3 ᠰᠠᠷ᠎ᠠ ᠶ᠋ᠢᠨ 6 ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶ᠎ᠠ ᠶ᠋ᠢᠨ ᠳᠠᠷᠤᠭ᠎ᠠ ᠰᠦ᠍ ᠯᠢ ᠵᠢᠶᠦ᠋ᠨ ᠡᠩ ᠦ᠋ᠨ ᠨᠠᠮ ᠤ᠋ᠨ ᠭᠡᠰᠢᠭᠦᠨ ᠦ᠌ ᠬᠤᠪᠢ ᠪᠠᠷ ᠨᠢᠭᠡᠳᠦᠭᠡᠷ ᠨᠠᠮ ᠤ᠋ᠨ ᠡᠭᠦᠷ ᠦ᠋ᠨ ᠣᠨ ᠤ᠋ ᠵᠣᠬᠢᠶᠠᠨ ᠪᠠᠢᠭᠤᠯᠤᠯᠲᠠ ᠶ᠋ᠢᠨ ᠠᠮᠢᠳᠤᠷᠠᠯ ᠤ᠋ᠨ ᠬᠤᠷᠠᠯ ᠳ᠋ᠤ᠌ ᠣᠷᠣᠯᠴᠠᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠤᠯᠤᠰ ᠲᠥᠷᠥ ᠶ᠋ᠢᠨ ᠬᠡᠯᠲᠡᠰ ᠦ᠋ᠨ ᠡᠷᠬᠢᠯᠡᠭᠴᠢ ᠂ ᠪᠠᠢᠭᠤᠯᠭ᠎ᠠ ᠶ᠋ᠢᠨ ᠨᠠᠮ ᠤ᠋ᠨ ᠬᠣᠷᠢᠶᠠᠨ ᠤ᠋ ᠱᠦᠵᠢ ᠨᠢᠦ ᠬᠠᠢ ᠯᠢᠶᠠᠩ ᠬᠤᠷᠠᠯ ᠳ᠋ᠤ᠌ ᠣᠷᠣᠯᠴᠠᠵᠤ ᠵᠢᠭᠠᠨ ᠵᠢᠯᠣᠭᠣᠳᠤᠨ ᠂ ᠨᠢᠭᠡᠳᠦᠭᠡᠷ ᠨᠠᠮ ᠤ᠋ᠨ ᠡᠭᠦᠷ ᠦ᠋ᠨ ᠱᠦᠵᠢ ᠾᠧ ᠶᠠᠨ ᠴᠦᠨ ᠬᠤᠷᠠᠯ ᠡᠷᠬᠢᠯᠡᠭᠰᠡᠨ ᠪᠠᠢᠨ᠎ᠠ ᠃
ᠡᠨᠡ ᠤᠳᠠᠭᠠᠨ ᠤ᠋ ᠵᠣᠬᠢᠶᠠᠨ ᠪᠠᠢᠭᠤᠯᠤᠯᠲᠠ ᠶ᠋ᠢᠨ ᠠᠮᠢᠳᠤᠷᠠᠯ ᠤ᠋ᠨ ᠬᠤᠷᠠᠯ ᠢ᠋ ᠰᠠᠢᠲᠤᠷ ᠬᠢᠬᠦ ᠶ᠋ᠢᠨ ᠲᠥᠯᠥᠭᠡ ᠂ ᠨᠢᠭᠡᠳᠦᠭᠡᠷ ᠨᠠᠮ ᠤ᠋ᠨ ᠡᠭᠦᠷᠡᠴᠡ ᠢᠳᠡᠪᠬᠢᠲᠡᠢ ᠪᠡᠯᠡᠳᠬᠡᠨ ᠂ ᠬᠤᠷᠠᠯᠠ᠋ᠴᠠ ᠡᠮᠦᠨ᠎ᠡ ᠰᠤᠷᠤᠯᠴᠠᠬᠤ ᠠᠵᠢᠯᠯᠠᠭ᠎ᠠ ᠶ᠋ᠢ ᠥᠷᠨᠢᠭᠦᠯᠦᠭᠰᠡᠨ ᠪᠥᠭᠡᠳ ᠰᠤᠷᠪᠤᠯᠵᠢᠯᠠᠨ ᠶᠠᠷᠢᠯᠴᠠᠬᠤ ᠂ ᠰᠡᠳᠬᠢᠯ ᠦ᠋ᠨ ᠶᠠᠷᠢᠯᠴᠠᠭ᠎ᠠ ᠬᠢᠬᠦ ᠵᠡᠷᠭᠡ ᠣᠯᠠᠨ ᠵᠦᠢᠯ ᠦ᠋ᠨ ᠬᠡᠯᠪᠡᠷᠢ ᠪᠡᠷ ᠨᠠᠮ ᠤ᠋ᠨ ᠭᠡᠰᠢᠭᠦᠨ᠂ ᠺᠠᠲ᠋ᠷ ᠠᠵᠢᠯᠴᠢᠨ ᠤ᠋ ᠰᠠᠨᠠᠯ ᠢ᠋ ᠥᠷᠭᠡᠨ ᠢ᠋ᠶ᠋ᠡᠷ ᠰᠣᠨᠣᠰᠴᠤ ᠂ ᠪᠠᠢᠴᠠᠭᠠᠬᠤ ᠮᠠᠲ᠋ᠧᠷᠢᠶᠠᠯ ᠪᠣᠯᠤᠨ ᠬᠤᠪᠢ ᠬᠥᠮᠦᠨ ᠦ᠌ ᠶᠠᠷᠢᠶᠠᠨ ᠤ᠋ ᠬᠥᠲᠥᠯᠪᠦᠷᠢ ᠶ᠋ᠢ ᠬᠢᠨᠠᠮᠠᠭᠠᠢ ᠰᠠᠢᠨ ᠪᠢᠴᠢᠭᠰᠡᠨ ᠪᠠᠢᠨ᠎ᠠ ᠃
ᠬᠤᠷᠠᠯ ᠳᠡᠭᠡᠷ᠎ᠡ ᠾᠧ ᠶᠠᠨ ᠴᠦᠨ ᠨᠢᠭᠡᠳᠦᠭᠡᠷ ᠨᠠᠮ ᠤ᠋ᠨ ᠡᠭᠦᠷ ᠢ᠋ ᠲᠥᠯᠥᠭᠡᠯᠡᠵᠦ ᠬᠠᠷᠢᠴᠠᠭᠤᠯᠤᠨ ᠪᠠᠢᠴᠠᠭᠠᠯᠲᠠ ᠬᠢᠵᠦ ᠂ ᠣᠷᠣᠰᠢᠵᠤ ᠪᠠᠢᠭ᠎ᠠ ᠠᠰᠠᠭᠤᠳᠠᠯ ᠢ᠋ ᠪᠠᠢᠴᠠᠭᠠᠨ ᠭᠠᠷᠭᠠᠬᠤ ᠶ᠋ᠢᠨ ᠬᠠᠮᠲᠤ ᠠᠰᠠᠭᠤᠳᠠᠯ ᠤ᠋ᠨ ᠡᠬᠢ ᠰᠤᠷᠪᠤᠯᠵᠢ ᠶ᠋ᠢ ᠭᠦᠨᠵᠡᠭᠡᠢ ᠵᠠᠳᠠᠯᠤᠨ ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠪᠠ ᠴᠢᠷᠮᠠᠢᠬᠤ ᠴᠢᠭᠯᠡᠯ ᠢ᠋ᠶ᠋ᠡᠨ ᠲᠣᠳᠣᠷᠬᠠᠢᠯᠠᠭᠰᠠᠨ ᠪᠠᠢᠨ᠎ᠠ ᠃ ᠳᠠᠷᠠᠭ᠎ᠠ ᠨᠢ ᠂ ᠪᠦᠬᠦ ᠨᠠᠮ ᠤ᠋ᠨ ᠭᠡᠰᠢᠭᠦᠳ ᠬᠤᠷᠠᠯ ᠤ᠋ᠨ ᠭᠣᠣᠯ ᠰᠡᠳᠦᠪ ᠦ᠋ᠨ ᠲᠣᠭᠣᠷᠢᠨ ᠳ᠋ᠤ᠌ ᠳᠡᠰ ᠳᠠᠷᠠᠭᠠᠯᠠᠨ ᠬᠠᠷᠢᠴᠠᠭᠤᠯᠤᠨ ᠪᠠᠢᠴᠠᠭᠠᠨ ᠂ ᠬᠦᠷᠦᠯᠴᠡᠬᠦ ᠦᠭᠡᠢ ᠲᠠᠯ᠎ᠠ ᠪᠣᠯᠤᠨ ᠵᠦᠷᠢᠶᠡᠨ ᠲᠡᠢ ᠲᠠᠯ᠎ᠠ ᠶ᠋ᠢ ᠶᠠᠷᠢᠯᠴᠠᠵᠤ ᠂ ᠥᠪᠡᠷ ᠦ᠋ᠨ ᠰᠢᠭᠦᠮᠵᠢᠯᠡᠯ ᠪᠠ ᠬᠠᠷᠢᠯᠴᠠᠨ ᠰᠢᠭᠦᠮᠵᠢᠯᠡᠬᠦ ᠶᠠᠪᠤᠳᠠᠯ ᠢ᠋ ᠴᠢᠩᠭ᠎ᠠ ᠬᠢᠨᠠᠮᠠᠭᠠᠢ ᠥᠷᠨᠢᠭᠦᠯᠬᠦ ᠶ᠋ᠢᠨ ᠬᠠᠮᠲᠤ ᠰᠠᠨᠠᠯ ᠰᠠᠨᠠᠭᠤᠯᠭ᠎ᠠ ᠳᠤᠷᠠᠳᠴᠤ ᠂ ᠴᠡᠭᠴᠡᠯᠡᠨ ᠰᠠᠢᠵᠢᠷᠠᠭᠤᠯᠬᠤ ᠪᠣᠳᠠᠲᠠᠢ ᠠᠷᠭ᠎ᠠ ᠬᠡᠮᠵᠢᠶ᠎ᠡ ᠶ᠋ᠢ ᠲᠣᠭᠲᠠᠭᠠᠭᠰᠠᠨ ᠪᠠᠢᠨ᠎ᠠ ᠃
ᠰᠦ᠍ ᠯᠢ ᠵᠢᠶᠦ᠋ᠨ ᠬᠣᠷᠢᠶᠠᠨ ᠳᠠᠷᠤᠭ᠎ᠠ ᠪᠣᠯᠤᠨ ᠨᠠᠮ ᠤ᠋ᠨ ᠡᠭᠦᠷ ᠦ᠋ᠨ ᠭᠡᠰᠢᠭᠦᠳ ᠦ᠋ᠨ ᠬᠤᠷᠠᠯ ᠳᠡᠭᠡᠷ᠎ᠡ ᠬᠠᠷᠢᠯᠴᠠ ᠶᠠᠷᠢᠯᠴᠠᠵᠤ᠂ ᠶᠠᠷᠢᠶ᠎ᠠ ᠢᠯᠡᠳᠬᠡᠯ ᠢ᠋ ᠰᠤᠨᠤᠭᠰᠠᠨ ᠤ᠋ ᠰᠡᠭᠦᠯᠡᠷ ᠵᠢᠭᠠᠵᠤ ᠭᠠᠷᠭᠠᠭᠰᠠᠨ ᠨᠢ᠄ ᠲᠤᠰ ᠤᠳᠠᠭᠠᠨ ᠤ᠋ ᠠᠮᠢᠳᠤᠷᠠᠯ ᠤ᠋ᠨ ᠬᠤᠷᠠᠯ ᠨᠢ ᠳᠡᠭᠡᠳᠦ ᠱᠠᠲᠤᠨ ᠤ᠋ ᠱᠠᠭᠠᠷᠳᠠᠯᠭ᠎ᠠ ᠶ᠋ᠢᠨ ᠲᠣᠭᠣᠷᠢᠨ ᠲᠠᠢ ᠨᠢᠭᠲᠠ ᠤᠶᠠᠯᠳᠤᠵᠤ᠂ ᠠᠰᠠᠭᠤᠳᠠᠯ ᠢ᠋ ᠨᠢᠭᠤᠵᠤ ᠳᠠᠯᠳᠠᠯᠠᠬᠤ ᠦᠭᠡᠢ ᠂ ᠬᠠᠷᠢᠯᠴᠠᠨ ᠰᠢᠭᠦᠮᠵᠢᠯᠡᠯ ᠢ᠋ ᠦᠨᠡᠨᠴᠢ ᠪᠡᠷ ᠨᠡᠢᠲᠡᠯᠡᠵᠦ ᠂ ᠴᠡᠭᠴᠡᠯᠡᠨ ᠰᠠᠢᠵᠢᠷᠠᠭᠤᠯᠬᠤ ᠠᠷᠭ᠎ᠠ ᠪᠠᠷᠢᠯ ᠪᠦᠲᠦᠮᠵᠢᠲᠡᠢ ᠪᠥᠭᠡᠳ ᠶᠠᠰᠤ ᠴᠢᠨᠠᠷ ᠤ᠋ᠨ ᠪᠠᠷᠢᠮᠵᠢᠶ᠎ᠠ ᠥᠨᠳᠥᠷ᠂ ᠵᠢᠱ᠌ᠢᠭᠰᠡᠨ ᠦᠷ᠎ᠡ ᠪᠦᠲᠦᠮᠵᠢ ᠳ᠋ᠦ᠍ ᠬᠦᠷᠦᠭᠰᠡᠨ ᠪᠠᠢᠨ᠎ᠠ ᠃ ᠠᠯᠪᠠᠨ ᠭᠡᠷ ᠦ᠋ᠨ ᠨᠠᠮ ᠤ᠋ᠨ ᠡᠭᠦᠷ ᠪᠣᠯ ᠨᠢᠭᠡᠨ ᠰᠠᠢᠨ ᠰᠠᠢᠬᠠᠨ ᠤᠯᠠᠮᠵᠢᠯᠠᠯ ᠲᠠᠢ ᠂ ᠨᠢᠭᠲᠠᠷᠠᠯ ᠤ᠋ᠨ ᠬᠦᠴᠦᠨ ᠲᠡᠢ ᠮᠥᠷᠲᠡᠭᠡᠨ ᠳᠠᠢᠴᠢᠨ ᠬᠦᠴᠦᠨ ᠲᠡᠢ ᠨᠠᠮ ᠤ᠋ᠨ ᠡᠭᠦᠷ ᠪᠠᠢᠵᠤ ᠂ ᠡᠳᠦᠷ ᠲᠤᠲᠤᠮ ᠤ᠋ᠨ ᠠᠵᠢᠯ ᠤ᠋ᠨ ᠳᠤᠮᠳᠠ ᠥᠨᠳᠥᠷ ᠶᠠᠰᠤ ᠴᠢᠨᠠᠷ ᠢ᠋ᠶ᠋ᠠᠷ ᠵᠥᠪᠯᠡᠭᠴᠢ ᠪᠣᠯᠭᠠᠵᠤ ᠬᠠᠪᠰᠤᠷᠤᠨ ᠵᠢᠯᠤᠭᠤᠳᠤᠬᠤ ᠂ ᠶᠡᠷᠦᠩᠬᠡᠢᠯᠡᠨ ᠵᠣᠬᠢᠴᠠᠭᠤᠯᠬᠤ ᠂ ᠪᠢᠴᠢᠭ ᠮᠠᠲ᠋ᠧᠷᠢᠶᠠᠯ ᠪᠣᠯᠤᠨ ᠬᠤᠷᠠᠯ ᠡᠷᠬᠢᠯᠡᠬᠦ ᠵᠢᠴᠢ ᠮᠡᠳᠡᠭᠡ ᠵᠠᠩᠭᠢ ᠶ᠋ᠢᠨ ᠤᠬᠠᠭᠤᠯᠭ᠎ᠠ ᠬᠢᠬᠦ ᠂ ᠪᠠᠢᠴᠠᠭᠠᠨ ᠨᠠᠢᠳᠠᠪᠤᠷᠢᠵᠢᠭᠤᠯᠬᠤ ᠂ ᠨᠢᠭᠤᠴᠠ ᠶ᠋ᠢ ᠬᠠᠮᠠᠭᠠᠯᠠᠬᠤ ᠂ ᠳᠠᠩᠰᠠ ᠡᠪᠬᠡᠮᠡᠯ ᠦ᠋ᠨ ᠬᠠᠮᠢᠶᠠᠷᠤᠯᠲᠠ ᠵᠡᠷᠭᠡ ᠡᠭᠦᠷᠭᠡ ᠴᠢᠳᠠᠪᠤᠷᠢ ᠪᠠᠨ ᠭᠦᠢᠴᠡᠳᠬᠡᠨ ᠂ 《 ᠭᠤᠷᠪᠠᠨ ᠦᠢᠯᠡᠴᠢᠯᠡᠭᠡ 》 ᠶ᠋ᠢᠨ ᠬᠢᠷᠢ ᠲᠦᠪᠰᠢᠨ ᠢ᠋ ᠬᠦᠴᠦᠲᠡᠢ ᠳᠡᠭᠡᠭᠰᠢᠯᠡᠭᠦᠯᠵᠦ ᠂ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠪᠠᠲᠤᠯᠠᠭᠰᠠᠨ ᠪᠠᠢᠨ᠎ᠠ ᠃ ᠠᠯᠪᠠᠨ ᠭᠡᠷ ᠦ᠋ᠨ ᠨᠥᠬᠥᠳ ᠨᠢᠭᠡᠨᠲᠡ ᠣᠯᠤᠭᠰᠠᠨ ᠢᠷᠠᠭᠤ ᠠᠯᠳᠠᠷ ᠢ᠋ᠶ᠋ᠠᠨ ᠨᠠᠨᠳᠢᠩᠨᠠᠨ ᠂ ᠬᠦᠷᠦᠯᠴᠡᠬᠦ ᠦᠭᠡᠢ ᠲᠠᠯ᠎ᠠ ᠪᠠᠨ ᠬᠢᠨᠠᠮᠠᠭᠠᠢ ᠡᠷᠢᠵᠦ ᠂ ᠴᠢᠷᠮᠠᠢᠭᠰᠠᠨ ᠳᠡᠭᠡᠷ᠎ᠡ ᠪᠡᠨ ᠴᠢᠷᠮᠠᠢᠵᠤ ᠂ ᠳᠠᠬᠢᠨᠲᠠ ᠰᠢᠯᠢᠳᠡᠭ ᠪᠦᠲᠦᠮᠵᠢ ᠣᠯᠬᠤ ᠪᠠᠷ ᠪᠠᠷᠠᠬᠤ ᠦᠭᠡᠢ ᠰᠢᠭᠦᠬᠦ ᠬᠣᠷᠢᠶᠠᠨ ᠤ᠋ ᠬᠥᠭᠵᠢᠯᠲᠡ ᠶ᠋ᠢᠨ ᠶᠡᠬᠡ ᠲᠠᠯ᠎ᠠ ᠳ᠋ᠤ᠌ ᠦᠢᠯᠡᠴᠢᠯᠡᠬᠦ ᠳᠤᠮᠳᠠ ᠨᠡᠩ ᠶᠡᠬᠡ ᠠᠮᠵᠢᠯᠲᠠ ᠪᠦᠲᠦᠮᠵᠢ ᠭᠠᠷᠭᠠᠬᠤ ᠶ᠋ᠢ ᠬᠦᠰᠡᠵᠦ ᠪᠠᠢᠨ᠎ᠠ ᠭᠡᠰᠡᠨ ᠪᠠᠢᠨ᠎ᠠ᠃
ᠨᠢᠦ ᠬᠠᠢ ᠯᠢᠶᠠᠩ ᠦᠨᠡᠯᠡᠯᠲᠡ ᠥᠭᠬᠦ ᠶᠠᠷᠢᠶᠠᠨ ᠳ᠋ᠤ᠌ ᠪᠠᠨ ᠨᠢᠭᠡᠳᠦᠭᠡᠷ ᠨᠠᠮ ᠤ᠋ᠨ ᠡᠭᠦᠷ ᠦ᠋ᠨ ᠵᠣᠬᠢᠶᠠᠨ ᠪᠠᠢᠭᠤᠯᠤᠯᠲᠠ ᠶ᠋ᠢᠨ ᠠᠮᠢᠳᠤᠷᠠᠯ ᠢ᠋ ᠨᠤᠲᠠᠯᠠᠪᠠ ᠃ ᠲᠡᠷᠡ ᠬᠡᠯᠡᠬᠦ ᠳ᠋ᠡᠭᠡᠨ ᠂ ᠨᠠᠮ ᠤ᠋ᠨ ᠭᠡᠰᠢᠭᠦᠳ ᠰᠢᠭᠦᠮᠵᠢᠯᠡᠯ ᠪᠠ ᠥᠪᠡᠷ ᠦ᠋ᠨ ᠰᠢᠭᠦᠮᠵᠢᠯᠡᠯ ᠢ᠋ ᠨᠠᠷᠢᠨ ᠬᠢᠨᠠᠮᠠᠭᠠᠢ ᠭᠦᠨᠵᠡᠭᠡᠢ ᠥᠷᠨᠢᠭᠦᠯᠵᠦ ᠂ ᠠᠰᠠᠭᠤᠳᠠᠯ ᠢ᠋ ᠭᠦᠨᠵᠡᠭᠡᠢ ᠪᠠᠢᠴᠠᠭᠠᠨ ᠭᠠᠷᠭᠠᠬᠤ ᠪᠠ ᠬᠠᠷᠢᠯᠴᠠᠨ ᠰᠢᠭᠦᠮᠵᠢᠯᠡᠵᠦ ᠰᠠᠨᠠᠭᠤᠯᠬᠤ ᠪᠠᠷ ᠳᠠᠮᠵᠢᠭᠤᠯᠤᠨ ᠦᠵᠡᠯ ᠰᠠᠨᠠᠭ᠎ᠠ ᠪᠠᠨ ᠭᠦᠢᠴᠡᠳ ᠰᠣᠯᠢᠯᠴᠠᠵᠤ ᠂ ᠨᠠᠮᠴᠢ ᠴᠢᠨᠠᠷ ᠢ᠋ ᠳᠡᠭᠡᠭᠰᠢᠯᠡᠭᠦᠯᠦᠨ ᠠᠵᠢᠯ ᠢ᠋ᠶ᠋ᠠᠨ ᠠᠬᠢᠭᠤᠯᠬᠤ ᠦᠷ᠎ᠡ ᠪᠦᠲᠦᠮᠵᠢ ᠳ᠋ᠦ᠍ ᠬᠦᠷᠦᠭᠰᠡᠨ ᠪᠠᠢᠨ᠎ᠠ ᠭᠡᠵᠡᠢ ᠃
ᠠᠵᠢᠯ ᠤ᠋ᠨ ᠪᠣᠳᠠᠲᠤ ᠪᠠᠢᠳᠠᠯ ᠲᠠᠢ ᠪᠠᠨ ᠤᠶᠠᠯᠳᠤᠭᠤᠯᠤᠨ ᠂ ᠰᠦ᠍ ᠯᠢ ᠵᠢᠶᠦ᠋ᠨ ᠨᠠᠮ ᠤ᠋ᠨ ᠡᠭᠦᠷ ᠦ᠋ᠨ ᠪᠠᠢᠭᠤᠯᠤᠯᠲᠠ ᠶ᠋ᠢ ᠴᠢᠩᠭᠠᠳᠬᠠᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ ᠄ ᠨᠢᠭᠡ ᠳ᠋ᠦ᠍ ᠤᠯᠤᠰ ᠲᠥᠷᠥ ᠶ᠋ᠢᠨ ᠬᠡᠪ ᠴᠢᠨᠠᠷ ᠢ᠋ᠶ᠋ᠠᠨ ᠳᠠᠪᠲᠠᠨ ᠪᠣᠯᠪᠠᠰᠤᠷᠠᠭᠤᠯᠵᠤ ᠂ ᠨᠠᠮ ᠳ᠋ᠠᠭᠠᠨ ᠦᠨᠡᠨᠴᠢ ᠰᠢᠳᠤᠷᠭᠤ ᠪᠠᠢᠬᠤ ᠳ᠋ᠤ᠌ ᠳᠠᠭᠤᠷᠢᠶᠠᠯ ᠦᠵᠡᠭᠦᠯᠬᠦ ᠬᠡᠷᠡᠭᠲᠡᠢ ᠭᠡᠵᠡᠢ ᠃ ᠤᠯᠤᠰ ᠲᠥᠷᠥ ᠶ᠋ᠢᠨ ᠬᠡᠪ ᠴᠢᠨᠠᠷ ᠢ᠋ ᠢᠮᠠᠭᠲᠠ ᠲᠡᠷᠢᠭᠦᠨ ᠬᠡᠪ ᠴᠢᠨᠠᠷ ᠪᠣᠯᠭᠠᠵᠤ ᠂ ᠡᠯ᠎ᠡ ᠱᠠᠲᠤᠨ ᠤ᠋ ᠨᠠᠮ ᠤ᠋ᠨ ᠬᠣᠷᠢᠶ᠎ᠠ ᠪᠣᠯᠤᠨ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠡᠷᠡᠰ ᠲᠤᠤᠱᠯᠠᠭᠤᠯᠤᠨ ᠂ ᠡᠯ᠎ᠡ ᠱᠠᠲᠤᠨ ᠤ᠋ ᠨᠠᠮ ᠤ᠋ᠨ ᠬᠣᠷᠢᠶ᠎ᠠ ᠂ ᠳᠡᠭᠡᠳᠦ ᠱᠠᠲᠤᠨ ᠤ᠋ ᠰᠢᠭᠦᠬᠦ ᠬᠣᠷᠢᠶ᠎ᠠ ᠂ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠯᠤᠭ᠎ᠠ ᠢᠮᠠᠭᠲᠠ ᠨᠢᠭᠡᠳᠦᠯᠲᠡᠢ ᠪᠠᠢᠬᠤ ᠬᠡᠷᠡᠭᠲᠡᠢ ᠃ ᠬᠣᠶᠠᠷ ᠲᠤ᠌ ᠨᠠᠮ ᠤ᠋ᠨ ᠪᠠᠢᠭᠤᠯᠤᠯᠲᠠ ᠶ᠋ᠢᠨ ᠠᠵᠢᠯ ᠢ᠋ ᠴᠢᠩᠭᠠᠳᠬᠠᠵᠤ ᠂ ᠨᠠᠮ ᠤ᠋ᠨ ᠡᠭᠦᠷ ᠦ᠋ᠨ ᠪᠦᠲᠦᠭᠡᠨ ᠪᠠᠢᠭᠤᠯᠤᠯᠲᠠ ᠳ᠋ᠤ᠌ ᠦᠯᠢᠭᠡᠷ ᠵᠢᠱ᠌ᠢᠶ᠎ᠡ ᠪᠣᠯᠬᠤ ᠬᠡᠷᠡᠭᠲᠡᠢ ᠭᠡᠵᠡᠢ ᠃ ᠨᠠᠮ ᠤ᠋ᠨ ᠡᠭᠦᠷ ᠦ᠋ᠨ ᠪᠠᠢᠭᠤᠯᠤᠯᠲᠠ ᠬᠢᠭᠡᠳ ᠠᠯᠪᠠᠨ ᠭᠡᠷ ᠦ᠋ᠨ ᠠᠵᠢᠯ ᠢ᠋ ᠭᠦᠨᠵᠡᠭᠡᠢ ᠠᠭᠤᠰᠤᠯᠴᠠᠭᠤᠯᠵᠤ ᠂ 《 ᠭᠠᠷᠴᠤ ᠶᠠᠪᠤᠬᠤ ᠂ ᠤᠷᠢᠵᠤ ᠠᠪᠴᠢᠷᠠᠬᠤ 》 ᠠᠵᠢᠯᠯᠠᠭ᠎ᠠ ᠶ᠋ᠢ ᠢᠯᠡᠭᠦᠬᠡᠨ ᠥᠷᠨᠢᠭᠦᠯᠵᠦ ᠂ ᠠᠮᠢᠳᠤᠷᠠᠯ ᠤ᠋ᠨ ᠵᠣᠬᠢᠶᠠᠨ ᠪᠠᠢᠭᠤᠯᠤᠯᠲᠠ ᠶ᠋ᠢ ᠨᠠᠮ ᠤ᠋ᠨ ᠭᠡᠰᠢᠭᠦᠨ ᠲᠡᠢ ᠣᠢᠷᠠᠲᠤᠭᠤᠯᠤᠨ ᠂ ᠪᠣᠳᠠᠲᠠᠢ ᠠᠵᠢᠯ ᠳ᠋ᠤ᠌ ᠣᠢᠷᠠᠲᠤᠭᠤᠯᠬᠤ ᠬᠡᠷᠡᠭᠲᠡᠢ ᠃ ᠭᠤᠷᠪᠠ ᠳ᠋ᠤ᠌ ᠰᠠᠨᠠᠭᠠᠴᠢᠯᠠᠭᠠᠠ᠋ᠴᠠ ᠪᠠᠨ ᠶᠡᠬᠡ ᠲᠠᠯ᠎ᠠ ᠳ᠋ᠤ᠌ ᠦᠢᠯᠡᠴᠢᠯᠡᠵᠦ ᠂ ᠬᠠᠷᠢᠭᠤᠴᠠᠯᠭ᠎ᠠ ᠲᠠᠢ ᠵᠢᠱ᠌ᠢᠶᠡᠴᠢ ᠪᠣᠯᠤᠶ᠎ᠠ᠃ ᠢᠮᠠᠭᠲᠠ ᠳᠡᠭᠡᠳᠦ ᠬᠡᠮᠵᠢᠶ᠎ᠡ ᠪᠡᠷ ᠰᠢᠭᠦᠬᠦ ᠬᠣᠷᠢᠶᠠᠨ ᠤ᠋ ᠬᠥᠭᠵᠢᠯᠲᠡ ᠶ᠋ᠢᠨ ᠶᠡᠬᠡ ᠲᠠᠯ᠎ᠠ ᠶ᠋ᠢᠨ ᠪᠣᠳᠣᠯᠬᠢᠯᠠᠨ ᠂ ᠰᠢᠭᠦᠨ ᠭᠦᠢᠴᠡᠳᠬᠡᠬᠦ ᠠᠵᠢᠯ ᠲᠥᠷᠥᠯ ᠢ᠋ᠶ᠋ᠡᠷ ᠭᠣᠣᠯᠳᠠᠯᠭ᠎ᠠ ᠪᠣᠯᠭᠠᠬᠤ ᠬᠡᠷᠡᠭᠲᠡᠢ ᠃ ᠪᠠᠰᠠ ᠰᠢᠭᠦᠬᠦ ᠬᠣᠷᠢᠶᠠᠨ ᠤ᠋ ᠬᠥᠭᠵᠢᠯᠲᠡ ᠪᠡᠷ ᠲᠥᠪ ᠪᠣᠯᠭᠠᠵᠤ ᠂ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠡᠷᠡᠰ ᠲᠡᠭᠡᠨ ᠂ ᠪᠠᠷᠠᠭᠠᠯᠠᠬᠢᠯᠠᠯ ᠤ᠋ᠨ ᠴᠢᠨᠠᠷᠲᠠᠢ ᠠᠰᠠᠭᠤᠳᠠᠯ ᠤ᠋ᠨ ᠲᠤᠬᠠᠢ ᠰᠤᠳᠤᠯᠤᠯᠲᠠ ᠪᠠᠨ ᠴᠢᠩᠭ᠋ᠠᠳᠬᠠᠬᠤ ᠪᠠᠷ ᠪᠠᠷᠠᠬᠤ ᠦᠭᠡᠢ ᠪᠠᠢᠯᠳᠤᠬᠤ ᠪᠣᠳᠣᠯᠭ᠎ᠠ ᠶ᠋ᠢᠨ ᠬᠠᠷᠠᠴᠠ ᠪᠠᠷ ᠬᠦᠴᠦᠨ ᠢ᠋ᠶ᠋ᠡᠨ ᠨᠡᠮᠡᠭᠳᠡᠭᠦᠯᠦᠨ ᠂ ᠪᠦᠲᠦᠮᠵᠢᠲᠡᠢ ᠪᠡᠷ ᠵᠠᠰᠠᠭ ᠵᠠᠰᠠᠬᠤ ᠠᠵᠢᠯ ᠳ᠋ᠤ᠌ ᠬᠠᠪᠰᠤᠷᠤᠮᠵᠢ ᠪᠣᠯᠭᠠᠬᠤ ᠬᠡᠷᠡᠭᠲᠡᠢ ᠃ ᠳᠥᠷᠪᠡ ᠳ᠋ᠦ᠍ ᠰᠤᠷᠤᠯᠴᠠᠯᠭ᠎ᠠ ᠳᠠᠪᠲᠠᠯᠲᠠ ᠪᠠᠨ ᠴᠢᠩᠭ᠋ᠠᠳᠬᠠᠵᠤ ᠂ ᠰᠢᠯᠢᠳᠡᠭ ᠵᠢᠱ᠌ᠢᠶᠡᠴᠢ ᠳᠠᠭᠤᠷᠢᠶᠠᠯ ᠪᠣᠯᠬᠤ ᠬᠡᠷᠡᠭᠲᠡᠢ ᠃ ᠰᠤᠷᠤᠯᠴᠠᠯᠭ᠎ᠠ ᠶ᠋ᠢ ᠴᠠᠭ ᠢᠮᠠᠭᠲᠠ ᠳᠣᠪᠣᠢᠮ᠎ᠠ ᠪᠠᠢᠷᠢᠨ ᠳ᠋ᠤ᠌ ᠲᠠᠯᠪᠢᠵᠤ ᠂ 《 ᠠᠷᠭ᠎ᠠ ᠤᠬᠠᠭᠠᠨ ᠭᠠᠷᠭᠠᠬᠤ 》 ᠬᠢᠷᠢ ᠬᠡᠮᠵᠢᠶ᠎ᠡ ᠪᠡᠨ ᠪᠦᠬᠦ ᠲᠠᠯ᠎ᠠ ᠪᠠᠷ ᠳᠡᠭᠡᠭᠰᠢᠯᠡᠭᠦᠯᠦᠨ ᠂ 《 ᠨᠢᠭᠡᠳᠬᠡᠬᠦ 》 ᠴᠢᠳᠠᠪᠤᠷᠢ ᠪᠣᠯᠤᠨ 《 ᠬᠢᠨᠠᠯᠲᠠ ᠲᠠᠯᠪᠢᠬᠤ 》 ᠡᠷᠴᠢᠮ ᠢ᠋ᠶ᠋ᠡᠨ ᠴᠢᠩᠭᠠᠷᠠᠭᠤᠯᠬᠤ ᠬᠡᠷᠡᠭᠲᠡᠢ ᠃ ᠲᠠᠪᠤ ᠳ᠋ᠤ᠌ ᠰᠠᠢᠨ ᠰᠠᠢᠬᠠᠨ ᠰᠤᠷᠲᠠᠯ ᠢ᠋ ᠪᠠᠷᠢᠮᠲᠠᠯᠠᠵᠤ ᠂ ᠰᠠᠬᠢᠯᠭ᠎ᠠ ᠪᠠᠲᠤ ᠶ᠋ᠢ ᠰᠠᠬᠢᠬᠤ ᠵᠢᠱ᠌ᠢᠶᠡᠴᠢ ᠪᠣᠯᠬᠤ ᠬᠡᠷᠡᠭᠲᠡᠢ ᠃ ᠳᠤᠷᠠᠲᠠᠶ᠎ᠠ ᠬᠤᠪᠢ ᠨᠡᠮᠡᠷᠢ ᠦᠵᠡᠭᠦᠯᠬᠦ ᠂ ᠪᠦᠯᠬᠦᠮᠳᠡᠨ ᠬᠠᠮᠵᠢᠯᠴᠠᠵᠤ ᠂ ᠰᠠᠬᠢᠯᠭ᠎ᠠ ᠪᠠᠲᠤ ᠪᠣᠯᠤᠨ ᠳᠦᠷᠢᠮ ᠲᠣᠭᠲᠠᠭᠠᠯ ᠢ᠋ ᠴᠠᠭ ᠢᠮᠠᠭᠲᠠ ᠡᠮᠦᠨ᠎ᠡ ᠪᠠᠢᠷᠢᠨ ᠳ᠋ᠤ᠌ ᠲᠠᠯᠪᠢᠵᠤ ᠂ ᠨᠢᠭᠤᠴᠠ ᠶ᠋ᠢ ᠬᠠᠮᠠᠭᠠᠯᠠᠬᠤ ᠦᠵᠡᠯ ᠤᠬᠠᠮᠰᠠᠷ ᠢ᠋ᠶ᠋ᠠᠨ ᠨᠡᠮᠡᠭᠳᠡᠭᠦᠯᠬᠦ ᠪᠡᠷ ᠪᠠᠷᠠᠬᠤ ᠦᠭᠡᠢ᠂ ᠥᠪᠡᠷ ᠢ᠋ ᠪᠡᠨ ᠬᠠᠮᠢᠶᠠᠷᠬᠤ ᠪᠠ ᠥᠪᠡᠷ ᠢ᠋ ᠪᠡᠨ ᠬᠢᠵᠠᠭᠠᠷᠯᠠᠬᠤ ᠶ᠋ᠢ ᠴᠢᠩᠭᠠᠳᠬᠠᠵᠤ ᠂ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠴᠠᠭ ᠢᠮᠠᠭᠲᠠ ᠠᠩᠬᠠᠷᠴᠤ ᠂ ᠠᠯᠪᠠᠨ ᠭᠡᠷ ᠦ᠋ᠨ ᠨᠠᠮ ᠤ᠋ᠨ ᠭᠡᠰᠢᠭᠦᠨ ᠺᠠᠲ᠋ᠷ ᠤ᠋ᠨ ᠰᠠᠢᠨ ᠰᠠᠢᠬᠠᠨ ᠳᠦᠷᠢ ᠲᠥᠷᠬᠦ ᠶ᠋ᠢ ᠪᠣᠢ ᠪᠣᠯᠭᠠᠬᠤ ᠬᠡᠷᠡᠭᠲᠡᠢ ᠭᠡᠰᠡᠨ ᠪᠠᠢᠨ᠎ᠠ᠃
ᠦᠨᠡᠯᠡᠬᠦ 0ᠦᠨᠡᠯᠡᠯᠲᠡ᠎ᠲᠠᠢ