ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠂ ᠳᠤᠮᠳᠠᠳᠤ ᠤᠯᠤᠰ ᠤ᠋ᠨ ᠬᠠᠤᠯᠢ ᠴᠠᠭᠠᠵᠠ ᠶ᠋ᠢᠨ ᠲᠣᠮᠣ ᠲᠣᠭ᠎ᠠ ᠪᠠᠷᠢᠮᠲᠠ ᠰᠤᠳᠤᠯᠬᠤ ᠬᠦᠷᠢᠶᠡᠯᠡᠩ ᠡᠴᠡ ᠣᠷᠳᠣᠰ ᠬᠣᠲᠠ ᠶ᠋ᠢᠨ ᠰᠢᠭᠦᠬᠦ ᠬᠣᠷᠢᠶᠠᠨ ᠤ᠋ 《 ᠣᠶᠤᠨᠲᠤ ᠰᠢᠭᠦᠬᠦ ᠬᠣᠷᠢᠶ᠎ᠠ 》 ᠶ᠋ᠢᠨ ᠪᠦᠲᠦᠭᠡᠨ ᠪᠠᠢᠭᠤᠯᠤᠯᠲᠠ ᠶ᠋ᠢᠨ ᠠᠵᠢᠯ ᠳ᠋ᠤ᠌ ᠪᠠᠢᠴᠠᠭᠠᠨ ᠰᠤᠳᠤᠯᠤᠯᠲᠠ ᠬᠢ
2023.03.10 ᠲᠣᠰ ᠥᠷᠲᠡᠭᠡᠨ᠎ᠦ ᠨᠠᠢᠷᠠᠭᠤᠯᠤᠭᠴᠢ

   ᠣᠢᠷ᠎ᠠ ᠳ᠋ᠤ᠌ ᠂ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠮᠡᠳᠡᠭᠡ ᠵᠠᠩᠭᠢ ᠶ᠋ᠢᠨ ᠮᠡᠷᠭᠡᠵᠢᠯ ᠦ᠋ᠨ ᠭᠠᠵᠠᠷ ᠤ᠋ᠨ ᠳᠠᠷᠤᠭ᠎ᠠ ᠰᠢᠦᠢ ᠯᠧᠢ ᠂ ᠳᠤᠮᠳᠠᠳᠤ ᠤᠯᠤᠰ ᠤ᠋ᠨ ᠬᠠᠤᠯᠢ ᠴᠠᠭᠠᠵᠠ ᠶ᠋ᠢᠨ ᠲᠣᠮᠣ ᠲᠣᠭ᠎ᠠ ᠪᠠᠷᠢᠮᠲᠠ ᠰᠤᠳᠤᠯᠬᠤ ᠬᠦᠷᠢᠶᠡᠯᠡᠩ ᠦ᠋ᠨ ᠳᠠᠷᠤᠭ᠎ᠠ ᠶ᠋ᠢᠨ ᠲᠤᠰᠠᠯᠠᠭᠴᠢ ᠴᠧᠩ ᠬᠦᠢ ᠹᠠᠩ ᠨᠠᠷ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠶ᠋ᠢᠨ 《 ᠣᠶᠤᠨᠲᠤ ᠰᠢᠭᠦᠬᠦ ᠬᠣᠷᠢᠶ᠎ᠠ 》 ᠶ᠋ᠢᠨ ᠪᠦᠲᠦᠭᠡᠨ ᠪᠠᠢᠭᠤᠯᠤᠯᠲᠠ ᠶ᠋ᠢᠨ ᠠᠵᠢᠯ ᠳ᠋ᠤ᠌ ᠪᠠᠢᠴᠠᠭᠠᠨ ᠰᠤᠳᠤᠯᠤᠯᠲᠠ ᠬᠢᠭᠰᠡᠨ ᠪᠠᠢᠨ᠎ᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠬᠣᠷᠢᠶᠠᠨ ᠳᠠᠷᠤᠭ᠎ᠠ ᠵᠢᠶᠠ ᠴᠠᠩ ᠪᠢᠩ ᠨᠠᠷ ᠪᠠᠷ᠎ᠠ ᠪᠣᠯᠵᠤ ᠪᠠᠢᠴᠠᠭᠠᠨ ᠰᠤᠳᠤᠯᠤᠯᠲᠠ ᠬᠢᠪᠡ ᠃ 

 


   

    ᠪᠠᠢᠴᠠᠭᠠᠨ ᠰᠤᠳᠤᠯᠬᠤ ᠳᠤᠭᠤᠢᠯᠠᠩ ᠤ᠋ᠨ ᠬᠢᠨ ᠰᠢᠭᠦᠨ ᠲᠠᠰᠤᠯᠬᠤ ᠦᠢᠯᠡᠴᠢᠯᠡᠭᠡᠨ ᠦ᠌ ᠪᠠᠲᠤᠯᠠᠭ᠎ᠠ ᠶ᠋ᠢᠨ ᠲᠥᠪ ᠂ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶ᠋ᠢᠨ ᠦᠵᠡᠭᠦᠯᠦᠯᠭᠡ ᠶ᠋ᠢᠨ ᠲᠣᠭᠣᠷᠢᠭ ᠂ ᠰᠡᠳᠬᠢᠴᠡ ᠶ᠋ᠢᠨ ᠬᠠᠢᠷ᠎ᠠ ᠬᠠᠯᠠᠮᠵᠢ ᠶ᠋ᠢᠨ ᠲᠥᠪ ᠂ ᠨᠡᠢᠯᠡᠮᠡᠯ ᠰᠢᠭᠦᠬᠦ ᠲᠢᠩᠬᠢᠮ ᠵᠡᠷᠭᠡ ᠭᠠᠵᠠᠷ ᠢ᠋ ᠪᠣᠳᠠᠲᠠᠢ ᠭᠠᠵᠠᠷ ᠪᠠᠢᠴᠠᠭᠠᠨ ᠦᠵᠡᠵᠦ ᠂ ᠬᠡᠷᠡᠭ ᠪᠣᠯᠭᠠᠨ ᠳᠠᠩᠰᠠᠯᠠᠬᠤ ᠶ᠋ᠢᠨ ᠲᠤᠰᠠᠯᠠᠬᠤ ᠰᠢᠰᠲ᠋ᠧᠮ ᠦ᠋ᠨ ᠬᠡᠷᠡᠭᠯᠡᠯᠲᠡ ᠂ ᠢᠨᠲ᠋ᠧᠷ ᠰᠦᠯᠵᠢᠶᠡᠨ ᠦ᠌ ᠰᠢᠭᠦᠯᠲᠡ ᠬᠢᠬᠦ ᠂ ᠰᠦᠯᠵᠢᠶᠡᠨ ᠦ᠌ ᠰᠢᠰᠲ᠋ᠧᠮ ᠦ᠋ᠨ ᠲᠢᠩᠬᠢᠮ ᠠᠯᠤᠰᠯᠠᠨ ᠰᠢᠭᠦᠬᠦ ᠵᠡᠷᠭᠡ ᠮᠡᠳᠡᠭᠡ ᠵᠠᠩᠬᠢᠵᠢᠯᠳᠠ ᠶ᠋ᠢᠨ ᠬᠠᠮᠢᠶ᠎ᠠ ᠪᠦᠬᠦᠢ ᠠᠵᠢᠯ ᠢ᠋ ᠨᠠᠷᠢᠨ ᠨᠢᠮᠪᠠᠢ ᠣᠢᠯᠠᠭᠠᠭᠰᠠᠨ ᠪᠥᠭᠡᠳ 《 ᠣᠶᠤᠨ ᠤᠬᠠᠭᠠᠨ ᠤ᠋ ᠰᠢᠭᠦᠬᠦ ᠬᠣᠷᠢᠶ᠎ᠠ 》 ᠶ᠋ᠢᠨ ᠪᠠᠢᠭᠤᠯᠤᠯᠲᠠ ᠶ᠋ᠢᠨ ᠠᠵᠢᠯ ᠤ᠋ᠨ ᠲᠤᠬᠠᠢ ᠶᠠᠷᠢᠯᠴᠠᠬᠤ ᠬᠤᠷᠠᠯ ᠬᠢᠪᠡ ᠃
    ᠶᠠᠷᠢᠯᠴᠠᠬᠤ ᠬᠤᠷᠠᠯ ᠳᠡᠭᠡᠷ᠎ᠡ ᠂ ᠪᠠᠢᠴᠠᠭᠠᠨ ᠰᠤᠳᠤᠯᠬᠤ ᠳᠤᠭᠤᠢᠯᠠᠩ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠶ᠋ᠢᠨ ᠮᠡᠳᠡᠭᠡ ᠵᠠᠩᠭᠢᠵᠢᠯᠲᠠ ᠶ᠋ᠢᠨ ᠠᠵᠢᠯ ᠵᠢᠴᠢ 《 ᠣᠶᠤᠨᠲᠤ ᠰᠢᠭᠦᠬᠦ ᠬᠣᠷᠢᠶ᠎ᠠ 》 ᠶ᠋ᠢᠨ ᠪᠦᠲᠦᠭᠡᠨ ᠪᠠᠢᠭᠤᠯᠤᠯᠲᠠ ᠶ᠋ᠢ ᠥᠷᠨᠢᠭᠦᠯᠦᠭᠰᠡᠨ ᠪᠠᠢᠳᠠᠯ ᠤ᠋ᠨ ᠬᠠᠷᠢᠭᠤ ᠮᠡᠳᠡᠭᠦᠯᠦᠯᠲᠡ ᠶ᠋ᠢ ᠰᠣᠨᠣᠰᠴᠤ ᠂ ᠮᠡᠳᠡᠭᠡ ᠵᠠᠩᠭᠢᠵᠢᠯᠲᠠ ᠶ᠋ᠢᠨ ᠪᠦᠲᠦᠭᠡᠨ ᠪᠠᠢᠭᠤᠯᠤᠯᠲᠠ ᠶ᠋ᠢᠨ ᠠᠵᠢᠯ ᠤ᠋ᠨ ᠳᠤᠮᠳᠠ ᠣᠷᠣᠰᠢᠵᠤ ᠪᠠᠢᠭ᠎ᠠ ᠬᠦᠴᠢᠷᠳᠡᠯ ᠪᠠ ᠠᠰᠠᠭᠤᠳᠠᠯ ᠢ᠋ ᠣᠢᠯᠠᠭᠠ ᠂ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠶ᠋ᠢᠨ ᠮᠡᠳᠡᠭᠡ ᠵᠠᠩᠭᠢᠵᠢᠯᠲᠠ ᠶ᠋ᠢᠨ ᠪᠦᠲᠦᠭᠡᠨ ᠪᠠᠢᠭᠤᠯᠤᠯᠲᠠ ᠶ᠋ᠢᠨ ᠠᠵᠢᠯ ᠢ᠋ ᠭᠦᠢᠴᠡᠳ ᠨᠤᠲᠠᠯᠠᠭᠰᠠᠨ ᠢ᠋ᠶ᠋ᠠᠷ ᠪᠠᠷᠠᠬᠤ ᠦᠭᠡᠢ ᠣᠳᠣ ᠶ᠋ᠢᠨ ᠣᠷᠣᠰᠢᠵᠤ ᠪᠠᠢᠭ᠎ᠠ ᠬᠦᠴᠢᠷᠳᠡᠯ ᠪᠠ ᠠᠰᠠᠭᠤᠳᠠᠯ ᠳ᠋ᠤ᠌ ᠵᠠᠳᠠᠯᠤᠯᠲᠠ ᠪᠠ ᠮᠠᠳᠠᠭ ᠲᠠᠢ ᠠᠰᠠᠭᠤᠯᠲᠠ ᠳ᠋ᠤ᠌ ᠬᠠᠷᠢᠭᠤᠯᠲᠠ ᠥᠭᠴᠦ ᠂ 《 ᠣᠶᠤᠨᠲᠤ ᠰᠢᠭᠦᠬᠦ ᠬᠣᠷᠢᠶ᠎ᠠ 》 ᠶ᠋ᠢᠨ ᠪᠦᠲᠦᠭᠡᠨ ᠪᠠᠢᠭᠤᠯᠤᠯᠲᠠ ᠶ᠋ᠢᠨ ᠠᠵᠢᠯ ᠳ᠋ᠤ᠌ ᠬᠥᠭᠵᠢᠯᠲᠡ ᠶ᠋ᠢᠨ ᠰᠠᠨᠠᠭᠤᠯᠭ᠎ᠠ ᠳᠤᠷᠠᠳᠤᠭᠰᠠᠨ ᠪᠠᠢᠨ᠎ᠠ ᠃
  ᠣᠷᠳᠣᠰ ᠤ᠋ᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠲᠤᠰ ᠤᠳᠠᠭᠠᠨ ᠤ᠋ ᠪᠠᠢᠴᠠᠭᠠᠨ ᠰᠤᠳᠤᠯᠤᠯᠲᠠ ᠪᠠᠷ ᠲᠣᠬᠢᠶᠠᠯ ᠪᠣᠯᠭᠠ ᠂ ᠣᠶᠤᠨᠴᠢ ᠰᠢᠭᠦᠬᠦ ᠬᠣᠷᠢᠶᠠᠨ ᠤ᠋ ᠪᠠᠢᠭᠤᠯᠤᠯᠲᠠ ᠪᠠᠷ ᠭᠠᠷᠳᠠᠴᠠ ᠪᠣᠯᠭᠠᠵᠤ ᠂ ᠰᠢᠰᠲ᠋ᠧᠮ ᠦ᠋ᠨ ᠬᠡᠷᠡᠭᠯᠡᠭᠡᠨ ᠦ᠌ ᠬᠡᠮᠵᠢᠶ᠎ᠡ ᠂ ᠲᠣᠮᠣ ᠳ᠋ᠠᠢᠲ᠋ᠠ ᠶ᠋ᠢᠨ ᠦᠢᠯᠡᠴᠢᠯᠡᠭᠡ ᠪᠠ ᠰᠢᠨ᠎ᠡ ᠶ᠋ᠢ ᠡᠭᠦᠳᠬᠦ ᠴᠢᠳᠠᠪᠤᠷᠢ ᠶ᠋ᠢ ᠲᠠᠰᠤᠷᠠᠯᠲᠠ ᠦᠭᠡᠢ ᠳᠡᠭᠡᠭᠰᠢᠯᠡᠭᠦᠯᠬᠦ ᠮᠥᠷᠲᠡᠭᠡᠨ ᠠᠵᠢᠯ ᠤ᠋ᠨ ᠳᠤᠮᠳᠠ ᠪᠠᠨ ᠨᠠᠢᠳᠠᠪᠤᠷᠢᠵᠢᠭᠤᠯᠤᠯᠲᠠ ᠶ᠋ᠢ ᠨᠠᠷᠢᠨ ᠬᠢᠨᠠᠮᠠᠭᠠᠢ ᠠᠳᠬᠤᠵᠤ ᠂ ᠬᠠᠤᠯᠢ ᠴᠠᠭᠠᠵᠠ ᠶ᠋ᠢᠨ ᠲᠣᠭ᠎ᠠ ᠪᠠᠷᠢᠮᠲᠠ ᠶ᠋ᠢᠨ ᠲᠠᠪᠴᠠᠩ ᠂ ᠣᠶᠤᠨᠴᠢ ᠰᠢᠭᠦᠬᠦ ᠬᠣᠷᠢᠶᠠᠨ ᠤ᠋ ᠪᠠᠢᠭᠤᠯᠤᠯᠲᠠ ᠂ ᠰᠦᠯᠵᠢᠶᠡᠨ ᠳᠡᠭᠡᠷᠡᠬᠢ ᠪᠠ ᠰᠦᠯᠵᠢᠶᠡᠨ ᠦ᠌ ᠭᠠᠳᠠᠨᠠᠬᠢ ᠨᠡᠢᠯᠡᠯᠲᠡ ᠪᠡᠷ ᠵᠢᠯᠣᠭᠣᠳᠤᠯᠭ᠎ᠠ ᠪᠣᠯᠭᠠᠬᠤ ᠪᠠᠷ ᠪᠠᠷᠠᠬᠤ ᠦᠭᠡᠢ᠂ ᠨᠡᠩ ᠥᠨᠳᠥᠷ ᠬᠢᠷᠢ ᠲᠦᠪᠰᠢᠨ ᠲᠡᠢ ᠲᠣᠭᠠᠨ ᠤ᠋ ᠰᠢᠳᠤᠷᠭᠤ ᠶᠣᠰᠣ ᠶ᠋ᠢ ᠡᠭᠦᠳᠦᠨ ᠂ ᠮᠡᠳᠡᠭᠡ ᠵᠠᠩᠭᠢ ᠶ᠋ᠢᠨ ᠰᠢᠨᠵᠢᠯᠡᠬᠦ ᠤᠬᠠᠭᠠᠨ ᠮᠡᠷᠭᠡᠵᠢᠯ ᠢ᠋ᠶ᠋ᠡᠷ ᠰᠢᠭᠦᠬᠦ ᠬᠣᠷᠢᠶᠠᠨ ᠤ᠋ ᠠᠵᠢᠯ ᠤ᠋ᠨ ᠬᠥᠭᠵᠢᠯᠲᠡ ᠳ᠋ᠦ᠍ ᠪᠠᠲᠤ ᠪᠡᠬᠢ ᠲᠦᠰᠢᠭ ᠲᠤᠯᠭᠠᠭᠤᠷᠢ ᠬᠠᠩᠭᠠᠬᠤ ᠬᠡᠷᠡᠭᠲᠡᠢ ᠭᠡᠵᠡᠢ ᠃
     ᠪᠠᠢᠴᠠᠭᠠᠨ ᠰᠤᠳᠤᠯᠬᠤ ᠳᠤᠭᠤᠢᠯᠠᠩ ᠤ᠋ᠨ ᠬᠢᠨ ᠪᠠᠰᠠ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶ᠎ᠠ ᠂ ᠳ᠋ᠦᠩᠱᠸᠩ ᠲᠣᠭᠣᠷᠢᠭ ᠤ᠋ᠨ ᠰᠢᠭᠦᠬᠦ ᠬᠣᠷᠢᠶᠠᠨ ᠳ᠋ᠤ᠌ ᠬᠦᠷᠴᠦ ᠪᠠᠢᠴᠠᠭᠠᠨ ᠰᠤᠳᠤᠯᠤᠯᠲᠠ ᠬᠢᠭᠰᠡᠨ ᠪᠠᠢᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )