ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ 《 ᠬᠠᠤᠯᠢ ᠴᠠᠭᠠᠵᠠ ᠶ᠋ᠢᠨ ᠬᠡᠪ ᠴᠢᠨᠠᠷ ᠢ᠋ ᠳᠡᠭᠡᠭᠰᠢᠯᠡᠭᠦᠯᠬᠦ ᠣᠨ 》 ᠤ᠋ ᠠᠵᠢᠯᠯᠠᠭ᠎ᠠ ᠵᠢᠩᠬᠢᠨᠢ ᠪᠡᠷ ᠡᠬᠢᠯᠡᠪᠡ᠃ ᠶᠡᠷᠦᠩᠬᠡᠢ ᠱᠦᠵᠢ ᠰᠢ ᠵᠢᠨ ᠫᠢᠩ ᠦ᠋ᠨ ᠥᠪᠥᠷ ᠮᠣᠩᠭᠣᠯ ᠳ᠋ᠤ᠌ ᠲᠤᠰᠢᠶᠠᠭᠰᠠᠨ ᠲᠠᠪᠤᠨ ᠶᠡᠬᠡ ᠡᠭᠦᠷᠭᠡ ᠶ᠋ᠢ ᠪᠦᠬᠦ ᠲᠠᠯ᠎ᠠ ᠪᠠᠷ ᠨᠠᠢᠳᠠᠪᠤᠷᠢᠵᠢᠭᠤᠯᠵᠤ ᠂ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ 《ᠭᠤᠷᠪᠠ ᠳᠦᠷᠪᠡ 》ᠵᠢᠨ ᠬᠠᠷᠠᠯᠲᠠ ᠶ᠋ᠢ ᠴᠢᠩᠭ᠎ᠠ ᠡᠵᠡᠮᠳᠡᠨ ᠂ ᠰᠢᠭᠦᠬᠦ ᠬᠣᠷᠢᠶ᠎ᠠ ᠶ᠋ᠢᠨ ᠬᠠᠤᠯᠢ ᠴᠠᠭᠠᠵᠠ ᠶ᠋ᠢᠨ ᠰᠢᠨ᠎ᠡ ᠳᠦᠷᠢ ᠲᠥᠷᠬᠦ ᠵᠢᠨ ᠬᠠᠷᠠᠯᠲᠠ ᠶ᠋ᠢ ᠳᠠᠬᠢᠨ ᠱᠤᠭᠤᠵᠤ ᠂ ᠲᠡᠷᠢᠭᠦᠨ ᠤ ᠬᠡᠷᠡᠭ ᠶᠠᠪᠤᠳᠠᠯ ᠤ᠋ᠨ ᠦᠷ᠎ᠡ ᠪᠦᠲᠦᠮᠵᠢ ᠂ ᠲᠡᠷᠢᠭᠦᠨ ᠤ ᠬᠠᠤᠯᠢ ᠴᠠᠭᠠᠵᠠ ᠶ᠋ᠢᠨ ᠦᠢᠯᠡᠴᠢᠯᠡᠭᠡ ᠂ ᠲᠡᠷᠢᠭᠦᠨ ᠪ ᠺᠠᠲ᠋ᠷ ᠴᠠᠭᠳᠠᠭ᠎ᠠ ᠶ᠋ᠢᠨ ᠡᠩᠨᠡᠭᠡ ᠂ ᠲᠡᠷᠢᠭᠦᠨ ᠤ ᠬᠠᠤᠯᠢ ᠴᠠᠭᠠᠵᠠ ᠶ᠋ᠢᠨ ᠳᠦᠷᠢ ᠲᠥᠷᠬᠦ 《 ᠳᠥᠷᠪᠡᠨ ᠲᠡᠷᠢᠭᠦᠨ 》 ᠦ᠌ ᠪᠠᠷᠢᠮᠵᠢᠶ᠎ᠠ ᠶ᠋ᠢ ᠲᠥᠪᠯᠡᠷᠡᠭᠦᠯᠵᠦ ᠂ ᠪᠦᠬᠦ ᠬᠣᠲᠠ ᠶ᠋ᠢᠨ ᠰᠢᠭᠦᠬᠦ ᠬᠣᠷᠢᠶ᠎ᠠ ᠶ᠋ᠢᠨ ᠬᠠᠤᠯᠢ ᠴᠠᠭᠠᠵᠠ ᠶ᠋ᠢᠨ ᠢᠲᠡᠭᠡᠯ ᠬᠦᠨᠳᠦ ᠂ ᠥᠭᠡᠷᠡᠴᠢᠯᠡᠯᠲᠡ ᠶ᠋ᠢᠨ ᠰᠢᠨ᠎ᠡ ᠶ᠋ᠢ ᠡᠭᠦᠳᠬᠦ ᠬᠦᠴᠦᠨ ᠂ ᠬᠠᠮᠵᠢᠯᠴᠠᠨ ᠵᠠᠰᠠᠬᠤ ᠬᠦᠴᠦᠨ ᠂ ᠣᠷᠣᠨ ᠪᠦᠰᠡ ᠶ᠋ᠢᠨ ᠨᠥᠯᠥᠭᠡᠯᠡᠬᠦ ᠬᠦᠴᠦᠨ ᠂ ᠡᠩᠨᠡᠭᠡ ᠶ᠋ᠢᠨ ᠬᠦᠴᠦᠨ ᠢ᠋ ᠢᠯᠡᠳᠲᠡ ᠳᠡᠭᠡᠭᠰᠢᠯᠡᠭᠦᠯᠵᠦ ᠂ ᠣᠷᠳᠣᠰ ᠬᠣᠲᠠ ᠶ᠋ᠢᠨ ᠳᠤᠮᠳᠠ ᠰᠢᠭᠦᠬᠦ ᠬᠣᠷᠢᠶ᠎ᠠ ᠪᠦᠬᠦ ᠬᠣᠲᠠ ᠶ᠋ᠢᠨ ᠰᠢᠭᠦᠬᠦ ᠬᠣᠷᠢᠶ᠎ᠠ ᠳ᠋ᠤ᠌ 《 ᠬᠠᠤᠯᠢ ᠴᠠᠭᠠᠵᠠ ᠶ᠋ᠢᠨ ᠶᠠᠰᠤ ᠴᠢᠨᠠᠷ ᠢ᠋ ᠳᠡᠭᠡᠭᠰᠢᠯᠡᠭᠦᠯᠬᠦ ᠵᠢᠯ 》 ᠦ᠋ᠨ ᠠᠵᠢᠯᠯᠠᠭ᠎ᠠ ᠥᠷᠨᠢᠭᠦᠯᠬᠦ ᠪᠡᠷ ᠲᠣᠭᠲᠠᠪᠠ ᠃ ᠲᠤᠰ ᠠᠵᠢᠯᠯᠠᠭ᠎ᠠ ᠨᠢ 2023 ᠣᠨ ᠤ᠋ 2 ᠰᠠᠷ᠎ᠠ ᠠ᠋ᠴᠠ ᠡᠬᠢᠯᠡᠵᠦ ᠂ 2024 ᠣᠨ ᠤ᠋ 1 ᠰᠠᠷ᠎ᠠ ᠳ᠋ᠤ᠌ ᠳᠠᠭᠤᠰᠤᠨ᠎ᠠ ᠃ ᠭᠣᠣᠯᠳᠠᠭᠤ ᠰᠢᠭᠦᠬᠦ ᠭᠦᠢᠴᠡᠳᠬᠡᠬᠦ ᠴᠢᠨᠠᠷ ᠦᠷ᠎ᠡ ᠪᠦᠲᠦᠮᠵᠢ ᠂ ᠪᠣᠭᠣᠮᠲᠠ ᠰᠢᠪᠲᠤᠯᠬᠤ ᠂ ᠬᠠᠤᠯᠢᠵᠢᠭᠰᠠᠨ ᠬᠤᠳᠠᠯᠳᠤᠭᠠᠨ ᠤ᠋ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠂ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠂ ᠡᠩᠨᠡᠭᠡᠨ ᠦ᠌ ᠪᠠᠢᠭᠤᠯᠤᠯᠲᠠ ᠪᠠ ᠲᠥᠯᠥᠭᠡᠯᠡᠭᠴᠢ ᠭᠡᠰᠢᠭᠦᠳ ᠦ᠋ᠨ ᠬᠠᠷᠢᠯᠴᠠᠭ᠎ᠠ ᠵᠡᠷᠭᠡ 7 ᠵᠦᠢᠯ ᠦ᠋ᠨ ᠢᠨᠵᠧᠨᠧᠷᠢᠩ ᠦ᠋ᠨ ᠲᠣᠭᠣᠷᠢᠨ ᠳ᠋ᠤ᠌ 27 ᠵᠦᠢᠯ ᠢ᠋ ᠥᠷᠨᠢᠭᠦᠯᠵᠦ ᠂ 75 ᠵᠦᠢᠯ ᠦ᠋ᠨ ᠡᠭᠦᠷᠭᠡ ᠶ᠋ᠢ ᠲᠣᠳᠣᠷᠬᠠᠢᠯᠠᠵᠤ ᠂ 200 ᠵᠦᠢᠯ ᠦ᠋ᠨ ᠠᠷᠭ᠎ᠠ ᠬᠡᠮᠵᠢᠶ᠎ᠡ ᠶ᠋ᠢ ᠨᠠᠷᠢᠯᠢᠭᠵᠢᠭᠤᠯᠪᠠ ᠃ ᠰᠢᠭᠦᠬᠦ ᠬᠣᠷᠢᠶᠠᠨ ᠤ᠋ ᠡᠯ᠎ᠡ ᠵᠦᠢᠯ ᠦ᠋ᠨ ᠠᠵᠢᠯ ᠢ᠋ ᠪᠦᠬᠦ ᠲᠠᠯ᠎ᠠ ᠪᠠᠷ ᠴᠢᠩᠭᠠᠳᠬᠠᠵᠤ ᠂ ᠰᠢᠭᠦᠨ ᠲᠠᠰᠤᠯᠬᠤ ᠭᠦᠢᠴᠡᠳᠬᠡᠬᠦ ᠴᠢᠨᠠᠷ ᠴᠢᠨᠰᠠᠭ᠎ᠠ ᠪᠠ ᠬᠠᠤᠯᠢ ᠴᠠᠭᠠᠵᠠ ᠶ᠋ᠢᠨ ᠣᠯᠠᠨ ᠨᠡᠢᠲᠡ ᠶ᠋ᠢ ᠢᠲᠡᠭᠡᠭᠦᠯᠬᠦ ᠬᠦᠴᠦᠨ ᠢ᠋ ᠦᠨᠡᠨᠬᠦ ᠳᠡᠭᠡᠭᠰᠢᠯᠡᠭᠦᠯᠵᠦ ᠂ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠴᠢᠨᠠᠷ ᠰᠠᠢᠲᠠᠢ ᠬᠥᠭᠵᠢᠯᠲᠡ ᠶ᠋ᠢ ᠪᠡᠶᠡᠯᠡᠭᠦᠯᠬᠦ ᠶ᠋ᠢ ᠠᠬᠢᠭᠤᠯᠤᠨ᠎ᠠ ᠃ ᠳᠣᠯᠣᠭᠠᠨ ᠶᠡᠬᠡ ᠢᠨᠵᠸᠨ᠋ᠸᠷᠢᠩ ᠦ᠋ᠨ ᠪᠣᠳᠠᠲᠠᠢ ᠵᠦᠢᠯᠡᠰ ᠲᠦ᠍ ᠶᠠᠮᠠᠷ ᠶᠠᠮᠠᠷ ᠵᠦᠢᠯ ᠪᠠᠢᠬᠤ ᠪᠣᠢ ? ᠰᠢᠭᠦᠨ ᠭᠦᠢᠴᠡᠳᠬᠡᠬᠦ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠬᠦ ᠢᠨᠵᠧᠨᠧᠷᠢᠩ ᠄ ᠰᠢᠭᠦᠨ ᠭᠦᠢᠴᠡᠳᠬᠡᠵᠦ ᠳᠠᠭᠤᠰᠬᠠᠬᠤ ᠠᠬᠢᠴᠠ ᠶ᠋ᠢ ᠲᠦᠯᠬᠢᠨ ᠠᠬᠢᠭᠤᠯᠬᠤ ᠲᠥᠷᠥᠯ ᠵᠦᠢᠯ ᠂ ᠤᠷᠲᠤ ᠬᠤᠭᠤᠴᠠᠭ᠎ᠠ ᠪᠠᠷ ᠦᠯᠦ ᠳᠠᠭᠤᠰᠬᠠᠭᠰᠠᠨ ᠬᠡᠷᠡᠭ ᠢ᠋ ᠢᠯᠭᠠᠷᠠᠭᠤᠯᠬᠤ ᠲᠥᠷᠥᠯ ᠵᠦᠢᠯ ᠂ ᠰᠠᠭᠤᠯᠭᠠᠨ ᠠᠪᠴᠤ ᠰᠢᠭᠦᠨ ᠲᠠᠰᠤᠯᠤᠭᠰᠠᠨ ᠬᠡᠷᠡᠭ ᠦ᠋ᠨ ᠬᠠᠮᠢᠶᠠᠷᠤᠯᠲᠠ ᠶ᠋ᠢᠨ ᠲᠥᠷᠥᠯ ᠵᠦᠢᠯ ᠂ ᠠᠵᠢᠯ ᠤ᠋ᠨ ᠬᠡᠮᠵᠢᠶ᠎ᠡ ᠶ᠋ᠢ ᠬᠡᠮᠵᠢᠨ ᠪᠣᠳᠣᠬᠤ ᠲᠥᠷᠥᠯ ᠵᠦᠢᠯ ᠂ ᠲᠥᠷᠥᠯ ᠦ᠋ᠨ ᠬᠡᠷᠡᠭ ᠦ᠋ᠨ ᠲᠠᠰᠤᠯᠤᠨ ᠲᠣᠭᠲᠠᠭᠠᠯᠲᠠ ᠶ᠋ᠢᠨ ᠵᠢᠯᠣᠭᠣᠳᠤᠮᠵᠢ ᠳᠠᠭᠠᠭᠤᠯᠵᠤ ᠨᠠᠢᠷᠠᠭᠤᠯᠤᠨ ᠪᠢᠴᠢᠬᠦ ᠲᠥᠷᠥᠯ ᠵᠦᠢᠯ ᠬᠡᠷᠡᠭᠵᠢᠭᠦᠯᠬᠦ ᠪᠣᠭᠣᠮᠲᠠ ᠰᠢᠪᠲᠤᠯᠬᠤ ᠢᠨᠵᠸᠨ᠋ᠸᠷᠢᠩ ᠄ ᠪᠣᠳᠠᠲᠠᠢ ᠪᠠᠢᠳᠠᠯ ᠳ᠋ᠤ᠌ ᠨᠢ ᠲᠣᠬᠢᠷᠠᠭᠰᠠᠨ ᠲᠥᠰᠦᠯ ᠂ ᠠᠯᠪᠠᠲᠠᠨ ᠭᠦᠢᠴᠡᠳᠬᠡᠬᠦ ᠲᠥᠷᠥᠯ ᠵᠦᠢᠯ ᠂ ᠵᠠᠬᠢᠳᠠᠯ ᠰᠤᠷᠪᠤᠯᠵᠢᠯᠠᠭ᠎ᠠ ᠶ᠋ᠢ ᠨᠠᠮᠳᠠᠭᠤᠯᠬᠤ ᠲᠥᠷᠥᠯ ᠵᠦᠢᠯ ᠂ ᠵᠠᠰᠠᠭ ᠤ᠋ᠨ ᠣᠷᠳᠣᠨ ᠬᠠᠮᠲᠤᠷᠠᠨ ᠬᠥᠳᠡᠯᠦᠯᠴᠡᠬᠦ 《 ᠬᠣᠣᠰ ᠲᠠᠢᠯᠬᠤ 》 ᠲᠥᠷᠥᠯ ᠵᠦᠢᠯ ᠬᠠᠤᠯᠢᠵᠢᠭᠰᠠᠨ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠤ᠋《 ᠦᠢᠯᠡᠴᠢᠯᠡᠭᠡ ᠶ᠋ᠢ ᠰᠢᠯᠢᠳᠡᠭᠵᠢᠭᠦᠯᠬᠦ ᠂ ᠲᠡᠷᠢᠭᠦᠨ ᠳᠡᠰ ᠦ᠋ᠨ ᠢᠨᠵᠧᠨᠧᠷᠢᠩ ᠢ᠋ ᠡᠭᠦᠳᠦᠨ ᠪᠠᠢᠭᠤᠯᠬᠤ 》 ᠢᠨᠵᠧᠨᠧᠷᠢᠩ ᠢ᠋ ᠰᠢᠯᠢᠳᠡᠭᠵᠢᠭᠦᠯᠦᠨ᠎ᠡ ᠄ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠤ᠋ ᠥᠪᠡᠷᠲᠡᠭᠡᠨ ᠵᠠᠰᠠᠬᠤ ᠣᠷᠣᠨ ᠤ᠋ ᠳᠡᠰ ᠦ᠋ᠨ ᠭᠣᠣᠯᠳᠠᠯᠭ᠎ᠠ ᠲᠠᠢ ᠡᠭᠦᠷᠭᠡ ᠶ᠋ᠢ ᠨᠠᠢᠳᠠᠪᠤᠷᠢᠵᠢᠭᠤᠯᠬᠤ ᠲᠥᠷᠥᠯ ᠵᠦᠢᠯ ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠤ᠋ ᠬᠣᠲᠠ ᠶ᠋ᠢᠨ ᠳᠡᠰ ᠦ᠋ᠨ ᠭᠣᠣᠯᠳᠠᠯᠭ᠎ᠠ ᠲᠠᠢ ᠡᠭᠦᠷᠭᠡ ᠶ᠋ᠢ ᠨᠠᠢᠳᠠᠪᠤᠷᠢᠵᠢᠭᠤᠯᠬᠤ ᠲᠥᠷᠥᠯ ᠵᠦᠢᠯ ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠤ᠋ ᠦᠨᠡᠯᠡᠯᠲᠡ ᠶ᠋ᠢᠨ ᠭᠦᠢᠴᠡᠳᠬᠡᠯ ᠲᠣᠭ᠎ᠠ ᠶ᠋ᠢᠨ ᠰᠢᠯᠢᠳᠡᠭ ᠲᠥᠷᠥᠯ ᠵᠦᠢᠯ ᠢ᠋ ᠡᠭᠦᠳᠬᠦ ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠤ᠋ ᠡᠳᠦᠷ ᠳᠣᠳᠣᠮ ᠤ᠋ᠨ ᠠᠵᠢᠯ ᠢ᠋ ᠰᠠᠢᠲᠤᠷ ᠬᠢᠨ᠎ᠡ ᠃ ᠵᠠᠷᠭᠤ ᠶ᠋ᠢᠨ ᠢᠷᠡᠯᠲᠡ ᠶ᠋ᠢᠨ 《 ᠬᠡᠮᠵᠢᠶ᠎ᠡ ᠶ᠋ᠢ ᠪᠠᠭᠠᠰᠬᠠᠵᠤ ᠴᠢᠨᠠᠷ ᠢ᠋ ᠳᠡᠭᠡᠭᠰᠢᠯᠡᠭᠦᠯᠬᠦ 》 ᠢᠨᠵᠸᠨ᠋ᠸᠷᠢᠩ ᠄《 ᠭᠤᠷᠪᠠᠨ ᠲᠠᠯ᠎ᠠ ᠶ᠋ᠢᠨ ᠲᠠᠪᠤᠨ ᠰᠡᠷᠭᠡᠢᠯᠡᠯᠲᠡ ᠶ᠋ᠢᠨ ᠱᠤᠭᠤᠮ 》 ᠤ᠋ᠨ ᠳᠡᠰ ᠳᠡᠪᠰᠢᠭᠦᠯᠬᠦ ᠲᠥᠷᠥᠯ ᠵᠦᠢᠯ ᠂ ᠵᠠᠭᠠᠯᠳᠤᠯᠭ᠎ᠠ ᠶ᠋ᠢᠨ ᠡᠬᠢ 《 ᠣᠶᠤᠨ 》 ᠢ᠋ ᠵᠠᠰᠠᠬᠤ ᠶ᠋ᠢ ᠠᠭᠤᠰᠤᠯᠴᠠᠭᠤᠯᠬᠤ ᠲᠥᠷᠥᠯ ᠵᠦᠢᠯ ᠂ ᠶᠡᠷᠦᠩᠬᠡᠢᠯᠡᠨ ᠵᠠᠰᠠᠬᠤ ᠲᠥᠷᠥᠯ ᠵᠦᠢᠯ ᠂ ᠣᠨᠴᠠᠯᠢᠭᠲᠤ ᠵᠠᠰᠠᠯᠲᠠ ᠶ᠋ᠢᠨ ᠨᠡᠷᠡᠲᠦ ᠲᠥᠷᠥᠯ ᠲᠡᠮᠳᠡᠭᠲᠦ ᠶ᠋ᠢ ᠡᠭᠦᠳᠬᠦ ᠲᠥᠷᠥᠯ ᠵᠦᠢᠯ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ《 ᠲᠣᠭ᠎ᠠ ᠶ᠋ᠢ ᠨᠡᠮᠡᠭᠳᠡᠭᠦᠯᠵᠦ ᠦᠯᠡᠳᠡᠭᠡᠯ ᠢ᠋ ᠪᠠᠭᠠᠰᠬᠠᠵᠤ ᠶᠠᠰᠤ ᠴᠢᠨᠠᠷ ᠢ᠋ ᠳᠡᠭᠡᠭᠰᠢᠯᠡᠭᠦᠯᠦᠨ ᠤᠷᠲᠤ ᠬᠤᠭᠤᠴᠠᠭᠠᠨ ᠤ᠋ ᠦᠷ᠎ᠡ ᠠᠰᠢᠭ ᠢ᠋ ᠠᠬᠢᠭᠤᠯᠬᠤ 》 ᠢᠨᠵᠸᠨ᠋ᠸᠷᠢᠩ ᠄ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ 《 ᠲᠣᠭ᠎ᠠ ᠶ᠋ᠢ ᠬᠢᠵᠠᠭᠠᠷᠯᠠᠬᠤ 》 ᠵᠦᠢᠯᠡᠰ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ 《 ᠦᠯᠡᠳᠡᠭᠡᠯ ᠢ᠋ ᠪᠠᠭᠠᠰᠬᠠᠬᠤ 》 ᠲᠥᠷᠥᠯ ᠵᠦᠢᠯ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ 《 ᠶᠠᠰᠤ ᠴᠢᠨᠠᠷ ᠢ᠋ ᠳᠡᠭᠡᠭᠰᠢᠯᠡᠭᠦᠯᠬᠦ 》 ᠲᠥᠷᠥᠯ ᠵᠦᠢᠯ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ 《 ᠤᠷᠲᠤ ᠬᠤᠭᠤᠴᠠᠭᠠᠨ ᠤ᠋ ᠦᠷ᠎ᠡ ᠠᠰᠢᠭ ᠢ᠋ ᠠᠬᠢᠭᠤᠯᠬᠤ 》 ᠵᠦᠢᠯᠡᠰ ᠨᠠᠮ ᠤ᠋ᠨ ᠪᠠᠢᠭᠤᠯᠤᠯᠲᠠ ᠪᠠᠷ ᠳᠠᠢᠴᠢᠯᠠᠨ ᠳᠠᠭᠠᠭᠤᠯᠵᠤ ᠡᠩᠨᠡᠭᠡᠨ ᠦ᠌ ᠬᠡᠪ ᠴᠢᠨᠠᠷ ᠢ᠋ ᠳᠡᠭᠡᠭᠰᠢᠯᠡᠭᠦᠯᠬᠦ ᠢᠨᠵᠧᠨᠧᠷᠢᠩ ᠢ᠋ ᠲᠡᠮᠡᠴᠡᠨ ᠣᠯᠤᠨ᠎ᠠ ᠨᠠᠮ ᠤ᠋ᠨ ᠪᠠᠢᠭᠤᠯᠤᠯᠲᠠ ᠪᠠᠷ ᠳᠠᠢᠴᠢᠯᠠᠨ ᠳᠠᠭᠠᠭᠤᠯᠵᠤ ᠲᠥᠷᠥᠯ ᠵᠦᠢᠯ ᠂ ᠡᠩᠨᠡᠭᠡᠨ ᠦ᠌ ᠬᠡᠪ ᠴᠢᠨᠠᠷ ᠴᠢᠳᠠᠪᠤᠷᠢ ᠶ᠋ᠢ ᠳᠡᠭᠡᠭᠰᠢᠯᠡᠭᠦᠯᠦᠨ ᠲᠥᠷᠥᠯ ᠵᠦᠢᠯ ᠪᠣᠯᠭᠠᠵᠤ ᠴᠢᠩᠭ᠎ᠠ ᠬᠠᠮᠢᠶᠠᠷᠤᠨ ᠭᠦᠨ ᠵᠤᠵᠠᠭᠠᠨ ᠬᠠᠢᠷ᠎ᠠ ᠵᠣᠷᠢᠭᠵᠢᠭᠤᠯᠬᠤ ᠪᠠᠷ ᠬᠠᠷᠢᠭᠤᠴᠠᠯᠭ᠎ᠠ ᠡᠭᠦᠷᠭᠡᠯᠡᠵᠦ ᠲᠥᠷᠥᠯ ᠵᠦᠢᠯ ᠪᠣᠯᠭᠠᠨ ᠪᠦᠲᠦᠭᠡᠨ ᠪᠠᠢᠭᠤᠯᠤᠶ᠎ᠠ ᠲᠥᠯᠥᠭᠡᠯᠡᠭᠴᠢ ᠭᠡᠰᠢᠭᠦᠨ 《 ᠳᠥᠷᠪᠡᠨ 100 》 ᠢᠨᠵᠸᠨ᠋ᠸᠷᠢᠩ ᠲᠡᠢ ᠬᠠᠷᠢᠯᠴᠠᠨ᠎ᠠ ᠄ 《 ᠪᠦᠬᠦᠨ ᠢ᠋ ᠬᠠᠮᠤᠷᠬᠤ》 ᠲᠥᠷᠥᠯ ᠵᠦᠢᠯ ᠂ ᠲᠥᠯᠥᠭᠡᠯᠡᠭᠴᠢ ᠭᠡᠰᠢᠭᠦᠳ ᠦ᠋ᠨ 《 ᠬᠤᠷᠠᠯ ᠤ᠋ᠨ ᠵᠣᠴᠢᠯᠠᠬᠤ ᠲᠢᠩᠬᠢᠮ 》 ᠦ᠋ᠨ ᠲᠥᠷᠥᠯ ᠵᠦᠢᠯ ᠂ ᠲᠥᠯᠥᠭᠡᠯᠡᠭᠴᠢ ᠭᠡᠰᠢᠭᠦᠳ ᠦ᠋ᠨ 《 ᠰᠡᠳᠬᠢᠯ ᠢ᠋ᠶ᠋ᠡᠨ ᠬᠣᠯᠪᠣᠬᠤ ᠬᠥᠭᠥᠷᠭᠡ 》 ᠶ᠋ᠢᠨ ᠲᠥᠷᠥᠯ ᠵᠦᠢᠯ ᠳᠣᠯᠣᠭᠠᠨ ᠶᠡᠬᠡ ᠢᠨᠵᠸᠨ᠋ᠸᠷᠢᠩ ᠳ᠋ᠦ᠍ ᠶᠠᠮᠠᠷ ᠬᠠᠷᠠᠯᠲᠠ ᠶ᠋ᠢ ᠪᠡᠶᠡᠯᠡᠭᠦᠯᠬᠦ ᠪᠣᠢ ? ᠰᠢᠭᠦᠨ ᠲᠠᠰᠤᠯᠤᠯᠲᠠ ᠶ᠋ᠢᠨ ᠶᠠᠰᠤ ᠴᠢᠨᠠᠷ ᠢ᠋ ᠳᠡᠭᠡᠭᠰᠢᠯᠡᠭᠦᠯᠬᠦ ᠢᠨᠵᠧᠨᠧᠷᠢᠩ ᠢ᠋ ᠰᠢᠭᠦᠨ ᠲᠠᠰᠤᠯᠤᠯᠲᠠ ᠶ᠋ᠢᠨ ᠬᠠᠮᠢᠶᠠᠷᠤᠯᠲᠠ ᠶ᠋ᠢᠨ ᠬᠠᠪᠰᠤᠷᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠂ ᠮᠥᠷᠳᠡᠨ ᠰᠢᠪᠠᠳᠠᠨ ᠰᠢᠢᠳᠪᠦᠷᠢᠯᠡᠬᠦ ᠪᠠ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠡᠭᠦᠷᠭᠡ ᠴᠢᠳᠠᠪᠤᠷᠢ ᠶ᠋ᠢᠨ ᠦᠢᠯᠡᠳᠦᠯ ᠢ᠋ᠶ᠋ᠡᠨ ᠭᠦᠢᠴᠡᠳ ᠪᠠᠳᠠᠷᠠᠭᠤᠯᠵᠤ ᠂ ᠪᠦᠬᠦ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠰᠢᠭᠦᠨ ᠲᠠᠰᠤᠯᠤᠯᠲᠠ ᠶ᠋ᠢᠨ ᠶᠠᠰᠤ ᠴᠢᠨᠠᠷ ᠦᠷ᠎ᠡ ᠠᠰᠢᠭ ᠢ᠋ ᠳᠡᠭᠡᠭᠰᠢᠯᠡᠭᠦᠯᠬᠦ ᠭᠦᠢᠴᠡᠳᠬᠡᠬᠦ ᠲᠣᠭ᠎ᠠ ᠶ᠋ᠢ ᠨᠠᠷᠢᠯᠢᠭᠵᠢᠭᠤᠯᠤᠭᠰᠠᠨ ᠬᠢᠨᠠᠯᠲᠠ ᠬᠠᠮᠢᠶᠠᠷᠤᠯᠲᠠ ᠪᠠ ᠲᠣᠬᠢᠷᠠᠭᠤᠯᠤᠯᠲᠠ ᠬᠢᠵᠦ ᠂ ᠰᠢᠭᠦᠨ ᠲᠠᠰᠤᠯᠤᠯᠲᠠ ᠶ᠋ᠢᠨ ᠶᠠᠰᠤ ᠴᠢᠨᠠᠷ ᠦᠷ᠎ᠡ ᠪᠦᠲᠦᠮᠵᠢ ᠶ᠋ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ︔ᠬᠦᠴᠢᠷᠳᠡᠯ ᠲᠠᠢ ᠰᠡᠳᠦᠪ ᠢ᠋ ᠰᠢᠢᠳᠪᠦᠷᠢᠯᠡᠬᠦ ᠢᠨᠵᠧᠨᠧᠷᠢᠩ ᠢ᠋ ᠬᠡᠷᠡᠭᠵᠢᠭᠦᠯᠬᠦ ᠳ᠋ᠦ᠍ 《 ᠭᠦᠢᠴᠡᠳᠬᠡᠬᠦ ᠳ᠋ᠦ᠍ ᠪᠡᠷᠬᠡᠲᠡᠢ 》 ᠪᠠᠢᠬᠤ ᠠᠵᠢᠯ ᠤ᠋ᠨ ᠬᠠᠷᠠᠯᠲᠠ ᠶ᠋ᠢᠨ ᠲᠣᠭᠣᠷᠢᠨ ᠳ᠋ᠤ᠌ ᠂ ᠭᠦᠢᠴᠡᠳᠬᠡᠬᠦ ᠳ᠋ᠦ᠍ ᠪᠡᠷᠬᠡᠲᠡᠢ ᠪᠠᠢᠬᠤ ᠶ᠋ᠢ ᠰᠢᠢᠳᠪᠦᠷᠢᠯᠡᠬᠦ ᠤᠷᠲᠤ ᠬᠤᠭᠤᠴᠠᠭᠠᠨ ᠤ᠋ ᠪᠦᠲᠦᠮᠵᠢᠲᠡᠢ ᠲᠣᠭᠲᠠᠴᠠ ᠶ᠋ᠢ ᠪᠠᠢᠭᠤᠯᠤᠨ ᠲᠡᠭᠦᠯᠳᠡᠷᠵᠢᠭᠦᠯᠵᠦ ᠂ ᠭᠦᠢᠴᠡᠳᠬᠡᠬᠦ ᠠᠵᠢᠯ ᠤ᠋ᠨ ᠬᠢᠷᠢ ᠬᠡᠮᠵᠢᠶ᠎ᠡ ᠪᠡᠨ ᠪᠦᠬᠦ ᠲᠠᠯ᠎ᠠ ᠪᠠᠷ ᠳᠡᠭᠡᠭᠰᠢᠯᠡᠭᠦᠯᠵᠦ ᠂ ᠡᠯ᠎ᠡ ᠵᠦᠢᠯ ᠦ᠋ᠨ ᠭᠦᠢᠴᠡᠳᠬᠡᠬᠦ ᠲᠣᠭ᠎ᠠ ᠶ᠋ᠢᠨ ᠥᠨᠳᠥᠷ ᠪᠠᠷᠢᠮᠵᠢᠶ᠎ᠠ ᠪᠠᠷ ᠬᠡᠪ ᠦ᠋ᠨ ᠠᠵᠢᠯᠯᠠᠭ᠎ᠠ ᠶ᠋ᠢ ᠦᠨᠡᠨ ᠬᠦ᠌ ᠪᠠᠲᠤᠯᠠᠬᠤ ᠬᠡᠷᠡᠭᠲᠡᠢ ; ᠬᠠᠤᠯᠢᠵᠢᠭᠰᠠᠨ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠤ᠋ 《 ᠦᠢᠯᠡᠴᠢᠯᠡᠭᠡ ᠶ᠋ᠢ ᠰᠢᠯᠢᠳᠡᠭᠵᠢᠭᠦᠯᠵᠦ ᠂ ᠲᠡᠷᠢᠭᠦᠨ ᠵᠡᠷᠭᠡ ᠶ᠋ᠢᠨ ᠦᠢᠯᠡᠴᠢᠯᠡᠭᠡ ᠶ᠋ᠢ ᠡᠭᠦᠳᠦᠨ ᠪᠠᠢᠭᠤᠯᠬᠤ》 ᠢᠨᠵᠧᠨᠧᠷᠢᠩ ᠢ᠋ ᠠᠵᠤ ᠠᠬᠤᠢᠯᠠᠯ ᠳ᠋ᠤ᠌ ᠬᠣᠯᠪᠣᠭᠳᠠᠭᠰᠠᠨ ᠬᠠᠤᠯᠢ ᠬᠡᠷᠡᠭᠵᠢᠭᠦᠯᠬᠦ ᠣᠢᠯᠠᠭᠠᠭᠳᠠᠬᠤᠨ ᠢ᠋ ᠤᠯᠠᠮ ᠨᠢᠭᠡ ᠠᠯᠬᠤᠮ ᠬᠤᠪᠢᠷᠠᠭᠤᠯᠵᠤ ᠂ ᠰᠢᠰᠲ᠋ᠧᠮ ᠦ᠋ᠨ ᠰᠡᠳᠬᠢᠬᠦᠢ ᠲᠡᠢ ᠂ ᠰᠢᠢᠳᠪᠦᠷᠢᠯᠡᠬᠦ ᠰᠡᠳᠬᠢᠬᠦᠢ ᠲᠡᠢ ᠂ ᠶᠠᠪᠤᠴᠠ ᠶ᠋ᠢᠨ ᠰᠡᠳᠬᠢᠬᠦᠢ ᠂ ᠬᠠᠤᠯᠢ ᠪᠠᠷ ᠵᠠᠰᠠᠬᠤ ᠰᠡᠳᠬᠢᠬᠦᠢ ᠪᠡᠨ ᠴᠢᠩᠭᠠᠳᠬᠠᠵᠤ ᠂ ᠬᠠᠤᠯᠢ ᠴᠠᠭᠠᠵᠠ ᠶ᠋ᠢᠨ ᠪᠠᠲᠤᠯᠠᠭ᠎ᠠ ᠪᠠᠷ ᠬᠠᠮᠤᠭ ᠰᠠᠢᠨ ᠂ ᠰᠢᠭᠦᠨ ᠲᠠᠰᠤᠯᠤᠯᠲᠠ ᠶ᠋ᠢᠨ ᠴᠢᠨᠠᠷ ᠪᠦᠲᠦᠮᠵᠢ ᠪᠡᠷ ᠬᠠᠮᠤᠭ ᠥᠨᠳᠥᠷ ᠂ ᠵᠠᠷᠭᠤ ᠶ᠋ᠢᠨ ᠦᠢᠯᠡᠴᠢᠯᠡᠭᠡ ᠬᠠᠮᠤᠭ ᠳᠥᠭᠥᠮ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠬᠦᠴᠦᠯᠡᠨ ᠪᠠᠢᠭᠤᠯᠵᠤ ᠂ ᠪᠦᠬᠦ ᠬᠣᠲᠠ ᠶ᠋ᠢᠨ ᠬᠤᠳᠠᠯᠳᠤᠭ᠎ᠠ ᠡᠵᠡᠩᠨᠡᠯᠲᠡ ᠶ᠋ᠢᠨ ᠣᠷᠴᠢᠨ ᠲᠣᠭᠣᠷᠢᠨ ᠤ᠋ ᠥᠷᠢᠰᠦᠯᠳᠦᠬᠦ ᠬᠦᠴᠦᠨ ᠢ᠋ ᠪᠦᠬᠦ ᠣᠷᠣᠨ ᠂ ᠪᠦᠬᠦ ᠤᠯᠤᠰ ᠲᠤ᠌ ᠦᠷᠭᠦᠯᠵᠢᠯᠡᠨ ᠲᠡᠷᠢᠭᠦᠨ ᠦ᠌ ᠪᠠᠢᠷᠢ ᠥᠷᠢᠰᠦᠯᠳᠦᠬᠦ ᠳ᠋ᠦ᠍ ᠲᠤᠰᠠᠯᠠᠨ᠎ᠠ ︔ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶ᠋ᠢᠨ 《 ᠬᠡᠮᠵᠢᠶ᠎ᠡ ᠶ᠋ᠢ ᠪᠠᠭᠠᠰᠬᠠᠵᠤ ᠴᠢᠨᠠᠷ ᠢ᠋ ᠳᠡᠭᠡᠭᠰᠢᠯᠡᠭᠦᠯᠬᠦ》 ᠢᠨᠵᠧᠨᠧᠷᠢᠩ ᠨᠢ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ 《 ᠭᠤᠷᠪᠠᠨ ᠲᠠᠯ᠎ᠠ ᠶ᠋ᠢᠨ ᠲᠠᠪᠤᠨ ᠰᠡᠷᠭᠡᠢᠯᠡᠯᠲᠡ ᠶ᠋ᠢᠨ ᠱᠤᠭᠤᠮ 》 ᠤ᠋ᠨ ᠵᠠᠷᠭᠤ ᠶ᠋ᠢᠨ ᠢᠷᠡᠯᠲᠡ ᠶ᠋ᠢ ᠵᠠᠰᠠᠬᠤ ᠬᠡᠯᠪᠡᠷᠢ ᠶ᠋ᠢ ᠤᠯᠠᠮ ᠨᠢᠭᠡ ᠠᠯᠬᠤᠮ ᠳᠡᠰ ᠳᠡᠪᠰᠢᠭᠦᠯᠵᠦ ᠂ ᠨᠡᠢᠭᠡᠮ ᠦ᠋ᠨ ᠵᠠᠰᠠᠯᠲᠠ ᠪᠠ ᠳᠣᠲᠣᠭᠠᠳᠤ ᠶ᠋ᠢᠨ ᠵᠠᠰᠠᠯᠲᠠ ᠵᠡᠷᠭᠡ ᠪᠡᠷ ᠠᠳᠬᠤᠨ ᠬᠠᠮᠲᠤ ᠪᠠᠷ ᠬᠠᠮᠢᠶᠠᠷᠴᠤ ᠂ ᠵᠥᠷᠢᠴᠡᠯ ᠵᠢᠭᠤᠷᠠᠯᠳᠤᠭᠠᠨ ᠢ᠋ ᠱᠠᠲᠤ ᠳᠠᠷᠠᠭᠠᠯᠠᠨ ᠰᠢᠭᠦᠵᠦ ᠂ ᠣᠯᠠᠨ ᠡᠰᠢᠵᠢᠯ ᠢ᠋ᠶ᠋ᠡᠷ ᠬᠠᠮᠲᠤ ᠪᠠᠷ ᠵᠠᠰᠠᠵᠤ ᠂ ᠪᠦᠬᠦ ᠣᠷᠣᠨ ᠪᠦᠰᠡ ᠪᠡᠷ ᠬᠠᠮᠢᠶᠠᠷᠴᠤ ᠂ ᠭᠠᠳᠠᠨᠠᠬᠢ ᠣᠯᠠᠨ ᠡᠰᠢᠲᠦ ᠵᠥᠷᠢᠴᠡᠯ ᠪᠠ ᠳᠣᠲᠣᠭᠠᠳᠤ ᠶ᠋ᠢᠨ ᠥᠨᠳᠥᠷ ᠪᠦᠲᠦᠮᠵᠢᠲᠡᠢ ᠬᠠᠮᠵᠢᠯᠴᠠᠯᠭ᠎ᠠ ᠨᠢ ᠬᠡᠷᠡᠭ ᠦ᠋ᠨ ᠲᠣᠭ᠎ᠠ ᠬᠡᠮᠵᠢᠶ᠎ᠡ ᠶ᠋ᠢ ᠪᠠᠭᠤᠷᠠᠭᠤᠯᠵᠤ ᠂ ᠬᠡᠷᠡᠭ ᠰᠢᠢᠳᠪᠦᠷᠢᠯᠡᠬᠦ ᠶᠠᠰᠤ ᠴᠢᠨᠠᠷ ᠢ᠋ ᠳᠡᠭᠡᠭᠰᠢᠯᠡᠭᠦᠯᠬᠦ ᠶ᠋ᠢ ᠠᠬᠢᠭᠤᠯᠵᠤ ᠂ 《 ᠶᠠᠰᠤ ᠴᠢᠨᠠᠷ ᠢ᠋ ᠳᠡᠭᠡᠭᠰᠢᠯᠡᠭᠦᠯᠬᠦ 》 ᠬᠠᠷᠠᠯᠲᠠ ᠶ᠋ᠢ ᠪᠦᠬᠦ ᠲᠠᠯ᠎ᠠ ᠪᠠᠷ ᠪᠡᠶᠡᠯᠡᠭᠦᠯᠦᠨ᠎ᠡ ︔ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ 《 ᠲᠣᠭ᠎ᠠ ᠶ᠋ᠢ ᠨᠡᠮᠡᠭᠳᠡᠭᠦᠯᠬᠦ ᠂ ᠦᠯᠡᠳᠡᠭᠡᠯ ᠢ᠋ ᠪᠠᠭᠠᠰᠬᠠᠬᠤ ᠂ ᠶᠠᠰᠤ ᠴᠢᠨᠠᠷ ᠢ᠋ ᠳᠡᠭᠡᠭᠰᠢᠯᠡᠭᠦᠯᠬᠦ ᠂ ᠤᠷᠲᠤ ᠬᠤᠭᠤᠴᠠᠭᠠᠨ ᠤ᠋ ᠦᠷ᠎ᠡ ᠠᠰᠢᠭ ᠢ᠋ ᠠᠬᠢᠭᠤᠯᠬᠤ 》 ᠢᠨᠵᠸᠨ᠋ᠸᠷᠢᠩ ᠢ᠋ ᠪᠠᠶᠢᠩᠭᠤᠵᠢᠭᠤᠯᠤᠨ ᠠᠬᠢᠭᠤᠯᠵᠤ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠳᠠᠷᠤᠭᠳᠠᠮᠠᠯ ᠬᠡᠷᠡᠭ ᠪᠠ ᠵᠥᠷᠢᠴᠡᠯ ᠢ᠋ ᠰᠢᠢᠳᠪᠦᠷᠢᠯᠡᠬᠦ ᠠᠵᠢᠯ ᠢ᠋ ᠠᠬᠢᠭᠤᠯᠵᠤ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠦ᠋ᠨ ᠨᠡᠮᠡᠭᠳᠡᠯ ᠂ ᠳᠠᠪᠬᠤᠷᠳᠠᠭᠤᠯᠤᠨ ᠰᠤᠷᠪᠤᠯᠵᠢᠯᠠᠬᠤ ᠬᠠᠷᠢᠴᠠᠯ ᠢ᠋ ᠠᠳᠠᠯᠢ ᠬᠤᠭᠤᠴᠠᠭᠠᠨ ᠤ᠋ ᠬᠢ ᠡᠴᠡ ᠪᠠᠭᠤᠷᠠᠭᠤᠯᠬᠤ ᠶ᠋ᠢ ᠪᠡᠶᠡᠯᠡᠭᠦᠯᠵᠦ ᠂ ᠨᠢᠭᠡ ᠪᠦᠯᠦᠭ ᠣᠯᠠᠨ ᠲᠦᠮᠡᠨ ᠦ᠌ ᠪᠠᠴᠢᠮ᠂ ᠬᠦᠰᠡᠨ ᠬᠦᠯᠢᠶᠡᠵᠦ ᠪᠠᠢᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠰᠢᠢᠳᠪᠦᠷᠢᠯᠡᠬᠦ ᠶ᠋ᠢ ᠠᠬᠢᠭᠤᠯᠵᠤ ᠂ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠲᠦᠯᠬᠢᠨ ᠠᠬᠢᠭᠤᠯᠤᠨ᠎ᠠ ; ᠨᠠᠮ ᠤ᠋ᠨ ᠪᠠᠢᠭᠤᠯᠤᠯᠲᠠ ᠪᠠᠷ ᠳᠠᠢᠴᠢᠯᠠᠨ ᠳᠠᠭᠠᠭᠤᠯᠵᠤ ᠂ ᠡᠩᠨᠡᠭᠡᠨ ᠦ᠌ ᠬᠡᠪ ᠴᠢᠨᠠᠷ ᠢ᠋ ᠳᠡᠭᠡᠭᠰᠢᠯᠡᠭᠦᠯᠬᠦ ᠢᠨᠵᠧᠨᠧᠷᠢᠩ ᠢ᠋ ᠠᠬᠢᠭᠤᠯᠬᠤ ᠳ᠋ᠤ᠌ 《 ᠲᠠᠪᠤᠨ ᠴᠠᠭᠠᠷᠠᠭᠰᠠᠨ》 ᠶᠡᠷᠦᠩᠬᠡᠢ ᠱᠠᠭᠠᠷᠳᠠᠯᠭ᠎ᠠ ᠶᠣᠰᠣᠭᠠᠷ ᠂ ᠨᠠᠮ ᠤ᠋ᠨ ᠪᠠᠢᠭᠤᠯᠤᠯᠲᠠ ᠪᠠᠷ ᠬᠥᠲᠥᠯᠦᠨ ᠳᠠᠭᠠᠭᠤᠯᠬᠤ ᠂ ᠡᠩᠨᠡᠭᠡᠨ ᠦ᠌ ᠬᠡᠪ ᠴᠢᠨᠠᠷ ᠴᠢᠳᠠᠪᠤᠷᠢ ᠶ᠋ᠢ ᠳᠡᠭᠡᠭᠰᠢᠯᠡᠭᠦᠯᠬᠦ ᠂ ᠴᠢᠩᠭ᠎ᠠ ᠬᠠᠮᠢᠶᠠᠷᠤᠨ ᠬᠦᠴᠦᠲᠡᠢ ᠵᠣᠷᠢᠭᠵᠢᠭᠤᠯᠬᠤ ᠪᠠᠷ ᠳᠠᠮᠵᠢᠨ 《 ᠭᠤᠷᠪᠠᠨ ᠭᠣᠣᠯᠳᠠᠯᠭ᠎ᠠ ᠲᠠᠢ ᠲᠥᠷᠥᠯ ᠵᠦᠢᠯ 》᠂ 《 8 ᠲᠥᠷᠥᠯ ᠵᠦᠢᠯ ᠦ᠋ᠨ ᠡᠭᠦᠷᠭᠡ 》 ᠂ 《 24 ᠠᠵᠢᠯ ᠤ᠋ᠨ ᠠᠷᠭ᠎ᠠ ᠬᠡᠮᠵᠢᠶ᠎ᠡ》 ᠶ᠋ᠢᠨ ᠭᠦᠨᠵᠡᠭᠡᠢ ᠂ ᠪᠦᠲᠦᠮᠵᠢᠲᠡᠢ ᠥᠷᠨᠢᠭᠦᠯᠬᠦ ᠪᠡᠷ ᠳᠠᠮᠵᠢᠨ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠵᠣᠬᠢᠶᠠᠨ ᠪᠠᠢᠭᠤᠯᠤᠯᠲᠠ ᠶ᠋ᠢᠨ ᠪᠠᠢᠭᠤᠯᠤᠯᠲᠠ ᠪᠠ ᠴᠢᠳᠠᠪᠤᠷᠢᠲᠠᠨ ᠤ᠋ ᠡᠩᠨᠡᠭᠡᠨ ᠦ᠌ ᠪᠠᠢᠭᠤᠯᠤᠯᠲᠠ ᠶ᠋ᠢᠨ ᠠᠵᠢᠯ ᠢ᠋ ᠠᠬᠢᠭᠤᠯᠵᠤ ᠂ 《 ᠤᠯᠤᠰ ᠲᠥᠷᠥ ᠶ᠋ᠢᠨ ᠴᠢᠳᠠᠪᠤᠷᠢ ᠪᠦᠲᠦᠮᠵᠢᠲᠡᠢ ᠳᠡᠭᠡᠭᠰᠢᠯᠡᠬᠦ ᠂ ᠦᠨᠳᠦᠰᠦᠨ ᠱᠠᠲᠤᠨ ᠤ᠋ ᠵᠣᠬᠢᠶᠠᠨ ᠪᠠᠢᠭᠤᠯᠤᠯᠲᠠ ᠨᠡᠩ ᠪᠠᠲᠤ ᠪᠡᠬᠢ ᠂ ᠡᠩᠨᠡᠭᠡᠨ ᠦ᠌ ᠪᠦᠲᠦᠴᠡ ᠲᠠᠰᠤᠷᠠᠯᠲᠠ ᠦᠭᠡᠢ ᠰᠢᠯᠢᠳᠡᠭᠵᠢᠬᠦ ᠂ ᠬᠡᠪ ᠴᠢᠨᠠᠷ ᠴᠢᠳᠠᠪᠤᠷᠢ ᠦᠷᠭᠦᠯᠵᠢᠯᠡᠨ ᠴᠢᠩᠭᠠᠷᠠᠬᠤ ᠂ ᠰᠠᠬᠢᠯᠭ᠎ᠠ ᠪᠠᠲᠤ ᠣᠪᠣᠷ ᠰᠤᠷᠲᠠᠯ ᠨᠡᠩ ᠬᠠᠲᠠᠭᠤ ᠂ ᠬᠠᠤᠯᠢ ᠴᠠᠭᠠᠵᠠ ᠶ᠋ᠢᠨ ᠳᠦᠷᠢ ᠲᠥᠷᠬᠦ ᠶ᠋ᠢ ᠪᠦᠬᠦ ᠲᠠᠯ᠎ᠠ ᠪᠠᠷ ᠪᠣᠢ ᠪᠣᠯᠭᠠᠬᠤ》 ᠬᠠᠷᠠᠯᠲᠠ ᠶ᠋ᠢ ᠪᠡᠶᠡᠯᠡᠭᠦᠯᠦᠨ᠎ᠡ ︔ ᠲᠥᠯᠥᠭᠡᠯᠡᠭᠴᠢ ᠭᠡᠰᠢᠭᠦᠨ 《 ᠳᠥᠷᠪᠡᠨ 100 》 ᠢᠨᠵᠸᠨ᠋ᠸᠷᠢᠩ ᠲᠡᠢ ᠬᠠᠷᠢᠯᠴᠠᠬᠤ ᠳ᠋ᠤ᠌ ᠴᠢᠭᠯᠡᠯᠲᠦ ᠬᠣᠣᠰᠯᠠᠯ ᠢ᠋ ᠨᠠᠢᠳᠠᠪᠤᠷᠢᠵᠢᠭᠤᠯᠵᠤ ᠂ ᠲᠥᠯᠥᠭᠡᠯᠡᠭᠴᠢ ᠭᠡᠰᠢᠭᠦᠳ ᠦ᠋ᠨ 《 ᠨᠢᠭᠡ ᠬᠥᠮᠦᠨ ᠨᠢᠭᠡ ᠳᠠᠩᠰᠠ ᠡᠪᠬᠡᠮᠡᠯ》 ᠦ᠋ᠨ ᠰᠠᠭᠤᠷᠢ ᠮᠡᠳᠡᠭᠡ ᠵᠠᠩᠭᠢ ᠶ᠋ᠢᠨ ᠬᠥᠮᠥᠷᠭᠡ ᠶ᠋ᠢ ᠲᠡᠭᠦᠯᠳᠡᠷᠵᠢᠭᠦᠯᠦᠨ ᠂ ᠬᠣᠯᠪᠣᠭ᠎ᠠ ᠠᠪᠴᠤ ᠬᠣᠣᠰᠯᠠᠬᠤ ᠶ᠋ᠢ ᠬᠠᠮᠤᠷᠬᠤ ᠨᠣᠷᠮ᠎ᠠ ᠶ᠋ᠢ 100% ᠶ᠋ᠢ ᠪᠡᠶᠡᠯᠡᠭᠦᠯᠵᠦ ᠂ ᠲᠥᠯᠥᠭᠡᠯᠡᠭᠴᠢ ᠭᠡᠰᠢᠭᠦᠳ ᠦ᠋ᠨ ᠰᠠᠨᠠᠯ ᠰᠠᠨᠠᠭᠤᠯᠭ᠎ᠠ ᠶ᠋ᠢ ᠰᠣᠨᠣᠰᠴᠤ ᠂ ᠲᠥᠯᠥᠭᠡᠯᠡᠭᠴᠢ ᠭᠡᠰᠢᠭᠦᠳ ᠦ᠋ᠨ ᠠᠩᠬᠠᠷᠤᠯ ᠲᠠᠯᠪᠢᠵᠤ ᠪᠠᠢᠭ᠎ᠠ ᠵᠦᠢᠯ ᠳ᠋ᠦ᠍ ᠴᠠᠭ ᠲᠤᠬᠠᠢ ᠳ᠋ᠤᠨᠢ ᠥᠷᠭᠡᠨ ᠳᠡᠯᠭᠡᠷ ᠬᠠᠷᠢᠭᠤᠯᠲᠠ ᠥᠭᠴᠦ ᠂ ᠬᠠᠷᠢᠯᠴᠠᠬᠤ ᠣᠨᠣᠪᠴᠢ ᠶ᠋ᠢᠨ ᠬᠡᠮᠵᠢᠶ᠎ᠡ ᠶ᠋ᠢ 100% ᠪᠠᠷ ᠪᠡᠶᠡᠯᠡᠭᠦᠯᠵᠦ ᠂ ᠲᠥᠯᠥᠭᠡᠯᠡᠭᠴᠢ ᠭᠡᠰᠢᠭᠦᠳ ᠢ᠋ ᠥᠷᠭᠡᠨ ᠢ᠋ᠶ᠋ᠡᠷ ᠤᠷᠢᠵᠤ ᠰᠢᠭᠦᠬᠦ ᠬᠣᠷᠢᠶᠠᠨ ᠤ᠋ ᠠᠵᠢᠯ ᠳ᠋ᠤ᠌ ᠣᠷᠣᠯᠴᠠᠭᠤᠯᠵᠤ ᠂ ᠲᠥᠯᠥᠭᠡᠯᠡᠭᠴᠢ ᠭᠡᠰᠢᠭᠦᠳ ᠦ᠋ᠨ ᠬᠠᠷᠢᠯᠴᠠᠬᠤ ᠪᠣᠳᠠᠲᠤ ᠦᠷ᠎ᠡ ᠪᠦᠲᠦᠮᠵᠢᠲᠦ ᠴᠢᠨᠠᠷ ᠢ᠋ 100% ᠵᠢᠡᠷ ᠪᠠᠲᠤᠯᠠᠵᠤ ᠂ ᠰᠢᠨ᠎ᠡ ᠵᠠᠭᠤᠴᠢᠯᠠᠭᠤᠷ ᠬᠢᠭᠡᠳ ᠤᠯᠠᠮᠵᠢᠯᠠᠯᠲᠤ ᠵᠠᠭᠤᠴᠢᠯᠠᠭᠤᠷ ᠤ᠋ᠨ ᠬᠠᠷᠢᠯᠴᠠᠨ ᠠᠭᠤᠰᠤᠯᠴᠠᠭᠰᠠᠨ ᠣᠯᠠᠨ ᠡᠰᠢᠲᠦ ᠬᠠᠷᠢᠯᠴᠠᠬᠤ ᠠᠷᠭ᠎ᠠ ᠵᠠᠮ ᠢ᠋ ᠰᠦᠪᠡᠭᠴᠢᠯᠡᠨ ᠂ ᠲᠥᠯᠥᠭᠡᠯᠡᠭᠴᠢ ᠭᠡᠰᠢᠭᠦᠳ ᠦ᠋ᠨ ᠬᠢᠨᠠᠯᠲᠠ ᠶ᠋ᠢᠨ ᠦᠷ᠎ᠡ ᠪᠦᠲᠦᠮᠵᠢᠲᠦ ᠴᠢᠨᠠᠷᠲᠠᠢ ᠤᠬᠠᠭᠤᠯᠭ᠎ᠠ ᠶ᠋ᠢ ᠳᠡᠭᠡᠭᠰᠢᠯᠡᠭᠦᠯᠵᠦ ᠂ ᠠᠷᠠᠳ ᠣᠯᠠᠨ ᠤ᠋ ᠬᠠᠨᠤᠮᠵᠢ ᠶ᠋ᠢᠨ ᠬᠡᠮᠵᠢᠶ᠎ᠡ ᠶ᠋ᠢ 100% ᠪᠠᠷ ᠴᠢᠷᠮᠠᠢᠨ᠎ᠠ ᠃
ᠦᠨᠡᠯᠡᠬᠦ 0ᠦᠨᠡᠯᠡᠯᠲᠡ᠎ᠲᠠᠢ