2900 ᠲᠦᠮᠡᠨ ᠲᠥᠭᠥᠷᠢᠭ ᠦ᠋ᠨ ᠪᠡᠯᠡᠨ ᠮᠥᠩᠭᠥ ᠶ᠋ᠢ ᠭᠦᠢᠴᠡᠳᠬᠡᠨ ᠲᠣᠬᠢᠷᠠᠭᠤᠯᠪᠠ ᠃ ᠴᠢᠩ ᠰᠡᠳᠬᠢᠯ ᠡᠴᠡ ᠪᠡᠨ ᠭᠦᠢᠴᠡᠳᠬᠡᠵᠦ ᠵᠣᠭᠣᠰᠤᠨ ᠤ᠋ ᠨᠠᠢᠳᠠᠪᠤᠷᠢᠵᠢᠭᠤᠯᠤᠯᠲᠠ ᠶ᠋ᠢ ᠠᠬᠢᠭᠤᠯᠵᠤ᠂ ᠬᠡᠷᠡᠭ ᠦ᠋ᠨ ᠵᠣᠭᠣᠰ ᠣᠷᠣᠨ ᠳ᠋ᠠᠭᠠᠨ ᠬᠦᠷᠴᠦ ᠬᠡᠮᠡᠷᠯᠢᠭ ᠲᠤᠭ ᠬᠦᠷᠭᠡᠪᠡ
2023.02.17 ᠲᠣᠰ ᠥᠷᠲᠡᠭᠡᠨ᠎ᠦ ᠨᠠᠢᠷᠠᠭᠤᠯᠤᠭᠴᠢ

    2 ᠰᠠᠷ᠎ᠠ ᠶ᠋ᠢᠨ 8 ᠤ᠋ ᠡᠳᠦᠷ ᠂ ᠡᠵᠡᠨ ᠬᠣᠷᠣᠭ᠎ᠠ ᠶ᠋ᠢᠨ ᠲᠠᠷᠢᠶᠠᠯᠠᠩ ᠤ᠋ᠨ ᠬᠤᠳᠠᠯᠳᠤᠭᠠᠨ ᠤ᠋ ᠪᠠᠩᠬᠢ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠭᠦᠢᠴᠡᠳᠬᠡᠬᠦ ᠲᠣᠪᠴᠢᠶ᠎ᠠ ᠳ᠋ᠤ᠌ 《 ᠥᠨᠳᠥᠷ ᠪᠦᠲᠦᠮᠵᠢᠲᠡᠢ ᠴᠢᠬᠡᠴᠢ ᠢᠯᠡ ᠪᠡᠷ ᠮᠥᠩᠭᠥᠨ ᠭᠦᠢᠯᠭᠡᠭᠡᠨ ᠦ᠌ ᠠᠮᠤᠷ ᠲᠣᠭᠲᠠᠭᠤᠨ ᠢ᠋ ᠬᠠᠮᠠᠭᠠᠯᠠᠵᠤ ᠂ ᠲᠥᠪ ᠴᠢᠬᠡᠴᠢ ᠰᠤᠷᠲᠠᠯ ᠲᠠᠢ ᠪᠠᠷ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ 》 ᠬᠡᠮᠡᠷᠯᠢᠭ ᠲᠤᠭ ᠢ᠋ ᠬᠦᠷᠭᠡᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠭᠦᠢᠴᠡᠳᠬᠡᠬᠦ ᠲᠣᠪᠴᠢᠶ᠎ᠠ ᠶ᠋ᠢᠨ ᠬᠠᠮᠤᠭ ᠤ᠋ᠨ ᠣᠬᠣᠷ ᠬᠤᠭᠤᠴᠠᠭᠠᠨ ᠳ᠋ᠤ᠌ ᠲᠡᠭᠦᠨ ᠦ᠌ ᠭᠦᠢᠴᠡᠳᠬᠡᠵᠦ ᠦᠭᠭᠦᠭᠰᠡᠨ ᠪᠡᠯᠡᠨ ᠵᠣᠭᠣᠰ 2900 ᠲᠦᠮᠡᠨ ᠲᠥᠭᠥᠷᠢᠭ ᠬᠦᠷᠴᠦ ᠪᠣᠳᠠᠲᠠᠢᠵᠢᠭᠤᠯᠬᠤ ᠶ᠋ᠢᠨ ᠬᠠᠮᠲᠤ ᠣᠯᠭᠣᠭᠰᠠᠨ ᠳ᠋ᠤ᠌ ᠲᠠᠯᠠᠷᠬᠠᠪᠠ ᠃

    ᠣᠢᠷ᠎ᠠ ᠶ᠋ᠢᠨ ᠵᠢᠯ ᠡᠴᠡ ᠨᠡᠰᠢ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠮᠥᠩᠭᠥᠨ ᠭᠦᠢᠯᠭᠡᠭᠡᠨ ᠦ᠌ ᠡᠷᠡᠭᠦᠯ ᠪᠤᠰᠤ ᠵᠢᠭᠡᠯᠡᠯᠭᠡ ᠂ ᠬᠤᠭᠤᠴᠠᠭ᠎ᠠ ᠨᠢ ᠬᠡᠲᠦᠷᠡᠭᠰᠡᠨ ᠵᠢᠭᠡᠯᠡᠯᠭᠡ ᠶ᠋ᠢᠨ ᠲᠥᠷᠥᠯ ᠦ᠋ᠨ ᠬᠡᠷᠡᠭ ᠲᠦ᠍ ᠬᠣᠯᠪᠣᠭᠳᠠᠭᠰᠠᠨ ᠬᠡᠷᠡᠭ ᠦ᠋ᠨ ᠪᠠᠢᠳᠠᠯ ᠪᠤᠳᠤᠯᠢᠶᠠᠨᠲᠠᠢ ᠂ ᠬᠡᠷᠡᠭ ᠲᠦ᠍ ᠬᠣᠯᠪᠣᠭᠳᠠᠭᠰᠠᠨ ᠭᠦᠢᠴᠡᠳᠬᠡᠬᠦ ᠬᠠᠷᠠᠯᠲᠠ ᠶᠡᠬᠡ ᠂ ᠭᠦᠢᠴᠡᠳᠬᠡᠬᠦ ᠬᠥᠮᠦᠨ ᠦ᠌ ᠲᠣᠭ᠎ᠠ ᠣᠯᠠᠨ ᠵᠡᠷᠭᠡ ᠪᠣᠳᠠᠲᠤ ᠠᠰᠠᠭᠤᠳᠠᠯ ᠳ᠋ᠤ᠌ ᠴᠢᠭᠯᠡᠭᠦᠯᠦᠨ ᠂ ᠭᠦᠢᠴᠡᠳᠬᠡᠬᠦ ᠬᠦᠴᠦᠯᠡᠴᠡ ᠪᠡᠨ ᠲᠠᠰᠤᠷᠠᠯᠲᠠ ᠦᠭᠡᠢ ᠴᠢᠩᠭᠠᠳᠬᠠᠵᠤ ᠂ ᠬᠦᠴᠦᠨ ᠲᠡᠢ ᠪᠣᠯᠤᠭᠰᠠᠨ ᠰᠢᠭᠦᠨ ᠲᠠᠰᠤᠯᠤᠯᠲᠠ ᠶ᠋ᠢᠨ ᠡᠭᠦᠷᠭᠡ ᠶ᠋ᠢ ᠭᠦᠢᠴᠡᠳᠬᠡᠬᠦ ᠶ᠋ᠢ ᠲᠡᠪᠴᠢᠭᠰᠡᠨ ᠭᠦᠢᠴᠡᠳᠬᠡᠭᠳᠡᠭᠴᠢ ᠂ ᠡᠯ᠎ᠡ ᠵᠦᠢᠯ ᠦ᠋ᠨ ᠭᠦᠢᠴᠡᠳᠬᠡᠬᠦ ᠠᠷᠭ᠎ᠠ ᠪᠠᠷᠢᠯ ᠢ᠋ ᠬᠡᠷᠡᠭᠯᠡᠵᠦ ᠂ ᠢᠲᠡᠭᠡᠯ ᠢ᠋ᠶ᠋ᠡᠨ ᠠᠯᠳᠠᠭᠰᠠᠨ ᠠᠵᠢᠯᠯᠠᠭ᠎ᠠ ᠶ᠋ᠢ ᠵᠠᠯᠬᠠᠭᠠᠨ ᠴᠡᠭᠡᠷᠯᠡᠭᠦᠯᠬᠦ ᠂ ᠬᠠᠤᠯᠢ ᠴᠠᠭᠠᠵᠠ ᠪᠠᠷ ᠲᠦᠷ ᠬᠣᠷᠢᠬᠤ ᠵᠡᠷᠭᠡ ᠠᠯᠪᠠᠳᠠᠯᠭ᠎ᠠ ᠶ᠋ᠢᠨ ᠠᠷᠭ᠎ᠠ ᠬᠡᠮᠵᠢᠶ᠎ᠡ ᠶ᠋ᠢ ᠭᠦᠢᠴᠡᠳ ᠬᠡᠷᠡᠭᠯᠡᠵᠦ ᠂ ᠭᠦᠢᠴᠡᠳᠬᠡᠭᠳᠡᠭᠴᠢ ᠶ᠋ᠢ ᠡᠭᠦᠷᠭᠡ ᠪᠡᠨ ᠭᠦᠢᠴᠡᠳᠬᠡᠬᠦ ᠶ᠋ᠢ ᠱᠠᠭᠠᠷᠳᠠᠵᠤ ᠂ ᠢᠲᠡᠭᠡᠯ ᠠᠯᠳᠠᠭᠰᠠᠨ ᠭᠦᠢᠴᠡᠳᠬᠡᠭᠳᠡᠭᠴᠢ ᠶ᠋ᠢ ᠴᠦ᠍ ᠨᠢᠭᠤᠬᠤ ᠭᠠᠵᠠᠷ ᠦᠭᠡᠢ ᠪᠣᠯᠭᠠᠪᠠ ︔ ᠲᠣᠣᠷ ᠰᠦᠯᠵᠢᠶᠡᠨ ᠦ᠌ ᠰᠢᠨᠵᠢᠯᠡᠬᠦ ᠤᠬᠠᠭᠠᠨ ᠮᠡᠷᠭᠡᠵᠢᠯ ᠦ᠋ᠨ ᠠᠷᠭ᠎ᠠ ᠪᠠᠷᠢᠯ ᠢ᠋ ᠭᠦᠢᠴᠡᠳ ᠠᠰᠢᠭᠯᠠᠨ ᠭᠦᠢᠴᠡᠳᠬᠡᠭᠳᠡᠭᠴᠢ ᠶ᠋ᠢᠨ ᠨᠡᠷ᠎ᠡ ᠳᠡᠭᠡᠷᠡᠬᠢ ᠡᠳ᠋ ᠬᠥᠷᠥᠩᠭᠡ ᠶ᠋ᠢ ᠦᠳᠲᠡᠷ ᠲᠦᠷᠭᠡᠨ ᠪᠠᠢᠴᠠᠭᠠᠨ ᠡᠵᠡᠮᠳᠡᠵᠦ ᠂ ᠬᠡᠷᠡᠭ ᠲᠦ᠍ ᠬᠣᠯᠪᠣᠭᠳᠠᠭᠰᠠᠨ ᠬᠠᠷᠠᠯᠲᠠ ᠡᠳ᠋ ᠢ᠋ ᠴᠠᠭ ᠲᠤᠬᠠᠢ ᠳ᠋ᠤᠨᠢ ᠰᠢᠢᠳᠪᠦᠷᠢᠯᠡᠵᠦ ᠂ ᠮᠥᠩᠭᠥᠨ ᠭᠦᠢᠯᠭᠡᠭᠡᠨ ᠦ᠌ ᠪᠠᠢᠭᠤᠯᠤᠮᠵᠢ ᠶ᠋ᠢᠨ ᠬᠠᠤᠯᠢ ᠶᠣᠰᠣᠨ ᠤ᠋ ᠮᠥᠩᠭᠥᠨ ᠭᠦᠢᠯᠭᠡᠭᠡᠨ ᠦ᠌ ᠠᠪᠴᠠᠭᠠᠨ ᠤ᠋ ᠡᠷᠬᠡ ᠶ᠋ᠢ ᠬᠠᠤᠯᠢ ᠶᠣᠰᠣᠭᠠᠷ ᠬᠠᠮᠠᠭᠠᠯᠠᠨ᠎ᠠ ᠃

    ᠳᠠᠷᠠᠭᠠᠴᠢ ᠶ᠋ᠢᠨ ᠠᠯᠬᠤᠮ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠠᠤᠯᠢ ᠬᠡᠷᠡᠭᠵᠢᠭᠦᠯᠬᠦ ᠡᠭᠦᠷᠭᠡ ᠴᠢᠳᠠᠪᠬᠢ ᠪᠠᠨ ᠨᠡᠩ ᠰᠠᠢᠨ ᠪᠠᠳᠠᠷᠠᠭᠤᠯᠵᠤ ᠂ ᠮᠥᠩᠭᠥᠨ ᠭᠦᠢᠯᠭᠡᠭᠡᠨ ᠦ᠌ ᠭᠦᠢᠴᠡᠳᠬᠡᠬᠦ ᠠᠵᠢᠯ ᠢ᠋ ᠴᠢᠩᠭᠠᠳᠬᠠᠵᠤ ᠂ ᠨᠡᠩ ᠪᠣᠳᠠᠲᠠᠢ ᠠᠵᠢᠯ ᠬᠢᠬᠦ ᠣᠪᠣᠷ ᠰᠤᠷᠲᠠᠯ ᠂ ᠨᠡᠩ ᠣᠯᠠᠨ ᠡᠷᠴᠢᠮᠲᠡᠢ ᠠᠷᠭ᠎ᠠ ᠬᠡᠮᠵᠢᠶ᠎ᠡ ᠪᠡᠷ ᠮᠥᠩᠭᠥᠨ ᠭᠦᠢᠯᠭᠡᠭᠡᠨ ᠦ᠌ ᠡᠮᠬᠢ ᠳᠢᠭᠯᠢᠮ ᠢ᠋ ᠲᠣᠭᠲᠠᠪᠤᠷᠢᠵᠢᠭᠤᠯᠬᠤ ᠂ ᠮᠥᠩᠭᠥᠨ ᠭᠦᠢᠯᠭᠡᠭᠡᠨ ᠦ᠌ ᠲᠦᠭᠰᠢᠭᠦᠷᠢ ᠶ᠋ᠢ ᠰᠡᠷᠭᠡᠢᠯᠡᠨ ᠠᠷᠢᠯᠭᠠᠬᠤ ᠳ᠋ᠤ᠌ ᠬᠦᠴᠦᠨ ᠲᠡᠭᠦᠯᠳᠡᠷ ᠬᠠᠤᠯᠢ ᠴᠠᠭᠠᠵᠠ ᠶ᠋ᠢᠨ ᠦᠢᠯᠡᠴᠢᠯᠡᠭᠡ ᠬᠠᠩᠭᠠᠵᠤ ᠂ ᠣᠷᠳᠣᠰ ᠬᠣᠲᠠ ᠶ᠋ᠢᠨ ᠠᠵᠤ ᠠᠬᠤᠢ ᠨᠡᠢᠭᠡᠮ ᠦ᠋ᠨ ᠡᠶ᠎ᠡ ᠵᠣᠬᠢᠴᠠᠩᠭᠤᠢ ᠲᠣᠭᠲᠠᠭᠤᠨ ᠬᠥᠭᠵᠢᠯᠲᠡ ᠳ᠋ᠦ᠍ ᠬᠦᠴᠦᠨ ᠨᠡᠮᠡᠷᠢᠯᠡᠨ᠎ᠡ ᠃
 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )