2 ᠰᠠᠷ᠎ᠠ ᠶ᠋ᠢᠨ 7 ᠤ᠋ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠰᠤᠷᠲᠠᠯ ᠴᠢᠬᠡᠴᠢ ᠵᠠᠰᠠᠭ ᠪᠠ ᠢᠯᠵᠠᠷᠠᠯ ᠢ᠋ ᠡᠰᠡᠷᠭᠦᠴᠡᠬᠦ ᠠᠵᠢᠯ ᠤ᠋ᠨ ᠬᠤᠷᠠᠯ ᠬᠤᠷᠠᠯᠳᠤᠭᠤᠯᠵᠤ ᠂ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ 2022 ᠣᠨ ᠤ᠋ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠪᠠ ᠢᠯᠵᠠᠷᠠᠯ ᠢ᠋ ᠡᠰᠡᠷᠭᠦᠴᠡᠬᠦ ᠠᠵᠢᠯ ᠢ᠋ ᠳ᠋ᠦᠩᠨᠡᠨ ᠡᠷᠭᠢᠴᠡᠭᠦᠯᠵᠦ ᠂ 2023 ᠣᠨ ᠤ᠋ ᠡᠯ᠎ᠡ ᠲᠥᠷᠥᠯ ᠦ᠋ᠨ ᠠᠵᠢᠯ ᠤ᠋ᠨ ᠡᠭᠦᠷᠭᠡ ᠶ᠋ᠢ ᠰᠤᠳᠤᠯᠤᠨ ᠪᠠᠢᠷᠢᠯᠠᠭᠤᠯᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠲᠣᠮᠢᠯᠠᠨ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ ᠤ᠋ᠨ ᠳᠠᠷᠤᠭ᠎ᠠ ᠯᠢ ᠭᠦᠸᠧ ᠴᠢᠤᠸᠠᠨ ᠬᠤᠷᠠᠯ ᠡᠷᠬᠢᠯᠡᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠳᠠᠷᠤᠭ᠎ᠠ ᠵᠢᠴᠢ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠪᠦᠬᠦ ᠺᠠᠲ᠋ᠷ ᠴᠠᠭᠳᠠᠭ᠎ᠠ ᠬᠤᠷᠠᠯ ᠤ᠋ᠨ ᠲᠠᠯᠠᠪᠠᠢ ᠳ᠋ᠤ᠌ ᠣᠷᠣᠯᠴᠠᠵᠠᠢ ᠃
ᠬᠤᠷᠠᠯᠠ᠋ᠴᠠ ᠡᠮᠦᠨ᠎ᠡ 《 ᠲᠡᠭ ᠬᠦᠯᠢᠴᠡᠯ (ᠬᠣᠶᠠᠷ ) 》 ᠰᠡᠷᠡᠮᠵᠢᠯᠡᠭᠦᠯᠦᠨ ᠬᠥᠮᠦᠵᠢᠭᠦᠯᠬᠦ ᠹᠢᠯᠢᠮ ᠢ᠋ ᠵᠣᠬᠢᠶᠠᠨ ᠪᠠᠢᠭᠤᠯᠤᠨ ᠦᠵᠡᠪᠡ ᠃
ᠬᠤᠷᠠᠯᠠ᠋ᠴᠠ ᠵᠢᠭᠠᠵᠤ ᠭᠠᠷᠭᠠᠭᠰᠠᠨ ᠨᠢ
2022 ᠣᠨ ᠳ᠋ᠤ᠌ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠪᠠ ᠢᠯᠵᠢᠷᠡᠯ ᠢ᠋ ᠡᠰᠡᠷᠭᠦᠴᠡᠬᠦ ᠠᠵᠢᠯ ᠪᠠᠲᠤ ᠠᠯᠬᠤᠮ ᠢ᠋ ᠠᠯᠬᠤᠵᠤ ᠂ ᠨᠠᠮ ᠢ᠋ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠢᠯᠳᠤᠬᠤ ᠪᠣᠳᠣᠯᠭ᠎ᠠ ᠶ᠋ᠢᠨ ᠴᠢᠨᠠᠷᠲᠠᠢ ᠦᠷ᠎ᠡ ᠪᠦᠲᠦᠭᠡᠯ ᠡᠳᠦᠷ ᠢᠷᠡᠬᠦᠶ᠎ᠡ ᠢᠯᠡᠷᠬᠡᠢ ᠪᠣᠯᠵᠤ ᠂ ᠬᠠᠤᠯᠢ ᠴᠠᠭᠠᠵᠠ ᠶ᠋ᠢᠨ ᠠᠵᠢᠯ ᠳ᠋ᠤ᠌ ᠣᠯᠠᠨ ᠲᠦᠮᠡᠨ ᠦ᠌ ᠰᠡᠳᠬᠢᠯ ᠬᠠᠨᠤᠮᠵᠢᠲᠠᠢ ᠪᠠᠢᠬᠤ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠵᠦ ᠂ ᠬᠠᠤᠯᠢ ᠴᠠᠭᠠᠵᠠ ᠨᠢ ᠣᠯᠤᠯᠲᠠ ᠲᠠᠢ ᠲᠥᠷᠥᠭᠳᠡᠯ ᠨᠡᠮᠡᠭᠳᠡᠪᠡ ᠃
ᠬᠤᠷᠠᠯᠠ᠋ᠴᠠ ᠴᠢᠬᠤᠯᠠᠴᠢᠯᠠᠭᠰᠠᠨ ᠨᠢ
ᠪᠦᠬᠦ ᠬᠣᠲᠠ ᠶ᠋ᠢᠨ ᠰᠢᠭᠦᠬᠦ ᠬᠣᠷᠢᠶ᠎ᠠ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠵᠢᠨ ᠫᠢᠩ ᠦ᠋ᠨ ᠬᠣᠷᠢᠳᠤᠭᠠᠷ ᠬᠤᠭᠤᠴᠠᠭᠠᠨ ᠤ᠋ ᠲᠥᠪ ᠦ᠋ᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠬᠣᠶᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ ᠂ ᠨᠠᠮ ᠤ᠋ᠨ ᠲᠥᠪ ᠬᠣᠷᠢᠶᠠᠨ ᠤ᠋ ᠨᠠᠮ ᠢ᠋ ᠪᠦᠬᠦ ᠲᠠᠯ᠎ᠠ ᠪᠠᠷ ᠴᠢᠩᠭ᠎ᠠ ᠵᠠᠰᠠᠬᠤ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠭᠦᠨᠵᠡᠭᠡᠢ ᠲᠦᠯᠬᠢᠨ ᠠᠬᠢᠭᠤᠯᠵᠤ ᠂ ᠡᠷᠡᠰ ᠰᠢᠭᠤᠷᠬᠠᠢ ᠲᠤᠤᠱᠯᠠᠭᠤᠯᠤᠨ ᠨᠠᠢᠳᠠᠪᠤᠷᠢᠵᠢᠭᠤᠯᠬᠤ ᠶ᠋ᠢ ᠰᠠᠢᠲᠤᠷ ᠠᠳᠬᠤᠵᠤ ᠂ ᠴᠢᠩᠭ᠎ᠠ ᠦᠨᠳᠦᠰᠦᠨ ᠬᠥᠭ ᠠᠶᠠᠰ ᠂ ᠴᠢᠩᠭ᠎ᠠ ᠠᠷᠭ᠎ᠠ ᠬᠡᠮᠵᠢᠶ᠎ᠡ ᠂ ᠴᠢᠩᠭ᠎ᠠ ᠠᠭᠤᠷ ᠠᠮᠢᠰᠬᠤᠯ ᠢ᠋ ᠤᠷᠲᠤ ᠬᠤᠭᠤᠴᠠᠭ᠎ᠠ ᠪᠠᠷ ᠪᠠᠷᠢᠮᠲᠠᠯᠠᠵᠤ ᠂ ᠠᠷᠠᠳ ᠤ᠋ᠨ ᠰᠢᠭᠦᠬᠦ ᠬᠣᠷᠢᠶᠠᠨ ᠤ᠋ ᠢᠯᠵᠠᠷᠠᠯ ᠢ᠋ ᠡᠰᠡᠷᠭᠦᠴᠡᠬᠦ ᠲᠡᠮᠡᠴᠡᠯ ᠦ᠋ᠨ ᠤᠳᠠᠭᠠᠨ ᠳᠠᠭᠠᠭᠠᠮᠠᠭᠠᠢ ᠲᠡᠢᠨ ᠢ᠋ ᠰᠠᠢᠲᠤᠷ ᠬᠢᠵᠦ ᠂ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠪᠠ ᠢᠯᠵᠠᠷᠠᠯ ᠢ᠋ ᠡᠰᠡᠷᠭᠦᠴᠡᠬᠦ ᠡᠯ᠎ᠡ ᠲᠥᠷᠥᠯ ᠦ᠋ᠨ ᠠᠵᠢᠯ ᠢ᠋ ᠯᠠᠪᠳᠠᠭᠤᠨ ᠪᠠᠲᠤᠲᠠᠢ ᠠᠬᠢᠭᠤᠯᠵᠤ ᠂ ᠮᠠᠨ ᠤ᠋ ᠬᠣᠲᠠ ᠶ᠋ᠢᠨ ᠥᠨᠳᠥᠷ ᠴᠢᠨᠠᠷ ᠴᠢᠨᠰᠠᠭ᠎ᠠ ᠲᠠᠢ ᠬᠥᠭᠵᠢᠯᠲᠡ ᠳ᠋ᠦ᠍ ᠬᠦᠴᠦᠲᠡᠢ ᠬᠠᠤᠯᠢᠵᠢᠯ ᠤ᠋ᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯᠠ᠋ᠴᠠ ᠱᠠᠭᠠᠷᠳᠠᠭᠰᠠᠨ ᠨᠢ
ᠨᠢᠭᠡ ᠳ᠋ᠦ᠍ ᠤᠯᠤᠰ ᠲᠥᠷᠥ ᠶ᠋ᠢᠨ ᠪᠠᠢᠭᠤᠯᠤᠯᠲᠠ ᠶ᠋ᠢ ᠪᠦᠬᠦ ᠲᠠᠯ᠎ᠠ ᠪᠠᠷ ᠴᠢᠩᠭ᠋ᠠᠳᠬᠠᠵᠤ ᠂ ᠦᠨᠡᠨᠴᠢ ᠰᠢᠳᠤᠷᠭᠤ ᠂ ᠠᠷᠢᠭᠤᠨ ᠴᠢᠬᠡᠴᠢ ᠂ ᠨᠠᠢᠳᠠᠪᠤᠷᠢᠲᠠᠢ ᠤᠯᠤᠰ ᠲᠥᠷᠥ ᠶ᠋ᠢᠨ ᠰᠠᠭᠤᠷᠢ ᠶ᠋ᠢ ᠪᠠᠲᠤᠳᠬᠠᠬᠤ ᠬᠡᠷᠡᠭᠲᠡᠢ ᠃ ᠨᠠᠮ ᠤ᠋ᠨ ᠤᠯᠤᠰ ᠲᠥᠷᠥ ᠶ᠋ᠢᠨ ᠪᠠᠢᠭᠤᠯᠤᠯᠲᠠ ᠶ᠋ᠢ ᠪᠦᠬᠦ ᠲᠠᠯ᠎ᠠ ᠪᠠᠷ ᠴᠢᠩᠭᠠᠳᠬᠠᠵᠤ ᠂ ᠨᠠᠮ ᠤ᠋ᠨ ᠬᠣᠷᠢᠳᠤᠭᠠᠷ ᠶᠡᠬᠡ ᠬᠤᠷᠠᠯᠠ᠋ᠴᠠ ᠳᠤᠷᠠᠳᠤᠭᠰᠠᠨ ᠡᠯ᠎ᠡ ᠵᠦᠢᠯ ᠦ᠋ᠨ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠲᠠᠢ ᠬᠠᠷᠢᠴᠠᠭᠤᠯᠵᠤ ᠂ ᠶᠡᠷᠦᠩᠬᠡᠢ ᠱᠦᠵᠢ ᠰᠢ ᠵᠢᠨ ᠫᠢᠩ ᠦ᠋ᠨ ᠥᠪᠥᠷ ᠮᠣᠩᠭᠣᠯ ᠳ᠋ᠤ᠌ ᠲᠤᠰᠢᠶᠠᠭᠰᠠᠨ 《 ᠲᠠᠪᠤᠨ ᠶᠡᠬᠡ ᠡᠭᠦᠷᠭᠡ 》 ᠪᠠ ᠣᠷᠳᠣᠰ ᠬᠣᠲᠠ ᠶ᠋ᠢᠨ 《 ᠭᠤᠷᠪᠠᠨ ᠳᠥᠷᠪᠡᠨ 》 ᠦ᠌ ᠬᠠᠷᠠᠯᠲᠠ ᠶ᠋ᠢᠨ ᠡᠭᠦᠷᠭᠡ ᠶ᠋ᠢᠨ ᠲᠣᠭᠣᠷᠢᠨ ᠳ᠋ᠤ᠌ ᠲᠤᠤᠱᠯᠠᠭᠤᠯᠤᠨ ᠨᠠᠢᠳᠠᠪᠤᠷᠢᠵᠢᠭᠤᠯᠬᠤ ᠶ᠋ᠢ ᠪᠦᠬᠦ ᠬᠦᠴᠦᠨ ᠢ᠋ᠶ᠋ᠡᠷ ᠢ᠋ᠶ᠋ᠡᠨ ᠰᠠᠢᠲᠤᠷ ᠠᠳᠬᠤᠵᠤ ᠂ ᠡᠭᠦᠷᠭᠡ ᠂ ᠬᠠᠷᠢᠭᠤᠴᠠᠯᠭ᠎ᠠ ᠂ ᠠᠰᠠᠭᠤᠳᠠᠯ ᠂ 《 ᠳᠥᠷᠪᠡᠨ ᠨᠠᠷᠢᠨ ᠬᠠᠭᠤᠳᠠᠰᠤ 》 ᠶ᠋ᠢᠨ ᠲᠣᠭᠲᠠᠴᠠ ᠶ᠋ᠢ ᠪᠠᠢᠭᠤᠯᠤᠨ ᠲᠡᠭᠦᠯᠳᠡᠷᠵᠢᠭᠦᠯᠵᠦ ᠂ ᠤᠯᠤᠰ ᠲᠥᠷᠥ ᠶ᠋ᠢᠨ ᠬᠢᠨᠠᠯᠲᠠ ᠶ᠋ᠢᠨ ᠪᠣᠳᠠᠲᠠᠢᠵᠢᠬᠤ ᠂ ᠣᠨᠣᠪᠴᠢᠵᠢᠬᠤ ᠂ ᠪᠠᠢᠩᠭᠤᠵᠢᠬᠤ ᠶ᠋ᠢ ᠪᠦᠬᠦ ᠲᠠᠯ᠎ᠠ ᠪᠠᠷ ᠠᠬᠢᠭᠤᠯᠵᠤ ᠂ ᠡᠯ᠎ᠡ ᠵᠦᠢᠯ ᠦ᠋ᠨ ᠲᠥᠷᠥ ᠶ᠋ᠢᠨ ᠪᠣᠳᠣᠯᠭ᠎ᠠ ᠶ᠋ᠢᠨ ᠨᠠᠢᠳᠠᠪᠤᠷᠢᠵᠢᠭᠤᠯᠤᠯᠲᠠ ᠶ᠋ᠢ ᠬᠦᠴᠦᠲᠡᠢ ᠬᠢᠨᠠᠯᠲᠠ ᠲᠠᠯᠪᠢᠨ ᠠᠬᠢᠭᠤᠯᠵᠤ ᠂ ᠨᠠᠮ ᠤ᠋ᠨ ᠲᠥᠪ ᠬᠣᠷᠢᠶ᠎ᠠ ᠶ᠋ᠢᠨ ᠡᠯ᠎ᠡ ᠵᠦᠢᠯ ᠦ᠋ᠨ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠠᠷᠠᠳ ᠤ᠋ᠨ ᠰᠢᠭᠦᠬᠦ ᠬᠣᠷᠢᠶ᠎ᠠ ᠳ᠋ᠤ᠌ ᠲᠤᠤᠱᠯᠠᠭᠤᠯᠤᠨ ᠬᠡᠷᠡᠭᠵᠢᠭᠦᠯᠬᠦ ᠶ᠋ᠢ ᠦᠨᠡᠨᠬᠦ ᠪᠠᠲᠤᠯᠠᠬᠤ ᠬᠡᠷᠡᠭᠲᠡᠢ ᠃
ᠬᠣᠶᠠᠷ ᠲᠤ᠌ ᠨᠠᠮ ᠢ᠋ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠢᠯᠳᠤᠬᠤ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠡᠷᠡᠰ ᠲᠤᠤᠱᠯᠠᠭᠤᠯᠵᠤ ᠂ ᠨᠠᠮ ᠤ᠋ᠨ ᠰᠤᠷᠲᠠᠯ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠢᠭᠤᠯᠤᠯᠲᠠ ᠶ᠋ᠢᠨ ᠭᠦᠨᠵᠡᠭᠡᠢᠷᠡᠨ ᠬᠥᠭᠵᠢᠬᠦ ᠶ᠋ᠢ ᠠᠬᠢᠭᠤᠯᠤᠨ᠎ᠠ ᠃ ᠣᠢᠷ᠎ᠠ ᠶ᠋ᠢᠨ ᠵᠢᠯ ᠳ᠋ᠦ᠍ ᠭᠠᠷᠤᠭᠰᠠᠨ ᠰᠠᠬᠢᠯᠭ᠎ᠠ ᠪᠠᠲᠤ ᠬᠠᠤᠯᠢ ᠴᠠᠭᠠᠵᠠ ᠶ᠋ᠢ ᠵᠥᠷᠢᠴᠡᠭᠰᠡᠨ ᠬᠡᠷᠡᠭ ᠦ᠋ᠨ ᠰᠤᠷᠭᠠᠮᠵᠢ ᠶ᠋ᠢ ᠭᠦᠨᠵᠡᠭᠡᠢ ᠬᠦᠯᠢᠶᠡᠨ ᠠᠪᠴᠤ ᠂ ᠨᠠᠮ ᠢ᠋ ᠴᠢᠩᠭ᠎ᠠ ᠵᠠᠰᠠᠬᠤ ᠂ ᠨᠠᠮ ᠢ᠋ ᠬᠠᠮᠢᠶᠠᠷᠴᠤ ᠨᠠᠮ ᠢ᠋ ᠵᠠᠰᠠᠬᠤ ᠭᠣᠣᠯ ᠴᠣᠭᠴᠠ ᠶ᠋ᠢᠨ ᠬᠠᠷᠢᠭᠤᠴᠠᠯᠭ᠎ᠠ ᠶ᠋ᠢ ᠦᠨᠡᠨᠬᠦ ᠰᠠᠢᠲᠤᠷ ᠭᠦᠢᠴᠡᠳᠬᠡᠵᠦ ᠂ 《 ᠨᠢᠭᠡ ᠠᠵᠢᠯ ᠤ᠋ᠨ ᠪᠠᠢᠷᠢ ᠳ᠋ᠤ᠌ ᠬᠣᠶᠠᠷ ᠬᠠᠷᠢᠭᠤᠴᠠᠯᠭ᠎ᠠ ᠲᠠᠢ 》 ᠶ᠋ᠢ ᠦᠨᠡᠨᠬᠦ ᠨᠠᠢᠳᠠᠪᠤᠷᠢᠵᠢᠭᠤᠯᠤᠨ ᠪᠣᠳᠠᠲᠠᠢᠵᠢᠭᠤᠯᠬᠤ ᠬᠡᠷᠡᠭᠲᠡᠢ ᠃ ᠦᠨᠳᠦᠰᠦᠨ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠶ᠋ᠢᠨ ᠤᠯᠤᠰ ᠲᠥᠷᠥ ᠶ᠋ᠢᠨ ᠴᠢᠳᠠᠮᠵᠢ ᠪᠠ ᠵᠣᠬᠢᠶᠠᠨ ᠪᠠᠢᠭᠤᠯᠤᠯᠲᠠ ᠶ᠋ᠢᠨ ᠴᠢᠳᠠᠮᠵᠢ ᠶ᠋ᠢ ᠴᠢᠩᠭᠠᠳᠬᠠᠵᠤ ᠂ ᠨᠠᠮ ᠤ᠋ᠨ ᠭᠡᠰᠢᠭᠦᠨ ᠺᠠᠲ᠋ᠷ ᠴᠠᠭᠳᠠᠭ᠎ᠠ ᠶ᠋ᠢ ᠰᠤᠷᠭᠠᠨ ᠬᠥᠮᠦᠵᠢᠭᠦᠯᠵᠦ ᠬᠠᠮᠢᠶᠠᠷᠬᠤ ᠬᠢᠨᠠᠯᠲᠠ ᠶ᠋ᠢ ᠴᠢᠩᠭᠠᠳᠬᠠᠵᠤ ᠂ ᠨᠠᠮ ᠢ᠋ ᠪᠦᠬᠦ ᠲᠠᠯ᠎ᠠ ᠪᠠᠷ ᠴᠢᠩᠭ᠎ᠠ ᠵᠠᠰᠠᠬᠤ ᠂ ᠬᠣᠷᠢᠶ᠎ᠠ ᠶ᠋ᠢ ᠴᠢᠩᠭ᠎ᠠ ᠵᠠᠰᠠᠬᠤ ᠂ ᠴᠢᠩᠭ᠎ᠠ ᠬᠠᠮᠢᠶᠠᠷᠬᠤ ᠱᠠᠭᠠᠷᠳᠠᠯᠭ᠎ᠠ ᠶ᠋ᠢ ᠡᠳᠦᠷ ᠳᠣᠳᠣᠮ ᠤ᠋ᠨ ᠠᠵᠢᠯ ᠤ᠋ᠨ ᠳᠤᠮᠳᠠ ᠪᠠᠨ ᠨᠠᠢᠳᠠᠪᠤᠷᠢᠵᠢᠭᠤᠯᠬᠤ ᠬᠡᠷᠡᠭᠲᠡᠢ ᠃
ᠭᠤᠷᠪᠠ ᠳ᠋ᠤ᠌ ᠂ ᠬᠠᠤᠯᠢ ᠴᠠᠭᠠᠵᠠ ᠶ᠋ᠢᠨ ᠶᠡᠬᠡ ᠲᠠᠯ᠎ᠠ ᠳ᠋ᠤ᠌ ᠦᠢᠯᠡᠴᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠭᠣᠣᠯᠳᠠᠯᠭ᠎ᠠ ᠲᠠᠢ ᠠᠵᠢᠯ ᠳ᠋ᠤ᠌ ᠬᠢᠨᠠᠯᠲᠠ ᠲᠠᠯᠪᠢᠬᠤ ᠡᠷᠴᠢᠮ ᠢ᠋ᠶ᠋ᠡᠨ ᠪᠦᠬᠦ ᠲᠠᠯ᠎ᠠ ᠪᠠᠷ ᠴᠢᠩᠭᠠᠳᠬᠠᠨ᠎ᠠ ᠃ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶ᠋ᠢᠨ ᠠᠵᠢᠯ ᠳ᠋ᠤ᠌ ᠬᠢᠨᠠᠯᠲᠠ ᠲᠠᠯᠪᠢᠬᠤ ᠡᠷᠴᠢᠮ ᠢ᠋ᠶ᠋ᠡᠨ ᠴᠢᠩᠭᠠᠷᠠᠭᠤᠯᠵᠤ ᠂ ᠪᠠᠢᠩᠭᠤ ᠶ᠋ᠢᠨ ᠴᠢᠨᠠᠷᠲᠠᠢ ᠬᠢᠨᠠᠯᠲᠠ ᠲᠠᠯᠪᠢᠬᠤ ᠶ᠋ᠢ ᠥᠷᠨᠢᠭᠦᠯᠦᠨ ᠂ ᠳᠦᠷᠢᠮ ᠦ᠋ᠨ ᠵᠢᠷᠤᠭ ᠲᠥᠯᠥᠪᠯᠡᠭᠡ ᠶ᠋ᠢ ᠦᠨᠳᠦᠰᠦᠨ ᠱᠠᠲᠤᠨ ᠤ᠋ ᠨᠢᠭᠡᠳᠦᠭᠡᠷ ᠹᠷᠣᠨᠲ ᠲᠤ᠌ ᠦᠨᠡᠨᠬᠦ ᠨᠠᠢᠳᠠᠪᠤᠷᠢᠵᠢᠭᠤᠯᠬᠤ ᠶ᠋ᠢ ᠪᠠᠲᠤᠯᠠᠵᠤ ᠂ ᠮᠠᠨ ᠤ᠋ ᠬᠣᠲᠠ ᠶ᠋ᠢᠨ ᠨᠡᠢᠭᠡᠮ ᠦ᠋ᠨ ᠵᠠᠰᠠᠯᠲᠠ ᠶ᠋ᠢᠨ ᠬᠢᠷᠢ ᠲᠦᠪᠰᠢᠨ ᠢ᠋ ᠳᠠᠬᠢᠨ ᠰᠢᠨ᠎ᠡ ᠳᠡᠭᠲᠡᠷ ᠲᠦ᠍ ᠭᠠᠷᠭᠠᠬᠤ ᠶ᠋ᠢ ᠠᠬᠢᠭᠤᠯᠤᠨ᠎ᠠ ︔ ᠬᠠᠤᠯᠢᠵᠢᠭᠰᠠᠨ ᠬᠤᠳᠠᠯᠳᠤᠭᠠᠨ ᠤ᠋ ᠣᠷᠴᠢᠨ ᠲᠣᠭᠣᠷᠢᠨ ᠤ᠋ ᠪᠠᠢᠭᠤᠯᠤᠯᠲᠠ ᠶ᠋ᠢᠨ ᠠᠵᠢᠯ ᠤ᠋ᠨ ᠬᠢᠨᠠᠯᠲᠠ ᠲᠠᠯᠪᠢᠬᠤ ᠬᠦᠴᠦᠯᠡᠴᠡ ᠪᠡᠨ ᠴᠢᠩᠭᠠᠳᠬᠠᠵᠤ ᠂ ᠬᠡᠷᠡᠭ ᠦ᠋ᠨ ᠴᠢᠨᠠᠷ ᠴᠢᠨᠰᠠᠭ᠎ᠠ ᠪᠠ ᠬᠠᠤᠯᠢ ᠴᠠᠭᠠᠵᠠ ᠶ᠋ᠢᠨ ᠴᠢᠨᠠᠷ ᠴᠢᠨᠰᠠᠭ᠎ᠠ ᠶ᠋ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠮᠠᠨ ᠤ᠋ ᠬᠣᠲᠠ ᠶ᠋ᠢᠨ ᠬᠠᠤᠯᠢᠵᠢᠭᠰᠠᠨ ᠬᠤᠳᠠᠯᠳᠤᠭᠠᠨ ᠤ᠋ ᠣᠷᠴᠢᠨ ᠲᠣᠭᠣᠷᠢᠨ ᠤ᠋ ᠰᠢᠨ᠎ᠡ ᠥᠨᠳᠥᠷᠯᠢᠭ ᠢ᠋ ᠡᠭᠦᠳᠦᠨ ᠪᠠᠢᠭᠤᠯᠤᠨ᠎ᠠ ︔ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠰᠢᠢᠳᠪᠦᠷᠢᠯᠡᠬᠦ ᠠᠵᠢᠯ ᠳ᠋ᠠᠬᠢ ᠬᠢᠨᠠᠯᠲᠠ ᠲᠠᠯᠪᠢᠬᠤ ᠡᠷᠴᠢᠮ ᠢ᠋ᠶ᠋ᠡᠨ ᠴᠢᠩᠭᠠᠳᠬᠠᠵᠤ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠰᠠᠭᠤᠳᠠᠯ ᠢ᠋ ᠬᠣᠯᠪᠣᠭᠠᠯᠠᠨ ᠰᠢᠢᠳᠪᠦᠷᠢᠯᠡᠬᠦ ᠪᠠ ᠬᠣᠯᠪᠣᠭᠠᠯᠠᠨ ᠰᠢᠢᠳᠪᠦᠷᠢᠯᠡᠬᠦ ᠲᠣᠭᠲᠠᠴᠠ ᠶ᠋ᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠠᠷᠢᠯᠭᠠᠬᠤ ᠪᠣᠳᠠᠲᠤ ᠦᠷ᠎ᠡ ᠪᠦᠲᠦᠮᠵᠢ ᠶ᠋ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠃
ᠳᠥᠷᠪᠡ ᠳ᠋ᠦ᠍ ᠰᠤᠷᠲᠠᠯ ᠢ᠋ ᠲᠥᠪ ᠪᠣᠯᠭᠠᠵᠤ ᠰᠠᠬᠢᠯᠭ᠎ᠠ ᠪᠠᠲᠤ ᠶ᠋ᠢ ᠴᠢᠩᠳᠠᠯᠠᠬᠤ ᠪᠠ ᠢᠯᠵᠠᠷᠠᠯ ᠢ᠋ ᠡᠰᠡᠷᠭᠦᠴᠡᠬᠦ ᠠᠵᠢᠯ ᠢ᠋ ᠤᠯᠠᠮ ᠴᠢᠨᠠᠭᠰᠢᠳᠠ ᠠᠬᠢᠭᠤᠯᠵᠤ ᠂ ᠢᠯᠵᠠᠷᠠᠯ ᠢ᠋ ᠡᠰᠡᠷᠭᠦᠴᠡᠬᠦ ᠲᠡᠮᠡᠴᠡᠯ ᠦ᠋ᠨ ᠳᠠᠪᠠᠭᠤ ᠢᠯᠠᠯᠲᠠ ᠶ᠋ᠢ ᠬᠦᠴᠦᠯᠡᠨ ᠪᠡᠬᠢᠵᠢᠭᠦᠯᠦᠨ ᠬᠥᠭᠵᠢᠭᠦᠯᠬᠦ ᠬᠡᠷᠡᠭᠲᠡᠢ ᠃ ᠲᠥᠪ ᠴᠢᠩᠬ᠎ᠠ ᠰᠤᠷᠲᠠᠯ ᠢ᠋ ᠴᠢᠩᠳᠠᠯᠠᠨ ᠰᠠᠬᠢᠯᠭ᠎ᠠ ᠪᠠᠲᠤ ᠶ᠋ᠢ ᠡᠰᠡᠷᠭᠦᠴᠡᠵᠦ ᠂ ᠣᠯᠠᠨ ᠰᠤᠷᠤᠯᠴᠠᠬᠤ ᠬᠡᠯᠪᠡᠷᠢ ᠪᠡᠷ ᠨᠠᠮ ᠤ᠋ᠨ ᠳᠦᠷᠢᠮ ᠦ᠋ᠨ ᠰᠤᠷᠤᠯᠴᠠᠯᠭ᠎ᠠ ᠬᠥᠮᠦᠵᠢᠯ ᠢ᠋ ᠴᠢᠩᠭ᠋ᠠᠳᠬᠠᠵᠤ ᠂ ᠬᠠᠤᠯᠢ ᠴᠠᠭᠠᠵᠠ ᠶ᠋ᠢᠨ ᠢᠯᠵᠠᠷᠠᠯ ᠢ᠋ ᠴᠢᠩᠬ᠎ᠠ ᠵᠠᠯᠬᠠᠭᠠᠨ ᠰᠢᠳᠬᠡᠬᠦ ᠪᠠᠢᠳᠠᠯ ᠢ᠋ ᠪᠠᠲᠤᠯᠠᠬᠤ ᠬᠡᠷᠡᠭᠲᠡᠢ ᠃ ᠰᠢᠭᠦᠨ ᠲᠠᠰᠤᠯᠤᠯᠲᠠ ᠶ᠋ᠢᠨ ᠭᠦᠢᠴᠡᠳᠬᠡᠬᠦ ᠡᠷᠬᠡ ᠶ᠋ᠢᠨ ᠬᠢᠵᠠᠭᠠᠷᠯᠠᠯ ᠬᠢᠨᠠᠯᠲᠠ ᠶ᠋ᠢ ᠴᠢᠩᠭᠠᠳᠬᠠᠵᠤ ᠂ ᠬᠠᠤᠯᠢ ᠴᠠᠭᠠᠵᠠ ᠶ᠋ᠢ ᠢᠯᠡ ᠪᠣᠯᠭᠠᠬᠤ ᠶ᠋ᠢ ᠭᠦᠨᠵᠡᠭᠡᠢᠷᠡᠭᠦᠯᠵᠦ ᠂ ᠰᠢᠪᠠᠳᠠᠨ ᠪᠠᠢᠴᠠᠭᠠᠬᠤ ᠠᠵᠢᠯ ᠢ᠋ ᠴᠢᠩᠭᠠᠳᠬᠠᠨ ᠂ ᠬᠠᠤᠯᠢ ᠪᠠᠷᠢᠬᠤ ᠡᠷᠬᠡ ᠶ᠋ᠢᠨ ᠠᠵᠢᠯᠯᠠᠭᠠᠨ ᠢ᠋ ᠵᠢᠷᠤᠮᠵᠢᠭᠤᠯᠵᠤ ᠂ ᠬᠠᠤᠯᠢ ᠪᠠᠷᠢᠬᠤ ᠦᠯᠦ ᠠᠭᠤᠴᠢᠯᠠᠬᠤ ᠣᠪᠣᠷ ᠢ᠋ᠶ᠋ᠠᠷ ᠬᠠᠤᠯᠢ ᠴᠠᠭᠠᠵᠠ ᠶ᠋ᠢᠨ ᠢᠯᠵᠠᠷᠠᠯ ᠢ᠋ ᠵᠠᠯᠬᠠᠭᠠᠨ ᠰᠢᠳᠬᠡᠬᠦ ᠬᠡᠷᠡᠭᠲᠡᠢ ᠃
ᠲᠠᠪᠤ ᠳ᠋ᠤ᠌ ᠲᠤᠰ ᠪᠡᠶ᠎ᠡ ᠶ᠋ᠢᠨ ᠪᠠᠢᠭᠤᠯᠤᠯᠲᠠ ᠪᠠᠨ ᠴᠢᠩᠭ᠎ᠠ ᠴᠢᠩᠭ᠋ᠠᠳᠬᠠᠨ ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠡᠩᠨᠡᠭᠡ ᠶ᠋ᠢ ᠪᠠᠢᠭᠤᠯᠬᠤ ᠬᠡᠷᠡᠭᠲᠡᠢ ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ ᠤ᠋ᠨ ᠲᠤᠰ ᠪᠡᠶ᠎ᠡ ᠶ᠋ᠢᠨ ᠪᠠᠢᠭᠤᠯᠤᠯᠲᠠ ᠶ᠋ᠢ ᠲᠠᠰᠤᠷᠠᠯᠲᠠ ᠦᠭᠡᠢ ᠴᠢᠩᠭᠠᠳᠬᠠᠵᠤ ᠂ ᠨᠠᠮ ᠤ᠋ᠨ ᠪᠠᠢᠭᠤᠯᠤᠯᠲᠠ ᠪᠠᠷ ᠬᠥᠲᠥᠯᠦᠨ ᠳᠠᠭᠠᠭᠤᠯᠬᠤ ᠶ᠋ᠢ ᠳᠣᠪᠣᠢᠯᠭᠠᠵᠤ ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠺᠠᠲ᠋ᠷ ᠢ᠋ ᠲᠣᠮᠢᠯᠠᠨ ᠰᠠᠭᠤᠯᠭᠠᠬᠤ ᠰᠠᠬᠢᠯᠭ᠎ᠠ ᠪᠠᠲᠤ ᠬᠠᠤᠯᠢ ᠴᠠᠭᠠᠵᠠ ᠶ᠋ᠢᠨ ᠤᠬᠠᠮᠰᠠᠷ ᠂ ᠰᠠᠬᠢᠯᠭ᠎ᠠ ᠪᠠᠲᠤ ᠬᠠᠤᠯᠢ ᠴᠠᠭᠠᠵᠠ ᠶ᠋ᠢᠨ ᠰᠡᠳᠬᠢᠬᠦᠢ ᠂ ᠰᠠᠬᠢᠯᠭ᠎ᠠ ᠪᠠᠲᠤ ᠬᠠᠤᠯᠢ ᠴᠠᠭᠠᠵᠠ ᠶ᠋ᠢᠨ ᠬᠡᠪ ᠪᠣᠯᠪᠠᠰᠤᠷᠠᠯ ᠢ᠋ ᠴᠢᠷᠮᠠᠢᠨ ᠳᠡᠭᠡᠭᠰᠢᠯᠡᠭᠦᠯᠬᠦ ᠬᠡᠷᠡᠭᠲᠡᠢ ᠃ ᠲᠤᠰ ᠪᠡᠶ᠎ᠡ ᠶ᠋ᠢᠨ ᠡᠷᠬᠡ ᠶ᠋ᠢᠨ ᠠᠵᠢᠯᠯᠠᠭᠠᠨ ᠤ᠋ ᠲᠣᠭᠲᠠᠴᠠ ᠪᠠ ᠬᠠᠮᠢᠶᠠᠷᠤᠯᠲᠠ ᠬᠢᠨᠠᠯᠲᠠ ᠲᠠᠯᠪᠢᠵᠤ ᠬᠢᠵᠠᠭᠠᠷᠯᠠᠬᠤ ᠰᠢᠰᠲ᠋ᠧᠮ ᠢ᠋ ᠲᠡᠭᠦᠯᠳᠡᠷᠵᠢᠭᠦᠯᠵᠦ ᠂ ᠠᠵᠢᠯ ᠤ᠋ᠨ ᠵᠢᠷᠤᠮᠵᠢᠯᠲᠠ ᠂ ᠬᠠᠤᠯᠢᠵᠢᠯᠲᠠ ᠂ ᠵᠢᠩᠬᠢᠨᠢᠴᠢᠯᠡᠯᠲᠡ ᠶ᠋ᠢᠨ ᠬᠢᠷᠢ ᠲᠦᠪᠰᠢᠨ ᠢ᠋ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠪᠠᠲᠤ ᠴᠢᠩᠭ᠎ᠠ ᠰᠠᠬᠢᠯᠭ᠎ᠠ ᠪᠠᠲᠤ ᠪᠠᠷ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠲᠡᠮᠦᠷ ᠵᠠᠮ ᠤ᠋ᠨ ᠴᠡᠷᠢᠭ ᠢ᠋ ᠪᠠᠢᠭᠤᠯᠤᠨ᠎ᠠ ᠃
ᠦᠨᠡᠯᠡᠬᠦ 0ᠦᠨᠡᠯᠡᠯᠲᠡ᠎ᠲᠠᠢ