ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠠ᠋ᠴᠠ ᠨᠠᠮ ᠤ᠋ᠨ ᠤᠳᠤᠷᠢᠳᠬᠤ ᠳᠤᠭᠤᠢᠯᠠᠩ ᠤ᠋ᠨ ᠣᠨᠣᠯ ᠰᠤᠷᠤᠯᠴᠠᠬᠤ ᠭᠣᠣᠯ ᠳᠤᠭᠤᠢᠯᠠᠩ 2023 ᠣᠨ ᠤ᠋ 5 ᠳ᠋ᠤᠭᠠᠷ ᠤᠳᠠᠭ᠎ᠠ ᠶ᠋ᠢᠨ (ᠥᠷᠭᠡᠳᠬᠡᠭᠰᠡᠨ )ᠬᠤᠷᠠᠯ ᠬᠢᠪᠡ
2023.02.17 ᠲᠣᠰ ᠥᠷᠲᠡᠭᠡᠨ᠎ᠦ ᠨᠠᠢᠷᠠᠭᠤᠯᠤᠭᠴᠢ

   2023 ᠣᠨ ᠤ᠋ 2 ᠰᠠᠷ᠎ᠠ ᠶ᠋ᠢᠨ 2 ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠠ᠋ᠴᠠ ᠨᠠᠮ ᠤ᠋ᠨ ᠤᠳᠤᠷᠢᠳᠬᠤ ᠳᠤᠭᠤᠢᠯᠠᠩ ᠤ᠋ᠨ ᠣᠨᠣᠯ ᠰᠤᠷᠤᠯᠴᠠᠬᠤ ᠭᠣᠣᠯ ᠳᠤᠭᠤᠢᠯᠠᠩ  2023 ᠣᠨ ᠤ᠋ 5 ᠳ᠋ᠤᠭᠠᠷ ᠤᠳᠠᠭ᠎ᠠ ᠶ᠋ᠢᠨ ( ᠥᠷᠭᠡᠳᠬᠡᠭᠰᠡᠨ )ᠬᠤᠷᠠᠯ ᠢ᠋ ᠬᠤᠷᠠᠯᠳᠤᠭᠤᠯᠤᠭᠰᠠᠨ ᠪᠠᠢᠨ᠎ᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠂ ᠭᠡᠷ ᠲᠡᠭᠡᠨ ᠪᠠᠢᠭ᠎ᠠ ᠤᠳᠤᠷᠢᠳᠬᠤ ᠪᠠᠭ ᠤ᠋ᠨ ᠪᠦᠷᠢᠯᠳᠦᠬᠦᠨ ᠵᠢᠴᠢ ᠡᠯ᠎ᠡ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠬᠤᠷᠠᠯ ᠳ᠋ᠤ᠌ ᠣᠷᠣᠯᠴᠠᠵᠠᠢ ᠃

 

 

   ᠬᠤᠷᠠᠯ ᠨᠢ ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠴᠢᠨ ᠢ᠋ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠵᠡᠷᠭᠡ ᠶᠡᠬᠡ ᠬᠤᠷᠠᠯ ᠤ᠋ᠨ ᠵᠣᠷᠢᠭ ᠰᠠᠨᠠᠭ᠎ᠠ ᠂ ᠪᠦᠬᠦ ᠬᠣᠲᠠ ᠶ᠋ᠢᠨ ᠬᠤᠳᠠᠯᠳᠤᠭᠠᠴᠢᠨ ᠢ᠋ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠵᠢᠴᠢ ᠠᠵᠤ ᠦᠢᠯᠡᠳᠪᠦᠷᠢ ᠶ᠋ᠢᠨ ᠠᠵᠤ ᠠᠬᠤᠢ ᠶ᠋ᠢᠨ ᠴᠢᠨᠠᠷ ᠰᠠᠢᠲᠠᠢ ᠬᠥᠭᠵᠢᠯᠲᠡ ᠶ᠋ᠢᠨ ᠶᠡᠬᠡ ᠬᠤᠷᠠᠯ ᠤ᠋ᠨ ᠵᠣᠷᠢᠭ ᠰᠠᠨᠠᠭ᠎ᠠ ᠂ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠤᠯᠠᠮᠵᠢᠯᠠᠨ ᠰᠤᠷᠤᠯᠴᠠᠭᠰᠠᠨ ᠪᠠᠢᠨ᠎ᠠ ᠃ ᠬᠣᠲᠠ ᠶ᠋ᠢᠨ ᠨᠠᠮ ᠤ᠋ᠨ ᠬᠣᠷᠢᠶᠠᠨ ᠤ᠋ ᠵᠣᠬᠢᠶᠠᠨ ᠪᠠᠢᠭᠤᠯᠬᠤ ᠺᠠᠲ᠋ᠷ ᠤ᠋ᠨ ᠲᠤᠰᠢᠶᠠᠯ ᠡᠭᠦᠷᠭᠡᠯᠡᠬᠦ ᠲᠣᠭᠲᠠᠭᠠᠯ ᠢ᠋ ᠨᠡᠢᠲᠡᠯᠡᠨ ᠂ ᠲᠤᠰᠢᠶᠠᠯ ᠡᠭᠦᠷᠭᠡᠯᠡᠬᠦ ᠺᠠᠲ᠋ᠷ ᠣᠪᠣᠷ ᠢ᠋ᠶ᠋ᠠᠨ ᠢᠯᠡᠳᠬᠡᠭᠰᠡᠨ ᠪᠠ 《ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ < ᠬᠠᠤᠯᠢ ᠴᠠᠭᠠᠵᠠ ᠶ᠋ᠢᠨ ᠬᠡᠪ ᠴᠢᠨᠠᠷ ᠢ᠋ ᠳᠡᠭᠡᠭᠰᠢᠯᠡᠭᠦᠯᠬᠦ ᠣᠨ > ᠤ᠋ ᠠᠵᠢᠯᠯᠠᠭᠠᠨ ᠤ᠋ ᠬᠡᠷᠡᠭᠵᠢᠭᠦᠯᠬᠦ ᠲᠥᠰᠦᠯ 》 ᠵᠢᠴᠢ ᠲᠥᠷᠥᠯ ᠵᠦᠢᠯ ᠬᠤᠪᠢᠶᠠᠭᠰᠠᠨ ᠠᠵᠢᠯ ᠤ᠋ᠨ ᠲᠥᠰᠦᠯ ᠢ᠋ ᠰᠤᠳᠤᠯᠤᠨ ᠬᠢᠨᠠᠨ ᠵᠥᠪᠯᠡᠵᠡᠢ ᠃
    ᠬᠤᠷᠠᠯ᠎ᠠ᠋ᠴᠠ ᠂ ᠨᠢᠭᠡ ᠳ᠋ᠦ᠍ ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠢᠷᠡᠭᠦᠯᠵᠦ ᠂ ᠤᠯᠤᠰ ᠲᠥᠷᠥ ᠶ᠋ᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ ᠃ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ 2023 ᠣᠨ ᠤ᠋ ᠳᠣᠯᠣᠭᠠᠨ ᠶᠡᠬᠡ ᠢᠨᠵᠧᠨᠧᠷᠢᠩ ᠦ᠋ᠨ ᠡᠯ᠎ᠡ ᠵᠦᠢᠯ ᠦ᠋ᠨ ᠠᠵᠢᠯ ᠢ᠋ ᠪᠦᠬᠦ ᠬᠦᠴᠦᠨ ᠢ᠋ᠶ᠋ᠡᠷ ᠰᠠᠢᠲᠤᠷ ᠬᠢᠵᠦ ᠂ ᠬᠠᠮᠵᠢᠯᠴᠠᠭ᠎ᠠ ᠪᠠᠨ ᠴᠢᠩᠭᠠᠳᠬᠠᠵᠤ ᠂ ᠲᠥᠷᠥᠯ ᠵᠦᠢᠯ ᠦ᠋ᠨ ᠪᠣᠳᠠᠲᠠᠢ ᠰᠠᠢᠨ ᠬᠢᠬᠦ ᠶ᠋ᠢ ᠲᠦᠯᠬᠢᠨ ᠠᠬᠢᠭᠤᠯᠬᠤ ᠬᠡᠷᠡᠭᠲᠡᠢ ︔ ᠬᠤᠷᠠᠯ ᠤ᠋ᠨ ᠵᠣᠷᠢᠭ ᠰᠠᠨᠠᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠬᠤ ᠵᠢᠴᠢ ᠨᠠᠮ ᠤ᠋ᠨ ᠬᠣᠷᠢᠳᠤᠭᠠᠷ ᠶᠡᠬᠡ ᠬᠤᠷᠠᠯ ᠂ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠂ ᠬᠣᠲᠠ ᠶ᠋ᠢᠨ ᠨᠠᠮ ᠤ᠋ᠨ ᠬᠣᠷᠢᠶᠠᠨ ᠤ᠋ ᠠᠵᠤ ᠠᠬᠤᠢ ᠶ᠋ᠢᠨ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠤᠨ ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠵᠦ ᠠᠵᠢᠯ ᠤ᠋ᠨ ᠴᠢᠬᠤᠯᠠ ᠴᠢᠨᠠᠷ ᠢ᠋ ᠭᠦᠨᠵᠡᠭᠡᠢ ᠲᠠᠨᠢᠨ ᠂ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ 《 ᠦᠢᠯᠡᠴᠢᠯᠡᠭᠡ ᠶ᠋ᠢ ᠰᠢᠯᠢᠳᠡᠭᠵᠢᠭᠦᠯᠬᠦ ᠂ ᠲᠡᠷᠢᠭᠦᠨ ᠵᠡᠷᠭᠡ ᠶ᠋ᠢᠨ ᠦᠢᠯᠡᠴᠢᠯᠡᠭᠡ ᠶ᠋ᠢ ᠡᠭᠦᠳᠬᠦ 》 ᠢᠨᠵᠧᠨᠧᠷᠢᠩ ᠢ᠋ ᠪᠦᠬᠦ ᠲᠠᠯ᠎ᠠ ᠪᠠᠷ ᠥᠷᠨᠢᠭᠦᠯᠵᠦ ᠂ ᠰᠠᠢᠨ ᠰᠠᠢᠬᠠᠨ ᠬᠠᠤᠯᠢ ᠴᠠᠭᠠᠵᠠ ᠶ᠋ᠢᠨ ᠰᠤᠷᠲᠠᠯ ᠪᠠ ᠵᠢᠷᠤᠮᠵᠢᠭᠰᠠᠨ ᠬᠠᠤᠯᠢ ᠴᠠᠭᠠᠵᠠ ᠶ᠋ᠢᠨ ᠠᠵᠢᠯᠯᠠᠭ᠎ᠠ ᠪᠠᠷ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠤ᠋ ᠪᠦᠲᠦᠭᠡᠨ ᠪᠠᠢᠭᠤᠯᠤᠯᠲᠠ ᠶ᠋ᠢ ᠳᠠᠬᠢᠨ ᠳᠡᠭᠡᠭᠰᠢᠯᠡᠭᠦᠯᠬᠦ ᠪᠡᠷ ᠪᠠᠷᠠᠬᠤ ᠦᠭᠡᠢ ᠳᠠᠬᠢᠨ ᠳᠠᠪᠰᠢᠬᠦ ᠶ᠋ᠢ ᠠᠬᠢᠭᠤᠯᠬᠤ ᠬᠡᠷᠡᠭᠲᠡᠢ ᠭᠡᠰᠡᠨ ᠪᠠᠢᠨ᠎ᠠ᠃
    ᠬᠣᠶᠠᠷ ᠲᠤ᠌ ᠶᠡᠬᠡ ᠲᠠᠯ᠎ᠠ ᠶ᠋ᠢᠨ ᠦᠵᠡᠯᠲᠡ ᠶ᠋ᠢ ᠴᠢᠩᠭ᠋ᠠᠳᠬᠠᠨ ᠂ ᠪᠠᠲᠤᠯᠠᠭ᠎ᠠ ᠶ᠋ᠢᠨ ᠲᠥᠪ ᠦ᠋ᠨ ᠠᠵᠢᠯ ᠳ᠋ᠤ᠌ ᠪᠦᠬᠦ ᠬᠦᠴᠦ ᠪᠡᠷ ᠢ᠋ᠶ᠋ᠡᠨ ᠦᠢᠯᠡᠴᠢᠯᠡᠬᠦ ᠬᠡᠷᠡᠭᠲᠡᠢ ᠃ ᠠᠵᠢᠯ ᠤ᠋ᠨ ᠪᠠᠷᠠᠭᠠᠯᠠᠬᠢᠯᠠᠯ ᠤ᠋ᠨ ᠴᠢᠨᠠᠷ ᠪᠠ ᠰᠠᠨᠠᠭᠠᠴᠢᠯᠠᠭᠠᠲᠤ ᠴᠢᠨᠠᠷ ᠢ᠋ ᠨᠡᠮᠡᠭᠳᠡᠭᠦᠯᠵᠦ ᠂ ᠣᠷᠳᠣᠰ ᠬᠣᠲᠠ ᠶ᠋ᠢᠨ 《 ᠲᠠᠪᠤᠨ ᠰᠠᠨᠠᠭ᠎ᠠ 》 ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠤ᠋ ᠨᠡᠷᠡᠲᠦ ᠲᠡᠮᠳᠡᠭ ᠢ᠋ ᠡᠭᠦᠳᠦᠨ ᠂ ᠪᠦᠬᠦ ᠤᠯᠤᠰ ᠤ᠋ᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠤ᠋ ᠰᠢᠯᠢᠳᠡᠭ ᠬᠣᠲᠠ ᠶ᠋ᠢ ᠪᠦᠲᠦᠭᠡᠨ ᠪᠠᠢᠭᠤᠯᠬᠤ 》 ᠬᠠᠷᠠᠯᠲᠠ ᠶ᠋ᠢᠨ ᠲᠣᠭᠣᠷᠢᠨ ᠳ᠋ᠤ᠌ ᠂ ᠠᠷᠭ᠎ᠠ ᠪᠦᠬᠦᠨ ᠢ᠋ ᠰᠦᠪᠡᠭᠴᠢᠯᠡᠵᠦ ᠪᠠᠢᠭᠠᠳ ᠠᠵᠤ ᠠᠬᠤᠢᠯᠠᠯ ᠤ᠋ᠨ ᠬᠥᠭᠵᠢᠯᠲᠡ ᠳ᠋ᠦ᠍ ᠨᠥᠬᠥᠴᠡᠯ ᠡᠭᠦᠳᠴᠦ ᠂ ᠳᠡᠮᠵᠢᠯᠭᠡ ᠬᠠᠩᠭᠠᠬᠤ ᠬᠡᠷᠡᠭᠲᠡᠢ ᠃ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠤ᠋ᠨ ᠪᠣᠳᠠᠲᠤ ᠪᠠᠢᠳᠠᠯ ᠳ᠋ᠤ᠌ ᠰᠠᠭᠤᠷᠢᠯᠠᠨ ᠂ ᠰᠢᠭᠦᠨ ᠲᠠᠰᠤᠯᠬᠤ ᠡᠭᠦᠷᠭᠡ ᠴᠢᠳᠠᠪᠤᠷᠢ ᠪᠠᠨ ᠦᠨᠡᠨ ᠬᠦ᠌ ᠪᠠᠳᠠᠷᠠᠭᠤᠯᠵᠤ ᠂ ᠰᠢᠭᠦᠬᠦ ᠬᠣᠷᠢᠶᠠᠨ ᠤ᠋ ᠰᠢᠭᠦᠨ ᠲᠠᠰᠤᠯᠠᠨ ᠭᠦᠢᠴᠡᠳᠬᠡᠬᠦ ᠠᠵᠢᠯ ᠢ᠋ ᠨᠡᠢᠭᠡᠮ ᠦ᠋ᠨ ᠬᠥᠭᠵᠢᠯᠲᠡ ᠶ᠋ᠢᠨ ᠬᠢᠷᠢ ᠬᠡᠮᠵᠢᠶ᠎ᠡ ᠲᠡᠢ ᠵᠣᠬᠢᠴᠠᠭᠤᠯᠤᠨ ᠂ ᠬᠠᠷᠢᠯᠴᠠᠨ ᠵᠣᠬᠢᠴᠠᠭᠤᠯᠬᠤ ᠬᠡᠷᠡᠭᠲᠡᠢ ᠭᠡᠰᠡᠨ ᠪᠠᠢᠨ᠎ᠠ᠃
    ᠭᠤᠷᠪᠠ ᠳ᠋ᠤ᠌ ᠂ ᠲᠥᠪ ᠢ᠋ ᠰᠠᠬᠢᠬᠤ ᠪᠠ ᠰᠢᠨ᠎ᠡ ᠶ᠋ᠢ ᠡᠭᠦᠳᠬᠦ ᠶ᠋ᠢ ᠪᠠᠷᠢᠮᠲᠠᠯᠠᠨ ᠂ ᠣᠷᠳᠣᠰ ᠤ᠋ᠨ ᠰᠢᠭᠦᠬᠦ ᠬᠣᠷᠢᠶ᠎ᠠ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠨᠡᠷᠡᠲᠦ ᠲᠡᠮᠳᠡᠭ ᠢ᠋ ᠴᠢᠷᠮᠠᠢᠨ ᠡᠭᠦᠳᠦᠨ᠎ᠡ ᠃ ᠬᠠᠤᠯᠢᠵᠢᠭᠰᠠᠨ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠢ᠋ ᠰᠢᠯᠢᠳᠡᠭᠵᠢᠭᠦᠯᠬᠦ ᠪᠠ 《 ᠣᠯᠠᠨ ᠲᠦᠮᠡᠨ ᠳ᠋ᠦ᠍ ᠪᠣᠳᠠᠲᠤ ᠶᠠᠪᠤᠳᠠᠯ ᠬᠢᠵᠦ ᠥᠭᠬᠦ 》 ᠵᠢᠱ᠌ᠢᠶ᠎ᠡ ᠦᠵᠡᠭᠦᠯᠬᠦ ᠰᠢᠭᠦᠬᠦ ᠬᠣᠷᠢᠶ᠎ᠠ ᠶ᠋ᠢ ᠤᠶᠠᠯᠳᠤᠭᠤᠯᠵᠤ ᠂ ᠭᠣᠣᠯᠳᠠᠯᠭ᠎ᠠ ᠲᠠᠢ ᠰᠢᠪᠲᠤᠯᠤᠯᠲᠠ ᠬᠢᠵᠦ ᠰᠢᠰᠲ᠋ᠧᠮ᠎ᠡᠴᠡ ᠲᠥᠪᠯᠡᠷᠡᠭᠦᠯᠦᠨ ᠥᠷᠭᠡᠳᠬᠡᠬᠦ ᠶ᠋ᠢ ᠠᠬᠢᠭᠤᠯᠤᠨ ᠂ ᠨᠢᠭᠡ ᠪᠦᠯᠦᠭ ᠲᠣᠯᠢᠳᠠᠵᠤ ᠪᠣᠯᠬᠤ ᠂ ᠬᠠᠭᠤᠯᠪᠤᠷᠢᠯᠠᠵᠤ ᠪᠣᠯᠬᠤ ᠂ ᠳᠡᠯᠭᠡᠷᠡᠭᠦᠯᠵᠦ ᠪᠣᠯᠬᠤ ᠲᠤᠷᠰᠢᠯᠭ᠎ᠠ ᠠᠷᠭ᠎ᠠ ᠪᠠᠷᠢᠯ ᠢ᠋ ᠰᠦᠪᠡᠭᠴᠢᠯᠡᠨ ᠪᠦᠷᠢᠯᠳᠦᠭᠦᠯᠬᠦ ᠪᠡᠷ ᠪᠠᠷᠠᠬᠤ ᠦᠭᠡᠢ ᠪᠣᠳᠠᠲᠤ ᠠᠵᠢᠯᠯᠠᠭ᠎ᠠ ᠪᠠᠷ ᠢ᠋ᠶ᠋ᠠᠨ ᠤᠷᠢᠶ᠎ᠠ ᠫᠠᠢᠰᠠ ᠲᠡᠮᠳᠡᠭ ᠢ᠋ ᠭᠢᠯᠠᠷᠠᠭᠤᠯᠤᠨ ᠂ ᠬᠠᠤᠯᠢᠵᠢᠯ ᠢ᠋ᠶ᠋ᠠᠷ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠤ᠋ ᠬᠠᠮᠤᠭ ᠬᠠᠲᠠᠭᠤ ᠴᠢᠩᠭ᠎ᠠ ᠳᠣᠲᠣᠭᠠᠳᠤ ᠴᠥᠮ᠎ᠡ ᠪᠣᠯᠭᠠᠬᠤ ᠬᠡᠷᠡᠭᠲᠡᠢ ᠭᠡᠰᠡᠨ ᠪᠠᠢᠨ᠎ᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )