠷ ᠴᠢᠷᠮᠠᠢᠨ᠎ᠠ ᠃
ᠳᠠᠷᠠᠭᠠᠴᠢ ᠵᠢᠨ ᠠᠯᠬᠤᠮ ᠳ᠋ᠤ᠌ ᠂ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ 《 ᠬᠠᠤᠯᠢ ᠴᠠᠭᠠᠵᠠ ᠶ᠋ᠢᠨ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠬᠦ ᠣᠨ 》 ᠤ᠋ ᠠᠵᠢᠯᠯᠠᠭ᠎ᠠ ᠪᠠᠷ ᠲᠣᠬᠢᠶᠠᠯ ᠪᠣᠯᠭᠠᠨ ᠂ ᠬᠡᠷᠡᠭ ᠪᠣᠯᠭᠠᠨ ᠳᠠᠩᠰᠠᠯᠠᠬᠤ ᠪᠠ ᠬᠢᠨᠠᠨ ᠪᠠᠢᠴᠠᠭᠠᠬᠤ ᠂ ᠲᠦᠷᠭᠡᠨ ᠲᠠᠰᠤᠯᠬᠤ ᠲᠦᠷᠭᠡᠨ ᠰᠢᠭᠦᠬᠦ ᠂ ᠵᠠᠷᠭᠤ ᠶ᠋ᠢᠨ ᠢᠷᠡᠯᠲᠡᠶ᠋ᠢᠨ ᠵᠠᠰᠠᠯᠲᠠ ᠪᠠ 《 ᠨᠢᠭᠡ ᠥᠷᠲᠡᠭᠡᠨ ᠦ᠌ ᠬᠡᠯᠪᠡᠷᠢ 》 ᠶ᠋ᠢᠨ ᠵᠠᠷᠭᠤ ᠶ᠋ᠢᠨ ᠦᠢᠯᠡᠴᠢᠯᠡᠭᠡᠨ ᠦ᠌ ᠰᠢᠰᠲ᠋ᠧᠮ ᠦ᠋ᠨ ᠪᠠᠢᠭᠤᠯᠤᠯᠲᠠ ᠶ᠋ᠢ ᠯᠠᠪᠳᠠᠭᠤᠨ ᠪᠠᠲᠤᠲᠠᠢ ᠠᠬᠢᠭᠤᠯᠵᠤ ᠂ ᠬᠡᠷᠡᠭ ᠪᠣᠯᠭᠠᠨ ᠳᠠᠩᠰᠠᠯᠠᠬᠤ ᠠᠵᠢᠯ ᠤ᠋ᠨ ᠴᠢᠨᠠᠷ ᠪᠦᠲᠦᠮᠵᠢ ᠪᠡᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠬᠡᠷᠡᠭ ᠪᠣᠯᠭᠠᠨ ᠳᠠᠩᠰᠠᠯᠠᠬᠤ ᠠᠵᠢᠯ ᠪᠠ ᠵᠠᠷᠭᠤ ᠶ᠋ᠢᠨ ᠦᠢᠯᠡᠴᠢᠯᠡᠭᠡᠨ ᠦ᠌ ᠴᠢᠨᠠᠷ ᠴᠢᠨᠰᠠᠭ᠎ᠠ ᠶ᠋ᠢ ᠰᠢᠨ᠎ᠡ ᠳᠡᠭᠲᠡᠷ ᠲᠦ᠍ ᠭᠠᠷᠭᠠᠬᠤ ᠶ᠋ᠢ ᠲᠦᠯᠬᠢᠨ ᠠᠭᠢᠭᠤᠯᠬᠤ ᠪᠡᠷ ᠴᠢᠷᠮᠠᠢᠨ᠎ᠠ᠃
ᠦᠨᠡᠯᠡᠬᠦ 0ᠦᠨᠡᠯᠡᠯᠲᠡ᠎ᠲᠠᠢ