ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ 2022 ᠣᠨ ᠤ᠋ ᠠᠷᠠᠳᠴᠢᠯᠠᠭᠰᠠᠨ ᠠᠮᠢᠳᠤᠷᠠᠯ ᠤ᠋ᠨ ᠬᠤᠷᠠᠯ ᠬᠤᠷᠠᠯᠳᠤᠪᠠ
2023.02.24 ᠲᠣᠰ ᠥᠷᠲᠡᠭᠡᠨ᠎ᠦ ᠨᠠᠢᠷᠠᠭᠤᠯᠤᠭᠴᠢ

    2 ᠰᠠᠷᠠ ᠶ᠋ᠢᠨ 20 ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ 2022 ᠣᠨ ᠤ᠋ ᠠᠷᠠᠳᠴᠢᠯᠠᠭᠰᠠᠨ ᠠᠮᠢᠳᠤᠷᠠᠯ ᠤ᠋ᠨ ᠬᠤᠷᠠᠯ ᠬᠤᠷᠠᠯᠳᠤᠭᠤᠯᠵᠤ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠬᠤᠷᠠᠯ ᠡᠷᠬᠢᠯᠡᠵᠦ ᠂ ᠬᠣᠲᠠ ᠶ᠋ᠢᠨ ᠨᠠᠮ ᠤ᠋ᠨ ᠬᠣᠷᠢᠶᠠᠨ ᠤ᠋ ᠭᠤᠷᠪᠠᠳᠤᠭᠠᠷ ᠬᠢᠨᠠᠨ ᠵᠢᠯᠣᠭᠣᠳᠬᠤ ᠳᠤᠭᠤᠢᠯᠠᠩ ᠤ᠋ᠨ ᠳᠠᠷᠤᠭ᠎ᠠ ᠂ ᠬᠣᠲᠠ ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠬᠢᠨᠠᠨ ᠪᠠᠢᠴᠠᠭᠠᠬᠤ ᠺᠣᠮᠢᠰ ᠤ᠋ᠨ ᠬᠣᠲᠠ ᠳ᠋ᠤ᠌ ᠲᠣᠮᠢᠯᠠᠨ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ ᠤ᠋ᠨ ᠳᠠᠷᠤᠭ᠎ᠠ ᠵᠠᠩ ᠹᠧᠨ ᠪᠢᠩ ᠵᠢᠴᠢ ᠬᠣᠲᠠ ᠶ᠋ᠢᠨ ᠨᠠᠮ ᠤ᠋ᠨ ᠬᠣᠷᠢᠶᠠᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶᠠᠨ ᠤ᠋ ᠳᠥᠷᠪᠡᠳᠦᠭᠡᠷ ᠳᠡᠰ ᠦ᠋ᠨ ᠪᠠᠢᠴᠠᠭᠠᠨ ᠰᠤᠳᠤᠯᠤᠭᠴᠢ ᠵᠣᠣ ᠶᠦᠨ ᠬᠤᠷᠠᠯ ᠳ᠋ᠤ᠌ ᠣᠷᠣᠯᠴᠠᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠭᠡᠷ ᠲᠡᠭᠡᠨ ᠪᠠᠢᠭ᠎ᠠ ᠤᠳᠤᠷᠢᠳᠬᠤ ᠪᠠᠭ ᠤ᠋ᠨ ᠪᠦᠷᠢᠯᠳᠦᠬᠦᠨ ᠬᠤᠷᠠᠯ ᠳ᠋ᠤ᠌ ᠣᠷᠣᠯᠴᠠᠵᠤ ᠂ ᠪᠠᠢᠭᠤᠯᠭ᠎ᠠ ᠶ᠋ᠢᠨ ᠨᠠᠮ ᠤ᠋ᠨ ᠬᠣᠷᠢᠶᠠᠨ ᠤ᠋ ᠲᠤᠰᠬᠠᠢ ᠲᠤᠰᠢᠶᠠᠯᠲᠤ ᠳᠡᠳ᠋ ᠱᠦᠵᠢ ᠬᠤᠷᠠᠯ ᠳ᠋ᠤ᠌ ᠣᠷᠣᠯᠴᠠᠪᠠ ᠃

    ᠬᠤᠷᠠᠯ ᠳᠡᠭᠡᠷ᠎ᠡ ᠂ ᠰᠦ᠍ ᠯᠢ ᠵᠢᠶᠦ᠋ᠨ ᠳᠡᠭᠡᠷ᠎ᠡ ᠵᠢᠯ ᠦ᠋ᠨ ᠠᠷᠠᠳᠴᠢᠯᠠᠭᠰᠠᠨ ᠠᠮᠢᠳᠤᠷᠠᠯ ᠤ᠋ᠨ ᠬᠤᠷᠠᠯ  ᠢ᠋ ᠴᠡᠭᠴᠡᠯᠡᠨ ᠰᠠᠢᠵᠢᠷᠠᠭᠤᠯᠵᠤ ᠂ ᠨᠠᠢᠳᠠᠪᠤᠷᠢᠵᠢᠭᠤᠯᠤᠭᠰᠠᠨ ᠪᠠᠢᠳᠠᠯ ᠪᠣᠯᠤᠨ ᠲᠤᠰ ᠤᠳᠠᠭᠠᠨ ᠤ᠋ ᠠᠷᠠᠳᠴᠢᠯᠠᠭᠰᠠᠨ ᠠᠮᠢᠳᠤᠷᠠᠯ ᠤ᠋ᠨ ᠬᠤᠷᠠᠯ᠎ᠠ᠋ᠴᠠ ᠡᠮᠦᠨ᠎ᠡ ᠰᠠᠨᠠᠯ ᠬᠤᠷᠢᠶᠠᠭᠰᠠᠨ ᠪᠠᠢᠳᠠᠯ  ᠢ᠋ ᠮᠡᠳᠡᠭᠳᠡᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ  ᠢ᠋ ᠲᠥᠯᠥᠭᠡᠯᠡᠨ ᠬᠠᠷᠢᠴᠠᠭᠤᠯᠤᠨ ᠪᠠᠢᠴᠠᠭᠠᠬᠤ ᠵᠢᠴᠢ ᠬᠤᠪᠢ ᠬᠥᠮᠦᠨ ᠲᠡᠢ ᠬᠠᠷᠢᠴᠠᠭᠤᠯᠤᠨ ᠪᠠᠢᠴᠠᠭᠠᠵᠤ ᠂ ᠪᠤᠰᠤᠳ ᠪᠠᠭ ᠤ᠋ᠨ ᠪᠦᠷᠢᠯᠳᠦᠬᠦᠨ ᠳᠡᠰ ᠳᠠᠷᠠᠭᠠᠯᠠᠨ ᠬᠠᠷᠢᠴᠠᠭᠤᠯᠤᠨ ᠪᠠᠢᠴᠠᠭᠠᠵᠤ ᠂ ᠬᠠᠷᠢᠯᠴᠠᠨ ᠬᠢᠨᠠᠮᠠᠭᠠᠢ ᠰᠢᠭᠦᠮᠵᠢᠯᠡᠯ ᠬᠢᠪᠡ ᠃
    ᠵᠠᠩ ᠵᠧᠨ ᠪᠢᠩ ᠲᠤᠰ ᠤᠳᠠᠭᠠᠨ ᠤ᠋ ᠠᠷᠠᠳᠴᠢᠯᠠᠭᠰᠠᠨ ᠠᠮᠢᠳᠤᠷᠠᠯ ᠤ᠋ᠨ ᠬᠤᠷᠠᠯ ᠳ᠋ᠤ᠌ ᠦᠨᠡᠯᠡᠨ ᠵᠢᠯᠣᠭᠣᠳᠴᠤ ᠂ ᠲᠤᠰ ᠤᠳᠠᠭᠠᠨ ᠤ᠋ ᠠᠷᠠᠳᠴᠢᠯᠠᠭᠰᠠᠨ ᠠᠮᠢᠳᠤᠷᠠᠯ ᠤ᠋ᠨ ᠬᠤᠷᠠᠯ ᠤ᠋ᠨ ᠪᠡᠯᠡᠳᠬᠡᠯ ᠭᠦᠢᠴᠡᠳ ᠭᠣᠣᠯ ᠰᠡᠳᠦᠪ ᠢᠯᠡ ᠲᠣᠳᠣᠷᠬᠠᠢ ᠂ ᠠᠭᠤᠯᠭ᠎ᠠ ᠪᠦᠷᠢᠨ ᠲᠡᠭᠦᠯᠳᠡᠷ ᠂ ᠬᠤᠷᠠᠯ ᠤ᠋ᠨ ᠠᠭᠤᠷ ᠠᠮᠢᠰᠬᠤᠯ ᠲᠥᠪ ᠴᠢᠩᠭ᠎ᠠ ᠨᠠᠷᠢᠨ ᠬᠢᠨᠠᠮᠠᠭᠠᠢ ᠮᠥᠷᠲᠡᠭᠡᠨ ᠡᠷᠡᠭᠦᠯ ᠴᠢᠬᠢᠷᠡᠭ ᠡᠶ᠎ᠡ ᠵᠣᠬᠢᠴᠠᠯ ᠲᠠᠢ ᠪᠠᠢᠵᠤ ᠂ ᠵᠢᠱ᠌ᠢᠭᠰᠡᠨ ᠦᠷ᠎ᠡ ᠪᠦᠲᠦᠮᠵᠢ ᠳ᠋ᠦ᠍ ᠬᠦᠷᠦᠭᠰᠡᠨ ᠪᠠᠢᠨ᠎ᠠ ᠭᠡᠵᠦ ᠦᠵᠡᠪᠡ ᠃ ᠬᠣᠲᠠ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠳᠤᠭᠤᠢᠯᠠᠩ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠨᠠᠷᠢᠨ ᠨᠢᠮᠪᠠᠢ ᠪᠡᠯᠡᠳᠬᠡᠵᠦ ᠴᠢᠬᠤᠯᠠ ᠭᠣᠭᠴᠣᠭ᠎ᠠ ᠶ᠋ᠢ ᠪᠡᠶ᠎ᠡ ᠪᠡᠷ ᠢ᠋ᠶ᠋ᠡᠨ ᠲᠥᠯᠥᠪᠵᠢᠭᠦᠯᠦᠨ ᠂ ᠴᠢᠬᠤᠯᠠ ᠡᠬᠡ ᠪᠢᠴᠢᠭ  ᠢ᠋ ᠪᠡᠶ᠎ᠡ ᠪᠡᠷ ᠢ᠋ᠶ᠋ᠡᠨ ᠬᠢᠨᠠᠨ ᠲᠣᠭᠲᠠᠭᠠᠵᠤ ᠴᠢᠬᠤᠯᠠ ᠠᠵᠢᠯ  ᠢ᠋ ᠪᠡᠶ᠎ᠡ ᠪᠡᠷ ᠢ᠋ᠶ᠋ᠡᠨ ᠪᠠᠢᠷᠢᠯᠠᠭᠤᠯᠪᠠ ︔ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠨᠠᠷ ᠭᠦᠨᠵᠡᠭᠡᠢ ᠪᠠᠢᠴᠠᠭᠠᠵᠤ ᠨᠠᠷᠢᠨ ᠨᠢᠮᠪᠠᠢ ᠬᠠᠷᠢᠴᠠᠭᠤᠯᠤᠨ ᠦᠵᠡᠵᠦ ᠂ ᠴᠡᠭᠴᠡᠯᠡᠨ ᠰᠠᠢᠵᠢᠷᠠᠭᠤᠯᠤᠭᠰᠠᠨ ᠨᠢ ᠲᠣᠳᠣᠷᠬᠠᠢ ᠂ ᠠᠰᠠᠭᠤᠳᠠᠯ  ᠢ᠋ ᠣᠨᠣᠪᠴᠢᠲᠠᠢ ᠡᠷᠢᠨ ᠣᠯᠵᠤ ᠂ ᠠᠰᠠᠭᠤᠳᠠᠯ  ᠢ᠋ ᠰᠢᠢᠳᠪᠦᠷᠢᠯᠡᠬᠦ ᠳ᠋ᠦ᠍ ᠰᠠᠭᠤᠷᠢᠯᠠᠨ ᠂ ᠺᠠᠳ᠋ᠷ ᠴᠠᠭᠳᠠᠭ᠎ᠠ ᠶ᠋ᠢᠨ ᠰᠠᠨᠠᠯ ᠰᠠᠨᠠᠭᠤᠯᠭ᠎ᠠ ᠶ᠋ᠢ ᠲᠤᠰᠬᠠᠪᠠ ︔ ᠬᠤᠪᠢ ᠬᠥᠮᠦᠨ ᠦ᠌ ᠠᠵᠢᠯ ᠤ᠋ᠨ ᠪᠣᠳᠠᠲᠤ ᠪᠠᠢᠳᠠᠯ ᠲᠠᠢ ᠨᠢᠭᠲᠠ ᠤᠶᠠᠯᠳᠤᠭᠤᠯᠤᠨ ᠂ ᠥᠪᠡᠷ ᠦ᠋ᠨ ᠰᠢᠭᠦᠮᠵᠢᠯᠡᠯ  ᠢ᠋ ᠭᠦᠨᠵᠡᠭᠡᠢ ᠥᠷᠨᠢᠭᠦᠯᠵᠦ ᠂ ᠦᠨᠡᠨ᠎ᠡᠴᠡ ᠵᠥᠪ  ᠢ᠋ ᠡᠷᠢᠵᠦ ᠬᠠᠷᠢᠯᠴᠠᠨ ᠰᠢᠭᠦᠮᠵᠢᠯᠡᠯ  ᠢ᠋ ᠥᠷᠨᠢᠭᠦᠯᠦᠨ ᠂ ᠪᠣᠳᠠᠲᠠᠢ ᠮᠥᠷᠲᠡᠭᠡᠨ ᠦᠨᠡᠨᠴᠢ ᠰᠢᠳᠤᠷᠭᠤ ᠪᠠᠷ ᠬᠠᠷᠢᠯᠴᠠᠨ ᠤᠴᠠᠷᠠᠵᠤ ᠂ ᠬᠠᠮᠲᠤ ᠶ᠋ᠢᠨ ᠲᠠᠨᠢᠯᠲᠠ ᠶ᠋ᠢ ᠨᠢᠭᠲᠠᠷᠠᠭᠤᠯᠬᠤ ᠂ ᠪᠦᠯᠬᠦᠮᠳᠡᠨ ᠲᠡᠮᠡᠴᠡᠬᠦ ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠨᠠᠢᠳᠠᠪᠤᠷᠢᠵᠢᠭᠤᠯᠤᠯᠲᠠ ᠶ᠋ᠢ ᠴᠢᠩᠭ᠎ᠠ ᠠᠳᠬᠤᠬᠤ ᠰᠠᠢᠨ ᠰᠠᠢᠬᠠᠨ ᠠᠭᠤᠷ ᠠᠮᠢᠰᠬᠤᠯ ᠰᠠᠢᠨ ᠦᠷ᠎ᠡ ᠪᠦᠲᠦᠮᠵᠢ ᠶ᠋ᠢ ᠨᠡᠭᠡᠭᠡᠭᠰᠡᠨ ᠪᠠᠢᠨ᠎ᠠ ᠃
    ᠰᠦ᠍ ᠯᠢ ᠵᠢᠶᠦ᠋ᠨ ᠬᠤᠷᠠᠯ ᠤ᠋ᠨ ᠲᠤᠬᠠᠢ ᠳ᠋ᠦᠩᠨᠡᠯᠲᠡ ᠬᠢᠭᠰᠡᠨ ᠪᠥᠭᠡᠳ ᠳᠠᠷᠠᠭᠠᠴᠢ ᠶ᠋ᠢᠨ ᠠᠯᠬᠤᠮ ᠤ᠋ᠨ ᠠᠵᠢᠯ  ᠢ᠋ ᠰᠠᠢᠲᠤᠷ ᠬᠢᠬᠦ ᠲᠤᠬᠠᠢ ᠪᠣᠳᠠᠲᠠᠢ ᠰᠠᠨᠠᠯ ᠳᠤᠷᠠᠳᠴᠠᠢ ᠂ ᠨᠢᠭᠡ ᠳ᠋ᠦ᠍ ᠣᠨᠣᠯ ᠢ᠋ᠶ᠋ᠠᠷ ᠵᠡᠪᠰᠡᠭᠯᠡᠬᠦ ᠶ᠋ᠢ ᠲᠠᠰᠤᠷᠠᠯᠲᠠ ᠦᠭᠡᠢ ᠭᠦᠨᠵᠡᠭᠡᠢᠷᠡᠭᠦᠯᠵᠦ ᠂ ᠨᠠᠮ ᠤ᠋ᠨ ᠰᠢᠨ᠎ᠡ ᠶ᠋ᠢ ᠡᠭᠦᠳᠬᠦ ᠣᠨᠣᠯ ᠢ᠋ᠶ᠋ᠠᠷ ᠲᠠᠷᠢᠬᠢ ᠲᠣᠯᠣᠭᠠᠢ ᠪᠠᠨ ᠵᠡᠪᠰᠡᠭᠯᠡᠨ ᠂ ᠦᠢᠯᠡᠳᠦᠯᠭᠡ ᠶ᠋ᠢ ᠵᠢᠯᠣᠭᠣᠳᠴᠤ ᠂ ᠠᠵᠢᠯ  ᠢ᠋ ᠠᠬᠢᠭᠤᠯᠬᠤ ᠬᠡᠷᠡᠭᠲᠡᠢ ᠃ ᠨᠠᠮ ᠤ᠋ᠨ ᠰᠢᠨᠵᠢᠯᠡᠬᠦ ᠤᠬᠠᠭᠠᠨᠴᠢ ᠣᠨᠣᠯ ᠢ᠋ᠶ᠋ᠠᠷ ᠦᠢᠯᠡᠳᠦᠯᠭᠡ ᠶ᠋ᠢ ᠵᠢᠯᠣᠭᠣᠳᠬᠤ ᠂ ᠬᠥᠭᠵᠢᠯᠲᠡ ᠶ᠋ᠢ ᠠᠬᠢᠭᠤᠯᠬᠤ ᠂ ᠶᠡᠬᠡ ᠲᠠᠯ᠎ᠠ ᠳ᠋ᠤ᠌ ᠦᠢᠯᠡᠴᠢᠯᠡᠬᠦ ᠴᠢᠳᠠᠪᠤᠷᠢ ᠶ᠋ᠢᠨ ᠲᠦᠪᠰᠢᠨ ᠢ᠋ᠶ᠋ᠡᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠣᠳᠣᠬᠢᠴᠢᠯᠠᠭᠰᠠᠨ ᠣᠷᠳᠣᠰ ᠬᠣᠲᠠ ᠶ᠋ᠢᠨ ᠪᠦᠲᠦᠭᠡᠨ ᠪᠠᠢᠭᠤᠯᠤᠯᠲᠠ ᠶ᠋ᠢ ᠪᠦᠬᠦ ᠲᠠᠯ᠎ᠠ ᠪᠠᠷ ᠠᠬᠢᠭᠤᠯᠬᠤ ᠳ᠋ᠤ᠌ ᠬᠠᠤᠯᠢ ᠴᠠᠭᠠᠵᠠ ᠶ᠋ᠢᠨ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ ᠨᠠᠮ ᠤ᠋ᠨ ᠬᠠᠤᠯᠢ ᠴᠠᠭᠠᠵᠠ ᠶ᠋ᠢᠨ ᠠᠵᠢᠯ ᠳ᠋ᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶ᠋ᠢ ᠪᠠᠲᠤ ᠪᠠᠷᠢᠮᠲᠠᠯᠠᠨ ᠂ 《 ᠳᠤᠮᠳᠠᠳᠤ ᠤᠯᠤᠰ ᠤ᠋ᠨ ᠡᠪ ᠬᠠᠮᠲᠤ ᠨᠠᠮ ᠤᠯᠤᠰ ᠲᠥᠷᠥ ᠬᠠᠤᠯᠢ ᠴᠠᠭᠠᠵᠠ ᠶ᠋ᠢᠨ ᠠᠵᠢᠯ ᠤ᠋ᠨ ᠳᠦᠷᠢᠮ 》 ᠢ᠋ ᠴᠢᠩᠭ᠎ᠠ ᠬᠡᠷᠡᠭᠵᠢᠭᠦᠯᠵᠦ ᠂ ᠴᠢᠬᠤᠯᠠ ᠶᠡᠬᠡ ᠬᠡᠷᠡᠭ ᠤᠴᠢᠷ  ᠢ᠋ ᠵᠢᠭᠠᠪᠤᠷᠢ ᠠᠪᠴᠤ ᠬᠠᠷᠢᠭᠤ ᠮᠡᠳᠡᠭᠦᠯᠬᠦ ᠵᠡᠷᠭᠡ ᠳᠦᠷᠢᠮ  ᠢ᠋ ᠴᠢᠩᠭ᠎ᠠ ᠨᠠᠢᠳᠠᠪᠤᠷᠢᠵᠢᠭᠤᠯᠵᠤ ᠂ ᠦᠵᠡᠯ ᠰᠠᠨᠠᠭ᠎ᠠ ᠂ ᠤᠯᠤᠰ ᠲᠥᠷᠥ ᠂ ᠦᠢᠯᠡ ᠠᠵᠢᠯᠯᠠᠭ᠎ᠠ ᠳᠡᠭᠡᠷ᠎ᠡ ᠪᠡᠨ ᠭᠤᠢᠪᠢᠰᠢ ᠦᠭᠡᠢ ᠪᠠᠷᠢᠮᠲᠠᠯᠠᠵᠤ ᠂ ᠰᠢ ᠵᠢᠨ ᠫᠢᠩ ᠨᠥᠬᠥᠷ ᠢ᠋ᠶ᠋ᠡᠷ ᠭᠣᠣᠯ ᠪᠣᠯᠭᠠᠭᠰᠠᠨ ᠨᠠᠮ ᠤ᠋ᠨ ᠲᠥᠪ ᠬᠣᠷᠢᠶ᠎ᠠ ᠲᠠᠢ ᠳᠡᠭᠡᠳᠦ ᠬᠡᠮᠵᠢᠶ᠎ᠡ ᠪᠡᠷ ᠨᠢᠭᠡᠳᠦᠯᠲᠡᠢ ᠪᠠᠢᠬᠤ ᠬᠡᠷᠡᠭᠲᠡᠢ ᠃ ᠬᠣᠶᠠᠷ ᠲᠤ᠌ ᠂ ᠠᠷᠠᠳ ᠤ᠋ᠨ ᠲᠥᠯᠥᠭᠡ ᠬᠠᠤᠯᠢ ᠬᠡᠷᠡᠭᠵᠢᠭᠦᠯᠬᠦ ᠂ ᠲᠥᠪ ᠭᠣᠣᠯᠴᠢ ᠪᠠᠷ ᠬᠠᠤᠯᠢ ᠬᠡᠷᠡᠭᠵᠢᠭᠦᠯᠬᠦ ᠠᠵᠢᠯ ᠤ᠋ᠨ ᠭᠣᠣᠯ ᠰᠢᠵᠢᠮ  ᠢ᠋ ᠪᠠᠷᠢᠮᠲᠠᠯᠠᠵᠤ ᠂ ᠮᠠᠨ ᠤ᠋ ᠬᠣᠲᠠ ᠶ᠋ᠢᠨ ᠰᠢᠭᠦᠬᠦ ᠬᠣᠷᠢᠶᠠᠨ ᠤ᠋ ᠬᠠᠤᠯᠢ ᠪᠠᠷᠢᠬᠤ ᠬᠡᠪ ᠴᠢᠨᠠᠷ  ᠢ᠋ ᠪᠦᠬᠦ ᠬᠦᠴᠦᠨ ᠢ᠋ᠶ᠋ᠡᠷ ᠳᠡᠭᠡᠭᠰᠢᠯᠡᠭᠦᠯᠦᠨ᠎ᠡ ᠃ ᠡᠨᠡ ᠵᠢᠯ ᠥᠷᠨᠢᠭᠦᠯᠦᠭᠰᠡᠨ 《 ᠬᠠᠤᠯᠢ ᠴᠠᠭᠠᠵᠠ ᠶ᠋ᠢᠨ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠬᠦ ᠵᠢᠯ 》 ᠦ᠋ᠨ ᠠᠵᠢᠯᠯᠠᠭ᠎ᠠ ᠪᠠᠷ ᠲᠣᠬᠢᠶᠠᠯ ᠪᠣᠯᠭᠠᠨ ᠂ ᠬᠢᠨᠠᠨ ᠭᠦᠢᠴᠡᠳᠬᠡᠬᠦ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠬᠦ ᠂ ᠪᠣᠭᠣᠮᠲᠠ ᠰᠢᠪᠲᠤᠯᠬᠤ ᠂ ᠬᠠᠤᠯᠢᠵᠢᠭᠰᠠᠨ ᠬᠤᠳᠠᠯᠳᠤᠭᠠᠨ ᠤ᠋ ᠣᠷᠴᠢᠨ  ᠢ᠋ ᠰᠢᠯᠢᠳᠡᠭᠵᠢᠭᠦᠯᠬᠦ ᠵᠡᠷᠭᠡ 《 ᠳᠣᠯᠣᠭᠠᠨ ᠶᠡᠬᠡ ᠢᠨᠵᠧᠨᠧᠷᠢᠩ 》 ᠢ᠋ᠶ᠋ᠡᠷ ᠠᠳᠬᠤᠴᠠ ᠪᠣᠯᠭᠠᠵᠤ ᠂ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠡᠯ᠎ᠡ ᠲᠥᠷᠥᠯ ᠦ᠋ᠨ ᠭᠣᠣᠯᠳᠠᠯᠭ᠎ᠠ ᠲᠠᠢ ᠠᠵᠢᠯ  ᠢ᠋ ᠪᠦᠬᠦ ᠲᠠᠯ᠎ᠠ ᠪᠠᠷ ᠥᠨᠳᠥᠷ ᠬᠢᠷᠢ ᠲᠦᠪᠰᠢᠨ ᠲᠡᠢ ᠴᠢᠨᠠᠷ ᠴᠢᠨᠰᠠᠭ᠎ᠠ ᠲᠠᠢ ᠰᠢᠯᠢᠳᠡᠭᠵᠢᠭᠦᠯᠦᠨ ᠳᠡᠰ ᠳᠡᠪᠰᠢᠭᠦᠯᠬᠦ ᠬᠡᠷᠡᠭᠲᠡᠢ ᠃ ᠠᠮᠤᠷ ᠲᠠᠢᠪᠤᠩ ᠣᠷᠳᠣᠰ  ᠢ᠋ ᠪᠠᠢᠭᠤᠯᠬᠤ ᠶ᠋ᠢ ᠪᠣᠳᠣᠯᠬᠢᠯᠠᠨ ᠂ ᠮᠠᠨ ᠤ᠋ ᠬᠣᠲᠠ ᠶ᠋ᠢᠨ ᠴᠢᠨᠠᠷ ᠰᠠᠢᠲᠠᠢ ᠬᠥᠭᠵᠢᠯᠲᠡ ᠶ᠋ᠢᠨ ᠬᠠᠷᠠᠯᠲᠠ ᠶ᠋ᠢ ᠲᠣᠭᠲᠠᠵᠤ ᠂ ᠠᠷᠠᠳ ᠣᠯᠠᠨ ᠤ᠋ ᠣᠯᠠᠨ ᠡᠰᠢᠲᠦ ᠬᠠᠤᠯᠢ ᠴᠠᠭᠠᠵᠠ ᠶ᠋ᠢᠨ ᠬᠡᠷᠡᠭᠴᠡᠭᠡ ᠳ᠋ᠦ᠍ ᠲᠥᠪᠯᠡᠷᠡᠭᠦᠯᠦᠨ ᠂ ᠠᠷᠠᠳ ᠣᠯᠠᠨ ᠤ᠋ ᠬᠠᠤᠯᠢ ᠶᠣᠰᠣᠨ ᠤ᠋ ᠡᠷᠬᠡ ᠠᠰᠢᠭ  ᠢ᠋ ᠪᠦᠬᠦ ᠬᠦᠴᠦᠨ ᠢ᠋ᠶ᠋ᠡᠷ ᠬᠠᠮᠠᠭᠠᠯᠠᠵᠤ ᠂ ᠨᠡᠢᠭᠡᠮ ᠦ᠋ᠨ ᠡᠷᠬᠡ ᠲᠡᠭᠰᠢ ᠲᠥᠪ ᠭᠣᠣᠯᠴᠢ ᠶ᠋ᠢ ᠬᠠᠮᠠᠭᠠᠯᠠᠨ᠎ᠠ ᠃ ᠭᠤᠷᠪᠠ ᠳ᠋ᠤ᠌ ᠂ ᠪᠦᠬᠦ ᠲᠠᠯ᠎ᠠ ᠪᠠᠷ ᠨᠠᠮ  ᠢ᠋ ᠴᠢᠩᠭ᠎ᠠ ᠵᠠᠰᠠᠬᠤ ᠶ᠋ᠢ ᠨᠢᠭᠡ ᠮᠥᠴᠡ ᠴᠦ᠍ ᠲᠠᠰᠤᠷᠠᠯᠲᠠ ᠦᠭᠡᠢ ᠠᠬᠢᠭᠤᠯᠵᠤ ᠂ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠶ᠋ᠢ ᠯᠠᠪᠳᠠᠭᠤᠨ ᠪᠠᠲᠤᠲᠠᠢ ᠲᠦᠯᠬᠢᠨ ᠠᠬᠢᠭᠤᠯᠤᠨ᠎ᠠ ᠃ ᠨᠠᠮ  ᠢ᠋ ᠪᠦᠬᠦ ᠲᠠᠯ᠎ᠠ ᠪᠠᠷ ᠴᠢᠩᠭ᠎ᠠ ᠵᠠᠰᠠᠬᠤ ᠭᠣᠣᠯ ᠴᠣᠭᠴᠠ ᠶ᠋ᠢᠨ ᠬᠠᠷᠢᠭᠤᠴᠠᠯᠭ᠎ᠠ ᠶ᠋ᠢ ᠪᠣᠳᠠᠲᠠᠢᠵᠢᠭᠤᠯᠵᠤ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠭᠣᠣᠯ ᠴᠣᠭᠴᠠ ᠶ᠋ᠢᠨ ᠬᠠᠷᠢᠭᠤᠴᠠᠯᠭ᠎ᠠ ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠰᠠᠯᠠᠭ᠎ᠠ ᠮᠥᠴᠢᠷ ᠦ᠋ᠨ ᠬᠢᠨᠠᠯᠲᠠ ᠲᠠᠯᠪᠢᠬᠤ ᠬᠠᠷᠢᠭᠤᠴᠠᠯᠭ᠎ᠠ ᠪᠣᠯᠤᠨ ᠬᠠᠮᠢᠶ᠎ᠠ ᠪᠦᠬᠦᠢ ᠡᠷᠬᠡ ᠲᠤᠰᠢᠶᠠᠯᠳᠤ ᠰᠠᠯᠠᠭ᠎ᠠ ᠮᠥᠴᠢᠷ ᠦ᠋ᠨ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠶ᠋ᠢᠨ ᠬᠠᠷᠢᠭᠤᠴᠠᠯᠭ᠎ᠠ ᠶ᠋ᠢ ᠨᠠᠢᠳᠠᠪᠤᠷᠢᠵᠢᠭᠤᠯᠬᠤ ᠶ᠋ᠢ ᠨᠠᠷᠢᠨ ᠲᠣᠳᠣᠷᠬᠠᠢ ᠠᠬᠢᠭᠤᠯᠬᠤ ᠬᠡᠷᠡᠭᠲᠡᠢ ᠃ ᠬᠠᠤᠯᠢ ᠴᠠᠭᠠᠵᠠ ᠶ᠋ᠢᠨ 《 ᠭᠤᠷᠪᠠᠨ ᠲᠣᠭᠲᠠᠭᠠᠯ 》 ᠂ ᠰᠢᠨ᠎ᠡ ᠴᠠᠭ ᠦᠶ᠎ᠡ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠺᠠᠳ᠋ᠷ ᠴᠠᠭᠳᠠᠭ᠎ᠠ ᠶ᠋ᠢᠨ 《 ᠠᠷᠪᠠ ᠶ᠋ᠢ ᠴᠢᠩᠭ᠎ᠠ ᠴᠠᠭᠠᠵᠠᠯᠠᠬᠤ 》 ᠵᠡᠷᠭᠡ ᠲᠡᠮᠦᠷ ᠳᠦᠷᠢᠮ  ᠢ᠋ ᠴᠢᠩᠭ᠎ᠠ ᠬᠡᠷᠡᠭᠵᠢᠭᠦᠯᠦᠨ ᠂ ᠺᠠᠳ᠋ᠷ ᠤ᠋ᠨ ᠬᠡᠪ ᠰᠤᠷᠲᠠᠯ 《 ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ 》 ᠪᠠᠢᠬᠤ ᠠᠰᠠᠭᠤᠳᠠᠯ  ᠢ᠋ ᠴᠡᠭᠴᠡᠯᠡᠨ ᠵᠠᠰᠠᠵᠤ ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠣᠷᠳᠣᠰ ᠤ᠋ᠨ ᠰᠢᠭᠦᠬᠦ ᠬᠣᠷᠢᠶᠠᠨ ᠤ᠋ ᠲᠡᠮᠦᠷ ᠵᠠᠮ ᠤ᠋ᠨ ᠴᠡᠷᠢᠭ  ᠢ᠋ ᠡᠷᠡᠰ ᠪᠣᠢ ᠪᠣᠯᠭᠠᠬᠤ ᠬᠡᠷᠡᠭᠲᠡᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )