ᠪᠠᠶᠠᠷ᠎ ᠤ᠋ᠨ ᠮᠡᠳᠡᠭᠡ ! ᠣᠷᠳᠣᠰ ᠬᠣᠲᠠ᠎ ᠶ᠋ᠢᠨ 5 ᠨᠢᠭᠡᠴᠡ ᠣᠷᠣᠨ ᠎ᠤ᠋ ᠰᠢᠭᠦᠬᠦ ᠬᠣᠷᠢᠶ᠎ᠠ᠎ ᠶ᠋ᠢᠨ ᠠᠷᠠᠳ᠎ᠤ᠋ᠨ ᠰᠢᠭᠦᠬᠦ ᠲᠢᠩᠬᠢᠮ ᠎ᠦ᠋ᠨ ᠲᠡᠷᠢᠭᠦᠨ ᠤ ᠨᠢᠭᠡᠴᠡ ᠂ 11 ᠬᠥᠮᠦᠨ ᠵᠢᠱᠢᠶᠡᠴᠢ ᠠᠵᠢᠯᠲᠠᠨ ᠵᠢᠡᠷ ᠰᠤᠨᠭᠭᠤᠭᠳᠠᠪᠠ
2023.02.17 ᠲᠣᠰ ᠥᠷᠲᠡᠭᠡᠨ᠎ᠦ ᠨᠠᠢᠷᠠᠭᠤᠯᠤᠭᠴᠢ

   

​   ᠠᠷᠠᠳ ᠎ᠤ᠋ᠨ ᠰᠢᠭᠦᠬᠦ ᠲᠢᠩᠬᠢᠮ ᠪᠣᠯ ᠠᠷᠠᠳ᠎ᠤ᠋ᠨ ᠰᠢᠭᠦᠬᠦ ᠬᠣᠷᠢᠶᠠᠨ ᠎ᠤ᠋ ᠴᠢᠬᠤᠯᠠ ᠪᠦᠷᠢᠯᠳᠦᠬᠦᠨ᠂ ᠦᠨᠳᠦᠰᠦᠨ ᠱᠠᠲᠤᠨ ᠎ᠳ᠋ᠤ᠌ ᠦᠢᠯᠡᠴᠢᠯᠡᠬᠦ ᠂ ᠣᠯᠠᠨ ᠲᠦᠮᠡᠨ ᠳ᠋ᠦ᠍ ᠦᠢᠯᠡᠴᠢᠯᠡᠬᠦ ᠭᠣᠣᠯ ᠵᠢᠭᠰᠠᠭᠠᠯ᠎ ᠤ᠋ᠨ ᠭᠠᠵᠠᠷ ᠮᠥᠨ ᠂ ᠤᠯᠤᠰ ᠎ᠤ᠋ᠨ ᠵᠠᠰᠠᠯᠲᠠ᠎ ᠶ᠋ᠢᠨ ᠰᠢᠰᠲ᠋ᠧᠮ ᠪᠠ ᠵᠠᠰᠠᠯᠲᠠ ᠎ᠶ᠋ᠢᠨ ᠴᠢᠳᠠᠪᠤᠷᠢ ᠎ᠶ᠋ᠢᠨ ᠣᠳᠣᠬᠢᠴᠢᠯᠠᠯᠲᠠ᠎ ᠶ᠋ᠢ ᠠᠬᠢᠭᠤᠯᠬᠤ ᠳᠤᠮᠳᠠ ᠴᠢᠬᠤᠯᠠ ᠦᠢᠯᠡᠳᠦᠯ ᠡᠭᠦᠷᠭᠡᠯᠡᠵᠦ ᠪᠠᠢᠳᠠᠭ ᠃      ᠣᠢᠷ᠎ᠠ᠎ ᠳ᠋ᠤ᠌ ᠂ ᠥᠪᠥᠷ ᠮᠣᠩᠭᠣᠯ ᠎ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠎ᠤ᠋ᠨ ᠥᠨᠳᠥᠷ ᠵᠡᠷᠭᠡ᠎ ᠶ᠋ᠢᠨ ᠰᠢᠭᠦᠬᠦ ᠬᠣᠷᠢᠶ᠎ᠠ 《 ᠪᠦᠬᠦ ᠣᠷᠣᠨ ᠤ᠋ ᠰᠢᠭᠦᠬᠦ ᠬᠣᠷᠢᠶ᠎ᠠ᠎ ᠶ᠋ᠢᠨ ᠠᠷᠠᠳ᠎ ᠤ᠋ᠨ ᠰᠢᠭᠦᠬᠦ ᠲᠢᠩᠬᠢᠮ᠎ ᠦ᠋ᠨ ᠠᠵᠢᠯ᠎ ᠤ᠋ᠨ ᠲᠡᠷᠢᠭᠦᠨ ᠦ᠌ ᠬᠠᠮᠲᠤ ᠨᠡᠢᠲᠡ ᠪᠠ ᠲᠡᠷᠢᠭᠦᠨ ᠎ᠦ᠌ ᠬᠤᠪᠢ ᠬᠥᠮᠦᠨ ᠎ᠢ᠋ ᠰᠠᠢᠰᠢᠶᠠᠨ ᠬᠥᠬᠢᠭᠦᠯᠬᠦ ᠲᠤᠬᠠᠢ ᠮᠡᠳᠡᠭᠳᠡᠯ 》 ᠢ᠋ ᠪᠠᠭᠤᠯᠭᠠᠵᠤ ᠂ ᠣᠷᠳᠣᠰ ᠬᠣᠲᠠ ᠎ᠶ᠋ᠢᠨ 5 ᠨᠢᠭᠡᠴᠡ ᠪᠦᠬᠦ ᠣᠷᠣᠨ ᠎ᠤ᠋ ᠰᠢᠭᠦᠬᠦ ᠬᠣᠷᠢᠶ᠎ᠠ᠎ ᠶ᠋ᠢᠨ ᠠᠷᠠᠳ᠎ ᠤ᠋ᠨ ᠰᠢᠭᠦᠬᠦ ᠲᠢᠩᠬᠢᠮ᠎ᠦ᠋ᠨ ᠲᠡᠷᠢᠭᠦᠨ ᠦ᠌ ᠨᠢᠭᠡᠴᠡ ᠂ 11 ᠠᠵᠢᠯᠲᠠᠨ ᠪᠦᠬᠦ ᠣᠷᠣᠨ ᠤ᠋ ᠰᠢᠭᠦᠬᠦ ᠬᠤᠷᠢᠶᠠᠨ  ᠪ  ᠵᠢᠱᠢᠶᠡᠴᠢ ᠵᠢ  ᠬᠦᠷᠲᠡᠵᠡᠢ ᠃
     ᠳᠠᠷᠠᠭᠠᠴᠢ᠎ ᠶ᠋ᠢᠨ ᠠᠯᠬᠤᠮ᠎ ᠳ᠋ᠤ᠌ ᠂ ᠣᠷᠳᠣᠰ ᠬᠣᠲᠠ᠎ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠨᠠᠮ ᠎ᠤ᠋ᠨ ᠬᠣᠷᠢᠳᠤᠭᠠᠷ ᠶᠡᠬᠡ ᠬᠤᠷᠠᠯ᠎ᠤ᠋ᠨ ᠵᠣᠷᠢᠭ ᠰᠠᠨᠠᠭ᠎ᠠ᠎ ᠶ᠋ᠢ ᠪᠥᠬᠥ ᠲᠠᠯ᠎ᠠ᠎ ᠪᠠᠷ ᠲᠤᠤᠱᠯᠠᠭᠤᠯᠤᠨ ᠨᠠᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠵᠢᠨ ᠫᠢᠩ᠎ ᠦ᠋ᠨ ᠤᠯᠤᠰ ᠲᠥᠷᠥ ᠬᠠᠤᠯᠢ ᠴᠠᠭᠠᠵᠠ ᠎ᠶ᠋ᠢᠨ ᠠᠵᠢᠯ᠎ ᠳ᠋ᠠᠬᠢ ᠴᠢᠬᠤᠯᠠ ᠵᠢᠭᠠᠪᠤᠷᠢ᠎ ᠶ᠋ᠢᠨ ᠵᠣᠷᠢᠭ ᠰᠠᠨᠠᠭ᠎ᠠ ᠎ᠶ᠋ᠢ ᠨᠠᠷᠢᠨ ᠬᠢᠨᠠᠮᠠᠭᠠᠢ ᠲᠤᠤᠱᠯᠠᠭᠤᠯᠵᠤ ᠂ ᠶᠡᠬᠡ ᠲᠠᠯ᠎ᠠ᠎ ᠳ᠋ᠤ᠌ ᠦᠢᠯᠡᠴᠢᠯᠡᠬᠦ ᠂ ᠠᠷᠠᠳ ᠎ᠤ᠋ᠨ ᠲᠥᠯᠥᠭᠡ ᠬᠠᠤᠯᠢ ᠪᠠᠷᠢᠬᠤ ᠂ ᠲᠥᠪ ᠭᠣᠣᠯᠴᠢ᠎ ᠪᠠᠷ ᠬᠠᠤᠯᠢ ᠪᠠᠷᠢᠬᠤ᠎ ᠶ᠋ᠢ ᠪᠠᠷᠢᠮᠲᠠᠯᠠᠵᠤ ᠂ ᠠᠷᠠᠳ ᠎ᠤ᠋ᠨ ᠰᠢᠭᠦᠬᠦ ᠲᠢᠩᠬᠢᠮ᠎ᠦ᠋ᠨ ᠬᠠᠤᠯᠢ ᠪᠠᠷᠢᠬᠤ ᠴᠢᠳᠠᠪᠤᠷᠢ ᠪᠠ ᠬᠢᠷᠢ ᠲᠦᠪᠰᠢᠨ ᠢ᠋ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠰᠢᠨ᠎ᠡ ᠴᠠᠭ ᠦᠶ᠎ᠡ᠎ ᠶ᠋ᠢᠨ ᠠᠷᠠᠳ ᠎ᠤ᠋ᠨ ᠰᠢᠭᠦᠬᠦ ᠬᠣᠷᠢᠶ᠎ᠠ ᠎ᠶ᠋ᠢᠨ ᠠᠵᠢᠯ᠎ᠤ᠋ᠨ ᠴᠢᠨᠠᠷ ᠰᠠᠢᠲᠠᠢ ᠬᠥᠭᠵᠢᠯᠲᠡ ᠎ᠶ᠋ᠢ ᠬᠦᠴᠦᠯᠡᠨ ᠠᠬᠢᠭᠤᠯᠵᠤ ᠂ ᠠᠷᠠᠳ᠎ ᠤ᠋ᠨ ᠰᠢᠭᠦᠬᠦ ᠲᠢᠩᠬᠢᠮ᠎ ᠦ᠋ᠨ ᠠᠵᠢᠯ᠎ ᠤ᠋ᠨ ᠰᠢᠨ᠎ᠡ ᠬᠠᠭᠤᠳᠠᠰᠤ᠎ ᠶ᠋ᠢ ᠪᠢᠴᠢᠭᠯᠡᠵᠦ ᠂ ᠠᠮᠤᠭᠤᠯᠠᠩ ᠣᠷᠳᠣᠰ ᠂ ᠬᠠᠤᠯᠢ᠎ ᠪᠡᠷ  ᠵᠠᠰᠠᠬᠤ ᠣᠷᠳᠣᠰ᠎ ᠤ᠋ᠨ ᠪᠦᠲᠦᠭᠡᠨ ᠪᠠᠢᠭᠤᠯᠤᠯᠲᠠ ᠎ᠶ᠋ᠢ ᠠᠬᠢᠭᠤᠯᠬᠤ ᠎ᠳ᠋ᠤ᠌ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠪᠡᠷ ᠴᠢᠷᠮᠠᠢᠨ᠎ᠠ᠃

 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )