ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠭᠦᠢᠴᠡᠳᠬᠡᠬᠦ ᠠᠵᠢᠯ ᠤ᠋ᠨ ᠬᠤᠷᠠᠯ ᠵᠢᠴᠢ ᠭᠦᠢᠴᠡᠳᠬᠡᠬᠦ ᠬᠦᠷᠢᠶ᠎ᠡ ᠬᠡᠪᠴᠢᠶᠡᠨ ᠳ᠋ᠡᠬᠢ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠪᠠ ᠢᠯᠵᠠᠷᠠᠯ ᠢ᠋ ᠡᠰᠡᠷᠭᠦᠴᠡᠬᠦ ᠠᠵᠢᠯ ᠤ᠋ᠨ ᠬᠤᠷᠠᠯ ᠬᠤᠷᠠᠯᠳᠤᠪᠠ
2023.03.10 ᠲᠣᠰ ᠥᠷᠲᠡᠭᠡᠨ᠎ᠦ ᠨᠠᠢᠷᠠᠭᠤᠯᠤᠭᠴᠢ

  ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠬᠣᠷᠢᠶᠠᠨ ᠳᠠᠷᠤᠭ᠎ᠠ ᠨᠠᠷ ᠤ᠋ᠨ ᠬᠤᠷᠠᠯ ᠂ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠪᠠ ᠢᠯᠵᠢᠷᠡᠯ ᠢ᠋ ᠡᠰᠡᠷᠭᠦᠴᠡᠬᠦ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠪᠦᠬᠦ ᠲᠠᠯ᠎ᠠ ᠪᠠᠷ ᠲᠤᠤᠱᠯᠠᠭᠤᠯᠤᠨ ᠨᠠᠢᠳᠠᠪᠤᠷᠢᠵᠢᠭᠤᠯᠬᠤ ᠶ᠋ᠢᠨ ᠲᠥᠯᠥᠭᠡ ᠂ 2023 ᠣᠨ ᠤ᠋ ᠭᠦᠢᠴᠡᠳᠬᠡᠬᠦ ᠠᠵᠢᠯ ᠵᠢᠴᠢ ᠭᠦᠢᠴᠡᠳᠬᠡᠬᠦ ᠬᠦᠷᠢᠶᠡᠨ ᠳ᠋ᠡᠬᠢ ᠨᠠᠮ ᠤ᠋ᠨ ᠰᠤᠷᠲᠠᠯ ᠴᠢᠬᠡᠴᠢᠯᠡᠬᠦ ᠵᠠᠰᠠᠭ ᠤ᠋ᠨ ᠪᠠᠢᠭᠤᠯᠤᠯᠲᠠ ᠪᠠ ᠢᠯᠵᠢᠷᠡᠯ ᠢ᠋ ᠡᠰᠡᠷᠭᠦᠴᠡᠬᠦ ᠠᠵᠢᠯ ᠢ᠋ ᠪᠦᠬᠦ ᠲᠠᠯ᠎ᠠ ᠪᠠᠷ ᠪᠠᠢᠷᠢᠯᠠᠭᠤᠯᠤᠨ ᠂ 3 ᠰᠠᠷ᠎ᠠ ᠶ᠋ᠢᠨ 2 ᠤ᠋ ᠦᠳᠡ ᠶ᠋ᠢᠨ ᠬᠣᠢᠨ᠎ᠠ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠸᠢᠳᠢᠣ᠋ ᠬᠡᠯᠪᠡᠷᠢ ᠪᠡᠷ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠭᠦᠢᠴᠡᠳᠬᠡᠬᠦ ᠠᠵᠢᠯ ᠵᠢᠴᠢ ᠭᠦᠢᠴᠡᠳᠬᠡᠬᠦ ᠬᠦᠷᠢᠶᠡᠨ ᠳ᠋ᠡᠬᠢ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠪᠠ ᠢᠯᠵᠢᠷᠡᠯ ᠢ᠋ ᠡᠰᠡᠷᠭᠦᠴᠡᠬᠦ ᠠᠵᠢᠯ ᠤ᠋ᠨ ᠬᠤᠷᠠᠯ ᠢ᠋ ᠬᠤᠷᠠᠯᠳᠤᠭᠤᠯᠤᠭᠰᠠᠨ ᠪᠠᠢᠨ᠎ᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠬᠤᠷᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠸᠠᠩ ᠯᠢᠶᠠᠩ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠬᠣᠲᠠ ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠬᠢᠨᠠᠨ ᠪᠠᠢᠴᠠᠭᠠᠬᠤ ᠳᠤᠭᠤᠢᠯᠠᠩ ᠤ᠋ᠨ ᠳᠠᠷᠤᠭ᠎ᠠ ᠯᠢ ᠭᠦᠸᠧ ᠴᠢᠤᠸᠠᠨ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠤᠯᠤᠰ ᠲᠥᠷᠥ ᠶ᠋ᠢᠨ ᠬᠡᠯᠲᠡᠰ ᠦ᠋ᠨ ᠡᠷᠬᠢᠯᠡᠭᠴᠢ ᠨᠢᠦ ᠬᠠᠢ ᠯᠢᠶᠠᠩ ᠵᠢᠴᠢ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠭᠦᠢᠴᠡᠳᠬᠡᠬᠦ ᠲᠣᠪᠴᠢᠶ᠎ᠠ ᠶ᠋ᠢᠨ ᠪᠦᠬᠦ ᠺᠠᠲ᠋ᠷ ᠴᠠᠭᠳᠠᠭ᠎ᠠ ᠨᠠᠷ ᠬᠤᠷᠠᠯ ᠳ᠋ᠤ᠌ ᠣᠷᠣᠯᠴᠠᠭᠰᠠᠨ ᠢ᠋ᠶ᠋ᠠᠷ ᠪᠠᠷᠠᠬᠤ ᠦᠭᠡᠢ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠳᠠᠷᠤᠭ᠎ᠠ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠥᠳ ᠬᠤᠪᠢᠶᠠᠷᠢ ᠬᠤᠷᠠᠯ ᠤ᠋ᠨ ᠲᠠᠯᠠᠪᠠᠢ ᠳ᠋ᠤ᠌ ᠬᠤᠷᠠᠯ ᠳ᠋ᠤ᠌ ᠣᠷᠣᠯᠴᠠᠭᠰᠠᠨ ᠪᠠᠢᠨ᠎ᠠ ᠃

 

 

  ᠬᠤᠷᠠᠯ᠎ᠠ᠋ᠴᠠ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠦ᠋ᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠬᠣᠶᠠᠳᠤᠭᠠᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠶ᠋ᠢ ᠤᠯᠠᠮᠵᠢᠯᠠᠵᠤ᠂ 2022 ᠣᠨ ᠤ᠋ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠭᠦᠢᠴᠡᠳᠬᠡᠬᠦ ᠬᠦᠷᠢᠶ᠎ᠡ ᠬᠡᠪᠴᠢᠶᠡᠨ ᠳ᠋ᠡᠬᠢ ᠰᠠᠬᠢᠯᠭ᠎ᠠ ᠪᠠᠲᠤ ᠬᠠᠤᠯᠢ ᠴᠠᠭᠠᠵᠠ ᠶ᠋ᠢ ᠵᠥᠷᠢᠴᠡᠭᠰᠡᠨ ᠪᠠᠢᠳᠠᠯ ᠢ᠋ ᠨᠡᠢᠲᠡᠯᠡᠭᠰᠡᠨ ᠪᠠ 2022 ᠣᠨ ᠤ᠋ ᠭᠦᠢᠴᠡᠳᠬᠡᠬᠦ ᠠᠵᠢᠯ ᠢ᠋ ᠳ᠋ᠦᠩᠨᠡᠵᠦ ᠂ 2023 ᠣᠨ ᠤ᠋ ᠭᠦᠢᠴᠡᠳᠬᠡᠬᠦ ᠠᠵᠢᠯ ᠢ᠋ ᠪᠠᠢᠷᠢᠯᠠᠭᠤᠯᠪᠠ ︔ ᠪᠠᠰᠠ 2023 ᠣᠨ ᠤ᠋ 1 ᠰᠠᠷ᠎ᠠ᠎ᠠ᠋ᠴᠠ 2 ᠰᠠᠷ᠎ᠠ ᠪᠣᠯᠲᠠᠯᠠᠬᠢ ᠭᠦᠢᠴᠡᠳᠬᠡᠬᠦ ᠲᠣᠭ᠎ᠠ ᠶ᠋ᠢ ᠪᠡᠶᠡᠯᠡᠭᠦᠯᠦᠭᠰᠡᠨ ᠪᠠᠢᠳᠠᠯ ᠢ᠋ ᠨᠡᠢᠲᠡᠯᠡᠵᠦ᠂ ᠬᠡᠷᠡᠭᠵᠢᠭᠦᠯᠬᠦ ᠬᠦᠷᠢᠶᠡᠨ ᠦ᠌ ᠨᠠᠮ ᠤ᠋ᠨ ᠰᠤᠷᠲᠠᠯ ᠠᠷᠢᠭᠤᠨ ᠴᠢᠭᠴᠢ ᠪᠡᠷ ᠵᠠᠰᠠᠭ ᠪᠠᠷᠢᠬᠤ ᠪᠠᠢᠭᠤᠯᠤᠯᠲᠠ ᠪᠣᠯᠤᠨ ᠢᠯᠵᠠᠷᠠᠯ ᠢ᠋ ᠡᠰᠡᠷᠭᠦᠴᠡᠬᠦ ᠠᠵᠢᠯ ᠢ᠋ ᠪᠠᠢᠷᠢᠯᠠᠭᠤᠯᠤᠭᠰᠠᠨ ᠪᠠᠢᠨ᠎ᠠ ᠃
  ᠰᠦ᠍ ᠯᠢ ᠵᠢᠶᠦ᠋ᠨ ᠴᠢᠬᠤᠯᠠᠴᠢᠯᠠᠭᠰᠠᠨ ᠨᠢ ᠄   ᠨᠢᠭᠡ ᠳ᠋ᠦ᠍ ᠬᠥᠭᠵᠢᠯᠲᠡ ᠶ᠋ᠢᠨ ᠠᠷᠭ᠎ᠠ ᠪᠣᠳᠣᠯᠭ᠎ᠠ ᠶ᠋ᠢ ᠦᠷᠭᠦᠯᠵᠢ ᠰᠦᠪᠡᠭᠴᠢᠯᠡᠵᠦ ᠂ ᠶᠡᠬᠡ ᠲᠠᠯ᠎ᠠ ᠳ᠋ᠤ᠌ ᠦᠢᠯᠡᠴᠢᠯᠡᠬᠦ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ ᠃ ᠡᠭᠦᠨ ᠳ᠋ᠦ᠍ ᠶᠡᠬᠡ ᠲᠠᠯ᠎ᠠ ᠳ᠋ᠤ᠌ ᠰᠠᠭᠤᠷᠢᠯᠠᠨ ᠭᠦᠢᠴᠡᠳᠬᠡᠬᠦ ᠠᠵᠢᠯ ᠢ᠋ ᠰᠦᠪᠡᠭᠴᠢᠯᠡᠨ ᠰᠡᠳᠦᠵᠦ ᠂ ᠭᠦᠢᠴᠡᠳᠬᠡᠬᠦ ᠳ᠋ᠦ᠍ ᠪᠡᠷᠬᠡᠲᠡᠢ ᠦᠷ᠎ᠡ ᠪᠦᠲᠦᠭᠡᠯ ᠢ᠋ ᠤᠯᠠᠮ ᠨᠢᠭᠡ ᠠᠯᠬᠤᠮ ᠥᠷᠭᠡᠳᠬᠡᠨ ᠂ ᠭᠦᠢᠴᠡᠳᠬᠡᠬᠦ ᠡᠷᠴᠢᠮ ᠢ᠋ᠶ᠋ᠡᠨ ᠦᠷᠭᠦᠯᠵᠢᠯᠡᠨ ᠴᠢᠩᠭ᠋ᠠᠷᠠᠭᠤᠯᠵᠤ ᠂ ᠭᠦᠢᠴᠡᠳᠬᠡᠬᠦ ᠦᠭᠡᠢ ᠠᠵᠢᠯ ᠤ᠋ᠨ ᠦᠷ᠎ᠡ ᠪᠦᠲᠦᠮᠵᠢ ᠶ᠋ᠢ ᠪᠡᠬᠢᠵᠢᠭᠦᠯᠦᠨ ᠂ ᠵᠠᠰᠠᠭ ᠤ᠋ᠨ ᠣᠷᠳᠣᠨ ᠳ᠋ᠤ᠌ ᠬᠣᠯᠪᠣᠭᠳᠠᠭᠰᠠᠨ ᠬᠡᠷᠡᠭ ᠦ᠋ᠨ ᠪᠡᠷᠬᠡ ᠰᠡᠳᠦᠪ ᠢ᠋ ᠰᠢᠢᠳᠪᠦᠷᠢᠯᠡᠬᠦ ᠠᠵᠢᠯ ᠢ᠋ ᠪᠦᠬᠦ ᠬᠦᠴᠦᠨ ᠢ᠋ᠶ᠋ᠡᠷ ᠢ᠋ᠶ᠋ᠡᠨ ᠲᠦᠯᠬᠢᠨ ᠠᠬᠢᠭᠤᠯᠬᠤ ᠬᠡᠷᠡᠭᠲᠡᠢ ; ᠶᠡᠬᠡ ᠲᠠᠯ᠎ᠠ ᠳ᠋ᠤ᠌ ᠠᠭᠤᠰᠤᠯᠳᠤᠭᠰᠠᠨ ᠤ᠋ ᠳᠠᠷᠠᠭ᠎ᠠ ᠶᠡᠷᠦᠩᠬᠡᠢᠯᠡᠨ ᠵᠠᠰᠠᠬᠤ ᠂ ᠡᠬᠢ ᠡᠭᠦᠰᠦᠯ᠎ᠡᠴᠡ ᠨᠢ ᠵᠠᠰᠠᠬᠤ ᠶ᠋ᠢ ᠭᠦᠨᠵᠡᠭᠡᠢᠷᠡᠭᠦᠯᠵᠦ ᠂ ᠣᠷᠳᠣᠰ ᠤ᠋ᠨ 《 ᠭᠤᠷᠪᠠᠨ ᠳᠥᠷᠪᠡ 》 ᠦ ᠬᠠᠷᠠᠯᠲᠠ ᠶ᠋ᠢᠨ ᠡᠭᠦᠷᠭᠡ ᠪᠠ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠬᠥᠭᠵᠢᠯᠲᠡ ᠶ᠋ᠢᠨ ᠬᠠᠷᠠᠯᠲᠠ ᠶ᠋ᠢᠨ ᠲᠣᠭᠣᠷᠢᠨ ᠳ᠋ᠤ᠌ ᠂ ᠴᠢᠨᠠᠷ ᠰᠠᠢᠲᠠᠢ ᠬᠥᠭᠵᠢᠯᠲᠡ ᠳ᠋ᠦ᠍ ᠦᠢᠯᠡᠴᠢᠯᠡᠬᠦ ᠶᠡᠬᠡ ᠲᠠᠯ᠎ᠠ ᠳ᠋ᠤ᠌ ᠨᠡᠩ ᠴᠢᠩᠭ᠎ᠠ ᠡᠭᠦᠷᠭᠡᠯᠡᠯ ᠢ᠋ᠶ᠋ᠡᠨ ᠢᠯᠡᠷᠡᠭᠦᠯᠬᠦ ᠬᠡᠷᠡᠭᠲᠡᠢ ᠃
  ᠬᠣᠶᠠᠷ ᠲᠤ᠌ ᠂ ᠦᠷᠭᠦᠯᠵᠢ ᠠᠷᠠᠳ ᠤ᠋ᠨ ᠲᠥᠯᠥᠭᠡ ᠵᠢᠳᠬᠦᠬᠦ ᠰᠡᠳᠬᠢᠯᠭᠡ ᠶ᠋ᠢ ᠡᠪᠦᠷᠯᠡᠵᠦ ᠂ ᠠᠷᠠᠳ ᠤ᠋ᠨ ᠲᠥᠯᠥᠭᠡ ᠠᠵᠢᠯᠯᠠᠭ᠎ᠠ ᠬᠡᠷᠡᠭᠵᠢᠭᠦᠯᠬᠦ ᠳᠡᠭᠡᠷ᠎ᠡ ᠰᠢᠨ᠎ᠡ ᠰᠢᠪᠲᠤᠯᠤᠯᠲᠠ ᠭᠠᠷᠭᠠᠨ᠎ᠠ ᠃ ᠠᠷᠠᠳ ᠤ᠋ᠨ ᠠᠮᠢᠳᠤᠷᠠᠯ ᠢ᠋ ᠬᠠᠮᠠᠭᠠᠯᠠᠬᠤ ᠡᠷᠴᠢᠮ ᠢ᠋ᠶ᠋ᠡᠨ ᠴᠢᠩᠭ᠋ᠠᠳᠬᠠᠵᠤ ᠂ ᠠᠷᠠᠳ ᠤ᠋ᠨ ᠠᠮᠢᠳᠤᠷᠠᠯ ᠳ᠋ᠤ᠌ ᠬᠣᠯᠪᠣᠭᠳᠠᠭᠰᠠᠨ ᠬᠡᠷᠡᠭ ᠢ᠋ ᠭᠦᠢᠴᠡᠳᠬᠡᠬᠦ ᠬᠦᠴᠦᠯᠡᠴᠡ ᠪᠡᠨ ᠴᠢᠩᠭ᠋ᠠᠳᠬᠠᠬᠤ ᠬᠡᠷᠡᠭᠲᠡᠢ ; ᠭᠦᠢᠴᠡᠳᠬᠡᠬᠦ ᠲᠣᠭᠲᠠᠴᠠ ᠶ᠋ᠢᠨ ᠥᠭᠡᠷᠡᠴᠢᠯᠡᠯᠲᠡ ᠶ᠋ᠢ ᠭᠦᠨᠵᠡᠭᠡᠢᠷᠡᠭᠦᠯᠵᠦ ᠂ 《 ᠬᠡᠰᠡᠭ ᠬᠤᠪᠢᠶᠠᠨ ᠬᠡᠷᠡᠭ ᠰᠢᠢᠳᠪᠦᠷᠢᠯᠡᠬᠦ ᠂ ᠡᠷᠴᠢᠮᠵᠢᠭᠦᠯᠦᠨ ᠬᠡᠷᠡᠭᠵᠢᠭᠦᠯᠬᠦ 》 ᠶ᠋ᠢ ᠪᠠᠷᠢᠮᠲᠠᠯᠠᠬᠤ ᠬᠡᠷᠡᠭᠲᠡᠢ᠃ ᠵᠠᠬᠢᠳᠠᠯ ᠰᠤᠷᠪᠤᠯᠵᠢᠯᠠᠯ ᠤ᠋ᠨ ᠬᠡᠷᠡᠭᠵᠢᠭᠦᠯᠦᠯᠲᠡ ᠶ᠋ᠢ ᠴᠢᠩᠭᠠᠳᠬᠠᠨ ᠂ ᠲᠦᠭᠰᠢᠭᠦᠷᠢ ᠶ᠋ᠢᠨ ᠳᠠᠯᠳᠠ ᠭᠡᠮ ᠢ᠋ ᠵᠢᠭᠰᠠᠭᠠᠨ ᠪᠠᠢᠴᠠᠭᠠᠵᠤ ᠠᠷᠢᠯᠭᠠᠨ ᠂ ᠡᠬᠢ ᠡᠭᠦᠰᠦᠯ᠎ᠡᠴᠡ ᠨᠢ ᠰᠡᠷᠭᠡᠢᠯᠡᠬᠦ ᠶ᠋ᠢ ᠳᠣᠪᠣᠢᠯᠭᠠᠨ ᠂ ᠵᠠᠬᠢᠳᠠᠯ ᠰᠤᠷᠪᠤᠯᠵᠢᠯᠠᠯ ᠤ᠋ᠨ ᠨᠡᠮᠡᠭᠳᠡᠯ ᠢ᠋ ᠬᠢᠵᠠᠭᠠᠷᠯᠠᠵᠤ ᠂ ᠨᠡᠩ ᠶᠡᠬᠡ ᠡᠷᠡᠰ ᠵᠣᠷᠢᠭ ᠪᠠ ᠡᠷᠴᠢᠮ ᠢ᠋ᠶ᠋ᠡᠷ ᠣᠯᠠᠨ ᠲᠦᠮᠡᠨ ᠦ᠌ ᠭᠦᠢᠴᠡᠳᠬᠡᠬᠦ ᠬᠦᠷᠢᠶᠡᠨ ᠳ᠋ᠡᠬᠢ ᠲᠤᠯᠭᠠᠮ᠎ᠠ ᠬᠦᠰᠡᠯ ᠪᠣᠳᠣᠯ ᠤ᠋ᠨ ᠠᠰᠠᠭᠤᠳᠠᠯ ᠢ᠋ ᠰᠢᠢᠳᠪᠦᠷᠢᠯᠡᠬᠦ ᠬᠡᠷᠡᠭᠲᠡᠢ ᠃
 ᠭᠤᠷᠪᠠ ᠳ᠋ᠤ᠌ ᠂ ᠳᠡᠭᠡᠭᠰᠢᠯᠡᠭᠦᠯᠬᠦ ᠠᠷᠭ᠎ᠠ ᠵᠠᠮ ᠢ᠋ ᠦᠷᠭᠦᠯᠵᠢ ᠰᠡᠳᠬᠡᠵᠦ ᠂ ᠭᠦᠢᠴᠡᠳᠬᠡᠬᠦ ᠴᠢᠨᠠᠷ ᠵᠢᠴᠢ ᠦᠷ᠎ᠡ ᠠᠰᠢᠭ ᠤ᠋ᠨ ᠲᠠᠯ᠎ᠠ ᠪᠠᠷ ᠰᠢᠨ᠎ᠡ ᠰᠢᠪᠲᠤᠯᠤᠯᠲᠠ ᠶ᠋ᠢ ᠪᠡᠶᠡᠯᠡᠭᠦᠯᠦᠨ᠎ᠡ ᠃ ᠶᠠᠰᠤ ᠴᠢᠨᠠᠷ ᠢ᠋ ᠲᠡᠷᠢᠭᠦᠨ ᠳ᠋ᠦ᠍ ᠲᠠᠯᠪᠢᠬᠤ ᠣᠢᠯᠠᠭᠠᠭᠳᠠᠬᠤᠨ ᠂ ᠰᠤᠷᠤᠯᠴᠠᠨ ᠳᠡᠭᠡᠭᠰᠢᠯᠡᠭᠦᠯᠬᠦ ᠣᠢᠯᠠᠭᠠᠭᠳᠠᠬᠤᠨ ᠂ ᠳᠡᠰ ᠳᠠᠷᠠᠭᠠᠯᠠᠯ ᠰᠢᠳᠤᠷᠭᠤ ᠶᠣᠰᠣᠨ ᠤ᠋ ᠣᠢᠯᠠᠭᠠᠭᠳᠠᠬᠤᠨ ᠢ᠋ ᠪᠣᠢ ᠪᠣᠯᠭᠠᠵᠤ ᠂ ᠶᠠᠰᠤ ᠴᠢᠨᠠᠷ ᠢ᠋ ᠳᠡᠭᠡᠭᠰᠢᠯᠡᠭᠦᠯᠦᠨ 《 ᠨᠢᠭᠡ ᠰᠡᠳᠬᠢᠯ ᠨᠢᠭᠡ ᠲᠣᠭᠣᠷᠢᠭ 》 ᠪᠣᠯᠭᠠᠬᠤ ᠬᠡᠷᠡᠭᠲᠡᠢ ︔ ᠡᠳ᠋ ᠬᠥᠷᠥᠩᠭᠡ ᠶ᠋ᠢ ᠪᠠᠢᠴᠠᠭᠠᠨ ᠡᠵᠡᠮᠳᠡᠬᠦ ᠪᠣᠭᠣᠮᠲᠠ ᠶ᠋ᠢ ᠬᠡᠷᠡᠭᠵᠢᠭᠦᠯᠬᠦ ᠂ ᠡᠳ᠋ ᠬᠥᠷᠥᠩᠭᠡ ᠶ᠋ᠢ ᠰᠢᠢᠳᠪᠦᠷᠢᠯᠡᠬᠦ ᠪᠣᠭᠣᠮᠲᠠ ᠶ᠋ᠢ ᠬᠡᠷᠡᠭᠵᠢᠭᠦᠯᠬᠦ ᠂ ᠡᠬᠡ ᠲᠠᠰᠤᠯᠤᠯᠲᠠ ᠶ᠋ᠢᠨ ᠡᠴᠦᠰ ᠦ᠋ᠨ ᠲᠣᠭᠲᠠᠭᠠᠯᠲᠠ ᠶ᠋ᠢᠨ ᠪᠢᠴᠢᠭ ᠬᠠᠷ᠎ᠠ ᠶ᠋ᠢᠨ ᠶᠠᠰᠤ ᠴᠢᠨᠠᠷ ᠤ᠋ᠨ ᠪᠣᠭᠣᠮᠲᠠ ᠶ᠋ᠢ ᠴᠢᠩᠭ᠎ᠠ ᠠᠳᠬᠤᠵᠤ ᠂ ᠴᠢᠨᠠᠷ ᠢ᠋ ᠳᠡᠭᠡᠭᠰᠢᠯᠡᠭᠦᠯᠬᠦ 《 ᠪᠦᠬᠦᠨ ᠢ᠋ ᠪᠢᠲᠡᠭᠦᠮᠵᠢᠯᠡᠬᠦ ᠭᠣᠭᠴᠣᠭ᠎ᠠ 》 ᠶ᠋ᠢ ᠪᠣᠢ ᠪᠣᠯᠭᠠᠬᠤ ᠬᠡᠷᠡᠭᠲᠡᠢ ︔ ᠨᠠᠷᠢᠯᠢᠭᠵᠢᠭᠤᠯᠤᠭᠰᠠᠨ ᠬᠠᠮᠢᠶᠠᠷᠤᠯᠲᠠ ᠂ ᠠᠵᠢᠯ ᠤ᠋ᠨ ᠪᠦᠲᠦᠮᠵᠢ ᠶ᠋ᠢ ᠰᠢᠯᠭᠠᠨ ᠬᠢᠨᠠᠬᠤ ᠂ ᠪᠠᠶᠢᠡᠭᠭᠤᠵᠢᠭᠤᠯᠥᠯᠳᠡᠳᠦ ᠬᠢᠨᠠᠯᠲᠠ ᠲᠠᠯᠪᠢᠬᠤ ᠶ᠋ᠢ ᠪᠠᠷᠢᠮᠲᠠᠯᠠᠵᠤ ᠂ ᠬᠢᠨᠠᠯᠲᠠ ᠬᠠᠮᠢᠶᠠᠷᠤᠯᠲᠠ ᠶ᠋ᠢᠨ 《 ᠬᠠᠮ ᠨᠢᠳᠤᠷᠭ᠎ᠠ 》 ᠶ᠋ᠢ ᠪᠣᠢ ᠪᠣᠯᠭᠠᠨ᠎ᠠ ᠃
  ᠳᠥᠷᠪᠡ ᠳ᠋ᠦ᠍ ᠂ ᠰᠠᠬᠢᠯᠭ᠎ᠠ ᠪᠠᠲᠤ ᠶ᠋ᠢᠨ ᠬᠠᠰᠢᠯᠭ᠎ᠠ ᠶ᠋ᠢ ᠪᠠᠢᠩᠭᠤ ᠪᠠᠢᠭᠤᠯᠵᠤ ᠂ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠶ᠋ᠢ ᠠᠬᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠶ᠋ᠢ ᠪᠡᠶᠡᠯᠡᠭᠦᠯᠬᠦ ᠬᠡᠷᠡᠭᠲᠡᠢ ᠃ 《 ᠦᠨᠡᠨᠴᠢ ᠰᠢᠳᠤᠷᠭᠤ ᠶ᠋ᠢ ᠲᠡᠷᠢᠭᠦᠨ ᠳ᠋ᠦ᠍ ᠲᠠᠯᠪᠢᠬᠤ 》 ᠶ᠋ᠢ ᠪᠠᠷᠢᠮᠲᠠᠯᠠᠬᠤ ᠪᠠᠷ ᠦᠨᠳᠦᠰᠦᠯᠡᠯ ᠪᠣᠯᠭᠠᠵᠤ᠂  《 ᠵᠣᠭᠰᠣᠴᠠ ᠪᠠᠨ ᠴᠢᠬᠤᠯᠠ ᠪᠣᠯᠭᠠᠬᠤ 》 ᠂ 《 ᠲᠥᠪ ᠭᠣᠣᠯᠴᠢ ᠠᠷᠢᠭᠤᠨ ᠴᠢᠬᠡᠴᠢ ᠂ ᠠᠷᠠᠳ ᠤ᠋ᠨ ᠲᠥᠯᠥᠭᠡ ᠦᠢᠯᠡᠴᠢᠯᠡᠬᠦ 》 ᠭᠦᠢᠴᠡᠳᠬᠡᠬᠦ ᠡᠩᠨᠡᠭᠡ ᠶ᠋ᠢ ᠳᠠᠪᠲᠠᠨ ᠪᠦᠷᠢᠯᠳᠦᠭᠦᠯᠬᠦ ᠬᠡᠷᠡᠭᠲᠡᠢ ᠃ ᠲᠤᠬᠠᠢᠯᠠᠭᠰᠠᠨ ᠠᠵᠢᠯ ᠳ᠋ᠠᠭᠠᠨ ᠰᠠᠭᠤᠷᠢᠯᠠᠨ ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ ᠂ ᠡᠭᠦᠷᠭᠡ ᠴᠢᠳᠠᠪᠤᠷᠢ ᠪᠠᠨ ᠤᠷᠲᠤᠳᠬᠠᠨ ᠂ ᠨᠠᠷᠢᠯᠢᠭ ᠣᠨᠣᠪᠴᠢᠲᠠᠢ ᠦᠢᠯᠡᠴᠢᠯᠡᠵᠦ ᠂ ᠲᠡᠷᠢᠭᠦᠨ ᠵᠡᠷᠭᠡ ᠶ᠋ᠢᠨ ᠭᠦᠢᠴᠡᠳᠬᠡᠬᠦ ᠡᠩᠨᠡᠭᠡ ᠶ᠋ᠢ ᠪᠠᠢᠭᠤᠯᠬᠤ ᠬᠡᠷᠡᠭᠲᠡᠢ ᠮᠥᠷᠲᠡᠭᠡᠨ ᠪᠦᠬᠦ ᠬᠣᠲᠠ ᠶ᠋ᠢᠨ ᠰᠢᠭᠦᠬᠦ ᠬᠣᠷᠢᠶ᠎ᠠ ᠶ᠋ᠢᠨ ᠴᠢᠨᠠᠷ ᠰᠠᠢᠲᠠᠢ ᠬᠥᠭᠵᠢᠯᠲᠡ ᠳ᠋ᠦ᠍ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )