《ᠪᠠᠶᠠᠷ᠎ ᠎ ᠤᠨ ᠮᠡᠳᠡᠭᠡ》ᠭᠤᠤ ᠢᠦᠢ ᠷᠸᠦ ——ᠬᠠᠮᠤᠭ  ᠤᠨ ᠭᠤᠶᠤ ᠴᠡᠷᠢᠭ ᠡᠴᠡ ᠬᠠᠯᠠᠭᠳᠠᠭᠰᠠᠳ ᠴᠡᠷᠢᠭ  ᠤᠨ ᠵᠢᠪᠬᠤᠯᠠᠨᠭ᠌ ᠵᠢᠡᠨ ᠡᠭᠦᠷᠢᠳᠡ ᠬᠠᠳᠠᠭᠠᠯᠠᠵᠤ ᠬᠦᠨᠳᠦ ᠡᠭᠦᠷᠭᠡ ᠵᠢ ᠡᠭᠦᠷᠭᠡᠯᠡᠨ ᠶᠠᠪᠤᠵᠤ ᠪᠤᠢ
2023.03.10 ᠲᠣᠰ ᠥᠷᠲᠡᠭᠡᠨ᠎ᠦ ᠨᠠᠢᠷᠠᠭᠤᠯᠤᠭᠴᠢ

    ᠣᠢᠷ᠎ᠠ ᠳ᠋ᠤ᠌ ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠣᠷᠳᠣᠰ ᠬᠣᠲᠠ ᠶ᠋ᠢᠨ ᠬᠣᠷᠢᠶ᠎ᠠ ᠶ᠋ᠢᠨ ᠤᠬᠠᠭᠤᠯᠬᠤ ᠬᠡᠯᠲᠡᠰ ᠂ ᠣᠷᠳᠣᠰ ᠬᠣᠲᠠ ᠶ᠋ᠢᠨ ᠴᠡᠷᠢᠭ ᠦ᠋ᠨ ᠠᠯᠪᠠᠨ ᠠ᠋ᠴᠠ ᠬᠠᠯᠠᠭᠳᠠᠭᠰᠠᠳ ᠴᠡᠷᠢᠭ ᠦ᠋ᠨ ᠠᠵᠢᠯᠲᠠᠨ ᠤ᠋ ᠶᠠᠪᠤᠳᠠᠯ ᠤ᠋ᠨ ᠲᠣᠪᠴᠢᠶ᠎ᠠ ᠂ ᠣᠷᠳᠣᠰ ᠴᠡᠷᠢᠭ ᠦ᠋ᠨ ᠬᠤᠪᠢᠶᠠᠷᠢ ᠲᠣᠭᠣᠷᠢᠭ ᠤ᠋ᠨ ᠤᠯᠤᠰ ᠲᠥᠷᠥ ᠶ᠋ᠢᠨ ᠠᠵᠢᠯ ᠤ᠋ᠨ ᠭᠠᠵᠠᠷ ᠠ᠋ᠴᠠ ᠯᠢᠦ ᠹᠧᠩ ᠵᠡᠷᠭᠡ 17 ᠴᠡᠷᠢᠭ ᠡᠴᠡ ᠬᠠᠯᠠᠭᠳᠠᠭᠰᠳ ᠲᠤ᠌ ᠣᠷᠳᠣᠰ ᠬᠣᠲᠠ ᠶ᠋ᠢᠨ 2022 ᠣᠨ ᠤ᠋ 《 ᠬᠠᠮᠤᠭ ᠤ᠋ᠨ ᠭᠣᠶᠣ ᠴᠡᠷᠢᠭ ᠡᠴᠡ ᠬᠠᠯᠠᠭᠳᠠᠭᠰᠠᠳ 》 ᠦ᠋ᠨ ᠴᠣᠯᠠ ᠶ᠋ᠢ ᠬᠦᠷᠲᠡᠭᠡᠵᠦ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠭᠣᠣ ᠢᠦᠢ ᠷᠧᠦ ᠣᠷᠳᠣᠰ ᠬᠣᠲᠠ ᠶ᠋ᠢᠨ 2022 ᠣᠨ ᠤ᠋ 《ᠬᠠᠮᠤᠭ ᠤ᠋ᠨ ᠭᠣᠶᠣ ᠴᠡᠷᠢᠭ ᠡᠴᠡ ᠬᠠᠯᠠᠭᠳᠠᠭᠰᠠᠳ》 ᠦ᠋ᠨ ᠢᠷᠠᠭᠤ ᠠᠯᠳᠠᠷ ᠢ᠋ ᠬᠦᠷᠲᠡᠭᠡᠪᠡ᠃  

   

    ᠭᠣᠣ ᠢᠦᠢ ᠷᠸᠦ ᠂ ᠡᠮᠡᠭᠲᠡᠢ ᠂ 1982 ᠣᠨ ᠤ᠋ 10 ᠰᠠᠷ᠎ᠠ ᠳ᠋ᠤ᠌ ᠲᠥᠷᠥᠵᠡᠢ ᠂ ᠬᠢᠲᠠᠳ ᠦᠨᠳᠦᠰᠦᠲᠡᠨ ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠭᠡᠰᠢᠭᠦᠨ ᠂ ᠠᠰᠫᠢᠷᠠᠨᠲ ᠤ᠋ᠨ ᠰᠤᠷᠤᠯᠭ᠎ᠠ ᠶ᠋ᠢᠨ ᠨᠠᠮᠲᠠᠷ ᠲᠠᠢ ᠂ ᠣᠳᠣ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠡᠷᠡᠭ ᠪᠣᠯᠭᠠᠨ ᠳᠠᠩᠰᠠᠯᠠᠬᠤ ᠲᠢᠩᠬᠢᠮ ᠦ᠋ᠨ ᠳᠡᠳ᠋ ᠳᠠᠷᠤᠭ᠎ᠠ ᠶ᠋ᠢᠨ ᠲᠤᠰᠢᠶᠠᠯ ᠢ᠋ ᠬᠠᠷᠢᠭᠤᠴᠠᠵᠤ ᠪᠣᠢ ᠃ 

    2015 ᠂ 2016 ᠣᠨ ᠳ᠋ᠤ᠌ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ 《ᠲᠡᠷᠢᠭᠦᠨ ᠦ᠌ ᠠᠵᠢᠯᠲᠠᠨ 》 ᠪᠠ 《 ᠰᠢᠯᠢᠳᠡᠭ ᠡᠪ ᠬᠠᠮᠲᠤ ᠨᠠᠮ ᠤ᠋ᠨ ᠭᠡᠰᠢᠭᠦᠨ》 ᠢ᠋ᠶ᠋ᠡᠷ ᠦᠨᠡᠯᠡᠭᠳᠡᠵᠦ ᠂ 2017 ᠣᠨ ᠳ᠋ᠤ᠌ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ 《 ᠬᠤᠰᠢᠭᠤᠴᠢ ᠬᠤᠪᠢ ᠬᠥᠮᠦᠨ 》 ᠂ 2021 ᠣᠨ ᠳ᠋ᠤ᠌ 《 ᠪᠦᠬᠦ ᠬᠣᠲᠠ ᠶ᠋ᠢᠨ ᠰᠢᠭᠦᠬᠦ ᠬᠣᠷᠢᠶ᠎ᠠ ᠶ᠋ᠢᠨ ᠰᠢᠯᠢᠳᠡᠭ ᠰᠢᠭᠦᠭᠴᠢ》 ᠢ᠋ᠶ᠋ᠠᠷ ᠦᠨᠡᠯᠡᠭᠳᠡᠵᠦ ᠂ ᠪᠢᠴᠢᠭᠰᠡᠨ ᠰᠢᠭᠦᠨ ᠲᠠᠰᠤᠯᠤᠯᠲᠠ ᠨᠢ 《 ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ 100 ᠰᠢᠯᠢᠳᠡᠭ ᠰᠢᠭᠦᠨ ᠲᠠᠰᠤᠯᠤᠯᠲᠠ ᠶ᠋ᠢᠨ ᠪᠢᠴᠢᠭ᠌》 ᠢ᠋ᠶ᠋ᠡᠷ ᠦᠨᠡᠯᠡᠭᠳᠡᠪᠡ ᠃   ᠭᠣᠣ ᠢᠦᠢ ᠷᠧᠦ ᠨᠥᠬᠥᠷ ᠠᠵᠢᠯ ᠦᠢᠯᠡᠰ ᠢ᠋ᠶ᠋ᠡᠨ ᠳᠡᠭᠡᠳᠦᠯᠡᠵᠦ ᠂ ᠪᠡᠶ᠎ᠡ ᠪᠡᠨ ᠴᠢᠩᠭ᠎ᠠ ᠱᠠᠭᠠᠷᠳᠠᠵᠤ ᠂ ᠠᠵᠢᠯ ᠤ᠋ᠨ ᠪᠠᠢᠷᠢ ᠳ᠋ᠤ ᠪᠠᠨ ᠳᠤᠪᠤᠢᠮ᠎ᠠ ᠠᠮᠵᠢᠯᠲᠠ ᠤᠯᠤᠭᠰᠠᠨ ᠪᠠᠢᠨ᠎ᠠ ᠃ ᠲᠡᠭᠦᠨ ᠦ᠌ ᠠᠵᠢᠯᠯᠠᠵᠤ ᠪᠠᠢᠭ᠎ᠠ ᠲᠠᠰᠤᠭ ᠪᠣᠯ ᠪᠦᠬᠦ ᠬᠣᠷᠢᠶᠠᠨ ᠤ᠋ ᠬᠡᠷᠡᠭ ᠰᠢᠢᠳᠪᠦᠷᠢᠯᠡᠬᠦ ᠲᠣᠭ᠎ᠠ ᠬᠡᠮᠵᠢᠶ᠎ᠡ ᠪᠡᠷ ᠬᠠᠮᠤᠭ ᠣᠯᠠᠨ ᠂ ᠠᠵᠢᠯ ᠤ᠋ᠨ ᠳᠠᠷᠤᠯᠲᠠ ᠬᠠᠮᠤᠭ ᠶᠡᠬᠡ ᠲᠠᠰᠤᠭ ᠪᠤᠯᠤᠨ᠎ᠠ ᠂ ᠭᠡᠪᠡᠴᠦ ᠲᠡᠷᠡ  ᠵᠦᠢᠯ ᠵᠦᠢᠯ ᠦ᠋ᠨ ᠬᠦᠴᠢᠷ ᠪᠡᠷᠬᠡᠰᠢᠶᠡᠯ ᠢ᠋ ᠢᠯᠠᠨ ᠳᠠᠪᠠᠵᠤ ᠂ ᠡᠯ᠎ᠡ ᠵᠦᠢᠯ ᠦ᠋ᠨ ᠰᠢᠭᠦᠨ ᠲᠠᠰᠤᠯᠬᠤ ᠡᠭᠦᠷᠭᠡ ᠪᠡᠨ  ᠠᠮᠵᠢᠯᠲᠠ ᠲᠠᠢ ᠪᠠᠷ ᠪᠡᠶᠡᠯᠡᠭᠦᠯᠵᠡᠢ ᠃  ᠰᠢᠭᠦᠭᠴᠢ ᠵᠢᠨ ᠠᠵᠢᠯ ᠨᠢ ᠦᠷᠭᠦᠯᠵᠢ ᠴᠠᠭ ᠨᠡᠮᠡᠨ ᠠᠵᠢᠯᠯᠠᠳᠠᠭ ᠪᠤᠯᠬᠤᠷ ᠲᠡᠷᠡ ᠦᠷᠭᠦᠯᠵᠢ ᠠᠪᠤ ᠡᠵᠢ ᠂ ᠬᠡᠦᠬᠡᠳ ᠵᠢ ᠪᠠᠨ ᠬᠠᠷᠠᠭᠠᠯᠵᠠᠵᠤ ᠠᠮᠵᠢᠬᠤ ᠦᠭᠡᠢ ᠪᠠᠢᠳᠠᠭ ᠃ ᠭᠡᠪᠡᠴᠦ ᠲᠡᠷᠡ ᠶᠡᠷᠥ ᠨᠢ ᠭᠤᠮᠤᠳᠠᠯ ᠲᠤᠭᠠᠴᠢᠵᠤ ᠦᠨᠭᠭᠡᠷᠡᠭᠡ ᠦᠭᠡᠢ᠃ᠲᠡᠷᠡ ᠨᠢᠭᠡᠨ ᠠᠷᠠᠳ ᠤ᠋ᠨ ᠰᠢᠭᠦᠭᠴᠢ ᠪᠣᠯᠤᠭᠰᠠᠨ ᠤ᠋ ᠬᠤᠪᠢ ᠳ᠋ᠤ᠌ ᠂  ᠥᠪᠡᠷ ᠦ᠋ᠨ ᠡᠭᠦᠷᠭᠡᠯᠡᠵᠦ ᠪᠠᠢᠭ᠎ᠠ ᠬᠦᠨᠳᠦ ᠡᠭᠦᠷᠭᠡ ᠪᠠ  ᠬᠠᠷᠢᠭᠤᠴᠠᠯᠭ᠎ᠠ ᠪᠠᠨ ᠭᠦᠨᠵᠡᠭᠡᠢ ᠮᠡᠳᠡᠵᠦ ᠂ ᠬᠡᠷᠡᠭ ᠦ᠋ᠨ ᠳᠤᠮᠳᠠᠬᠢ ᠠᠷᠠᠳ ᠲᠦᠮᠡᠨ ᠳ᠋ᠤ᠌ ᠲᠥᠪ ᠭᠣᠣᠯᠴᠢ ᠰᠢᠳᠤᠷᠭᠤ ᠶᠣᠰᠣ ᠶ᠋ᠢ ᠮᠡᠳᠡᠷᠡᠭᠦᠯᠬᠦ ᠪᠡᠷ ᠴᠢᠷᠮᠠᠢᠨ ᠢᠷᠡᠭᠰᠡᠭᠡᠷ ᠶᠤᠮ᠃ ᠬᠡᠷᠡᠭ ᠰᠢᠢᠳᠬᠡᠬᠦ ᠶ᠋ᠢᠨ ᠴᠢᠯᠥᠭᠡ ᠪᠡᠷ ᠲᠡᠷᠡ ᠪᠠᠰᠠ  ᠪᠠᠢᠴᠠᠭᠠᠨ ᠰᠤᠳᠤᠯᠤᠯᠲᠠ ᠶ᠋ᠢᠨ ᠠᠵᠢᠯ ᠢ᠋ ᠬᠠᠷᠢᠭᠤᠴᠠᠵᠤ ᠪᠠᠢᠳᠠᠭ ᠃ 2015 ᠣᠨ ᠳ᠋ᠤ᠌ 《 ᠣᠷᠳᠣᠰ ᠬᠣᠲᠠ ᠶ᠋ᠢᠨ ᠰᠢᠭᠦᠬᠦ ᠬᠣᠷᠢᠶ᠎ᠠ ᠶ᠋ᠢᠨ ᠰᠦᠯᠵᠢᠶᠡᠨ ᠬᠠᠤᠯᠢ ᠴᠠᠭᠠᠵᠠ ᠶ᠋ᠢᠨ ᠦᠨ᠎ᠡ ᠬᠠᠶᠠᠯᠴᠠᠨ ᠬᠤᠳᠠᠯᠳᠤᠬᠤ ᠪᠠᠢᠴᠠᠭᠠᠨ ᠰᠤᠳᠤᠯᠤᠯᠲᠠ ᠶ᠋ᠢᠨ ᠰᠡᠳᠦᠪ 》 ᠭᠡᠬᠦ ᠰᠡᠳᠦᠪ ᠦ᠋ᠨ ᠳᠤᠭᠤᠢᠯᠠᠩ  ᠢ ᠳᠠᠭᠠᠵᠤ ᠡᠯ᠎ᠡ ᠬᠣᠰᠢᠭᠤ ᠲᠣᠭᠣᠷᠢᠭ ᠲᠤ᠌ ᠬᠦᠷᠴᠦ ᠬᠠᠤᠯᠢ ᠴᠠᠭᠠᠵᠠ ᠶ᠋ᠢᠨ ᠰᠦᠯᠵᠢᠶᠡᠨ ᠦ᠌ ᠦᠨ᠎ᠡ ᠬᠠᠶᠠᠯᠴᠠᠨ ᠬᠤᠳᠠᠯᠳᠤᠬᠤ ᠪᠠᠢᠳᠠᠯ ᠢ᠋ ᠪᠠᠢᠴᠠᠭᠠᠨ ᠦᠵᠡᠵᠦ ᠂  ᠡᠴᠦᠰ ᠲᠦ᠍ ᠪᠠᠨ 《 ᠣᠷᠳᠣᠰ ᠬᠣᠲᠠ ᠶ᠋ᠢᠨ ᠰᠢᠭᠦᠬᠦ ᠬᠣᠷᠢᠶ᠎ᠠ ᠶ᠋ᠢᠨ ᠰᠦᠯᠵᠢᠶᠡᠨ ᠬᠠᠤᠯᠢ ᠴᠠᠭᠠᠵᠠ ᠶ᠋ᠢᠨ ᠦᠨ᠎ᠡ ᠬᠠᠶᠠᠯᠴᠠᠨ ᠬᠤᠳᠠᠯᠳᠤᠬᠤ ᠪᠠᠢᠴᠠᠭᠠᠨ ᠰᠤᠳᠤᠯᠤᠯᠲᠠ ᠶ᠋ᠢᠨ ᠮᠡᠳᠡᠭᠦᠯᠦᠯᠲᠡ 》 ᠶ᠋ᠢ ᠪᠦᠷᠢᠯᠳᠦᠭᠦᠯᠬᠦ ᠶ᠋ᠢᠨ ᠬᠠᠮᠲᠤ ᠂ 《 ᠥᠪᠥᠷ ᠮᠣᠩᠭᠣᠯ ᠤ᠋ᠨ ᠰᠢᠭᠦᠨ ᠲᠠᠰᠤᠯᠤᠯᠲᠠ 》 ᠳᠡᠭᠡᠷ᠎ᠡ ᠨᠡᠢᠲᠡᠯᠡᠭᠰᠡᠨ ᠪᠠᠢᠨ᠎ᠠ ᠃ 2017 ᠣᠨ ︱ 2021 ᠣᠨ ᠳ᠋ᠤ᠌ ᠬᠢᠶ᠎ᠡ ᠪᠠᠭᠰᠢ ᠶ᠋ᠢᠨ ᠲᠤᠷᠰᠢᠯᠲᠠ ᠶ᠋ᠢᠨ ᠪᠠᠭ᠎ᠠ ᠰᠤᠷᠭᠠᠭᠤᠯᠢ ᠪᠠ ᠬᠢᠶ᠎ᠡ ᠪᠠᠭᠰᠢ ᠶ᠋ᠢᠨ ᠲᠠᠪᠤᠳᠤᠭᠠᠷ ᠪᠠᠭ᠎ᠠ ᠰᠤᠷᠭᠠᠭᠤᠯᠢ ᠳ᠋ᠤ᠌ ᠬᠠᠤᠯᠢ ᠪᠠᠷ ᠵᠠᠰᠠᠬᠤ ᠳᠡᠳ᠋ ᠵᠠᠬᠢᠷᠤᠯ ᠪᠣᠯᠵᠤ ᠂ ᠲᠣᠭᠲᠠᠭᠰᠠᠨ ᠬᠤᠭᠤᠴᠠᠭᠠᠨ  ᠳᠤ ᠰᠤᠷᠭᠠᠭᠤᠯᠢ ᠳ᠋ᠤ᠌ ᠬᠦᠷᠴᠦ ᠬᠠᠤᠯᠢ ᠪᠠᠷ ᠵᠠᠰᠠᠬᠤ ᠬᠢᠴᠢᠶᠡᠯ ᠣᠷᠣᠬᠤ ᠪᠤᠶᠤ ᠰᠤᠷᠤᠭᠴᠢᠳ ᠢ᠋ ᠤᠷᠢᠵᠤ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠳᠠᠭᠤᠷᠢᠶᠠᠮᠠᠯ ᠰᠢᠭᠦᠬᠦ ᠲᠢᠩᠬᠢᠮ ᠦ᠋ᠨ ᠠᠵᠢᠯᠯᠠᠭ᠎ᠠ ᠳ᠋ᠤ᠌ ᠤᠷᠤᠯᠴᠠᠭᠤᠯᠳᠠᠭ ᠂ ᠡᠳᠡᠭᠡᠷ ᠠᠵᠢᠯᠯᠠᠭ᠎ᠠ ᠶ᠋ᠢᠨ ᠤᠬᠠᠭᠤᠯᠭ᠎ᠠ ᠨᠢ ᠬᠠᠤᠯᠢ ᠴᠠᠭᠠᠵᠠ ᠶ᠋ᠢᠨ ᠮᠡᠳᠡᠯᠭᠡ ᠶ᠋ᠢ ᠲᠦᠭᠡᠮᠡᠯᠵᠢᠭᠦᠯᠬᠦ ᠪᠡᠷ ᠪᠠᠷᠠᠬᠤ ᠦᠭᠡᠢ ᠂ ᠪᠠᠰᠠ ᠨᠠᠰᠤᠨ ᠳ᠋ᠤ᠌ ᠦᠯᠦ ᠬᠦᠷᠦᠭᠰᠡᠳ ᠦ᠋ᠨ ᠬᠠᠤᠯᠢ ᠴᠠᠭᠠᠵᠠ ᠶ᠋ᠢᠨ ᠦᠵᠡᠯ ᠤᠬᠠᠮᠰᠠᠷ ᠪᠠ ᠥᠪᠡᠷ ᠢ᠋ ᠪᠡᠨ ᠬᠠᠮᠠᠭᠠᠯᠠᠬᠤ ᠦᠵᠡᠯ ᠤᠬᠠᠮᠰᠠᠷ ᠢ᠋ ᠳᠡᠭᠡᠰᠢᠯᠡᠭᠦᠯᠵᠦ ᠴᠢᠳᠠᠳᠠᠭ᠃  ᠭᠣᠣ ᠢᠦᠢ ᠷᠸᠦ ᠠᠵᠢᠯ  ᠳᠤ ᠪᠠᠨ ᠬᠠᠢᠷᠠᠲᠠᠢ ᠂ ᠦᠢᠯᠡᠴᠢᠯᠡᠭᠡᠨ ᠦ᠌ ᠤᠬᠠᠮᠰᠠᠷ ᠢ᠋ᠶ᠋ᠠᠷ ᠴᠢᠩᠭ᠎ᠠ ᠂ ᠬᠡᠷᠡᠭ ᠦ᠋ᠨ ᠳᠤᠮᠳᠠ ᠲᠤᠯᠭᠠᠷᠠᠭᠰᠠᠨ ᠡᠯ᠎ᠡ ᠵᠦᠢᠯ ᠦ᠋ᠨ ᠵᠥᠷᠢᠴᠡᠯ ᠪᠠ ᠠᠰᠠᠭᠤᠳᠠᠯ ᠢ᠋ ᠰᠢᠢᠳᠪᠦᠷᠢᠯᠡᠬᠦ ᠳ᠋ᠦ᠍ ᠴᠢᠳᠠᠮᠠᠭᠠᠢ ᠪᠠᠢᠵᠤ ᠂ ᠠᠵᠢᠯ ᠤ᠋ᠨ ᠪᠠᠢᠷᠢ ᠳᠡᠭᠡᠷ᠎ᠡ ᠪᠡᠨ ᠠᠵᠢᠯᠴᠢ ᠬᠢᠴᠢᠶᠡᠩᠭᠦᠢ ᠦᠨᠡᠨᠴᠢ ᠰᠢᠳᠤᠷᠭᠤ ᠂ ᠵᠣᠪᠠᠭᠤᠷᠢ ᠵᠦᠳᠡᠭᠦᠷᠢ ᠶ᠋ᠢ ᠬᠦᠯᠢᠴᠡᠨ ᠲᠡᠰᠪᠦᠷᠢᠯᠡᠵᠦ ᠂ ᠲᠡᠷᠡᠴᠢᠯᠡᠨ ᠲᠤᠬᠠᠢᠯᠠᠭᠰᠠᠨ ᠠᠵᠢᠯ ᠤ᠋ᠨ ᠲᠠᠯ᠎ᠠ ᠪᠠᠷ ᠥᠪᠡᠷ ᠢ᠋ ᠪᠡᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠤᠳᠤᠷᠢᠳᠤᠯᠭ᠎ᠠ ᠪᠤᠯᠤᠨ ᠬᠠᠮᠲᠤ ᠠᠵᠢᠯᠯᠠᠭᠰᠠᠳ ᠤ᠋ᠨ ᠬᠠᠮᠲᠤ ᠵᠢᠨ ᠰᠠᠢᠨ ᠦᠨᠡᠯᠡᠯᠲᠡ ᠶ᠋ᠢ ᠣᠯᠤᠭᠰᠠᠨ ᠪᠠᠢᠨ᠎ᠠ ᠃ ᠬᠤᠷᠢᠭᠠᠳ ᠵᠢᠯ ᠦ᠋ᠨ ᠠᠬᠠᠮᠠᠳ ᠨᠠᠮ ᠤ᠋ᠨ ᠭᠡᠰᠢᠭᠦᠨ ᠪᠣᠯᠤᠭᠰᠠᠨ ᠤ᠋ ᠬᠤᠪᠢ ᠳ᠋ᠤ᠌ ᠂ ᠲᠡᠷᠡ ᠨᠠᠮ ᠤ᠋ᠨ ᠦᠨᠳᠦᠰᠦᠨ ᠱᠤᠭᠤᠮ ᠢ᠋ ᠭᠤᠢᠪᠢᠰᠢ ᠦᠭᠡᠢ ᠪᠠᠷᠢᠮᠲᠠᠯᠠᠨ ᠂ ᠰᠤᠷᠤᠯᠴᠠᠯᠭ᠎ᠠ ᠶ᠋ᠢ ᠡᠷᠬᠢᠮᠯᠡᠬᠦ ᠂ ᠤᠯᠤᠰ ᠲᠥᠷᠥ ᠶ᠋ᠢ ᠡᠷᠬᠢᠮᠯᠡᠬᠦ ᠂ ᠲᠥᠪ ᠰᠤᠷᠲᠠᠯ ᠢ᠋ ᠡᠷᠬᠢᠮᠯᠡᠬᠦ ᠂ ᠬᠤᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠦᠵᠡᠯ ᠰᠠᠨᠠᠭ᠎ᠠ ᠂ ᠦᠢᠯᠡ ᠠᠵᠢᠯᠯᠠᠭ᠎ᠠ ᠳᠡᠭᠡᠷ᠎ᠡ ᠪᠡᠨ ᠢᠮᠠᠭᠲᠠ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠪᠠ ᠬᠣᠲᠠ ᠶ᠋ᠢᠨ ᠨᠠᠮ ᠤ᠋ᠨ ᠬᠣᠷᠢᠶ᠎ᠠ ᠯᠤᠭ᠎ᠠ ᠳᠡᠭᠡᠳᠦ ᠬᠡᠮᠵᠢᠶ᠎ᠡ ᠪᠡᠷ ᠨᠢᠭᠡᠳᠦᠯᠲᠡᠢ ᠪᠠᠢᠬᠤ ᠵᠢ ᠪᠠᠲᠤᠯᠠᠵᠤ᠂ ᠤᠯᠤᠰ ᠲᠥᠷᠥ ᠶ᠋ᠢᠨ ᠰᠠᠬᠢᠯᠭ᠎ᠠ ᠪᠠᠲᠤ ᠂ ᠵᠣᠬᠢᠶᠠᠨ ᠪᠠᠢᠭᠤᠯᠤᠯᠲᠠ ᠶ᠋ᠢᠨ ᠰᠠᠬᠢᠯᠭ᠎ᠠ ᠪᠠᠲᠤ ᠪᠠ ᠤᠯᠤᠰ ᠲᠥᠷᠥ ᠶ᠋ᠢᠨ ᠶᠣᠰᠣ ᠳᠦᠷᠢᠮ ᠢ᠋ ᠴᠢᠩᠭ᠎ᠠ ᠰᠠᠬᠢᠭᠰᠠᠭᠠᠷ ᠢᠷᠡᠵᠡᠢ᠃ ᠪᠢᠳᠡ ᠪᠦᠬᠦᠨ ᠭᠤᠤ ᠢᠦᠢ ᠷᠸᠦ ᠵᠢᠨ ᠪᠡᠶ᠎ᠡ ᠳᠡᠭᠡᠷ᠎ᠡ ᠬᠠᠳᠠᠭᠠᠯᠠᠭᠳᠠᠵᠤ ᠪᠠᠢᠭ᠎ᠠ ᠡᠨᠡᠬᠦ ᠠᠷᠢᠭᠤᠨ ᠴᠢᠭᠡᠴᠢ ᠵᠠᠨᠭ᠌ ᠴᠢᠨᠠᠷ ᠂ᠬᠡᠪ ᠰᠤᠷᠲᠠᠯ ᠎ ᠢ ᠳᠠᠭᠠᠨ ᠰᠤᠷᠤᠯᠴᠠᠬᠤ ᠪᠡᠷ ᠴᠢᠷᠮᠠᠢᠬᠤ ᠬᠡᠷᠡᠭᠲᠡᠢ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )