2 ᠰᠠᠷ᠎ᠠ ᠶ᠋ᠢᠨ 7 ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶ᠎ᠠ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠳᠠᠷᠤᠭ᠎ᠠ ᠨᠠᠷ ᠤ᠋ᠨ ᠬᠤᠷᠠᠯ ᠬᠢᠭᠰᠡᠨ ᠪᠠᠢᠨ᠎ᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠬᠤᠷᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠬᠠᠮᠲᠤ ᠨᠡᠢᠲᠡ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠳᠠᠷᠤᠭ᠎ᠠ ᠵᠢᠴᠢ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠪᠦᠬᠦ ᠺᠠᠲ᠋ᠷ ᠴᠠᠭᠳᠠᠭ᠎ᠠ ᠬᠤᠷᠠᠯ ᠤ᠋ᠨ ᠲᠠᠯᠠᠪᠠᠢ ᠳ᠋ᠤ᠌ ᠬᠤᠷᠠᠯ ᠳ᠋ᠤ᠌ ᠣᠷᠣᠯᠴᠠᠵᠤ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠪᠦᠬᠦ ᠺᠠᠲ᠋ᠷ ᠴᠠᠭᠳᠠᠭ᠎ᠠ ᠨᠠᠷ ᠬᠤᠪᠢᠶᠠᠷᠢ ᠬᠤᠷᠠᠯ ᠤ᠋ᠨ ᠲᠠᠯᠠᠪᠠᠢ ᠳ᠋ᠤ᠌ ᠬᠤᠷᠠᠯ ᠳ᠋ᠤ᠌ ᠣᠷᠣᠯᠴᠠᠭᠰᠠᠨ ᠪᠠᠢᠨ᠎ᠠ ᠃
ᠬᠤᠷᠠᠯ ᠨᠢ ᠶᠡᠷᠦᠩᠬᠡᠢ ᠱᠦᠵᠢ ᠰᠢ ᠵᠢᠨ ᠫᠢᠩ ᠦ᠋ᠨ ᠤᠯᠤᠰ ᠲᠥᠷᠥ ᠬᠠᠤᠯᠢ ᠴᠠᠭᠠᠵᠠ ᠶ᠋ᠢᠨ ᠠᠵᠢᠯ ᠤ᠋ᠨ ᠲᠤᠬᠠᠢ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠶ᠋ᠢᠨ ᠰᠦᠨ ᠱᠣᠣ ᠴᠸᠩ ᠱᠦᠵᠢ ᠶ᠋ᠢᠨ ᠪᠦᠬᠦ ᠣᠷᠣᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠠᠵᠢᠯ ᠤ᠋ᠨ ᠲᠤᠬᠠᠢ ᠴᠣᠬᠣᠯᠠᠪᠤᠷᠢ ᠶ᠋ᠢᠨ ᠵᠣᠷᠢᠭ ᠰᠠᠨᠠᠭ᠎ᠠ ᠪᠠ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠯᠢ ᠯᠢ ᠱᠦᠵᠢ ᠪᠦᠬᠦ ᠬᠣᠲᠠ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠠᠵᠢᠯ ᠤ᠋ᠨ ᠲᠤᠬᠠᠢ ᠴᠣᠬᠣᠯᠠᠪᠤᠷᠢ ᠶ᠋ᠢᠨ ᠵᠣᠷᠢᠭ ᠰᠠᠨᠠᠭ᠎ᠠ ᠶ᠋ᠢ ᠤᠯᠠᠮᠵᠢᠯᠠᠨ ᠰᠤᠷᠤᠯᠴᠠᠪᠠ ︔ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠪᠦᠯᠬᠦᠮ ᠪᠣᠯᠤᠨ ᠬᠤᠪᠢ ᠬᠥᠮᠦᠨ ᠦ᠌ ᠬᠣᠲᠠ ᠶ᠋ᠢᠨ ᠳᠡᠰᠡᠴᠡ ᠳᠡᠭᠡᠭᠰᠢᠬᠢ ᠢᠷᠠᠭᠤ ᠠᠯᠳᠠᠷ ᠢ᠋ ᠬᠦᠷᠲᠡᠭᠰᠡᠨ ᠪᠠᠢᠳᠠᠯ ᠂ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ “ᠮᠧᠩ ᠮᠠ᠋ ᠪᠧᠨ ᠲᠧᠩ 2022 ” ᠬᠢᠨᠠᠨ ᠭᠦᠢᠴᠡᠳᠬᠡᠬᠦ ᠴᠢᠨᠠᠷ ᠴᠢᠨᠰᠠᠭ᠎ᠠ ᠪᠠ ᠦᠷ᠎ᠡ ᠠᠰᠢᠭ ᠢ᠋ ᠭᠦᠢᠴᠡᠳᠬᠡᠭᠰᠡᠨ ᠪᠠᠢᠳᠠᠯ ᠢ᠋ ᠨᠡᠪᠲᠡᠷᠡᠭᠦᠯᠪᠡ ; 《ᠪᠦᠬᠦ ᠬᠣᠲᠠ ᠶ᠋ᠢᠨ ᠰᠢᠭᠦᠬᠦ ᠬᠣᠷᠢᠶ᠎ᠠ “ ᠬᠠᠤᠯᠢ ᠴᠠᠭᠠᠵᠠ ᠶ᠋ᠢᠨ ᠬᠡᠪ ᠴᠢᠨᠠᠷ ᠢ᠋ ᠳᠡᠭᠡᠭᠰᠢᠯᠡᠭᠦᠯᠬᠦ ᠣᠨ ” ᠤ᠋ ᠠᠵᠢᠯᠯᠠᠭᠠᠨ ᠥᠷᠨᠢᠭᠦᠯᠬᠦ ᠲᠤᠬᠠᠢ ᠲᠣᠭᠲᠠᠭᠠᠯ 》 ᠢ᠋ ᠤᠩᠰᠢᠨ ᠨᠡᠢᠲᠡᠯᠡᠵᠦ ᠂ 《ᠳᠣᠯᠣᠭᠠᠨ ᠶᠡᠬᠡ ᠢᠨᠵᠧᠨᠧᠷᠢᠩ 》 ᠦ᠋ᠨ ᠲᠦᠷᠦᠭᠦᠯᠡᠨ ᠬᠠᠮᠢᠶᠠᠷᠬᠤ ᠰᠠᠯᠠᠭ᠎ᠠ ᠮᠥᠴᠢᠷ ᠦ᠋ᠨ ᠬᠤᠪᠢᠲᠠᠨ ᠬᠠᠮᠢᠶᠠᠷᠬᠤ ᠤᠳᠤᠷᠢᠳᠤᠯᠭ᠎ᠠ ᠨᠢ ᠢᠨᠵᠧᠨᠧᠷᠢᠩ ᠦ᠋ᠨ ᠲᠥᠰᠦᠯ ᠳ᠋ᠦ᠍ ᠲᠠᠢᠯᠪᠤᠷᠢᠯᠠᠯᠲᠠ ᠬᠢᠪᠡ ᠃
ᠬᠤᠷᠠᠯᠠ᠋ᠴᠠ ᠵᠢᠭᠠᠵᠤ ᠭᠠᠷᠭᠠᠭᠰᠠᠨ ᠨᠢ
2022 ᠣᠨ ᠳ᠋ᠤ᠌ ᠪᠦᠬᠦ ᠬᠣᠲᠠ ᠶ᠋ᠢᠨ ᠰᠢᠭᠦᠬᠦ ᠬᠣᠷᠢᠶ᠎ᠠ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠡᠷ ᠭᠦᠢᠴᠡᠳᠬᠡᠵᠦ ᠂ ᠥᠭᠡᠷᠡᠴᠢᠯᠡᠯᠲᠡ ᠬᠢᠵᠦ ᠡᠷᠡᠯᠬᠡᠭᠯᠡᠨ ᠤᠷᠤᠭᠰᠢᠯᠠᠵᠤ ᠂ ᠤᠯᠤᠰ ᠣᠷᠣᠨ ᠤ᠋ ᠠᠮᠤᠷ ᠲᠦᠪᠰᠢᠨ ᠂ ᠨᠡᠢᠭᠡᠮ ᠦ᠋ᠨ ᠠᠮᠤᠷ ᠲᠦᠪᠰᠢᠨ ᠂ ᠠᠷᠠᠳ ᠲᠦᠮᠡᠨ ᠦ᠌ ᠠᠮᠤᠷ ᠲᠣᠭᠲᠠᠭᠤᠨ ᠢ᠋ ᠬᠠᠮᠠᠭᠠᠯᠠᠬᠤ ᠴᠢᠬᠤᠯᠠ ᠶᠡᠬᠡ ᠬᠠᠷᠢᠭᠤᠴᠠᠯᠭ᠎ᠠ ᠪᠠᠨ ᠦᠨᠡᠨ ᠬᠦ᠌ ᠭᠦᠢᠴᠡᠳᠬᠡᠵᠦ ᠂ ᠬᠦᠴᠦᠯᠡᠨ ᠤᠷᠤᠭᠰᠢᠯᠠᠬᠤ ᠬᠡᠪ ᠪᠠᠢᠳᠠᠯ ᠢ᠋ᠶ᠋ᠠᠷ ᠴᠠᠭ ᠦᠶ᠎ᠡ ᠶ᠋ᠢᠨ ᠰᠢᠯᠭᠠᠯᠲᠠ ᠶ᠋ᠢᠨ ᠬᠠᠭᠤᠳᠠᠰᠤ ᠶ᠋ᠢ ᠰᠠᠢᠲᠤᠷ ᠬᠠᠷᠢᠭᠤᠯᠬᠤ ᠬᠡᠷᠡᠭᠲᠡᠢ ᠃ ᠪᠦᠬᠦ ᠬᠣᠲᠠ ᠶ᠋ᠢᠨ ᠰᠢᠭᠦᠬᠦ ᠬᠣᠷᠢᠶ᠎ᠠ ᠡᠯ᠎ᠡ ᠲᠥᠷᠥᠯ ᠦ᠋ᠨ ᠬᠡᠷᠡᠭ 71321 ᠶ᠋ᠢ ᠬᠦᠯᠢᠶᠡᠨ ᠠᠪᠴᠤ ᠂ 68532 ᠬᠡᠷᠡᠭ ᠢ᠋ ᠰᠢᠭᠦᠨ ᠳᠠᠭᠤᠰᠬᠠᠭᠠᠳ ᠰᠢᠭᠦᠨ ᠳᠠᠭᠤᠰᠬᠠᠭᠰᠠᠨ ᠨᠣᠷᠮ᠎ᠠ ᠨᠢ 96.09% ᠬᠦᠷᠦᠭᠰᠡᠨ ᠪᠠᠢᠨ᠎ᠠ ᠃ 2022 ᠣᠨ ᠳ᠋ᠤ᠌ ᠂ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ 42 ᠬᠠᠮᠲᠤ ᠨᠡᠢᠲᠡ ᠂ 166 ᠬᠤᠪᠢ ᠬᠥᠮᠦᠨ ᠬᠣᠲᠠ ᠶ᠋ᠢᠨ ᠳᠡᠰᠡᠴᠡ ᠳᠡᠭᠡᠭᠰᠢᠬᠢ ᠰᠠᠢᠰᠢᠶᠠᠯ ᠢ᠋ ᠣᠯᠤᠭᠰᠠᠨ ᠢ᠋ᠶ᠋ᠠᠷ ᠪᠠᠷᠠᠬᠤ ᠦᠭᠡᠢ ᠵᠠᠷᠭᠤ ᠶ᠋ᠢᠨ ᠡᠬᠢ ᠢᠷᠡᠯᠲᠡ ᠶ᠋ᠢ ᠵᠠᠰᠠᠵᠤ ᠂ ᠣᠶᠤᠨᠴᠢ ᠰᠢᠭᠦᠬᠦ ᠬᠣᠷᠢᠶ᠎ᠠ ᠶ᠋ᠢᠨ ᠪᠠᠢᠭᠤᠯᠤᠯᠲᠠ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢ ᠰᠢᠢᠳᠪᠦᠷᠢᠯᠡᠬᠦ ᠵᠡᠷᠭᠡ ᠣᠯᠠᠨ ᠲᠠᠯ᠎ᠠ ᠶ᠋ᠢᠨ ᠠᠵᠢᠯ ᠤ᠋ᠨ ᠭᠢᠯᠠᠰ ᠴᠠᠭ ᠬᠣᠢᠨ᠎ᠠ ᠬᠣᠢᠨ᠎ᠠ᠎ᠠ᠋ᠴᠠ ᠪᠠᠨ ᠢᠯᠡᠷᠡᠨ ᠂ ᠪᠦᠬᠦ ᠬᠣᠲᠠ ᠶ᠋ᠢᠨ ᠰᠢᠭᠦᠬᠦ ᠬᠣᠷᠢᠶ᠎ᠠ ᠶ᠋ᠢᠨ ᠬᠠᠤᠯᠢ ᠴᠠᠭᠠᠵᠠ ᠶ᠋ᠢᠨ ᠣᠯᠠᠨ ᠨᠡᠢᠲᠡ ᠶ᠋ᠢ ᠢᠲᠡᠭᠡᠭᠦᠯᠬᠦ ᠬᠦᠴᠦᠨ ᠂ ᠥᠭᠡᠷᠡᠴᠢᠯᠡᠯᠲᠡ ᠶ᠋ᠢᠨ ᠰᠢᠨ᠎ᠡ ᠶ᠋ᠢ ᠡᠭᠦᠳᠬᠦ ᠬᠦᠴᠦᠨ ᠂ ᠬᠠᠤᠯᠢ ᠪᠠᠷ ᠵᠠᠰᠠᠬᠤ ᠥᠷᠢᠰᠦᠯᠳᠦᠬᠦ ᠬᠦᠴᠦᠨ ᠂ ᠣᠷᠣᠨ ᠪᠦᠰᠡ ᠶ᠋ᠢᠨ ᠨᠥᠯᠥᠭᠡᠯᠡᠬᠦ ᠬᠦᠴᠦᠨ ᠶᠡᠬᠡᠪᠡᠷ ᠳᠡᠭᠡᠭᠰᠢᠯᠡᠭᠰᠡᠨ ᠪᠠᠢᠨ᠎ᠠ ᠃
ᠬᠤᠷᠠᠯᠠ᠋ᠴᠠ ᠴᠢᠬᠤᠯᠠᠴᠢᠯᠠᠭᠰᠠᠨ ᠨᠢ
2023 ᠣᠨ ᠪᠣᠯ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠪᠦᠬᠦ ᠲᠠᠯ᠎ᠠ ᠪᠠᠷ ᠲᠤᠤᠱᠯᠠᠭᠤᠯᠤᠨ ᠨᠠᠢᠳᠠᠪᠤᠷᠢᠵᠢᠭᠤᠯᠬᠤ ᠡᠬᠢᠯᠡᠯᠲᠡ ᠶ᠋ᠢᠨ ᠵᠢᠯ ᠮᠥᠨ ᠂ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠴᠢᠨᠠᠷ ᠰᠠᠢᠲᠠᠢ ᠬᠥᠭᠵᠢᠯᠲᠡ ᠶ᠋ᠢᠨ ᠰᠢᠨ᠎ᠡ ᠱᠠᠲᠤ ᠵᠦᠭ ᠤᠷᠤᠭᠰᠢᠯᠠᠬᠤ ᠵᠠᠩᠭᠢᠯᠠᠭ᠎ᠠ ᠶ᠋ᠢᠨ ᠵᠢᠯ ᠪᠣᠯᠤᠨ᠎ᠠ ᠃ ᠪᠦᠬᠦ ᠬᠣᠲᠠ ᠶ᠋ᠢᠨ ᠰᠢᠭᠦᠬᠦ ᠬᠣᠷᠢᠶ᠎ᠠ ᠠᠷᠠᠳ ᠤ᠋ᠨ ᠲᠥᠯᠥᠭᠡ ᠬᠠᠤᠯᠢ ᠬᠡᠷᠡᠭᠵᠢᠭᠦᠯᠬᠦ ᠂ ᠲᠥᠪ ᠭᠣᠣᠯᠴᠢ ᠪᠠᠷ ᠬᠠᠤᠯᠢ ᠬᠡᠷᠡᠭᠵᠢᠭᠦᠯᠬᠦ ᠠᠵᠢᠯ ᠤ᠋ᠨ ᠭᠣᠣᠯ ᠰᠢᠵᠢᠮ ᠢ᠋ ᠪᠠᠷᠢᠮᠲᠠᠯᠠᠨ ᠂ 《ᠳᠦᠷᠢᠮᠵᠢᠭᠰᠡᠨ ᠂ ᠨᠠᠷᠢᠯᠢᠭ ᠳᠥᠭᠥᠮᠴᠢᠯᠡᠭᠰᠡᠨ ᠂ ᠬᠤᠷᠳᠤᠴᠠ ᠪᠠᠨ ᠲᠦᠷᠭᠡᠳᠬᠡᠬᠦ 》 ᠶ᠋ᠢ ᠠᠬᠢᠭᠤᠯᠬᠤ ᠵᠢᠯ ᠵᠢᠴᠢ 《ᠬᠠᠤᠯᠢ ᠴᠠᠭᠠᠵᠠ ᠶ᠋ᠢᠨ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠬᠦ ᠣᠨ 》 ᠤ᠋ ᠠᠵᠢᠯᠯᠠᠭ᠎ᠠ ᠶ᠋ᠢ ᠭᠦᠨᠵᠡᠭᠡᠢ ᠥᠷᠨᠢᠭᠦᠯᠵᠦ ᠂ ᠰᠢᠨ᠎ᠡ ᠴᠠᠭ ᠦᠶ᠎ᠡ ᠶ᠋ᠢᠨ ᠣᠷᠳᠣᠰ ᠰᠢᠭᠦᠬᠦ ᠬᠣᠷᠢᠶ᠎ᠠ ᠶ᠋ᠢᠨ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠴᠢᠷᠮᠠᠢᠨ ᠠᠬᠢᠭᠤᠯᠤᠭᠰᠠᠨ ᠪᠠᠢᠨ᠎ᠠ ᠃
ᠬᠤᠷᠠᠯᠠ᠋ᠴᠠ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ 2023 ᠣᠨ ᠤ᠋《 ᠪᠠᠷᠢᠯᠭ᠎ᠠ ᠶ᠋ᠢᠨ ᠵᠢᠷᠤᠭ 》 ᠢ᠋ ᠲᠣᠳᠣᠷᠬᠠᠢᠯᠠᠭᠰᠠᠨ ᠨᠢ ᠄
ᠨᠢᠭᠡ ᠂ ᠠᠩᠬ᠎ᠠ《 ᠰᠡᠳᠬᠢᠯ 》ᠪᠠᠮᠪᠠᠷ ᠮᠡᠲᠦ
ᠨᠡᠩ ᠥᠨᠳᠥᠷ ᠵᠣᠭᠰᠣᠯᠲᠠ ᠨᠢ《 ᠬᠣᠶᠠᠷ ᠢ᠋ ᠲᠣᠭᠲᠠᠭᠠᠬᠤ 》 ᠶ᠋ᠢ ᠬᠦᠷᠢᠶᠡᠯᠡᠨ᠎ᠡ
ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶ᠋ᠢ ᠡᠷᠬᠢᠮᠯᠡᠵᠦ ᠂ ᠨᠠᠮ ᠤ᠋ᠨ ᠤᠯᠤᠰ ᠲᠥᠷᠥ ᠶ᠋ᠢᠨ ᠪᠠᠢᠭᠤᠯᠤᠯᠲᠠ ᠶ᠋ᠢ ᠪᠦᠬᠦ ᠲᠠᠯ᠎ᠠ ᠪᠠᠷ ᠴᠢᠩᠭᠠᠳᠬᠠᠨ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠬᠤ ᠪᠠᠷ ᠪᠠᠷᠠᠬᠤ ᠦᠭᠡᠢ ᠂ 《 ᠬᠣᠶᠠᠷ ᠢ᠋ ᠲᠣᠭᠲᠠᠭᠠᠬᠤ 》 ᠭᠣᠣᠯ ᠰᠡᠳᠦᠪᠲᠦ ᠬᠥᠮᠦᠵᠢᠯ ᠢ᠋ ᠭᠦᠨᠵᠡᠭᠡᠢᠷᠡᠭᠦᠯᠦᠨ ᠂ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠣᠶᠤᠨ ᠤᠬᠠᠭᠠᠨ ᠢ᠋ᠶ᠋ᠠᠨ ᠨᠢᠭᠲᠠᠷᠠᠭᠤᠯᠵᠤ ᠂ ᠰᠢᠨ᠎ᠡ ᠴᠠᠭ ᠦᠶ᠎ᠡ ᠶ᠋ᠢᠨ ᠨᠡᠢᠭᠡᠮ ᠵᠢᠷᠤᠮ ᠤ᠋ᠨ ᠬᠠᠤᠯᠢ ᠪᠠᠷᠢᠬᠤ ᠣᠢᠯᠠᠭᠠᠭᠳᠠᠬᠤᠨ ᠢ᠋ ᠪᠣᠢ ᠪᠣᠯᠭᠠᠵᠤ ᠂ ᠨᠠᠮ ᠤ᠋ᠨ ᠤᠳᠤᠷᠢᠳᠤᠯᠭ᠎ᠠ ᠶ᠋ᠢ ᠠᠵᠢᠯ ᠤ᠋ᠨ ᠡᠯ᠎ᠡ ᠲᠠᠯ᠎ᠠ ᠪᠠ ᠪᠦᠬᠦ ᠶᠠᠪᠤᠴᠠ ᠳ᠋ᠤ᠌ ᠲᠤᠤᠱᠯᠠᠭᠤᠯᠬᠤ ᠬᠡᠷᠡᠭᠲᠡᠢ ᠃
ᠬᠣᠶᠠᠷ ᠂ 《 ᠰᠡᠳᠬᠢᠯ 》ᠨᠢᠭᠲᠠᠷᠠᠯ ᠤ᠋ᠨ ᠬᠦᠴᠦᠨ
ᠨᠡᠩ ᠥᠨᠳᠥᠷ ᠴᠢᠨᠠᠷ ᠰᠠᠢᠲᠠᠢ ᠠᠮᠤᠷ ᠲᠦᠪᠰᠢᠨ ᠣᠷᠳᠣᠰ ᠢ᠋ ᠪᠦᠲᠦᠭᠡᠨ ᠪᠠᠢᠭᠤᠯᠤᠶ᠎ᠠ
ᠤᠯᠤᠰ ᠣᠷᠣᠨ ᠤ᠋ ᠶᠡᠷᠦᠩᠬᠡᠢ ᠠᠶᠤᠯᠭᠦᠢ ᠶ᠋ᠢᠨ ᠦᠵᠡᠯᠲᠡ ᠶ᠋ᠢ ᠪᠦᠬᠦ ᠲᠠᠯ᠎ᠠ ᠪᠠᠷ ᠲᠤᠤᠱᠯᠠᠭᠤᠯᠵᠤ ᠂ ᠤᠯᠤᠰ ᠣᠷᠣᠨ ᠤ᠋ ᠠᠮᠤᠷ ᠲᠦᠪᠰᠢᠨ ᠢ᠋ ᠡᠷᠡᠰ ᠬᠠᠮᠠᠭᠠᠯᠠᠬᠤ ᠬᠡᠷᠡᠭᠲᠡᠢ ᠭᠡᠰᠡᠨ ᠪᠠᠢᠨ᠎ᠠ ; ᠶᠠᠯᠠᠲᠤ ᠠᠵᠢᠯᠯᠠᠭ᠎ᠠ ᠶ᠋ᠢ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠳᠬᠡᠵᠦ ᠂ ᠬᠠᠤᠯᠢ ᠶᠣᠰᠣᠭᠠᠷ ᠢᠯᠵᠠᠷᠠᠯ ᠢ᠋ ᠵᠠᠯᠬᠠᠭᠠᠨ ᠰᠢᠳᠬᠡᠬᠦ ᠪᠡᠷ ᠪᠠᠷᠠᠬᠤ ᠦᠭᠡᠢ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠠᠵᠢᠯ ᠢ᠋ ᠪᠠᠢᠩᠭᠤᠵᠢᠭᠤᠯᠤᠨ ᠠᠬᠢᠭᠤᠯᠤᠨ ᠂ ᠨᠡᠢᠭᠡᠮ ᠦ᠋ᠨ ᠲᠣᠭᠲᠠᠭᠤᠨ ᠪᠠᠢᠳᠠᠯ ᠢ᠋ ᠬᠠᠮᠠᠭᠠᠯᠠᠬᠤ ᠬᠡᠷᠡᠭᠲᠡᠢ ; ᠲᠤᠰᠢᠶᠠᠨ ᠥᠭᠬᠦ ᠪᠠᠲᠤᠯᠠᠭᠠᠲᠤ ᠠᠰᠠᠷ ᠂ ᠠᠷᠠᠳ ᠤ᠋ᠨ ᠠᠮᠢᠳᠤᠷᠠᠯ ᠢ᠋ ᠪᠠᠲᠤᠯᠠᠬᠤ ᠂ ᠲᠣᠭᠲᠠᠭᠤᠨ ᠪᠠᠢᠳᠠᠯ ᠢ᠋ ᠪᠠᠲᠤᠯᠠᠬᠤ ᠡᠯ᠎ᠡ ᠵᠦᠢᠯ ᠦ᠋ᠨ ᠠᠵᠢᠯ ᠢ᠋ ᠬᠠᠮᠵᠢᠯᠴᠠᠨ ᠰᠠᠢᠲᠤᠷ ᠬᠢᠵᠦ ᠂ ᠡᠯ᠎ᠡ ᠲᠥᠷᠥᠯ ᠦ᠋ᠨ ᠮᠥᠩᠭᠥᠨ ᠭᠦᠢᠯᠭᠡᠭᠡᠨ ᠦ᠌ ᠬᠡᠷᠡᠭ ᠢ᠋ ᠬᠠᠤᠯᠢ ᠶᠣᠰᠣᠭᠠᠷ ᠰᠢᠭᠦᠨ ᠰᠢᠢᠳᠪᠦᠷᠢᠯᠡᠨ ᠂ ᠲᠦᠭᠰᠢᠭᠦᠷᠢ ᠶ᠋ᠢ ᠰᠡᠷᠭᠡᠢᠯᠡᠨ ᠨᠠᠮᠳᠠᠭᠤᠯᠬᠤ ᠬᠡᠷᠡᠭᠲᠡᠢ ᠃
ᠭᠤᠷᠪᠠ ᠂ 《 ᠰᠡᠳᠬᠢᠯ 》ᠨᠢᠭᠡᠳᠬᠦ ᠬᠠᠮᠲᠤ ᠶ᠋ᠢᠨ ᠬᠠᠨᠳᠤᠰᠢ
ᠨᠡᠩ ᠥᠨᠳᠥᠷ ᠲᠦᠪᠰᠢᠨ ᠢ᠋ᠶ᠋ᠡᠷ ᠶᠠᠰᠤ ᠴᠢᠨᠠᠷ ᠬᠠᠮᠠᠭᠠᠯᠠᠬᠤ ᠶ᠋ᠢ ᠬᠥᠭᠵᠢᠭᠦᠯᠬᠦ ᠬᠡᠷᠡᠭᠲᠡᠢ
ᠬᠠᠤᠯᠢ ᠪᠠᠷ ᠵᠠᠰᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ ᠢ᠋ ᠦᠷᠭᠦᠯᠵᠢᠯᠡᠨ ᠰᠢᠯᠢᠳᠡᠭᠵᠢᠭᠦᠯᠵᠦ ᠂ ᠳᠠᠮᠫᠤᠷᠠᠯ ᠤ᠋ᠨ ᠰᠢᠭᠦᠨ ᠲᠠᠰᠤᠯᠤᠯᠲᠠ ᠶ᠋ᠢ ᠴᠢᠩᠭᠠᠳᠬᠠᠨ ᠂ ᠬᠤᠳᠠᠯᠳᠤᠭᠠᠨ ᠤ᠋ ᠵᠢᠭᠤᠷᠠᠯᠳᠤᠭᠠᠨ ᠢ᠋ ᠰᠢᠢᠳᠪᠦᠷᠢᠯᠡᠬᠦ ᠦᠷ᠎ᠡ ᠪᠦᠲᠦᠮᠵᠢ ᠶ᠋ᠢ ᠳᠡᠭᠡᠭᠰᠢᠯᠡᠭᠦᠯᠵᠦ ᠂ ᠵᠠᠰᠠᠭ ᠵᠠᠬᠢᠷᠭᠠᠨ ᠤ᠋ ᠰᠢᠭᠦᠨ ᠲᠠᠰᠤᠯᠬᠤ ᠠᠵᠢᠯ ᠢ᠋ ᠴᠢᠩᠭᠠᠳᠬᠠᠵᠤ ᠂ ᠠᠵᠤ ᠠᠬᠤᠢᠯᠠᠯ ᠳ᠋ᠤ᠌ ᠨᠡᠩ ᠨᠠᠷᠢᠯᠢᠭ ᠨᠡᠩ ᠰᠢᠯᠢᠳᠡᠭ ᠬᠠᠤᠯᠢ ᠴᠠᠭᠠᠵᠠ ᠶ᠋ᠢᠨ ᠦᠢᠯᠡᠴᠢᠯᠡᠭᠡ ᠬᠠᠩᠭᠠᠬᠤ ᠬᠡᠷᠡᠭᠲᠡᠢ ᠭᠡᠰᠡᠨ ᠪᠠᠢᠨ᠎ᠠ ; ᠶᠡᠷᠦᠩᠬᠡᠢ ᠱᠦᠵᠢ ᠰᠢ ᠵᠢᠨ ᠫᠢᠩ ᠦ᠋ᠨ ᠥᠪᠥᠷ ᠮᠣᠩᠭᠣᠯ ᠳ᠋ᠤ᠌ ᠲᠤᠰᠢᠶᠠᠭᠰᠠᠨ 《 ᠲᠠᠪᠤᠨ ᠶᠡᠬᠡ ᠡᠭᠦᠷᠭᠡ 》 ᠪᠠ ᠮᠠᠨ ᠤ᠋ ᠬᠣᠲᠠ ᠶ᠋ᠢᠨ《 ᠭᠤᠷᠪᠠᠨ ᠳᠥᠷᠪᠡ 》 ᠶ᠋ᠢᠨ ᠬᠠᠷᠠᠯᠲᠠ ᠶ᠋ᠢᠨ ᠡᠭᠦᠷᠭᠡ ᠳ᠋ᠦ᠍ ᠴᠢᠭᠯᠡᠭᠦᠯᠦᠨ ᠂ ᠬᠠᠤᠯᠢ ᠴᠠᠭᠠᠵᠠ ᠶ᠋ᠢᠨ ᠲᠣᠭᠲᠠᠴᠠ ᠶ᠋ᠢᠨ ᠠᠷᠭ᠎ᠠ ᠬᠡᠮᠵᠢᠶ᠎ᠡ ᠶ᠋ᠢ ᠨᠠᠷᠢᠯᠢᠭ ᠣᠨᠣᠪᠴᠢᠲᠠᠢ ᠲᠡᠭᠦᠯᠳᠡᠷᠵᠢᠭᠦᠯᠵᠦ ᠂ ᠭᠠᠵᠠᠷ ᠣᠷᠣᠨ ᠤ᠋ ᠥᠨᠳᠥᠷ ᠴᠢᠨᠠᠷ ᠴᠢᠨᠰᠠᠭ᠎ᠠ ᠲᠠᠢ ᠬᠥᠭᠵᠢᠯᠲᠡ ᠶ᠋ᠢ ᠪᠠᠲᠤᠯᠠᠬᠤ ᠬᠡᠷᠡᠭᠲᠡᠢ ︔ ᠰᠠᠭᠠᠳ ᠦᠭᠡᠢ ᠂ ᠲᠦᠷᠭᠡᠨ ᠬᠣᠯᠪᠣᠯᠴᠠᠨ ᠬᠡᠷᠡᠭ ᠰᠢᠢᠳᠪᠦᠷᠢᠯᠡᠬᠦ ᠲᠣᠭᠲᠠᠴᠠ ᠪᠠᠢᠭᠤᠯᠬᠤ ᠶ᠋ᠢ ᠠᠬᠢᠭᠤᠯᠤᠨ ᠂ 《 ᠲᠠᠪᠤᠨ ᠶᠡᠬᠡ ᠡᠬᠢᠯᠡᠯᠲᠡ 》 ᠶ᠋ᠢᠨ ᠠᠵᠢᠯᠯᠠᠭ᠎ᠠ ᠶ᠋ᠢ ᠪᠠᠲᠤᠯᠠᠭᠰᠠᠨ ᠪᠠᠢᠨ᠎ᠠ ᠃
ᠳᠥᠷᠪᠡ ᠂ 《 ᠰᠡᠳᠬᠢᠯ 》 ᠢ᠋ᠶ᠋ᠡᠷ ᠢᠷᠦᠭᠡᠭᠰᠡᠨ ᠣᠯᠠᠨ ᠲᠦᠮᠡᠨ ᠦ᠌ ᠥᠨᠳᠥᠷ ᠬᠡᠪ ᠴᠢᠨᠠᠷ ᠪᠦᠬᠦᠢ ᠱᠠᠭᠠᠷᠳᠠᠯᠭ᠎ᠠ ᠳ᠋ᠤ᠌ ᠨᠡᠩ ᠰᠠᠢᠨ ᠬᠠᠷᠢᠭᠤᠯᠲᠠ ᠥᠭᠬᠦ ᠬᠡᠷᠡᠭᠲᠡᠢ
ᠠᠷᠠᠳ ᠲᠦᠮᠡᠨ ᠦ᠌ ᠵᠣᠭᠰᠣᠯᠲᠠ ᠶ᠋ᠢ ᠲᠣᠭᠲᠠᠭᠤᠨ ᠪᠠᠢᠯᠭᠠᠵᠤ ᠂ ᠠᠷᠠᠳ ᠤ᠋ᠨ ᠠᠮᠢᠳᠤᠷᠠᠯ ᠤ᠋ᠨ ᠬᠦᠷᠢᠶᠡᠨ ᠳ᠋ᠡᠬᠢ ᠬᠡᠷᠡᠭ ᠢ᠋ ᠬᠠᠤᠯᠢ ᠶᠣᠰᠣᠭᠠᠷ ᠲᠣᠬᠢᠲᠠᠢ ᠰᠢᠭᠦᠨ ᠰᠢᠢᠳᠪᠦᠷᠢᠯᠡᠨ ᠂ ᠤᠯᠤᠰ ᠤ᠋ᠨ ᠲᠥᠯᠥᠪᠦᠷᠢ ᠶ᠋ᠢᠨ ᠰᠢᠭᠦᠨ ᠲᠠᠰᠤᠯᠤᠯᠲᠠ ᠪᠠ ᠬᠠᠤᠯᠢ ᠴᠠᠭᠠᠵᠠ ᠶ᠋ᠢᠨ ᠠᠪᠤᠷᠠᠨ ᠲᠤᠰᠠᠯᠠᠬᠤ ᠠᠵᠢᠯ ᠢ᠋ ᠦᠨᠡᠨ ᠬᠦ᠌ ᠴᠢᠩᠭᠠᠳᠬᠠᠬᠤ ᠪᠠᠷ ᠪᠠᠷᠠᠬᠤ ᠦᠭᠡᠢ ᠠᠷᠠᠳ ᠤ᠋ᠨ ᠠᠮᠢᠳᠤᠷᠠᠯ ᠤ᠋ᠨ ᠬᠠᠤᠯᠢ ᠴᠠᠭᠠᠵᠠ ᠶ᠋ᠢᠨ ᠪᠠᠲᠤᠯᠠᠭ᠎ᠠ ᠶ᠋ᠢ ᠪᠦᠬᠦ ᠰᠡᠳᠬᠢᠯ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ ︔ 《 ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠲᠦᠭᠡᠮᠡᠯᠵᠢᠭᠦᠯᠬᠦ 》 ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶ᠋ᠢᠨ ᠳᠦᠷᠢᠮ ᠢ᠋ ᠪᠦᠬᠦ ᠲᠠᠯ᠎ᠠ ᠪᠠᠷ ᠨᠠᠢᠳᠠᠪᠤᠷᠢᠵᠢᠭᠤᠯᠤᠨ ᠂ ᠨᠡᠢᠭᠡᠮ ᠵᠢᠷᠤᠮ ᠤ᠋ᠨ ᠬᠠᠤᠯᠢ ᠪᠠᠷ ᠵᠠᠰᠠᠬᠤ ᠰᠣᠶᠣᠯ ᠢ᠋ ᠪᠣᠢᠵᠢᠭᠤᠯᠤᠨ ᠂ ᠨᠡᠢᠭᠡᠮ ᠵᠢᠷᠤᠮ ᠤ᠋ᠨ ᠭᠣᠣᠯᠯᠠᠭᠴᠢ ᠥᠷᠲᠡᠭ ᠦ᠋ᠨ ᠦᠵᠡᠯᠲᠡ ᠶ᠋ᠢ ᠪᠦᠬᠦ ᠲᠠᠯ᠎ᠠ ᠪᠠᠷ ᠪᠠᠳᠠᠷᠠᠭᠤᠯᠬᠤ ᠬᠡᠷᠡᠭᠲᠡᠢ ; ᠭᠦᠢᠴᠡᠳᠬᠡᠬᠦ ᠵᠠᠭᠪᠤᠷ ᠤ᠋ᠨ ᠰᠢᠨ᠎ᠡ ᠶ᠋ᠢ ᠡᠭᠦᠳᠬᠦ ᠦᠢᠯᠡᠳᠦᠯᠭᠡ ᠶ᠋ᠢ ᠭᠦᠨᠵᠡᠭᠡᠢᠷᠡᠭᠦᠯᠵᠦ ᠂ ᠶᠡᠷᠦᠩᠬᠡᠢᠯᠡᠨ ᠵᠠᠰᠠᠬᠤ ᠪᠣᠯᠤᠨ ᠭᠦᠢᠴᠡᠳᠬᠡᠬᠦ ᠳ᠋ᠦ᠍ ᠬᠦᠴᠢᠷ ᠠᠰᠠᠭᠤᠳᠠᠯ ᠢ᠋ ᠡᠬᠢ ᠡᠭᠦᠰᠦᠯᠡᠴᠡ ᠨᠢ ᠵᠠᠰᠠᠬᠤ ᠶᠡᠬᠡ ᠪᠠᠢᠷᠢᠯᠠᠭᠤᠯᠤᠯᠲᠠ ᠶ᠋ᠢ ᠪᠦᠷᠢᠨᠰᠢᠭᠦᠯᠦᠨ ᠲᠡᠭᠦᠯᠳᠡᠷᠵᠢᠭᠦᠯᠦᠨ ᠂ ᠭᠦᠢᠴᠡᠳᠬᠡᠬᠦ ᠪᠣᠭᠣᠮᠲᠠ ᠰᠢᠪᠲᠤᠯᠬᠤ ᠶ᠋ᠢ ᠪᠦᠬᠦ ᠬᠦᠴᠦᠨ ᠢ᠋ᠶ᠋ᠡᠷ ᠲᠦᠯᠬᠢᠨ ᠠᠬᠢᠭᠤᠯᠬᠤ ᠬᠡᠷᠡᠭᠲᠡᠢ᠃《 ᠪᠢ ᠣᠯᠠᠨ ᠲᠦᠮᠡᠨ ᠳ᠋ᠦ᠍ ᠪᠣᠳᠠᠲᠠᠢ ᠶᠠᠪᠤᠳᠠᠯ ᠬᠢᠵᠦ ᠥᠭᠬᠦ 》 ᠠᠵᠢᠯᠯᠠᠭ᠎ᠠ ᠶ᠋ᠢᠨ ᠪᠠᠢᠩᠭᠤ ᠶ᠋ᠢᠨ ᠪᠦᠲᠦᠮᠵᠢᠲᠡᠢ ᠪᠠᠢᠬᠤ ᠶ᠋ᠢ ᠦᠷᠭᠦᠯᠵᠢᠯᠡᠨ ᠠᠬᠢᠭᠤᠯᠵᠤ ᠂ ᠨᠢᠭᠡ ᠥᠷᠲᠡᠭᠡᠨ ᠦ᠌ ᠮᠠᠶᠢᠭ ᠤ᠋ᠨ ᠣᠯᠠᠨ ᠡᠰᠢᠲᠦ ᠵᠢᠭᠤᠷᠠᠯᠳᠤᠭᠠᠨ ᠢ᠋ ᠰᠢᠢᠳᠪᠦᠷᠢᠯᠡᠬᠦ ᠪᠠ ᠵᠠᠷᠭᠤ ᠶ᠋ᠢᠨ ᠦᠢᠯᠡᠴᠢᠯᠡᠭᠡᠨ ᠦ᠌ ᠰᠢᠰᠲ᠋ᠧᠮ ᠦ᠋ᠨ ᠶᠡᠷᠦᠩᠬᠡᠢᠯᠡᠭᠰᠡᠨ ᠴᠢᠳᠠᠪᠬᠢ ᠶ᠋ᠢ ᠳᠡᠭᠡᠭᠰᠢᠯᠡᠭᠦᠯᠵᠦ ᠂ ᠲᠥᠯᠥᠭᠡᠯᠡᠭᠴᠢ ᠭᠡᠰᠢᠭᠦᠳ ᠦ᠋ᠨ ᠬᠠᠷᠢᠯᠴᠠᠭ᠎ᠠ ᠪᠠᠨ ᠴᠢᠩᠭᠠᠳᠬᠠᠵᠤ ᠂ ᠠᠷᠠᠳ ᠤ᠋ᠨ ᠲᠥᠯᠥᠭᠡ ᠬᠠᠤᠯᠢ ᠬᠡᠷᠡᠭᠵᠢᠭᠦᠯᠬᠦ ᠠᠷᠭ᠎ᠠ ᠠᠪᠴᠠᠯ ᠢ᠋ ᠲᠦᠷᠭᠡᠨ ᠪᠦᠷᠢᠨᠰᠢᠭᠦᠯᠬᠦ ᠬᠡᠷᠡᠭᠲᠡᠢ ᠭᠡᠰᠡᠨ ᠪᠠᠢᠨ᠎ᠠ ᠃
ᠲᠠᠪᠤ ᠂ ᠨᠠᠷᠢᠨ 《 ᠨᠢᠮᠪᠠᠢ 》 ᠲᠠᠷᠢᠬᠤ
ᠨᠡᠩ ᠦᠷ᠎ᠡ ᠪᠦᠲᠦᠮᠵᠢ ᠪᠡᠷ ᠪᠠᠶᠠᠯᠢᠭ ᠪᠣᠯᠵᠤ ᠰᠢᠭᠦᠨ ᠲᠠᠰᠤᠯᠬᠤ ᠰᠢᠰᠲ᠋ᠧᠮ ᠪᠠ ᠰᠢᠭᠦᠨ ᠲᠠᠰᠤᠯᠬᠤ ᠴᠢᠳᠠᠪᠤᠷᠢ ᠶ᠋ᠢᠨ ᠣᠳᠣᠬᠢᠴᠢᠯᠠᠯᠲᠠ ᠶ᠋ᠢ ᠠᠬᠢᠭᠤᠯᠪᠠ
ᠬᠠᠤᠯᠢ ᠴᠠᠭᠠᠵᠠ ᠶ᠋ᠢᠨ ᠥᠭᠡᠷᠡᠴᠢᠯᠡᠯᠲᠡ ᠶ᠋ᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠬᠠᠤᠯᠢ ᠴᠠᠭᠠᠵᠠ ᠶ᠋ᠢᠨ ᠬᠠᠷᠢᠭᠤᠴᠠᠯᠭ᠎ᠠ ᠶ᠋ᠢᠨ ᠳᠦᠷᠢᠮ ᠢ᠋ ᠪᠦᠬᠦ ᠲᠠᠯ᠎ᠠ ᠪᠠᠷ ᠨᠠᠢᠳᠠᠪᠤᠷᠢᠵᠢᠭᠤᠯᠤᠨ ᠂ ᠰᠢᠭᠦᠨ ᠲᠠᠰᠤᠯᠬᠤ ᠡᠷᠬᠡ ᠶ᠋ᠢᠨ ᠠᠵᠢᠯᠯᠠᠭᠠᠨ ᠢ᠋ ᠬᠢᠵᠠᠭᠠᠷᠯᠠᠵᠤ ᠬᠢᠨᠠᠯᠲᠠ ᠲᠠᠯᠪᠢᠬᠤ ᠲᠣᠭᠲᠠᠴᠠ ᠶ᠋ᠢ ᠲᠡᠭᠦᠯᠳᠡᠷᠵᠢᠭᠦᠯᠵᠦ ᠂ 《 ᠳᠥᠷᠪᠡᠨ ᠲᠥᠷᠥᠯ ᠦ᠋ᠨ ᠬᠡᠷᠡᠭ 》 ᠢ᠋ ᠬᠢᠨᠠᠨ ᠬᠠᠮᠢᠶᠠᠷᠬᠤ ᠳᠦᠷᠢᠮ ᠢ᠋ ᠨᠠᠢᠳᠠᠪᠤᠷᠢᠵᠢᠭᠤᠯᠬᠤ ᠬᠡᠷᠡᠭᠲᠡᠢ ; ᠵᠠᠷᠭᠤ ᠶ᠋ᠢᠨ ᠳᠦᠷᠢᠮ ᠪᠠ ᠰᠢᠭᠦᠨ ᠲᠠᠰᠤᠯᠬᠤ ᠲᠣᠭᠲᠠᠴᠠ ᠶ᠋ᠢᠨ ᠥᠭᠡᠷᠡᠴᠢᠯᠡᠯᠲᠡ ᠶ᠋ᠢ ᠦᠷᠭᠦᠯᠵᠢᠯᠡᠨ ᠭᠦᠨᠵᠡᠭᠡᠢᠷᠡᠭᠦᠯᠵᠦ ᠂ ᠢᠷᠭᠡᠨ ᠦ᠌ ᠬᠡᠷᠡᠭ ᠢ᠋ ᠪᠤᠳᠤᠯᠢᠶᠠᠨᠲᠠᠢ ᠪᠥᠭᠡᠳ ᠰᠠᠯᠭ᠎ᠠ ᠭᠠᠷᠭᠠᠬᠤ ᠶ᠋ᠢ ᠠᠬᠢᠭᠤᠯᠵᠤ ᠂ ᠰᠢᠭᠦᠬᠦ ᠱᠠᠲᠤᠨ ᠤ᠋ ᠡᠭᠦᠷᠭᠡ ᠴᠢᠳᠠᠪᠤᠷᠢ ᠶ᠋ᠢᠨ ᠣᠷᠣᠨ ᠲᠣᠭᠲᠠᠭᠠᠯᠲᠠ ᠶ᠋ᠢ ᠰᠢᠯᠢᠳᠡᠭᠵᠢᠭᠦᠯᠬᠦ ᠬᠡᠷᠡᠭᠲᠡᠢ ; 《 ᠮᠧᠩ ᠮᠠ᠋ ᠪᠧᠨ ᠲᠧᠩ 2023 》 ᠤ᠋ ᠲᠤᠰᠬᠠᠢ ᠠᠵᠢᠯᠯᠠᠭ᠎ᠠ ᠶ᠋ᠢ ᠨᠠᠷᠢᠨ ᠬᠢᠨᠠᠮᠠᠭᠠᠢ ᠥᠷᠨᠢᠭᠦᠯᠵᠦ ᠂ ᠰᠢᠭᠦᠨ ᠲᠠᠰᠤᠯᠬᠤ ᠭᠦᠢᠴᠡᠳᠬᠡᠬᠦ ᠴᠢᠨᠠᠷ ᠪᠦᠲᠦᠮᠵᠢ ᠪᠡᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ︔ ᠤᠯᠤᠰ ᠲᠥᠷᠥ ᠬᠠᠤᠯᠢ ᠴᠠᠭᠠᠵᠠ ᠶ᠋ᠢᠨ ᠲᠣᠮᠣ ᠳ᠋ᠠᠢᠲ᠋ᠠ ᠶ᠋ᠢᠨ ᠣᠶᠤᠨᠴᠢᠯᠠᠨ ᠬᠡᠷᠡᠭᠯᠡᠬᠦ ᠲᠠᠪᠴᠠᠩ ᠢ᠋ ᠭᠦᠨᠵᠡᠭᠡᠢ ᠬᠡᠷᠡᠭᠯᠡᠨ ᠂ ᠵᠣᠬᠢᠶᠠᠮᠠᠯ ᠣᠶᠤᠨᠴᠢ ᠪᠦᠬᠦ ᠶᠠᠪᠤᠴᠠ ᠶ᠋ᠢ ᠬᠠᠪᠰᠤᠷᠤᠨ ᠬᠡᠷᠡᠭ ᠰᠢᠢᠳᠪᠦᠷᠢᠯᠡᠬᠦ ᠶ᠋ᠢ ᠴᠢᠩᠭᠠᠳᠬᠠᠵᠤ ᠂ ᠣᠷᠣᠨ ᠬᠡᠰᠡᠭ ᠦ᠋ᠨ ᠬᠡᠯᠬᠢᠶ᠎ᠡ ᠶ᠋ᠢᠨ ᠮᠡᠷᠭᠡᠵᠢᠯ ᠢ᠋ ᠭᠦᠨᠵᠡᠭᠡᠢ ᠬᠡᠷᠡᠭᠯᠡᠬᠦ ᠶ᠋ᠢ ᠠᠬᠢᠭᠤᠯᠵᠤ ᠂ ᠣᠶᠤᠨᠴᠢ ᠰᠢᠭᠦᠬᠦ ᠬᠣᠷᠢᠶᠠᠨ ᠤ᠋ ᠪᠠᠢᠭᠤᠯᠤᠯᠲᠠ ᠶ᠋ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠃
ᠵᠢᠷᠭᠤᠭ᠎ᠠ ᠂ ᠦᠨᠡᠨ ᠬᠤᠳᠠᠯ ᠢ᠋ ᠦᠨᠡᠨ ᠪᠣᠳᠠᠲᠠᠢ ᠪᠠᠷ ᠡᠷᠬᠢᠮᠯᠡᠬᠦ
ᠨᠡᠩ ᠶᠡᠬᠡ ᠡᠷᠴᠢᠮ ᠢ᠋ᠶ᠋ᠡᠷ ᠥᠨᠳᠥᠷ ᠪᠦᠲᠦᠮᠵᠢᠲᠡᠢ ᠵᠠᠰᠠᠯᠲᠠ ᠶ᠋ᠢ ᠪᠠᠲᠤᠯᠠᠨ᠎ᠠ
ᠠᠷᠠᠳ ᠤ᠋ᠨ ᠰᠢᠭᠦᠬᠦ ᠲᠢᠩᠬᠢᠮ ᠦ᠋ᠨ ᠪᠠᠢᠭᠤᠯᠤᠯᠲᠠ ᠶ᠋ᠢ ᠴᠢᠩᠭ᠋ᠠᠳᠬᠠᠵᠤ ᠂ 《 ᠹᠧᠩ ᠴᠢᠶᠣᠤ ᠮᠠᠶᠢᠭ 》 ᠤ᠋ᠨ ᠠᠷᠠᠳ ᠤ᠋ᠨ ᠰᠢᠭᠦᠬᠦ ᠲᠢᠩᠬᠢᠮ ᠢ᠋ ᠭᠦᠨᠵᠡᠭᠡᠢ ᠪᠠᠢᠭᠤᠯᠬᠤ ᠬᠡᠷᠡᠭᠲᠡᠢ ; ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶ᠋ᠢᠨ ᠳᠡᠰ ᠳᠡᠪᠰᠢᠯᠲᠡ ᠶ᠋ᠢ ᠠᠬᠢᠭᠤᠯᠤᠨ ᠂ 《 ᠭᠤᠷᠪᠠᠨ ᠦᠵᠦᠭᠦᠷ ᠦ᠋ᠨ ᠲᠠᠪᠤᠨ ᠰᠡᠷᠭᠡᠢᠯᠡᠯᠲᠡ ᠶ᠋ᠢᠨ ᠱᠤᠭᠤᠮ 》 ᠤ᠋ᠨ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶ᠋ᠢᠨ 2.0 ᠬᠡᠪᠯᠡᠯ ᠢ᠋ ᠪᠠᠢᠭᠤᠯᠵᠤ ᠂ ᠵᠠᠷᠭᠤ ᠶ᠋ᠢᠨ ᠢᠷᠡᠯᠲᠡ ᠶ᠋ᠢᠨ 《 ᠣᠶᠤᠨ ᠤᠬᠠᠭᠠᠨ 》 ᠢ᠋ ᠵᠠᠰᠠᠬᠤ ᠶ᠋ᠢ ᠠᠭᠤᠰᠤᠯᠴᠠᠭᠤᠯᠬᠤ ᠶ᠋ᠢ ᠴᠢᠩᠭᠠᠳᠬᠠᠬᠤ ᠪᠠᠷ ᠪᠠᠷᠠᠬᠤ ᠦᠭᠡᠢ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶ᠋ᠢᠨ 《 ᠶᠡᠬᠡ ᠬᠣᠯᠪᠣᠯᠴᠠᠨ ᠬᠥᠳᠡᠯᠬᠦ 》ᠠᠵᠢᠯ ᠤ᠋ᠨ ᠲᠣᠭᠲᠠᠴᠠ ᠶ᠋ᠢ ᠪᠠᠢᠭᠤᠯᠬᠤ ᠬᠡᠷᠡᠭᠲᠡᠢ᠃ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢ ᠨᠠᠮᠳᠠᠭᠠᠬᠤ ᠠᠵᠢᠯ ᠢ᠋ ᠰᠠᠢᠲᠤᠷ ᠬᠢᠵᠦ ᠂ ᠵᠠᠬᠢᠳᠠᠯ ᠰᠤᠷᠪᠤᠯᠵᠢᠯᠠᠭ᠎ᠠ ᠶ᠋ᠢᠨ ᠨᠡᠮᠡᠭᠳᠡᠯ ᠢ᠋ ᠬᠢᠵᠠᠭᠠᠷᠯᠠᠨ ᠂ ᠵᠠᠬᠢᠳᠠᠯ ᠰᠤᠷᠪᠤᠯᠵᠢᠯᠠᠭ᠎ᠠ ᠶ᠋ᠢᠨ ᠦᠯᠡᠳᠡᠭᠡᠯ ᠢ᠋ ᠪᠠᠭᠠᠰᠬᠠᠬᠤ ᠪᠠᠷ ᠪᠠᠷᠠᠬᠤ ᠦᠭᠡᠢ ᠠᠷᠢᠯᠭᠠᠬᠤ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠦᠨ ᠂ ᠤᠷᠲᠤ ᠬᠤᠭᠤᠴᠠᠭᠠᠨ ᠤ᠋ ᠪᠦᠲᠦᠮᠵᠢᠲᠦ ᠲᠣᠭᠲᠠᠴᠠ ᠶ᠋ᠢ ᠲᠡᠭᠦᠯᠳᠡᠷᠵᠢᠭᠦᠯᠵᠦ ᠂ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ ᠴᠢᠳᠠᠪᠤᠷᠢ ᠪᠠ ᠬᠢᠷᠢ ᠲᠦᠪᠰᠢᠨ ᠢ᠋ ᠳᠡᠭᠡᠭᠰᠢᠯᠡᠭᠦᠯᠦᠨ᠎ᠡ ᠃
ᠳᠣᠯᠣᠭ᠎ᠠ ᠂ ᠦᠨᠡᠨᠴᠢ ᠰᠡᠳᠬᠢᠯ
ᠨᠠᠮ ᠤ᠋ᠨ ᠰᠤᠷᠲᠠᠯ ᠤ᠋ᠨ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠢᠭᠤᠯᠤᠯᠲᠠ ᠶ᠋ᠢ ᠨᠡᠩ ᠥᠨᠳᠥᠷ ᠪᠠᠷᠢᠮᠵᠢᠶ᠎ᠠ ᠪᠠᠷ ᠠᠬᠢᠭᠤᠯᠤᠨ᠎ᠠ ᠨᠠᠮ ᠤ᠋ᠨ ᠤᠯᠤᠰ ᠲᠥᠷᠥ ᠶ᠋ᠢᠨ ᠪᠠᠢᠭᠤᠯᠤᠯᠲᠠ ᠪᠠᠷ ᠶᠡᠷᠦᠩᠬᠡᠢᠯᠡᠨ ᠵᠢᠯᠣᠭᠣᠳᠤᠭᠤᠯᠵᠤ ᠂ ᠨᠠᠮ ᠤ᠋ᠨ ᠺᠠᠲ᠋ᠷ ᠢ᠋ ᠬᠠᠮᠢᠶᠠᠷᠬᠤ ᠵᠠᠷᠴᠢᠮ ᠢ᠋ ᠪᠠᠷᠢᠮᠲᠠᠯᠠᠨ ᠂ ᠨᠠᠮ ᠤ᠋ᠨ ᠪᠠᠢᠭᠤᠯᠤᠯᠲᠠ ᠪᠠᠷ ᠠᠩᠭᠢ ᠳᠠᠭᠠᠭᠤᠯᠤᠨ ᠰᠢᠭᠦᠨ ᠲᠠᠰᠤᠯᠤᠯᠲᠠ ᠶ᠋ᠢ ᠠᠬᠢᠭᠤᠯᠵᠤ ᠂ ᠤᠯᠤᠰ ᠲᠥᠷᠥ ᠶ᠋ᠢᠨ ᠦᠨᠡᠨᠴᠢ ᠰᠢᠳᠤᠷᠭᠤ ᠶ᠋ᠢ ᠭᠤᠢᠪᠢᠰᠢ ᠦᠭᠡᠢ ᠪᠡᠬᠢᠵᠢᠭᠦᠯᠬᠦ ᠬᠡᠷᠡᠭᠲᠡᠢ ︔ ᠨᠠᠮ ᠢ᠋ ᠪᠦᠬᠦ ᠲᠠᠯ᠎ᠠ ᠪᠠᠷ ᠴᠢᠩᠭ᠎ᠠ ᠵᠠᠰᠠᠬᠤ ᠭᠣᠣᠯ ᠴᠣᠭᠴᠠ ᠶ᠋ᠢᠨ ᠬᠠᠷᠢᠭᠤᠴᠠᠯᠭ᠎ᠠ ᠶ᠋ᠢ ᠪᠣᠳᠠᠲᠠᠢᠵᠢᠭᠤᠯᠵᠤ ᠂ ᠴᠢᠩᠭ᠎ᠠ ᠦᠨᠳᠦᠰᠦᠨ ᠰᠠᠨᠠᠭ᠎ᠠ ᠶ᠋ᠢ ᠪᠠᠷᠢᠮᠲᠠᠯᠠᠨ ᠂ ᠬᠠᠤᠯᠢ ᠴᠠᠭᠠᠵᠠ ᠶ᠋ᠢᠨ ᠢᠯᠵᠠᠷᠠᠯ ᠢ᠋ ᠵᠠᠯᠬᠠᠭᠠᠨ ᠰᠢᠳᠬᠡᠬᠦ ᠶ᠋ᠢ ᠥᠴᠦᠬᠡᠨ ᠴᠦ᠍ ᠬᠦᠯᠢᠶᠡᠬᠦ ᠦᠭᠡᠢ ᠪᠠᠢᠬᠤ ᠪᠠᠷ ᠪᠠᠷᠠᠬᠤ ᠦᠭᠡᠢ ᠰᠤᠷᠲᠠᠯ ᠢ᠋ ᠴᠡᠭᠴᠡᠯᠡᠨ ᠰᠠᠬᠢᠯᠭ᠎ᠠ ᠪᠠᠲᠤ ᠶ᠋ᠢ ᠲᠥᠪ ᠪᠣᠯᠭᠠᠨ ᠢᠯᠵᠠᠷᠠᠯ ᠢ᠋ ᠡᠰᠡᠷᠭᠦᠴᠡᠬᠦ ᠶ᠋ᠢ ᠪᠠᠷᠢᠮᠲᠠᠯᠠᠬᠤ ᠬᠡᠷᠡᠭᠲᠡᠢ ; ᠲᠡᠮᠦᠷ ᠵᠠᠮ ᠤ᠋ᠨ ᠳᠦᠷᠢᠮ ᠲᠣᠭᠲᠠᠭᠠᠯ ᠢ᠋ ᠬᠢᠨᠠᠮᠠᠭᠠᠢ ᠲᠤᠤᠱᠯᠠᠭᠤᠯᠵᠤ ᠂ ᠰᠡᠷᠡᠮᠵᠢᠯᠡᠭᠦᠯᠬᠦ ᠬᠥᠮᠦᠵᠢᠯ ᠢ᠋ ᠬᠡᠪ ᠦ᠋ᠨ ᠪᠠᠢᠳᠠᠯ ᠲᠠᠢ ᠥᠷᠨᠢᠭᠦᠯᠦᠨ ᠂ ᠠᠶᠤᠯ ᠲᠦᠭᠰᠢᠭᠦᠷᠢ ᠶ᠋ᠢ ᠰᠡᠷᠭᠡᠢᠯᠡᠨ ᠡᠵᠡᠮᠳᠡᠬᠦ ᠶ᠋ᠢ ᠢᠮᠠᠭᠲᠠ ᠴᠢᠩᠭᠠᠳᠬᠠᠬᠤ ᠬᠡᠷᠡᠭᠲᠡᠢ ; ᠺᠠᠲ᠋ᠷ ᠤ᠋ᠨ ᠴᠢᠳᠠᠪᠤᠷᠢᠲᠠᠨ ᠤ᠋ ᠱᠠᠲᠤᠯᠵᠢᠨ ᠡᠩᠨᠡᠭᠡᠨ ᠦ᠌ ᠪᠠᠢᠭᠤᠯᠤᠯᠲᠠ ᠶ᠋ᠢ ᠴᠢᠩᠭ᠋ᠠᠳᠬᠠᠨ ᠂ ᠴᠢᠳᠠᠪᠤᠷᠢᠲᠠᠨ ᠢ᠋ ᠬᠥᠮᠦᠵᠢᠭᠦᠯᠬᠦ ᠲᠣᠭᠲᠠᠴᠠ ᠶ᠋ᠢ ᠭᠦᠨᠵᠡᠭᠡᠢᠷᠡᠭᠦᠯᠵᠦ ᠂ ᠴᠢᠩᠬ᠎ᠠ ᠬᠠᠮᠢᠶᠠᠷᠬᠤ ᠭᠦᠨ ᠬᠠᠢᠷᠠᠯᠠᠬᠤ ᠶ᠋ᠢ ᠬᠠᠷᠢᠯᠴᠠᠨ ᠤᠶᠠᠯᠳᠤᠭᠤᠯᠬᠤ ᠶ᠋ᠢ ᠪᠠᠷᠢᠮᠲᠠᠯᠠᠵᠤ ᠂ ᠬᠡᠪ ᠴᠢᠨᠠᠷ ᠤ᠋ᠨ ᠴᠢᠳᠠᠪᠤᠷᠢ ᠶ᠋ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠨᠠᠷᠢᠯᠢᠭ ᠠᠵᠢᠯᠯᠠᠨ ᠰᠣᠶᠣᠯ ᠤ᠋ᠨ ᠪᠠᠢᠭᠤᠯᠤᠯᠲᠠ ᠶ᠋ᠢ ᠴᠢᠩᠭᠠᠳᠬᠠᠵᠤ ᠂ ᠪᠠᠭᠠᠲᠤᠷ ᠵᠢᠱ᠌ᠢᠶᠡᠴᠢ ᠶ᠋ᠢ ᠰᠣᠩᠭᠣᠨ ᠪᠣᠢᠵᠢᠭᠤᠯᠵᠤ ᠂ ᠰᠢᠭᠦᠬᠦ ᠬᠣᠷᠢᠶᠠᠨ ᠤ᠋ ᠰᠣᠶᠣᠯ ᠤ᠋ᠨ ᠣᠨᠴᠠᠯᠢᠭᠲᠤ ᠨᠡᠷᠡᠲᠦ ᠲᠥᠷᠥᠯ ᠲᠡᠮᠳᠡᠭ ᠢ᠋ ᠡᠭᠦᠳᠴᠦ ᠂ ᠲᠥᠪ ᠭᠣᠣᠯᠴᠢ ᠪᠠᠷ ᠬᠠᠤᠯᠢ ᠬᠡᠷᠡᠭᠵᠢᠭᠦᠯᠬᠦ ᠲᠥᠪ ᠭᠣᠣᠯᠴᠢ ᠡᠨᠧᠷᠭᠢ ᠶ᠋ᠢ ᠳᠠᠮᠵᠢᠭᠤᠯᠬᠤ ᠬᠡᠷᠡᠭᠲᠡᠢ ᠭᠡᠰᠡᠨ ᠪᠠᠢᠨ᠎ᠠ ᠃
ᠦᠨᠡᠯᠡᠬᠦ 0ᠦᠨᠡᠯᠡᠯᠲᠡ᠎ᠲᠠᠢ