ᠬᠠᠮᠲᠤ ᠶ᠋ᠢᠨ ᠲᠠᠨᠢᠯᠲᠠ ᠪᠠᠨ ᠨᠡᠩ ᠰᠠᠢᠨ ᠨᠢᠭᠲᠠᠷᠠᠭᠤᠯᠤᠨ ᠂ ᠡᠷᠴᠢ ᠵᠣᠷᠢᠭ ᠢ᠋ᠶ᠋ᠠᠨ ᠬᠥᠪᠴᠢᠯᠡᠨ ᠂ ᠪᠦᠬᠦ ᠬᠣᠲᠠ ᠶ᠋ᠢᠨ ᠰᠢᠭᠦᠬᠦ ᠬᠣᠷᠢᠶ᠎ᠠ ᠶ᠋ᠢᠨ ᠳᠠᠷᠤᠭ᠎ᠠ ᠨᠠᠷ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠪᠦᠬᠦ ᠲᠠᠯ᠎ᠠ ᠪᠠᠷ ᠲᠤᠤᠱᠯᠠᠭᠤᠯᠤᠨ ᠨᠠᠢᠳᠠᠪᠤᠷᠢᠵᠢᠭᠤᠯᠵᠤ ᠂ 《 ᠳᠣᠯᠣᠭᠠᠨ ᠶᠡᠬᠡ ᠢᠨᠵᠧᠨᠧᠷᠢᠩ 》 ᠦ᠋ᠨ ᠡᠯ᠎ᠡ ᠲᠥᠷᠥᠯ ᠦ᠋ᠨ ᠠᠵᠢᠯ ᠤ᠋ᠨ ᠡᠭᠦᠷᠭᠡ ᠶ᠋ᠢ ᠪᠣᠳᠠᠲᠠᠢᠵᠢᠭᠤᠯᠤᠨ ᠨᠠᠢᠳᠠᠪᠤᠷᠢᠵᠢᠭᠤᠯᠬᠤ ᠶ᠋ᠢ ᠠᠬᠢᠭᠤᠯᠬᠤ ᠶ᠋ᠢᠨ ᠲᠥᠯᠥᠭᠡ ᠂ 2 ᠰᠠᠷ᠎ᠠ ᠶ᠋ᠢᠨ 7 ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠦᠬᠦ ᠬᠣᠲᠠ ᠶ᠋ᠢᠨ ᠰᠢᠭᠦᠬᠦ ᠬᠣᠷᠢᠶ᠎ᠠ ᠶ᠋ᠢᠨ ᠬᠣᠷᠢᠶᠠᠨ ᠳᠠᠷᠤᠭ᠎ᠠ ᠶ᠋ᠢᠨ ᠰᠠᠭᠤᠳᠠᠯ ᠤ᠋ᠨ ᠬᠤᠷᠠᠯ ᠬᠢᠪᠡ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠳᠠᠷᠤᠭ᠎ᠠ ᠂ ᠬᠠᠮᠢᠶ᠎ᠠ ᠪᠦᠬᠦᠢ ᠭᠠᠵᠠᠷ ᠤ᠋ᠨ ᠳᠡᠰ ᠦ᠋ᠨ ᠺᠠᠲ᠋ᠷ ᠵᠢᠴᠢ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠡᠯ᠎ᠡ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠬᠤᠷᠠᠯ ᠳ᠋ᠤ᠌ ᠣᠷᠣᠯᠴᠠᠵᠠᠢ ᠃
ᠬᠤᠷᠠᠯ ᠳᠡᠭᠡᠷ᠎ᠡ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠬᠣᠷᠢᠶᠠᠨ ᠳᠠᠷᠤᠭ᠎ᠠ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠪᠠᠷ ᠭᠣᠣᠯᠯᠠᠭᠤᠯᠤᠨ ᠂ ᠳᠠᠷᠤᠢ ᠠᠵᠢᠯ ᠢ᠋ᠶ᠋ᠠᠨ ᠲᠤᠳᠤᠷᠤᠭᠤᠯᠵᠤ ᠂ ᠣᠷᠣᠰᠢᠵᠤ ᠪᠠᠢᠭ᠎ᠠ ᠠᠰᠠᠭᠤᠳᠠᠯ ᠪᠠ ᠳᠠᠷᠠᠭ᠎ᠠ ᠠᠯᠬᠤᠮ ᠤ᠋ᠨ ᠠᠵᠢᠯ ᠤ᠋ᠨ ᠰᠡᠳᠬᠢᠮᠵᠢ ᠶ᠋ᠢᠨ ᠲᠤᠬᠠᠢ ᠰᠠᠨᠠᠯ ᠢ᠋ᠶ᠋ᠠᠨ ᠰᠣᠯᠢᠯᠴᠠᠵᠤ ᠶᠠᠷᠢᠶ᠎ᠠ ᠲᠠᠯᠪᠢᠪᠠ ︔ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠡᠯ᠎ᠡ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠪᠠᠰᠠ ᠰᠠᠯᠠᠭ᠎ᠠ ᠮᠥᠴᠢᠷ ᠦ᠋ᠨ ᠬᠠᠮᠵᠢᠯᠴᠠᠭ᠎ᠠ ᠶ᠋ᠢ ᠴᠢᠩᠭᠠᠳᠬᠠᠬᠤ ᠲᠤᠬᠠᠢ ᠰᠣᠯᠢᠯᠴᠠᠭ᠎ᠠ ᠬᠢᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠡᠯ᠎ᠡ ᠬᠤᠪᠢᠳᠠᠨ ᠬᠠᠮᠢᠶᠠᠷᠬᠤ ᠤᠳᠤᠷᠢᠳᠤᠯᠭ᠎ᠠ ᠥᠪᠡᠷ ᠥᠪᠡᠷ ᠦ᠋ᠨ ᠬᠦᠷᠢᠶ᠎ᠡ ᠬᠡᠪᠴᠢᠶᠡᠨ ᠦ᠌ ᠪᠡᠨ ᠠᠵᠢᠯ ᠤ᠋ᠨ ᠲᠤᠬᠠᠢ ᠭᠣᠣᠯᠳᠠᠯᠭ᠎ᠠ ᠲᠠᠢ ᠴᠢᠬᠤᠯᠠᠴᠢᠯᠠᠪᠠ ᠃
ᠬᠤᠷᠠᠯᠠ᠋ᠴᠠ ᠴᠢᠩᠭᠠᠳᠬᠠᠭᠰᠠᠨ ᠨᠢ ᠂ ᠬᠢᠨ᠎ᠡ ᠭᠡᠪᠡᠯ ᠬᠢᠵᠦ ᠂ ᠲᠦᠷᠭᠡᠨ ᠬᠥᠳᠡᠯᠦᠯᠴᠡᠬᠦ ᠬᠡᠷᠡᠭᠲᠡᠢ ᠃ 《 ᠠᠪᠤᠭᠠᠢ ᠡᠷᠲᠡ ᠪᠣᠰᠤᠭᠰᠠᠨ ᠨᠢ ᠨᠡᠩ ᠡᠷᠲᠡ ᠶᠠᠪᠤᠭᠴᠢ ᠲᠠᠢ 》 ᠂ ᠣᠳᠣᠬᠢ ᠱᠠᠲᠤ ᠪᠣᠯ ᠶᠠᠭ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ 《 ᠳᠡᠰ ᠳᠡᠪᠰᠢᠭᠦᠯᠬᠦ 》 ᠂ ᠴᠢᠨᠠᠷ ᠰᠠᠢᠲᠠᠢ ᠬᠥᠭᠵᠢᠯᠲᠡ ᠶ᠋ᠢᠨ ᠵᠠᠩᠭᠢᠯᠠᠭ᠎ᠠ ᠶ᠋ᠢᠨ ᠴᠠᠭ ᠦᠶ᠎ᠡ ᠪᠠᠢᠵᠤ ᠂ ᠦᠳᠲᠡᠷ ᠲᠦᠷᠭᠡᠨ ᠬᠥᠳᠡᠯᠦᠯᠴᠡᠵᠦ ᠂ ᠪᠠᠢᠷᠢᠯᠠᠭᠤᠯᠤᠯᠲᠠ ᠶᠣᠰᠣᠭᠠᠷ ᠬᠠᠷᠢᠭᠤᠴᠠᠯᠭ᠎ᠠ ᠡᠭᠦᠷᠭᠡᠯᠡᠭᠴᠢ ᠶ᠋ᠢ ᠲᠣᠳᠣᠷᠬᠠᠢᠯᠠᠵᠤ ᠂ ᠴᠠᠭ ᠤ᠋ᠨ ᠬᠦᠰᠦᠨᠦᠭᠲᠦ ᠭᠠᠷᠭᠠᠵᠤ ᠂ ᠲᠡᠮᠡᠴᠡᠯ ᠦ᠋ᠨ ᠳᠦᠷᠢ ᠪᠠᠢᠳᠠᠯ ᠢ᠋ᠶ᠋ᠠᠷ ᠴᠠᠭ ᠢ᠋ ᠵᠠᠪᠳᠤᠨ ᠠᠳᠬᠤᠵᠤ ᠂ ᠬᠦᠴᠦᠨ ᠢ᠋ᠶ᠋ᠡᠨ ᠵᠣᠬᠢᠶᠠᠨ ᠪᠠᠢᠭᠤᠯᠵᠤ ᠂ ᠳᠠᠢᠴᠢᠯᠠᠵᠤ ᠂ ᠪᠠᠢᠳᠠᠯ ᠢ᠋ ᠮᠡᠳᠡᠵᠦ ᠪᠠᠢᠭᠠᠳ ᠬᠥᠳᠡᠯᠭᠡᠵᠦ ᠂ ᠪᠠᠢᠳᠠᠯ ᠢ᠋ ᠮᠡᠳᠡᠵᠦ ᠪᠠᠢᠭᠠᠳ ᠠᠷᠭ᠎ᠠ ᠤᠬᠠᠭᠠᠨ ᠭᠠᠷᠭᠠᠵᠤ ᠂ ᠠᠰᠢᠭᠲᠠᠢ ᠪᠠᠢᠳᠠᠯ ᠢ᠋ ᠠᠰᠢᠭᠯᠠᠨ ᠂ ᠲᠣᠬᠢᠶᠠᠯ ᠢ᠋ ᠠᠰᠢᠭᠯᠠᠨ ᠂ ᠴᠠᠭ ᠢ᠋ ᠠᠮᠵᠢᠨ ᠂ ᠲᠣᠭᠲᠠᠭᠰᠠᠨ ᠡᠭᠦᠷᠭᠡ ᠪᠡᠨ ᠨᠢᠭᠡ ᠮᠥᠴᠡ ᠴᠦ᠍ ᠰᠠᠭᠠᠲᠠᠬᠤ ᠦᠭᠡᠢ ᠪᠡᠷ ᠤᠷᠤᠭᠰᠢᠯᠠᠭᠤᠯᠳᠠᠭ ᠶᠤᠮ ᠃
ᠬᠣᠶᠠᠷ ᠲᠤ᠌ ᠰᠢᠷᠭᠠᠭᠤ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠨ ᠂ ᠪᠦᠬᠦ ᠲᠠᠯ᠎ᠠ ᠪᠠᠷ ᠨᠠᠢᠳᠠᠪᠤᠷᠢᠵᠢᠭᠤᠯᠬᠤ ᠬᠡᠷᠡᠭᠲᠡᠢ ᠃ ᠡᠯ᠎ᠡ ᠬᠣᠷᠢᠶ᠎ᠠ ᠶ᠋ᠢᠨ 《 ᠨᠢᠭᠡᠳᠦᠭᠡᠷ ᠭᠠᠷ 》 ᠡᠷᠬᠡᠪᠰᠢ ᠳᠠᠭᠠᠭᠤᠯᠤᠭᠴᠢ ᠶ᠋ᠢᠨ ᠦᠢᠯᠡᠳᠦᠯ ᠢ᠋ᠶ᠋ᠡᠨ ᠪᠠᠳᠠᠷᠠᠭᠤᠯᠵᠤ ᠂ ᠡᠯ᠎ᠡ ᠲᠥᠷᠥᠯ ᠦ᠋ᠨ ᠠᠵᠢᠯ ᠢ᠋ᠶ᠋ᠠᠨ ᠴᠢᠩᠭ᠎ᠠ ᠠᠳᠬᠤᠵᠤ ᠂ ᠨᠠᠷᠢᠨ ᠨᠢᠮᠪᠠᠢ ᠬᠢᠵᠦ ᠪᠣᠳᠠᠲᠠᠢ ᠬᠢᠬᠦ ᠬᠡᠷᠡᠭᠲᠡᠢ ᠃ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠠᠵᠢᠯ ᠢ᠋ ᠠᠬᠢᠭᠤᠯᠬᠤ ᠭᠣᠣᠯ ᠬᠦᠴᠦᠨ ᠪᠣᠯᠤᠭᠰᠠᠨ ᠤ᠋ ᠬᠤᠪᠢ ᠳ᠋ᠤ᠌ ᠂ ᠳᠥᠭᠥᠮ ᠲᠦᠳᠡ 《 ᠬᠣᠶᠠᠳᠤᠭᠠᠷ ᠳᠠᠮᠵᠢᠭᠤᠯᠤᠭᠴᠢ 》 ᠪᠣᠯᠬᠤ ᠶᠠᠪᠤᠳᠠᠯ ᠳ᠋ᠤ᠌ ᠰᠡᠳᠬᠢᠯ ᠬᠠᠨᠵᠤ ᠪᠣᠯᠬᠤ ᠦᠭᠡᠢ ᠂ ᠯᠠᠪᠳᠠᠭᠤᠨ ᠬᠢᠨᠠᠮᠠᠭᠠᠢ ᠪᠠᠷ ᠬᠥᠭᠵᠢᠯᠲᠡ ᠶ᠋ᠢ ᠪᠣᠳᠣᠯᠬᠢᠯᠠᠨ ᠂ ᠪᠡᠶ᠎ᠡ ᠪᠡᠷ ᠢ᠋ᠶ᠋ᠡᠨ ᠬᠠᠲᠠᠭᠤᠵᠢᠯᠲᠠᠢ ᠠᠵᠢᠯᠯᠠᠵᠤ ᠂ ᠪᠡᠶ᠎ᠡ ᠪᠡᠷ ᠢ᠋ᠶ᠋ᠡᠨ ᠬᠡᠪ ᠳᠦᠷᠢᠮ ᠪᠣᠯᠵᠤ ᠂ ᠦᠯᠢᠭᠡᠷ ᠳᠠᠭᠤᠷᠢᠶᠠᠯ ᠪᠣᠯᠵᠤ ᠂ ᠰᠠᠯᠠᠭ᠎ᠠ ᠮᠥᠴᠢᠷ ᠦ᠋ᠨ ᠺᠠᠲ᠋ᠷ ᠴᠠᠭᠳᠠᠭ᠎ᠠ ᠶ᠋ᠢᠨ ᠠᠵᠢᠯ ᠤ᠋ᠨ ᠢᠳᠡᠪᠬᠢᠵᠢᠯ ᠢ᠋ ᠭᠦᠢᠴᠡᠳ ᠳᠠᠢᠴᠢᠯᠠᠬᠤ ᠬᠡᠷᠡᠭᠲᠡᠢ ᠃
ᠭᠤᠷᠪᠠ ᠳ᠋ᠤ᠌ ᠠᠵᠢᠯᠯᠠᠪᠠᠯ ᠰᠠᠢᠨ ᠬᠢᠵᠦ ᠂ ᠴᠢᠷᠮᠠᠢᠪᠠᠯ ᠠᠮᠵᠢᠯᠲᠠ ᠣᠯᠤᠨ᠎ᠠ ᠃ ᠡᠯ᠎ᠡ ᠬᠦᠷᠢᠶᠡᠯᠡᠩ ᠂ ᠡᠯ᠎ᠡ ᠰᠠᠯᠠᠭ᠎ᠠ ᠮᠥᠴᠢᠷ ᠴᠢᠨᠠᠷ ᠰᠠᠢᠲᠠᠢ ᠥᠨᠳᠥᠷ ᠪᠠᠷᠢᠮᠵᠢᠶ᠎ᠠ ᠲᠠᠢ ᠪᠠᠢᠯᠭᠠᠬᠤ ᠶ᠋ᠢ ᠬᠥᠭᠡᠭᠡᠴᠡᠯᠳᠦᠵᠦ ᠂ 《 ᠳᠣᠯᠣᠭᠠᠨ ᠶᠡᠬᠡ ᠢᠨᠵᠧᠨᠧᠷᠢᠩ 》 ᠦ᠋ᠨ ᠨᠠᠢᠳᠠᠪᠤᠷᠢᠵᠢᠭᠤᠯᠤᠯᠲᠠ ᠶ᠋ᠢ ᠪᠡᠶ᠎ᠡ ᠪᠡᠷ ᠢ᠋ᠶ᠋ᠡᠨ ᠰᠠᠢᠲᠤᠷ ᠠᠳᠬᠤᠵᠤ ᠂ ᠠᠵᠢᠯ ᠤ᠋ᠨ ᠲᠣᠬᠢᠷᠠᠭᠤᠯᠤᠯᠲᠠ ᠪᠠ ᠦᠷ᠎ᠡ ᠪᠦᠲᠦᠮᠵᠢ ᠶ᠋ᠢᠨ ᠮᠥᠷᠳᠡᠯᠲᠡ ᠪᠡᠨ ᠴᠢᠩᠭᠠᠳᠬᠠᠬᠤ ᠬᠡᠷᠡᠭᠲᠡᠢ ᠃ 《 ᠰᠡᠳᠬᠢᠬᠦᠢ ᠲᠡᠢ ᠪᠠᠢᠬᠤ 》 ᠶ᠋ᠢ ᠴᠢᠩᠭᠠᠳᠬᠠᠵᠤ ᠂ ᠰᠢᠨ᠎ᠡ ᠣᠢᠯᠠᠭᠠᠭᠳᠠᠬᠤᠨ ᠂ ᠰᠢᠨ᠎ᠡ ᠰᠡᠳᠬᠢᠴᠡ ᠂ ᠰᠢᠨ᠎ᠡ ᠠᠷᠭ᠎ᠠ ᠪᠠᠷ ᠵᠥᠷᠢᠴᠡᠯ ᠦ᠋ᠨ ᠠᠰᠠᠭᠤᠳᠠᠯ ᠢ᠋ ᠰᠢᠢᠳᠪᠦᠷᠢᠯᠡᠵᠦ ᠂ ᠠᠵᠢᠯ ᠢ᠋ᠶ᠋ᠠᠨ ᠴᠢᠷᠮᠠᠢᠨ ᠥᠪᠡᠷ ᠦ᠋ᠨ ᠣᠨᠴᠠᠯᠢᠭ ᠲᠠᠢ ᠬᠢᠵᠦ ᠂ ᠣᠨᠴᠠᠯᠢᠭ ᠭᠠᠷᠭᠠᠬᠤ ᠬᠡᠷᠡᠭᠲᠡᠢ ᠃
ᠳᠥᠷᠪᠡ ᠳ᠋ᠦ᠍ ᠂ ᠠᠷᠢᠭᠤᠨ ᠴᠢᠬᠡᠴᠢ ᠪᠡᠷ ᠠᠵᠢᠯᠯᠠᠵᠤ ᠂ ᠥᠪᠡᠷ ᠢ᠋ ᠪᠡᠨ ᠴᠢᠩᠭ᠎ᠠ ᠱᠠᠭᠠᠷᠳᠠᠬᠤ ᠬᠡᠷᠡᠭᠲᠡᠢ ᠃ ᠨᠠᠮ ᠢ᠋ ᠪᠦᠬᠦ ᠲᠠᠯ᠎ᠠ ᠪᠠᠷ ᠴᠢᠩᠭ᠎ᠠ ᠵᠠᠰᠠᠬᠤ ᠂ ᠬᠣᠷᠢᠶ᠎ᠠ ᠪᠠᠨ ᠴᠢᠩᠭ᠎ᠠ ᠵᠠᠰᠠᠬᠤ ᠂ ᠴᠢᠩᠭ᠎ᠠ ᠬᠠᠮᠢᠶᠠᠷᠬᠤ ᠪᠠᠲᠤ ᠵᠣᠷᠢᠭ ᠪᠠ ᠤᠶᠠᠨ ᠬᠠᠳᠠᠨ ᠴᠢᠨᠠᠷ ᠢ᠋ ᠢᠮᠠᠭᠲᠠ ᠪᠠᠷᠢᠮᠲᠠᠯᠠᠵᠤ ᠂ ᠲᠤᠰ ᠪᠡᠶ᠎ᠡ ᠶ᠋ᠢᠨ ᠪᠠᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ ᠂ 《 ᠡᠷᠬᠡ ᠶ᠋ᠢᠨ ᠪᠣᠭᠣᠮᠲᠠ 》 ᠂ 《 ᠨᠡᠷ᠎ᠡ ᠠᠰᠢᠭ ᠤ᠋ᠨ ᠪᠣᠭᠣᠮᠲᠠ 》 ᠪᠣᠯᠤᠨ 《 ᠪᠣᠳᠠᠰ ᠤ᠋ᠨ ᠡᠷᠬᠡ ᠶ᠋ᠢᠨ ᠪᠣᠭᠣᠮᠲᠠ 》 ᠶ᠋ᠢ ᠤᠬᠠᠮᠰᠠᠷᠠ᠋ᠴᠠ ᠪᠠᠨ ᠰᠠᠢᠲᠤᠷ ᠡᠵᠡᠮᠳᠡᠵᠦ ᠂ ᠲᠥᠪ ᠭᠣᠣᠯᠴᠢ ᠪᠡᠶ᠎ᠡ ᠪᠡᠨ ᠪᠠᠷᠢᠬᠤ ᠳᠠᠭᠤᠷᠢᠶᠠᠯ ᠪᠣᠯᠵᠤ ᠂ ᠲᠥᠪ ᠴᠢᠬᠡᠴᠢ ᠬᠡᠪ ᠰᠤᠷᠲᠠᠯ ᠲᠠᠢ ᠰᠠᠬᠢᠯᠭ᠎ᠠ ᠪᠠᠲᠤ ᠶ᠋ᠢ ᠴᠢᠩᠳᠠᠯᠠᠬᠤ ᠶ᠋ᠢ ᠪᠠᠷᠢᠮᠲᠠᠯᠠᠵᠤ ᠂ ᠲᠥᠪ ᠴᠢᠬᠡᠴᠢ ᠣᠪᠣᠷ ᠲᠥᠪ ᠴᠢᠬᠡᠴᠢ ᠤᠯᠤᠰ ᠲᠥᠷᠥ ᠶ᠋ᠢᠨ ᠠᠮᠢ ᠠᠬᠤᠢ ᠶ᠋ᠢ ᠪᠣᠢ ᠪᠣᠯᠭᠠᠨ᠎ᠠ ᠃
ᠦᠨᠡᠯᠡᠬᠦ 0ᠦᠨᠡᠯᠡᠯᠲᠡ᠎ᠲᠠᠢ