ᠪᠦᠬᠦ ᠣᠷᠣᠨ ᠤ᠋ ᠴᠣᠷ ᠤ᠋ᠨ ᠭᠠᠭᠴᠠ ᠰᠢᠭᠦᠬᠦ ᠬᠣᠷᠢᠶ᠎ᠠ ︕ ᠠᠷᠠᠳ ᠤ᠋ᠨ ᠳᠡᠭᠡᠳᠦ ᠰᠢᠭᠦᠬᠦ ᠬᠣᠷᠢᠶ᠎ᠠ ᠪᠦᠬᠦ ᠤᠯᠤᠰ ᠤ᠋ᠨ ᠰᠢᠭᠦᠬᠦ ᠬᠣᠷᠢᠶᠠᠨ ᠤ᠋ ᠨᠢᠭᠡ ᠥᠷᠲᠡᠭᠡᠨ ᠦ᠌ ᠮᠠᠶᠢᠭ ᠤ᠋ᠨ ᠪᠦᠲᠦᠭᠡᠨ ᠪᠠᠢᠭᠤᠯᠤᠯᠲᠠ ᠶ᠋ᠢᠨ ᠰᠢᠯᠢᠳᠡᠭ ᠥᠭᠡᠷᠡᠴᠢᠯᠡᠯᠲᠡ ᠰᠢᠨ᠎ᠡ ᠶ᠋ᠢ ᠡᠭᠦᠳᠦᠭᠰᠡᠨ ᠦᠷ᠎ᠡ ᠪᠦᠲᠦᠭᠡᠯ ᠢ᠋ ᠨᠡᠢᠲᠡᠯᠡᠪᠡ
2023.02.24 ᠲᠣᠰ ᠥᠷᠲᠡᠭᠡᠨ᠎ᠦ ᠨᠠᠢᠷᠠᠭᠤᠯᠤᠭᠴᠢ

    ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠡᠢᠲᠡᠯᠡᠭᠳᠡᠪᠡ ︕
    2 ᠰᠠᠷ᠎ᠠ ᠶ᠋ᠢᠨ 15 ᠤ᠋ ᠡᠳᠦᠷ ᠦ᠋ᠨ ᠦᠳᠡ ᠶ᠋ᠢᠨ ᠡᠮᠦᠨ᠎ᠡ ᠂ ᠠᠷᠠᠳ ᠤ᠋ᠨ ᠳᠡᠭᠡᠳᠦ ᠰᠢᠭᠦᠬᠦ ᠬᠣᠷᠢᠶ᠎ᠠ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ ᠂ ᠪᠦᠬᠦ ᠤᠯᠤᠰ ᠤ᠋ᠨ ᠰᠢᠭᠦᠬᠦ ᠬᠣᠷᠢᠶᠠᠨ ᠤ᠋ ᠨᠢᠭᠡ ᠥᠷᠲᠡᠭᠡᠨ ᠦ᠌ ᠮᠠᠶᠢᠭ ᠤ᠋ᠨ ᠪᠦᠲᠦᠭᠡᠨ ᠪᠠᠢᠭᠤᠯᠤᠯᠲᠠ ᠶ᠋ᠢᠨ ᠰᠢᠯᠢᠳᠡᠭ ᠥᠭᠡᠷᠡᠴᠢᠯᠡᠯᠲᠡ ᠰᠢᠨ᠎ᠡ ᠶ᠋ᠢ ᠡᠭᠦᠳᠦᠭᠰᠡᠨ ᠦᠷ᠎ᠡ ᠪᠦᠲᠦᠭᠡᠯ ᠢ᠋ ᠨᠡᠢᠲᠡᠯᠡᠪᠡ ᠃ ᠵᠣᠬᠢᠶᠠᠨ ᠪᠠᠢᠭᠤᠯᠤᠨ ᠲᠠᠨᠢᠯᠴᠠᠭᠤᠯᠬᠤ ᠂ ᠨᠠᠷᠢᠨ ᠰᠢᠭᠰᠢᠯᠡᠵᠦ ᠬᠢᠨᠠᠮᠠᠭᠠᠢ ᠰᠣᠩᠭᠣᠬᠤ ᠂ ᠥᠷᠭᠡᠨ ᠢ᠋ᠶ᠋ᠡᠷ ᠰᠠᠨᠠᠯ ᠬᠤᠷᠢᠶᠠᠬᠤ ᠂ ᠢᠯᠡ ᠪᠡᠷ ᠪᠢᠯᠧᠲ ᠥᠭᠬᠦ ᠂ ᠳᠠᠬᠢᠨ ᠳᠠᠪᠲᠠᠨ ᠰᠤᠳᠤᠯᠬᠤ ᠂ ᠶᠡᠷᠦᠩᠬᠡᠢᠯᠡᠨ ᠦᠨᠡᠯᠡᠬᠦ ᠪᠡᠷ ᠳᠠᠮᠵᠢᠨ ᠳᠣᠯᠣᠭᠠᠨ ᠰᠠᠷ᠎ᠠ ᠭᠠᠷᠤᠢ ᠶ᠋ᠢᠨ ᠴᠠᠭ ᠢ᠋ ᠬᠡᠷᠡᠭᠰᠡᠵᠦ ᠪᠠᠢᠭᠠᠳ ᠂ ᠬᠠᠮᠤᠭ ᠡᠴᠦᠰ ᠲᠦ᠍ 《 ᠠᠷᠪᠠᠨ ᠶᠡᠬᠡ ᠬᠠᠮᠤᠭ᠎ᠠ᠋ᠴᠠ ᠬᠦᠷᠢᠶᠡᠯᠡᠯ ᠲᠡᠢ ᠨᠢᠭᠡ ᠥᠷᠲᠡᠭᠡᠨ ᠦ᠌ ᠮᠠᠶᠢᠭ ᠤ᠋ᠨ ᠪᠦᠲᠦᠭᠡᠨ ᠪᠠᠢᠭᠤᠯᠤᠯᠲᠠ ᠶ᠋ᠢᠨ ᠥᠭᠡᠷᠡᠴᠢᠯᠡᠯᠲᠡ ᠶ᠋ᠢᠨ ᠰᠢᠨ᠎ᠡ ᠶ᠋ᠢ ᠡᠭᠦᠳᠦᠭᠰᠡᠨ ᠦᠷ᠎ᠡ ᠪᠦᠲᠦᠭᠡᠯ 》 ᠂ 《 ᠠᠷᠪᠠᠨ ᠶᠡᠬᠡ ᠬᠠᠮᠤᠭ ᠶᠠᠰᠤ ᠴᠢᠨᠠᠷ ᠲᠠᠢ ᠨᠢᠭᠡ ᠥᠷᠲᠡᠭᠡᠨ ᠦ᠌ ᠮᠠᠶᠢᠭ ᠤ᠋ᠨ ᠪᠦᠲᠦᠭᠡᠨ ᠪᠠᠢᠭᠤᠯᠤᠯᠲᠠ ᠶ᠋ᠢᠨ ᠥᠭᠡᠷᠡᠴᠢᠯᠡᠯᠲᠡ ᠶ᠋ᠢᠨ ᠰᠢᠨ᠎ᠡ ᠶ᠋ᠢ ᠡᠭᠦᠳᠦᠭᠰᠡᠨ ᠦᠷ᠎ᠡ ᠪᠦᠲᠦᠭᠡᠯ 》 ᠂ 《 ᠠᠷᠪᠠᠨ ᠶᠡᠬᠡ ᠬᠠᠮᠤᠭ ᠰᠢᠨ᠎ᠡ ᠶ᠋ᠢ ᠡᠭᠦᠳᠦᠭᠰᠡᠨ ᠨᠢᠭᠡ ᠥᠷᠲᠡᠭᠡᠨ ᠦ᠌ ᠮᠠᠶᠢᠭ ᠤ᠋ᠨ ᠪᠦᠲᠦᠭᠡᠨ ᠪᠠᠢᠭᠤᠯᠤᠯᠲᠠ ᠶ᠋ᠢᠨ ᠥᠭᠡᠷᠡᠴᠢᠯᠡᠯᠲᠡ ᠶ᠋ᠢᠨ ᠰᠢᠨ᠎ᠡ ᠶ᠋ᠢ ᠡᠭᠦᠳᠦᠭᠰᠡᠨ ᠦᠷ᠎ᠡ ᠪᠦᠲᠦᠭᠡᠯ 》 ᠪᠠ 《 ᠠᠷᠪᠠᠨ ᠶᠡᠬᠡ ᠬᠠᠮᠤᠭ ᠣᠨᠴᠠᠯᠢᠭ ᠲᠠᠢ ᠨᠢᠭᠡ ᠥᠷᠲᠡᠭᠡᠨ ᠦ᠌ ᠮᠠᠶᠢᠭ ᠤ᠋ᠨ ᠪᠦᠲᠦᠭᠡᠨ ᠪᠠᠢᠭᠤᠯᠤᠯᠲᠠ ᠶ᠋ᠢᠨ ᠥᠭᠡᠷᠡᠴᠢᠯᠡᠯᠲᠡ ᠬᠢᠵᠦ ᠰᠢᠨ᠎ᠡ ᠶ᠋ᠢ ᠡᠭᠦᠳᠦᠭᠰᠡᠨ ᠦᠷ᠎ᠡ ᠪᠦᠲᠦᠭᠡᠯ 》 ᠢ ᠰᠢᠯᠭᠠᠷᠠᠭᠤᠯᠤᠨ ᠭᠠᠷᠭᠠᠪᠠ ᠃
    《 ᠠᠷᠠᠳ ᠤ᠋ᠨ ᠳᠡᠭᠡᠳᠦ ᠰᠢᠭᠦᠬᠦ ᠬᠣᠷᠢᠶ᠎ᠠ ᠶ᠋ᠢᠨ ᠠᠯᠪᠠᠨ ᠲᠢᠩᠬᠢᠮ ᠦ᠋ᠨ ᠪᠦᠬᠦ ᠤᠯᠤᠰ ᠤ᠋ᠨ ᠰᠢᠭᠦᠬᠦ ᠬᠣᠷᠢᠶ᠎ᠠ ᠶ᠋ᠢᠨ ᠨᠢᠭᠡ ᠥᠷᠲᠡᠭᠡ ᠮᠠᠶᠢᠭ ᠤ᠋ᠨ ᠪᠦᠲᠦᠭᠡᠨ ᠪᠠᠢᠭᠤᠯᠤᠯᠲᠠ ᠶ᠋ᠢᠨ ᠥᠭᠡᠷᠡᠴᠢᠯᠡᠯᠲᠡ ᠶ᠋ᠢᠨ ᠰᠢᠯᠢᠳᠡᠭ ᠰᠢᠨ᠎ᠡ ᠶ᠋ᠢ ᠡᠭᠦᠳᠦᠭᠰᠡᠨ ᠦᠷ᠎ᠡ ᠪᠦᠲᠦᠭᠡᠯ ᠢ᠋ ᠰᠢᠯᠭᠠᠷᠠᠭᠤᠯᠬᠤ ᠠᠵᠢᠯᠯᠠᠭ᠎ᠠ ᠶ᠋ᠢᠨ ᠪᠠᠢᠳᠠᠯ ᠤ᠋ᠨ ᠲᠤᠬᠠᠢ ᠮᠡᠳᠡᠭᠳᠡᠯ 》 ᠳ᠋ᠦ᠍ ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ 《 ᠭᠤᠷᠪᠠᠨ ᠦᠵᠦᠭᠦᠷ ᠲᠠᠪᠤᠨ ᠰᠡᠷᠭᠡᠢᠯᠡᠯᠲᠡ ᠶ᠋ᠢᠨ ᠱᠤᠭᠤᠮ 》 ᠤ᠋ᠨ ᠵᠠᠭᠠᠯᠳᠤᠯᠭ᠎ᠠ ᠶ᠋ᠢᠨ ᠡᠬᠢ ᠰᠤᠷᠪᠤᠯᠵᠢ ᠶ᠋ᠢ ᠵᠠᠰᠠᠬᠤ ᠵᠠᠭᠪᠤᠷ ᠢ᠋ ᠰᠦᠪᠡᠭᠴᠢᠯᠡᠨ ᠪᠠᠢᠭᠤᠯᠤᠨ ᠵᠥᠷᠢᠴᠡᠯ ᠵᠢᠭᠤᠷᠠᠯᠳᠤᠭᠠᠨ ᠢ᠋ ᠱᠠᠲᠤᠯᠠᠨ ᠰᠢᠭᠦᠬᠦ ᠂ ᠣᠯᠠᠨ ᠡᠰᠢᠵᠢᠬᠦᠯᠦᠨ ᠬᠠᠮᠲᠤᠪᠠᠷ ᠵᠠᠰᠠᠬᠤ ᠂ ᠪᠦᠬᠦ ᠣᠷᠣᠨ ᠪᠦᠰᠡ ᠶ᠋ᠢᠨ ᠬᠠᠮᠢᠶᠠᠷᠤᠯᠲᠠ 》 ᠨᠢ ᠪᠦᠬᠦ ᠤᠯᠤᠰ ᠤ᠋ᠨ ᠰᠢᠭᠦᠬᠦ ᠬᠣᠷᠢᠶ᠎ᠠ ᠶ᠋ᠢᠨ ᠠᠷᠪᠠᠨ ᠶᠡᠬᠡ ᠬᠠᠮᠤᠭ ᠰᠢᠨ᠎ᠡ ᠶ᠋ᠢ ᠡᠭᠦᠳᠦᠭᠰᠡᠨ ᠨᠢᠭᠡ ᠥᠷᠲᠡᠭᠡᠨ ᠦ᠌ ᠮᠠᠶᠢᠭ ᠤ᠋ᠨ ᠪᠦᠲᠦᠭᠡᠨ ᠪᠠᠢᠭᠤᠯᠤᠯᠲᠠ ᠶ᠋ᠢᠨ ᠰᠢᠨ᠎ᠡ ᠶ᠋ᠢ ᠡᠭᠦᠳᠦᠭᠰᠡᠨ ᠦᠷ᠎ᠡ ᠪᠦᠲᠦᠭᠡᠯ ᠪᠣᠯᠤᠨ᠎ᠠ ᠃ ᠡᠨᠡ ᠨᠢ ᠮᠥᠨ ᠴᠦ᠍ ᠥᠪᠥᠷ ᠮᠣᠩᠭᠣᠯ ᠤ᠋ᠨ ᠰᠢᠭᠦᠬᠦ ᠬᠣᠷᠢᠶ᠎ᠠ ᠶ᠋ᠢᠨ ᠴᠣᠷ ᠤ᠋ᠨ ᠭᠠᠭᠴᠠ ᠰᠣᠩᠭᠣᠭᠳᠠᠭᠰᠠᠨ ᠲᠤᠷᠰᠢᠯᠭ᠎ᠠ ᠶ᠋ᠢᠨ ᠠᠷᠭ᠎ᠠ ᠪᠣᠯᠤᠨ᠎ᠠ ︕


    《 ᠭᠤᠷᠪᠠᠨ ᠦᠵᠦᠭᠦᠷ ᠲᠠᠪᠤᠨ ᠰᠡᠷᠭᠡᠢᠯᠡᠯᠲᠡ ᠶ᠋ᠢᠨ ᠱᠤᠭᠤᠮ 》 ᠤ᠋ᠨ ᠵᠠᠷᠭᠤᠯᠳᠤᠬᠤ ᠢᠷᠡᠯᠲᠡ ᠶ᠋ᠢ ᠵᠠᠰᠠᠬᠤ ᠵᠠᠭᠪᠤᠷ ᠢ᠋ ᠰᠦᠪᠡᠭᠴᠢᠯᠡᠨ ᠪᠠᠢᠭᠤᠯᠤᠨ᠎ᠠ
    ᠵᠥᠷᠢᠴᠡᠯ ᠵᠢᠭᠤᠷᠠᠯᠳᠤᠭᠠᠨ ᠢ᠋ ᠱᠠᠲᠤᠯᠠᠨ ᠰᠢᠭᠦᠬᠦ ᠂ ᠣᠯᠠᠨ ᠡᠰᠢᠵᠢᠭᠦᠯᠦᠨ ᠬᠠᠮᠲᠤᠪᠠᠷ ᠵᠠᠰᠠᠬᠤ ᠂ ᠪᠦᠬᠦ ᠣᠷᠣᠨᠴᠢᠯᠠᠨ ᠬᠠᠮᠢᠶᠠᠷᠬᠤ ᠶ᠋ᠢ ᠪᠡᠶᠡᠯᠡᠭᠦᠯᠦᠨ᠎ᠡ

【 ᠵᠠᠭᠤᠴᠢᠯᠠᠭᠤᠷ ᠤ᠋ᠨ ᠠᠩᠬᠠᠷᠤᠯ 】 ᠨᠡᠷ᠎ᠡ ᠬᠠᠲᠠᠭᠰᠠᠨ ᠵᠣᠬᠢᠶᠠᠯ | ᠰᠦ᠍ ᠯᠢ ᠵᠢᠶᠦ᠋ᠨ᠄ 《 ᠭᠤᠷᠪᠠᠨ ᠦᠵᠦᠭᠦᠷ ᠲᠠᠪᠤᠨ ᠰᠡᠷᠭᠡᠢᠯᠡᠯᠲᠡ ᠶ᠋ᠢᠨ ᠱᠤᠭᠤᠮ 》 ᠤ᠋ᠨ ᠵᠠᠭᠠᠯᠳᠤᠯᠭ᠎ᠠ ᠶ᠋ᠢᠨ ᠡᠬᠢ ᠰᠤᠷᠪᠤᠯᠵᠢ ᠶ᠋ᠢ ᠵᠠᠰᠠᠬᠤ ᠵᠠᠭᠪᠤᠷ ᠢ᠋ ᠰᠦᠪᠡᠭᠴᠢᠯᠡᠶ᠎ᠡ
    ᠶᠡᠷᠦᠩᠬᠡᠢ ᠱᠦᠵᠢ ᠰᠢ ᠵᠢᠨ ᠫᠢᠩ ᠦ᠋ᠨ 《 ᠵᠠᠷᠭᠤ ᠶ᠋ᠢᠨ ᠪᠤᠰᠤ ᠵᠢᠭᠤᠷᠠᠯᠳᠤᠭᠠᠨ ᠢ᠋ ᠰᠢᠢᠳᠪᠦᠷᠢᠯᠡᠬᠦ ᠲᠣᠭᠲᠠᠴᠠ ᠶ᠋ᠢ ᠡᠮᠦᠨ᠎ᠡ ᠹᠷᠣᠨᠲ ᠲᠤ᠌ ᠪᠠᠢᠯᠭᠠᠬᠤ ᠶ᠋ᠢ ᠪᠠᠷᠢᠮᠲᠠᠯᠠᠬᠤ 》 ᠲᠤᠬᠠᠢ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠲᠤᠤᠱᠯᠠᠭᠤᠯᠤᠨ ᠂ ᠰᠢᠨ᠎ᠡ ᠴᠠᠭ ᠦᠶ᠎ᠡ ᠶ᠋ᠢᠨ 《 ᠹᠧᠩ ᠴᠢᠶᠣᠤ ᠶ᠋ᠢᠨ ᠲᠤᠷᠰᠢᠯᠭ᠎ᠠ 》 ᠶ᠋ᠢ ᠢᠳᠡᠪᠬᠢᠲᠡᠢ ᠦᠢᠯᠡᠳᠦᠯᠭᠡᠵᠢᠭᠦᠯᠦᠨ ᠬᠥᠭᠵᠢᠭᠦᠯᠵᠦ ᠂ 2022 ᠤᠨ ᠡᠴᠡ ᠡᠬᠢᠯᠡᠨ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠠᠤᠯᠢ ᠴᠠᠭᠠᠵᠠ ᠶ᠋ᠢᠨ ᠠᠵᠢᠯ ᠢ᠋ ᠬᠣᠲᠠ ᠶ᠋ᠢᠨ ᠨᠡᠢᠭᠡᠮ ᠦ᠋ᠨ ᠵᠠᠰᠠᠯᠲᠠ ᠶ᠋ᠢᠨ ᠣᠳᠣᠬᠢᠴᠢᠯᠠᠯᠲᠠ ᠶ᠋ᠢᠨ ᠪᠦᠲᠦᠭᠡᠨ ᠪᠠᠢᠭᠤᠯᠤᠯᠲᠠ ᠶ᠋ᠢᠨ ᠠᠵᠢᠯ ᠤ᠋ᠨ ᠶᠡᠬᠡ ᠲᠠᠯ᠎ᠠ ᠳ᠋ᠤ᠌ ᠰᠠᠨᠠᠭᠠᠴᠢᠯᠠᠭ᠎ᠠ᠎ᠠ᠋ᠴᠠ ᠪᠠᠨ ᠠᠭᠤᠰᠤᠯᠴᠠᠭᠤᠯᠵᠤ ᠂ ᠪᠦᠬᠦ ᠬᠣᠲᠠ ᠶ᠋ᠢᠨ ᠰᠢᠭᠦᠬᠦ ᠬᠣᠷᠢᠶ᠎ᠠ ᠶ᠋ᠢᠨ ᠬᠡᠷᠡᠭ ᠵᠠᠷᠭᠤ ᠶ᠋ᠢᠨ ᠲᠣᠭ᠎ᠠ ᠬᠡᠮᠵᠢᠶ᠎ᠡ ᠨᠢ ᠪᠠᠭᠤᠷᠠᠬᠤ ᠦᠭᠡᠢ ᠂ ᠬᠡᠷᠡᠭ ᠣᠯᠠᠨ ᠬᠥᠮᠦᠨ ᠴᠥᠭᠡᠨ ᠪᠠᠢᠬᠤ ᠵᠥᠷᠢᠴᠡᠯ ᠳᠣᠪᠣᠢᠮ᠎ᠠ ᠵᠡᠷᠭᠡ ᠪᠣᠳᠠᠲᠤ ᠬᠡᠷᠡᠭᠴᠡᠭᠡ ᠳ᠋ᠦ᠍ ᠰᠠᠭᠤᠷᠢᠯᠠᠨ ᠂ ᠭᠠᠵᠠᠷ ᠣᠷᠣᠨ ᠤ᠋ ᠪᠣᠳᠠᠲᠠᠢ ᠲᠠᠢ ᠤᠶᠠᠯᠳᠤᠭᠤᠯᠤᠨ ᠂ ᠰᠠᠨᠠᠭᠠᠴᠢᠯᠠᠭᠠᠲᠤ ᠪᠤᠰᠤ ᠪᠠᠷ ᠬᠦᠯᠢᠶᠡᠨ ᠠᠪᠴᠤ ᠰᠢᠢᠳᠪᠦᠷᠢᠯᠡᠬᠦ ᠶ᠋ᠢ ᠰᠠᠨᠠᠭᠠᠴᠢᠯᠠᠭᠠᠲᠤ ᠡᠬᠢ ᠡᠭᠦᠰᠦᠯ ᠡᠴᠡ ᠨᠢ ᠰᠡᠷᠭᠡᠢᠯᠡᠭᠦᠯᠬᠦ ᠪᠡᠷ ᠬᠡᠷᠡᠭᠵᠢᠭᠦᠯᠵᠦ ᠂ ᠪᠦᠬᠦ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠲᠤᠬᠠᠢ ᠶ᠋ᠢᠨ ᠭᠠᠵᠠᠷ ᠣᠷᠣᠨ ᠤ᠋ ᠪᠠᠢᠳᠠᠯ ᠳ᠋ᠤᠨᠢ ᠲᠣᠬᠢᠷᠠᠭᠤᠯᠤᠨ 《 ᠭᠤᠷᠪᠠᠨ ᠦᠵᠦᠭᠦᠷ ᠲᠠᠪᠤᠨ ᠰᠡᠷᠭᠡᠢᠯᠡᠯᠲᠡ ᠶ᠋ᠢᠨ ᠱᠤᠭᠤᠮ 》 ᠤ᠋ᠨ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶ᠋ᠢᠨ ᠬᠡᠪ ᠵᠠᠭᠪᠤᠷ ᠢ᠋ ᠳᠤᠷᠠᠳᠬᠤ ᠶ᠋ᠢᠨ ᠬᠠᠮᠲᠤ ᠬᠡᠷᠡᠭᠵᠢᠭᠦᠯᠵᠦ ᠂ ᠬᠣᠲᠠ ᠶ᠋ᠢᠨ ᠬᠡᠪᠴᠢᠶᠡᠨ ᠳ᠋ᠡᠬᠢ ᠡᠯ᠎ᠡ ᠲᠥᠷᠥᠯ ᠦ᠋ᠨ ᠵᠥᠷᠢᠴᠡᠯ ᠢ᠋ ᠰᠡᠷᠭᠡᠢᠯᠡᠨ ᠨᠠᠮᠳᠠᠭᠤᠯᠬᠤ ᠳ᠋ᠤ᠌ ᠢᠳᠡᠪᠬᠢᠲᠡᠢ ᠬᠤᠪᠢ ᠨᠡᠮᠡᠷᠢ ᠦᠵᠡᠭᠦᠯᠪᠡ ᠃ ᠲᠤᠰ ᠬᠡᠪ ᠵᠠᠭᠪᠤᠷ ᠨᠢ ᠡᠮᠦᠨ᠎ᠡ ᠦᠵᠦᠭᠦᠷ ᠲᠡᠬᠢ 《 ᠡᠪᠡᠳᠴᠢᠨ ᠦᠭᠡᠢ 》 ᠂ ᠳᠤᠮᠳᠠ ᠦᠵᠦᠭᠦᠷ ᠲᠡᠬᠢ 《 ᠪᠢᠴᠢᠯ ᠡᠪᠡᠳᠴᠢᠨ 》 ᠂ ᠦᠵᠦᠭᠦᠷ ᠲᠡᠬᠢ 《 ᠡᠪᠡᠳᠴᠢᠨ ᠨᠢ ᠨᠢᠭᠡᠨᠲᠡ ᠢᠯᠡᠷᠡᠭᠰᠡᠨ 》 ᠭᠤᠷᠪᠠᠨ ᠦᠵᠦᠭᠦᠷ ᠢ᠋ ᠵᠠᠰᠠᠬᠤ ᠲᠠᠯ᠎ᠠ ᠳ᠋ᠤ᠌ ᠲᠥᠪᠯᠡᠷᠡᠵᠦ ᠂ 《 ᠵᠠᠭᠠᠯᠳᠤᠯᠭ᠎ᠠ ᠶ᠋ᠢᠨ ᠡᠬᠢ ᠂ ᠵᠠᠭᠠᠯᠳᠤᠯᠭ᠎ᠠ ᠬᠢᠬᠦ ᠂ ᠰᠢᠭᠦᠨ ᠲᠠᠰᠤᠯᠤᠭᠰᠠᠨ ᠤ᠋ ᠳᠠᠷᠠᠭ᠎ᠠ ᠂ ᠪᠣᠳᠠᠲᠠᠢ ᠠᠵᠢᠯ ᠬᠢᠬᠦ ᠂ ᠵᠠᠬᠢᠳᠠᠯ ᠰᠤᠷᠪᠤᠯᠵᠢᠯᠠᠭ᠎ᠠ 》 ᠡᠴᠡ ᠰᠡᠷᠭᠡᠢᠯᠡᠬᠦ ᠪᠠ ᠵᠥᠷᠢᠴᠡᠯ ᠢ᠋ ᠲᠣᠬᠢᠷᠠᠭᠤᠯᠤᠨ ᠰᠢᠢᠳᠪᠦᠷᠢᠯᠡᠬᠦ 《 ᠲᠠᠪᠤᠨ ᠰᠡᠷᠭᠡᠢᠯᠡᠯᠲᠡ ᠶ᠋ᠢᠨ ᠱᠤᠭᠤᠮ 》 ᠢ ᠪᠦᠬᠦ ᠲᠠᠯ᠎ᠠ ᠪᠠᠷ ᠪᠡᠬᠢᠵᠢᠭᠦᠯᠵᠦ ᠂ ᠵᠥᠷᠢᠴᠡᠯ ᠮᠥᠷᠭᠥᠯᠳᠦᠭᠡᠨ ᠢ᠋ ᠵᠠᠷᠭᠤ ᠶ᠋ᠢᠨ ᠭᠠᠳᠠᠨ᠎ᠠ ᠪᠦᠲᠦᠮᠵᠢᠲᠡᠢ ᠪᠡᠷ ᠰᠠᠯᠭᠠᠬᠤ ᠂ ᠵᠠᠷᠭᠤ ᠶ᠋ᠢᠨ ᠳᠣᠲᠣᠷ᠎ᠠ ᠥᠨᠳᠥᠷ ᠦᠷ᠎ᠡ ᠪᠦᠲᠦᠮᠵᠢᠲᠡᠢ ᠨᠠᠮᠳᠠᠭᠤᠯᠬᠤ ᠶ᠋ᠢ ᠬᠥᠲᠥᠯᠦᠨ ᠵᠢᠯᠣᠭᠣᠳᠴᠤ ᠂ ᠬᠠᠤᠯᠢ ᠴᠠᠭᠠᠵᠠ ᠪᠠᠷ ᠨᠡᠢᠭᠡᠮ ᠦ᠋ᠨ ᠡᠶ᠎ᠡ ᠵᠣᠬᠢᠴᠠᠩᠭᠤᠢ ᠵᠠᠰᠠᠯᠲᠠ ᠶ᠋ᠢ ᠠᠬᠢᠭᠤᠯᠤᠨ᠎ᠠ ᠃

【 ᠵᠠᠭᠤᠴᠢᠯᠠᠭᠤᠷ ᠤ᠋ᠨ ᠠᠩᠬᠠᠷᠤᠯ 】 ᠠᠷᠠᠳᠴᠢᠯᠠᠯ ᠪᠠ ᠬᠠᠤᠯᠢ ᠳᠦᠷᠢᠮ ᠦ᠋ᠨ ᠴᠠᠭ ᠰᠣᠨᠢᠨ | 《 ᠭᠤᠷᠪᠠᠨ ᠦᠵᠦᠭᠦᠷ ᠲᠠᠪᠤᠨ ᠰᠡᠷᠭᠡᠢᠯᠡᠯᠲᠡ ᠶ᠋ᠢᠨ ᠱᠤᠭᠤᠮ 》 ᠢ ᠰᠢᠨᠡᠴᠢᠯᠡᠵᠦ ᠣᠯᠠᠨ ᠡᠰᠢᠲᠦ ᠵᠠᠳᠠᠯᠤᠯᠲᠠ ᠶ᠋ᠢᠨ ᠲᠣᠣᠷ ᠢ᠋ ᠰᠦᠯᠵᠢᠪᠡ
    ᠨᠢᠭᠡ ᠵᠢᠯ ᠦ᠋ᠨ ᠬᠠᠢᠨ ᠰᠦᠪᠡᠭᠴᠢᠯᠡᠯᠲᠡ ᠪᠠ ᠦᠢᠯᠡᠳᠦᠯᠭᠡ ᠪᠡᠷ ᠳᠠᠮᠵᠢᠨ ᠂ 《 ᠭᠤᠷᠪᠠᠨ ᠦᠵᠦᠭᠦᠷ ᠲᠠᠪᠤᠨ ᠰᠡᠷᠭᠡᠢᠯᠡᠯᠲᠡ ᠶ᠋ᠢᠨ ᠱᠤᠭᠤᠮ 》 ᠤ᠋ᠨ ᠵᠠᠷᠭᠤ ᠶ᠋ᠢᠨ ᠡᠬᠢ ᠰᠤᠷᠪᠤᠯᠵᠢ ᠶ᠋ᠢ ᠵᠠᠰᠠᠬᠤ ᠠᠷᠭ᠎ᠠ ᠮᠠᠶᠢᠭ ᠨᠢ ᠦᠷ᠎ᠡ ᠪᠦᠲᠦᠮᠵᠢ ᠢᠯᠡᠷᠬᠡᠢ ᠪᠣᠯᠵᠤ ᠂ ᠪᠦᠬᠦ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠪᠦᠬᠦ ᠬᠣᠲᠠ ᠶ᠋ᠢᠨ ᠬᠡᠪᠴᠢᠶᠡᠨ ᠳ᠋ᠦ᠍ ᠬᠣᠲᠠ ᠶ᠋ᠢᠨ ᠨᠡᠢᠭᠡᠮ ᠦ᠋ᠨ ᠵᠠᠰᠠᠯᠲᠠ ᠶ᠋ᠢᠨ ᠣᠳᠣᠬᠢᠴᠢᠯᠠᠯᠲᠠ ᠶ᠋ᠢᠨ ᠳᠤᠮᠳᠠ ᠭᠦᠨᠵᠡᠭᠡᠢ ᠰᠢᠭᠢᠳᠬᠡᠨ ᠣᠷᠣᠵᠤ ᠂ 《 ᠵᠥᠷᠢᠴᠡᠯ ᠢ᠋ ᠵᠠᠷᠭᠤᠯᠳᠤᠬᠤ᠎ᠠ᠋ᠴᠠ ᠡᠮᠦᠨ᠎ᠡ ᠵᠣᠭᠰᠣᠭᠠᠬᠤ ᠂ ᠵᠢᠭᠤᠷᠠᠯᠳᠤᠭᠠᠨ ᠢ᠋ ᠵᠠᠷᠭᠤ ᠶ᠋ᠢᠨ ᠳᠣᠲᠣᠷ᠎ᠠ ᠰᠢᠢᠳᠪᠦᠷᠢᠯᠡᠬᠦ 》 ᠣᠯᠠᠨ ᠰᠡᠷᠭᠡᠢᠯᠡᠯᠲᠡ ᠶ᠋ᠢᠨ ᠱᠤᠭᠤᠮ ᠪᠠ ᠵᠠᠰᠠᠬᠤ ᠬᠠᠷᠠᠯᠲᠠ ᠶ᠋ᠢ ᠪᠡᠶᠡᠯᠡᠭᠦᠯᠵᠦ ᠂ ᠰᠢᠭᠦᠨ ᠭᠦᠢᠴᠡᠳᠬᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠂ ᠣᠯᠠᠨ ᠲᠦᠮᠡᠨ ᠦ᠌ ᠬᠠᠨᠤᠮᠵᠢ ᠶ᠋ᠢᠨ ᠬᠡᠮᠵᠢᠶ᠎ᠡ ᠪᠠ ᠬᠡᠷᠡᠭ ᠢ᠋ ᠬᠦᠯᠢᠶᠡᠨ ᠠᠪᠴᠤ ᠰᠢᠢᠳᠪᠦᠷᠢᠯᠡᠬᠦ ᠲᠣᠭ᠎ᠠ ᠬᠡᠮᠵᠢᠶ᠎ᠡ ᠂ ᠬᠡᠷᠡᠭ ᠦ᠋ᠨ ᠨᠡᠮᠡᠭᠳᠡᠯ ᠦ᠋ᠨ ᠬᠤᠷᠳᠤᠴᠠ 《 ᠬᠣᠶᠠᠷ ᠳᠡᠭᠡᠭᠰᠢᠯᠡᠵᠦ ᠬᠣᠶᠠᠷ ᠪᠠᠭᠤᠷᠠᠭᠤᠯᠬᠤ 》 ᠶ᠋ᠢᠨ ᠰᠠᠢᠨ ᠦᠷ᠎ᠡ ᠪᠦᠲᠦᠮᠵᠢ ᠣᠯᠵᠠᠢ ᠃ 2022 ᠣᠨ ᠳ᠋ᠤ᠌ ᠪᠦᠬᠦ ᠵᠢᠯ ᠳ᠋ᠦ᠍ ᠵᠥᠷᠢᠴᠡᠯ ᠵᠢᠭᠤᠷᠠᠭᠠᠨ ᠢ᠋ 3.65 ᠲᠦᠮᠡᠨ ᠬᠤᠪᠢ ᠬᠤᠪᠢᠶᠠᠨ ᠰᠠᠯᠭᠠᠵᠤ ᠡᠶᠡᠳᠡᠭᠦᠯᠦᠨ ᠰᠢᠢᠳᠪᠦᠷᠢᠯᠡᠵᠦ ᠂ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠰᠢᠨ᠎ᠡ ᠪᠡᠷ ᠬᠦᠯᠢᠶᠡᠨ ᠠᠪᠤᠭᠰᠠᠨ ᠬᠡᠷᠡᠭ ᠦ᠋ᠨ ᠲᠣᠭ᠎ᠠ ᠠᠳᠠᠯᠢ ᠬᠤᠭᠤᠴᠠᠭᠠᠨ ᠤ᠋ ᠬᠢ ᠡᠴᠡ 11.2% ᠢ᠋ᠶ᠋ᠠᠷ ᠪᠠᠭᠤᠷᠠᠪᠠ ᠃ ᠡᠭᠦᠨ ᠦ᠌ ᠬᠠᠮᠲᠤ ᠂ ᠵᠠᠭᠤ ᠭᠠᠷᠤᠢ ᠰᠢᠭᠦᠭᠴᠢ ᠴᠠᠭᠳᠠᠭ᠎ᠠ ᠮᠠᠯᠵᠢᠬᠤ ᠲᠠᠷᠢᠶᠠᠯᠠᠬᠤ ᠣᠷᠣᠨ ᠳ᠋ᠤ᠌ ᠬᠦᠷᠴᠦ ᠂ ᠠᠵᠤ ᠠᠬᠤᠢᠯᠠᠯ ᠤ᠋ᠨ ᠨᠡᠢᠭᠡᠮ ᠲᠣᠭᠣᠷᠢᠭ ᠲᠤ᠌ ᠬᠦᠷᠴᠦ ᠂ ᠠᠷᠠᠳ ᠤ᠋ᠨ ᠪᠠᠢᠳᠠᠯ ᠢ᠋ ᠪᠡᠶᠡᠴᠢᠯᠡᠨ ᠪᠠᠢᠴᠠᠭᠠᠵᠤ ᠂ ᠵᠥᠷᠢᠴᠡᠯ ᠢ᠋ ᠨᠠᠮᠳᠠᠭᠤᠯᠤᠨ ᠂ ᠵᠢᠭᠤᠷᠠᠭᠠᠨ ᠢ᠋ ᠰᠢᠢᠳᠪᠦᠷᠢᠯᠡᠭᠡᠳ ᠂ ᠣᠯᠠᠨ ᠲᠦᠮᠡᠨ ᠦ᠌ ᠭᠣᠮᠣᠳᠠᠯ ᠱᠠᠭᠠᠷᠳᠠᠯᠭ᠎ᠠ ᠶ᠋ᠢ ᠨᠡᠩ ᠰᠠᠭᠠᠳ ᠦᠭᠡᠢ ᠢᠯᠡᠳᠬᠡᠵᠦ ᠂ ᠬᠠᠤᠯᠢ ᠴᠠᠭᠠᠵᠠ ᠶ᠋ᠢᠨ ᠬᠦᠷᠲᠡᠭᠡᠯ ᠦ᠋ᠨ ᠰᠡᠳᠬᠢᠯᠭᠡ ᠨᠡᠩ ᠦᠨᠡᠨ ᠪᠣᠳᠠᠲᠠᠢ ᠪᠣᠯᠵᠤ ᠂ 《 ᠰᠢᠭᠦᠭᠴᠢ ᠨᠢ ᠠᠷᠠᠳ ᠢᠷᠭᠡᠳ ᠡᠴᠡ ᠨᠡᠩ ᠣᠢᠷ᠎ᠠ ᠂ ᠣᠯᠠᠨ ᠲᠦᠮᠡᠨ ᠵᠠᠷᠭᠤ ᠵᠠᠭᠠᠯ᠎ᠠ᠋ᠴᠠ ᠪᠠᠨ ᠨᠡᠩ ᠬᠣᠯᠠ ᠵᠠᠢᠲᠠᠢ ᠪᠠᠢᠬᠤ 》 ᠪᠣᠳᠠᠲᠤ ᠦᠷ᠎ᠡ ᠪᠦᠲᠦᠮᠵᠢ ᠪᠡᠷ ᠣᠯᠠᠨ ᠲᠦᠮᠡᠨ ᠦ᠌ ᠢᠲᠡᠭᠡᠯ ᠂ ᠢᠲᠡᠭᠡᠯ ᠪᠠ ᠰᠢᠭᠦᠭᠴᠢ ᠲᠤᠰᠢᠶᠠᠯᠲᠠᠨ ᠢ᠋ ᠢᠲᠡᠭᠡᠬᠦ ᠳ᠋ᠦ᠍ ᠬᠦᠷᠪᠡ ᠃ ᠰᠢᠨ᠎ᠡ ᠴᠠᠭ ᠦᠶ᠎ᠡ ᠶ᠋ᠢᠨ 《 ᠪᠠᠲᠤᠴᠠᠭᠠᠨ ᠤ᠋ ᠬᠥᠭᠥᠷᠭᠡ ᠶ᠋ᠢᠨ ᠲᠤᠷᠰᠢᠯᠭ᠎ᠠ 》 ᠨᠢ ᠣᠷᠳᠣᠰ ᠤ᠋ᠨ ᠰᠢᠭᠦᠬᠦ ᠬᠣᠷᠢᠶᠠᠨ ᠳ᠋ᠤ᠌ ᠭᠠᠵᠠᠷᠳᠠᠵᠤ ᠦᠨᠳᠦᠰᠦᠯᠡᠭᠳᠡᠨ ᠂ ᠴᠡᠴᠡᠭᠯᠡᠵᠦ ᠦᠷ᠎ᠡ ᠪᠦᠲᠦᠮᠵᠢ ᠭᠠᠷᠭᠠᠭᠰᠠᠨ ᠪᠠᠢᠨ᠎ᠠ ᠃
 

【 ᠵᠠᠷᠭᠤ ᠶ᠋ᠢᠨ ᠢᠷᠡᠯᠲᠡ ᠶ᠋ᠢ ᠵᠠᠰᠠᠵᠤ ᠣᠷᠳᠣᠰ ᠨᠤᠲᠤᠭ ᠲᠤ᠌ 《 ᠴᠡᠴᠡᠭ 》 ᠳᠡᠯᠭᠡᠷᠡᠭᠦᠯᠪᠡ 】 ᠣᠷᠳᠣᠰ ᠬᠣᠶᠠᠷ ᠱᠠᠲᠤᠨ ᠤ᠋ ᠰᠢᠭᠦᠬᠦ ᠬᠣᠷᠢᠶ᠎ᠠ ᠶ᠋ᠢᠨ ᠡᠬᠢ ᠰᠤᠷᠪᠤᠯᠵᠢ ᠶ᠋ᠢ ᠵᠠᠰᠠᠬᠤ ᠠᠵᠢᠯ ᠤ᠋ᠨ ᠨᠡᠢᠲᠡᠯᠢᠭ ᠲᠤᠷᠰᠢᠯᠭ᠎ᠠ ( ᠨᠢᠭᠡ )
    ᠡᠨᠡ ᠤᠳᠠᠭ᠎ᠠ ᠪᠦᠬᠦ ᠤᠯᠤᠰ ᠤ᠋ᠨ ᠰᠢᠭᠦᠬᠦ ᠬᠣᠷᠢᠶᠠᠨ ᠤ᠋ ᠨᠢᠭᠡ ᠥᠷᠲᠡᠭᠡᠨ ᠦ᠌ ᠮᠠᠶᠢᠭ ᠤ᠋ᠨ ᠪᠦᠲᠦᠭᠡᠨ ᠪᠠᠢᠭᠤᠯᠤᠯᠲᠠ ᠶ᠋ᠢᠨ ᠥᠭᠡᠷᠡᠴᠢᠯᠡᠯᠲᠡ ᠬᠢᠵᠦ ᠰᠢᠨ᠎ᠡ ᠶ᠋ᠢ ᠡᠭᠦᠳᠦᠭᠰᠡᠨ ᠰᠢᠯᠢᠳᠡᠭ ᠦᠷ᠎ᠡ ᠪᠦᠲᠦᠭᠡᠯ ᠢ᠋ ᠢᠷᠠᠭᠤ ᠠᠯᠳᠠᠷᠲᠠᠢ ᠪᠠᠷ ᠣᠯᠤᠭᠰᠠᠨ ᠨᠢ ᠵᠣᠷᠢᠭᠵᠢᠭᠤᠯᠤᠯ ᠮᠥᠷᠲᠡᠭᠡᠨ ᠪᠠᠰᠠ ᠱᠠᠭᠠᠷᠳᠠᠯᠭ᠎ᠠ ᠪᠣᠯᠤᠨ᠎ᠠ ᠃ ᠳᠠᠷᠠᠭᠠᠴᠢ ᠶ᠋ᠢᠨ ᠠᠯᠬᠤᠮ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠢᠷᠠᠭᠤ ᠠᠯᠳᠠᠷ ᠢ᠋ᠶ᠋ᠠᠨ ᠨᠠᠨᠳᠢᠩᠨᠠᠵᠤ ᠂ ᠬᠢᠷᠢ ᠪᠦᠲᠦᠮᠵᠢ ᠶ᠋ᠢ ᠪᠠᠳᠠᠷᠠᠭᠤᠯᠵᠤ ᠂ ᠴᠢᠷᠮᠠᠢᠭᠰᠠᠨ ᠳᠡᠭᠡᠷ᠎ᠡ ᠪᠡᠨ ᠴᠢᠷᠮᠠᠢᠵᠤ ᠂ ᠬᠦᠴᠢᠷ ᠠᠰᠠᠭᠤᠳᠠᠯ ᠢ᠋ ᠲᠥᠪᠯᠡᠷᠡᠭᠦᠯᠦᠨ ᠂ ᠨᠢᠭᠡᠳᠦᠯᠲᠡᠢ ᠲᠥᠯᠥᠪᠯᠡᠨ ᠰᠦᠪᠡᠭᠴᠢᠯᠡᠵᠦ ᠂ 《 ᠬᠠᠤᠯᠢ ᠴᠠᠭᠠᠵᠠ ᠶ᠋ᠢᠨ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠬᠦ ᠣᠨ 》 ᠤ᠋ ᠠᠵᠢᠯᠯᠠᠭᠠᠨ ᠥᠷᠨᠢᠭᠦᠯᠬᠦ ᠪᠡᠷ ᠠᠵᠠ ᠲᠣᠬᠢᠶᠠᠯ ᠪᠣᠯᠭᠠᠨ ᠂ ᠲᠦᠷᠭᠡᠨ ᠲᠠᠰᠤᠯᠤᠨ ᠲᠣᠭᠲᠠᠭᠠᠯᠲᠠ ᠲᠦᠷᠭᠡᠨ ᠰᠢᠭᠦᠯᠲᠡ ᠂ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠪᠠ 《 ᠨᠢᠭᠡ ᠥᠷᠲᠡᠭᠡᠴᠢᠯᠡᠭᠰᠡᠨ 》 ᠬᠡᠯᠪᠡᠷᠢ ᠶ᠋ᠢᠨ ᠵᠠᠷᠭᠤ ᠶ᠋ᠢᠨ ᠦᠢᠯᠡᠴᠢᠯᠡᠭᠡᠨ ᠦ᠌ ᠰᠢᠰᠲ᠋ᠧᠮ ᠦ᠋ᠨ ᠪᠠᠢᠭᠤᠯᠤᠯᠲᠠ ᠶ᠋ᠢ ᠯᠠᠪᠳᠠᠭᠤᠨ ᠪᠠᠲᠤᠲᠠᠢ ᠠᠬᠢᠭᠤᠯᠵᠤ ᠂ ᠪᠦᠬᠦ ᠬᠣᠲᠠ ᠶ᠋ᠢᠨ ᠰᠢᠭᠦᠬᠦ ᠬᠣᠷᠢᠶ᠎ᠠ ᠶ᠋ᠢᠨ 《 ᠭᠤᠷᠪᠠᠨ ᠦᠵᠦᠭᠦᠷ ᠲᠠᠪᠤᠨ ᠰᠡᠷᠭᠡᠢᠯᠡᠯᠲᠡ ᠶ᠋ᠢᠨ ᠱᠤᠭᠤᠮ 》 ᠤ᠋ᠨ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶ᠋ᠢᠨ ᠬᠡᠪ ᠵᠠᠭᠪᠤᠷ ᠢ᠋ ᠳᠡᠰ ᠳᠡᠪᠰᠢᠭᠦᠯᠵᠦ ᠂ ᠭᠠᠳᠠᠨᠠᠬᠢ ᠣᠯᠠᠨ ᠡᠰᠢᠴᠢᠯᠡᠭᠰᠡᠨ ᠪᠠ ᠳᠣᠲᠣᠭᠠᠳᠤ ᠶ᠋ᠢᠨ ᠥᠨᠳᠥᠷ ᠦᠷ᠎ᠡ ᠪᠦᠲᠦᠮᠵᠢᠲᠡᠢ ᠬᠠᠮᠵᠢᠯᠴᠠᠯᠭ᠎ᠠ ᠨᠢ ᠪᠠᠭᠤᠷᠠᠵᠤ ᠂ ᠬᠡᠷᠡᠭ ᠦ᠋ᠨ ᠲᠣᠭ᠎ᠠ ᠬᠡᠮᠵᠢᠶ᠎ᠡ ᠶ᠋ᠢ ᠳᠣᠷᠣᠭᠰᠢᠯᠠᠭᠤᠯᠬᠤ ᠂ ᠬᠡᠷᠡᠭ ᠰᠢᠢᠳᠪᠦᠷᠢᠯᠡᠬᠦ ᠶᠠᠰᠤ ᠴᠢᠨᠠᠷ ᠢ᠋ ᠳᠡᠭᠡᠭᠰᠢᠯᠡᠭᠦᠯᠬᠦ ᠬᠠᠷᠠᠯᠲᠠ ᠶ᠋ᠢ ᠠᠬᠢᠭᠤᠯᠵᠤ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ 《 ᠨᠢᠭᠡ ᠥᠷᠲᠡᠭᠡᠨ ᠦ᠌ ᠮᠠᠶᠢᠭ 》 ᠤ᠋ᠨ ᠪᠠᠢᠭᠤᠯᠤᠯᠲᠠ ᠶ᠋ᠢᠨ ᠨᠡᠷ᠎ᠡ ᠶ᠋ᠢᠨ ᠬᠠᠭᠤᠳᠠᠰᠤ ᠶ᠋ᠢ ᠪᠦᠬᠦ ᠲᠠᠯ᠎ᠠ ᠪᠠᠷ ᠢᠯᠡᠷᠡᠭᠦᠯᠵᠦ ᠂ 《 ᠨᠢᠭᠡ ᠥᠷᠲᠡᠭᠡᠨ ᠦ᠌ ᠮᠠᠶᠢᠭ 》 ᠤ᠋ᠨ ᠪᠠᠢᠭᠤᠯᠤᠯᠲᠠ ᠶ᠋ᠢᠨ ᠦᠷ᠎ᠡ ᠪᠦᠲᠦᠮᠵᠢ ᠶ᠋ᠢ ᠦᠷᠭᠦᠯᠵᠢᠯᠡᠨ ᠪᠡᠬᠢᠵᠢᠭᠦᠯᠦᠨ ᠳᠡᠭᠡᠭᠰᠢᠯᠡᠭᠦᠯᠵᠦ ᠂ ᠣᠷᠳᠣᠰ ᠬᠣᠲᠠ ᠶ᠋ᠢᠨ ᠠᠵᠤ ᠠᠬᠤᠢ ᠨᠡᠢᠭᠡᠮ ᠦ᠋ᠨ ᠴᠢᠨᠠᠷ ᠰᠠᠢᠲᠠᠢ ᠬᠥᠭᠵᠢᠯᠲᠡ ᠳ᠋ᠦ᠍ ᠬᠦᠴᠦᠨ ᠲᠡᠭᠦᠯᠳᠡᠷ ᠬᠠᠤᠯᠢ ᠴᠠᠭᠠᠵᠠ ᠶ᠋ᠢᠨ ᠪᠠᠲᠤᠯᠠᠭ᠎ᠠ ᠬᠠᠩᠭᠠᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )