《 ᠣᠯᠠᠨ ᠤᠯᠤᠰ ᠤ᠋ᠨ ᠬᠥᠳᠡᠯᠮᠦᠷᠢᠴᠢᠨ ᠡᠮᠡᠭᠲᠡᠢᠴᠦᠳ ᠦ᠋ᠨ ᠪᠠᠶᠠᠷ ᠤ᠋ᠨ ᠡᠳᠦᠷ》 ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 《 ᠡᠮᠡᠭᠲᠡᠢᠴᠦᠳ ᠦ᠋ᠨ ᠰᠡᠳᠬᠢᠯ ᠵᠢᠷᠦᠬᠡ ᠪᠡᠨ ᠨᠠᠮ ᠤ᠋ᠨ ᠵᠦᠭ ᠵᠣᠷᠢᠭᠤᠯᠵᠤ ᠭᠠᠪᠢᠶ᠎ᠠ ᠪᠠᠢᠭᠤᠯᠬᠤ ᠰᠢᠨ᠎ᠡ ᠴᠠᠭ ᠦᠶ᠎ᠡ 》 ᠭᠣᠣᠯ ᠰᠡᠳᠦᠪᠲᠦ ᠳᠠᠭᠤᠤ ᠶ᠋ᠢᠨ ᠦᠳᠡᠰᠢᠯᠡᠭᠡ ᠡᠷᠬᠢᠯᠡᠪᠡ
2023.03.10 ᠲᠣᠰ ᠥᠷᠲᠡᠭᠡᠨ᠎ᠦ ᠨᠠᠢᠷᠠᠭᠤᠯᠤᠭᠴᠢ

    ᠪᠠᠶᠠᠷ ᠤ᠋ᠨ ᠡᠳᠦᠷ ᠢ᠋ ᠪᠡᠯᠭᠡᠯᠡᠬᠦ ᠶ᠋ᠢᠨ ᠲᠥᠯᠥᠭᠡ ᠪᠦᠬᠦ ᠡᠮᠡᠭᠲᠡᠢ ᠺᠠᠲ᠋ᠷ ᠴᠠᠭᠳᠠᠭ᠎ᠠ ᠶ᠋ᠢᠨ ᠴᠣᠭ ᠪᠠᠳᠠᠷᠠᠩᠭᠤᠢ ᠥᠭᠡᠳᠡᠯᠡᠨ ᠳᠠᠪᠰᠢᠬᠤ ᠵᠣᠷᠢᠭ ᠰᠠᠨᠠᠭᠠᠨ ᠤ᠋ ᠳᠦᠷᠰᠦ ᠪᠠᠢᠳᠠᠯ ᠢ᠋ ᠳᠡᠯᠭᠡᠨ ᠦᠵᠡᠭᠦᠯᠵᠦ ᠂ 113 ᠳ᠋ᠤᠭᠠᠷ ᠤᠳᠠᠭᠠᠨ ᠤ᠋ ᠳᠡᠯᠡᠬᠡᠢ ᠶ᠋ᠢᠨ ᠬᠥᠳᠡᠯᠮᠦᠷᠢᠴᠢᠨ ᠡᠮᠡᠭᠲᠡᠢᠴᠦᠳ ᠦ᠋ᠨ ᠪᠠᠶᠠᠷ ᠤ᠋ᠨ ᠬᠤᠭᠤᠴᠠᠭᠠᠨ ᠳ᠋ᠤ᠌ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 《 ᠡᠮᠡᠭᠲᠡᠢᠴᠦᠳ ᠦ᠋ᠨ ᠰᠡᠳᠬᠢᠯ ᠵᠢᠷᠦᠬᠡ ᠪᠡᠨ ᠨᠠᠮ ᠤ᠋ᠨ ᠵᠦᠭ ᠵᠣᠷᠢᠭᠤᠯᠵᠤ ᠭᠠᠪᠢᠶ᠎ᠠ ᠪᠠᠢᠭᠤᠯᠬᠤ ᠰᠢᠨ᠎ᠡ ᠴᠠᠭ ᠦᠶ᠎ᠡ 》 ᠭᠣᠣᠯ ᠰᠡᠳᠦᠪᠲᠦ ᠳᠠᠭᠤᠤ ᠶ᠋ᠢᠨ ᠦᠳᠡᠰᠢᠯᠡᠭᠡ ᠡᠷᠬᠢᠯᠡᠵᠦ ᠂ ᠡᠭᠡᠯ ᠵᠢᠷ ᠦ᠋ᠨ ᠠᠵᠢᠯ ᠤ᠋ᠨ ᠪᠠᠢᠷᠢᠨ ᠳ᠋ᠤ᠌ ᠡᠷᠡᠯᠬᠡᠭᠯᠡᠨ ᠲᠡᠮᠡᠴᠡᠵᠦ ᠶᠠᠪᠤᠭ᠎ᠠ ᠡᠮᠡᠭᠲᠡᠢ ᠺᠠᠲ᠋ᠷ ᠴᠠᠭᠳᠠᠭ᠎ᠠ ᠨᠠᠷ ᠲᠤ᠌ ᠬᠦᠨᠳᠦᠳᠬᠡᠯ ᠳᠡᠪᠰᠢᠭᠦᠯᠦᠭᠰᠡᠨ ᠪᠠᠢᠨ᠎ᠠ ᠃
 

 

    ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠠᠵᠢᠯᠯᠠᠭ᠎ᠠ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ ᠃ ᠲᠡᠷᠡ ᠶᠠᠷᠢᠶᠠᠨ ᠳ᠋ᠠᠭᠠᠨ ᠂ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠡᠯ᠎ᠡ ᠲᠥᠷᠥᠯ ᠦ᠋ᠨ ᠠᠵᠢᠯ ᠤ᠋ᠨ ᠰᠢᠨ᠎ᠡ ᠰᠢᠪᠲᠤᠯᠤᠯᠲᠠ ᠂ ᠰᠢᠨ᠎ᠡ ᠲᠠᠪᠰᠢᠯᠲᠠ ᠶ᠋ᠢ ᠪᠡᠶᠡᠯᠡᠭᠦᠯᠬᠦ ᠂ ᠰᠢᠨ᠎ᠡ ᠳᠡᠭᠲᠡᠷ ᠲᠦ᠍ ᠭᠠᠷᠤᠭᠰᠠᠨ ᠨᠢ ᠴᠥᠮ ᠪᠦᠬᠦ ᠬᠣᠷᠢᠶᠠᠨ ᠤ᠋ ᠡᠮᠡᠭᠲᠡᠢ ᠺᠠᠲ᠋ᠷ ᠴᠠᠭᠳᠠᠭ᠎ᠠ ᠶ᠋ᠢᠨ ᠬᠠᠷᠠᠮ ᠦᠭᠡᠢ ᠵᠢᠳᠬᠦᠭᠰᠡᠨ ᠪᠠᠷ᠎ᠠ ᠰᠡᠭᠦᠳᠡᠷ ᠪᠣᠢ ᠃ ᠲᠡᠳᠡ  ᠠᠷᠢᠭᠤᠨ ᠳᠠᠷᠬᠠᠨ ᠲᠥᠪ ᠴᠢᠩᠭ᠎ᠠ ᠰᠢᠭᠦᠬᠦ ᠲᠠᠩᠬᠢᠮ ᠳ᠋ᠤ᠌ ᠲᠥᠪ ᠵᠣᠷᠢᠭ ᠬᠠᠲᠠᠭᠤ ᠰᠡᠳᠬᠢᠯᠭᠡ ᠲᠡᠢ ᠪᠠᠢᠵᠤ  ᠂ ᠵᠠᠬᠢᠳᠠᠯ ᠰᠤᠷᠪᠤᠯᠵᠢᠯᠠᠭ᠎ᠠ ᠶ᠋ᠢ ᠨᠠᠮᠳᠠᠭᠠᠬᠤ ᠬᠠᠮᠤᠭ ᠡᠮᠦᠨ᠎ᠡ ᠹᠷᠣᠨᠲ ᠤ᠋ᠨ ᠠᠵᠢᠯ ᠳ᠋ᠤ᠌ ᠲᠡᠰᠪᠦᠷᠢ ᠬᠠᠲᠠᠭᠤᠵᠢᠯᠲᠠᠢ ᠨᠠᠷᠢᠨ ᠨᠢᠭᠲᠠ ᠮᠥᠷᠲᠡᠭᠡᠨ ᠵᠠᠰᠠᠭ ᠵᠠᠬᠢᠷᠭᠠᠨ ᠤ᠋ ᠪᠠᠲᠤᠯᠠᠭ᠎ᠠ ᠶ᠋ᠢᠨ ᠠᠷᠤ ᠲᠠᠯ᠎ᠠ ᠳ᠋ᠤ᠌ ᠳᠤᠷᠠᠲᠠᠶ᠎ᠠ ᠬᠤᠪᠢ ᠨᠡᠮᠡᠷᠢ ᠦᠵᠡᠭᠦᠯᠵᠦ ᠂ ᠠᠷᠠᠳ ᠲᠦᠮᠡᠨ ᠳ᠋ᠦ᠍ ᠦᠢᠯᠡᠴᠢᠯᠡᠬᠦ ᠨᠢᠭᠡᠳᠦᠭᠡᠷ ᠹᠷᠣᠨᠲ ᠲᠤ᠌ ᠵᠢᠳᠬᠦᠵᠦ ᠪᠠᠢᠨ᠎ᠠ ᠂ ᠲᠡᠳᠡ ᠨᠠᠷ ᠠᠵᠢᠯᠴᠢ ᠬᠢᠴᠢᠶᠡᠩᠭᠦᠢ ᠂ ᠵᠣᠷᠢᠭᠲᠠᠢ ᠬᠠᠷᠢᠭᠤᠴᠠᠯᠭ᠎ᠠ ᠡᠭᠦᠷᠭᠡᠯᠡᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠴᠢᠨᠠᠷ ᠰᠠᠢᠲᠠᠢ ᠬᠥᠭᠵᠢᠯᠲᠡ ᠶ᠋ᠢᠨ ᠠᠶᠠᠨ ᠵᠠᠮ ᠳ᠋ᠤ᠌ 《ᠥᠪᠡᠷ ᠦ᠋ᠨ ᠢ᠋ᠶ᠋ᠡᠨ ᠬᠦᠴᠦᠨ ᠴᠢᠳᠠᠯ 》 ᠢ᠋ ᠡᠷᠭᠦᠨ ᠳᠡᠪᠰᠢᠭᠦᠯᠵᠦ ᠪᠠᠢᠨ᠎ᠠ ᠃ ᠪᠦᠬᠦ ᠡᠮᠡᠭᠲᠡᠢ ᠺᠠᠲ᠋ᠷ ᠴᠠᠭᠳᠠᠭ᠎ᠠ ᠨᠠᠷ ᠤ᠋ᠨ ᠦᠷᠭᠦᠯᠵᠢᠯᠡᠨ ᠵᠣᠷᠢᠭ ᠰᠠᠨᠠᠭ᠎ᠠ ᠪᠠᠨ ᠪᠠᠳᠠᠷᠠᠭᠤᠯᠤᠨ ᠂ ᠳᠠᠪᠠᠭᠤᠯᠢᠭ ᠢ᠋ᠶ᠋ᠠᠨ ᠳᠣᠪᠣᠢᠯᠭᠠᠨ ᠂ ᠬᠤᠪᠢ ᠬᠥᠮᠦᠨ ᠦ᠌ ᠲᠡᠮᠡᠴᠡᠯ ᠢ᠋ᠶ᠋ᠡᠨ ᠰᠢᠭᠦᠬᠦ ᠬᠣᠷᠢᠶᠠᠨ ᠤ᠋ ᠬᠥᠭᠵᠢᠯᠲᠡ ᠶ᠋ᠢᠨ ᠬᠠᠷᠠᠯᠲᠠ ᠲᠠᠢ ᠤᠶᠠᠯᠳᠤᠭᠤᠯᠵᠤ ᠂ ᠰᠢᠷᠭᠠᠭᠤ ᠰᠤᠷᠤᠯᠴᠠᠨ ᠴᠢᠷᠮᠠᠢᠨ ᠳᠡᠭᠡᠭᠰᠢᠯᠡᠵᠦ ᠂ ᠠᠵᠢᠯ ᠤ᠋ᠨ ᠪᠠᠢᠷᠢ ᠳ᠋ᠠᠭᠠᠨ ᠰᠠᠭᠤᠷᠢᠯᠠᠨ ᠂ ᠭᠠᠪᠢᠶ᠎ᠠ ᠵᠢᠳᠬᠦᠯ ᠭᠠᠷᠭᠠᠬᠤ ᠪᠠᠷ ᠪᠠᠷᠠᠬᠤ ᠦᠭᠡᠢ ᠭᠡᠷ ᠪᠦᠯᠢ ᠪᠡᠨ ᠬᠠᠯᠠᠮᠵᠢᠯᠠᠨ ᠂ ᠨᠡᠢᠭᠡᠮ ᠳ᠋ᠦ᠍ ᠬᠤᠪᠢ ᠨᠡᠮᠡᠷᠢ ᠦᠵᠡᠭᠦᠯᠵᠦ ᠂ ᠰᠢᠨ᠎ᠡ ᠠᠶᠠᠨ ᠵᠠᠮ ᠳ᠋ᠠᠭᠠᠨ ᠰᠢᠨ᠎ᠡ ᠠᠮᠵᠢᠯᠲᠠ ᠪᠦᠲᠦᠮᠵᠢ ᠶ᠋ᠢ ᠳᠠᠬᠢᠨ ᠡᠭᠦᠳᠴᠦ ᠂ ᠰᠢᠨ᠎ᠡ ᠬᠡᠪ ᠨᠠᠮᠪᠠ ᠪᠠᠨ ᠳᠠᠬᠢᠨ ᠢᠯᠡᠷᠡᠭᠦᠯᠬᠦ ᠶ᠋ᠢ ᠬᠦᠰᠡᠵᠦ ᠪᠠᠢᠨ᠎ᠠ ᠭᠡᠰᠡᠨ ᠪᠠᠢᠨ᠎ᠠ᠃
   《 ᠡᠮᠡᠭᠲᠡᠢᠴᠦᠳ ᠦ᠋ᠨ ᠰᠡᠳᠬᠢᠯ ᠵᠢᠷᠦᠬᠡ ᠪᠡᠨ ᠨᠠᠮ ᠤ᠋ᠨ ᠵᠦᠭ ᠵᠣᠷᠢᠭᠤᠯᠵᠤ ᠭᠠᠪᠢᠶ᠎ᠠ ᠪᠠᠢᠭᠤᠯᠬᠤ ᠰᠢᠨ᠎ᠡ ᠴᠠᠭ ᠦᠶ᠎ᠡ 》 ᠦᠳᠡᠰᠢᠯᠭᠡ ᠶ᠋ᠢᠨ ᠲᠠᠯᠠᠪᠠᠢ
   ᠤᠯᠤᠰ ᠲᠥᠷᠥ ᠶ᠋ᠢᠨ ᠬᠡᠯᠲᠡᠰ ᠪᠣᠯᠤᠨ ᠪᠠᠢᠭᠤᠯᠤᠯᠭ᠎ᠠ ᠶ᠋ᠢᠨ ᠨᠠᠮ ᠤ᠋ᠨ ᠬᠣᠷᠢᠶ᠎ᠠ᠎ᠠ᠋ᠴᠠ ᠬᠠᠮᠲᠤᠷᠠᠨ 《 ᠬᠠᠢᠷ᠎ᠠ 》 ᠭᠡᠬᠦ ᠳᠠᠭᠤᠤ ᠪᠠᠷ ᠦᠳᠡᠰᠢᠯᠡᠭᠡ ᠶ᠋ᠢ ᠡᠬᠢᠯᠡᠭᠦᠯᠵᠦ ᠂ ᠵᠠᠯᠠᠭᠤ ᠨᠠᠰᠤ ᠪᠠᠨ ᠳᠦᠷᠡᠯᠵᠡᠭᠦᠯᠦᠨ ᠂ ᠣᠷᠭᠢᠯᠤᠮ᠎ᠠ ᠬᠠᠯᠠᠭᠤᠨ ᠰᠡᠳᠬᠢᠯ ᠪᠢᠯᠬᠠᠨ ᠂ ᠬᠦᠰᠡᠯ ᠵᠡᠭᠦᠳᠦ ᠪᠡᠨ ᠳᠡᠭᠦᠯᠢᠨ ᠨᠢᠰᠬᠡᠵᠦ ᠪᠠᠢᠬᠤ ᠰᠠᠨᠠᠭ᠎ᠠ ᠪᠠᠨ ᠢᠯᠡᠳᠬᠡᠭᠰᠡᠨ ᠪᠠᠢᠨ᠎ᠠ ᠃
    ᠠᠷᠠᠳ ᠤ᠋ᠨ ᠵᠢᠷᠭᠤᠳᠤᠭᠠᠷ ᠲᠢᠩᠬᠢᠮ ᠨᠢ 《 ᠬᠦᠰᠡᠯ 》 ᠭᠡᠬᠦ ᠳᠠᠭᠤᠤ ᠠᠪᠴᠢᠷᠠᠨ ᠂ ᠪᠢᠳᠡ ᠬᠦᠰᠡᠯ ᠡᠷᠮᠡᠯᠵᠡᠯᠡᠯ ᠢ᠋ᠶ᠋ᠡᠨ ᠡᠪᠦᠷᠯᠡᠨ ᠰᠢᠨ᠎ᠡ ᠨᠢᠭᠡᠨ ᠡᠳᠦᠷ ᠢ᠋ᠶ᠋ᠡᠨ ᠤᠭᠲᠤᠨ ᠠᠪᠴᠠᠭᠠᠶ᠎ᠠ ᠭᠡᠰᠡᠨ ᠪᠠᠢᠨ᠎ᠠ᠃
   ᠠᠯᠪᠠᠨ ᠭᠡᠷ ᠡᠴᠡ 《 ᠬᠣᠯᠠ ᠶᠠᠪᠤᠵᠤ ᠥᠨᠳᠥᠷ ᠲᠦ᠍ ᠨᠢᠰᠬᠡᠬᠦ 》ᠭᠡᠬᠦ ᠳᠠᠭᠤᠤ ᠳᠠᠭᠤᠯᠠᠵᠤ ᠂ ᠳᠠᠷᠪᠠᠭᠤᠯ ᠬᠡᠢᠰᠬᠡᠨ ᠬᠣᠯᠠ ᠠᠶᠠᠯᠠᠨ᠎ᠠ ᠂ ᠵᠠᠯᠠᠭᠤ ᠨᠠᠰᠤᠨ ᠤ᠋ ᠬᠦᠰᠡᠯ ᠢ᠋ᠶ᠋ᠡᠨ ᠬᠥᠰᠡᠷᠳᠡᠭᠦᠯᠬᠦ ᠦᠭᠡᠢ ᠂ ᠢᠷᠠᠭᠤ ᠠᠯᠳᠠᠷ ᠢ᠋ ᠤᠭᠲᠤᠨ ᠂ ᠵᠣᠷᠢᠭᠲᠠᠢ ᠪᠠᠷ ᠬᠥᠭᠡᠭᠡᠴᠡᠯᠳᠦᠨ ᠂ ᠬᠣᠯᠠ ᠠᠶᠠᠯᠠᠵᠤ ᠥᠨᠳᠥᠷ ᠨᠢᠰᠦᠨ᠎ᠡ ᠭᠡᠰᠡᠨ ᠪᠠᠢᠨ᠎ᠠ ᠃
    ᠰᠡᠳᠬᠢᠯ ᠳᠣᠲᠣᠷ᠎ᠠ ᠪᠠᠨ ᠬᠠᠢᠷ᠎ᠠ ᠲᠠᠢ ᠪᠣᠯ ᠰᠠᠶᠢ ᠬᠠᠢᠷᠠᠯᠠᠯ ᠤ᠋ᠨ ᠰᠢᠬᠢᠷᠯᠢᠭ ᠠᠮᠲᠠ ᠶ᠋ᠢ ᠠᠮᠲᠠᠯᠠᠵᠤ ᠴᠢᠳᠠᠨ᠎ᠠ ᠂ ᠬᠠᠢᠷ᠎ᠠ ᠪᠣᠯ ᠬᠠᠮᠤᠭ ᠭᠣᠶᠣ ᠦᠭᠡ ᠬᠡᠯᠡ ᠂ ᠴᠢᠮ᠎ᠠ ᠶ᠋ᠢ ᠬᠠᠯᠢᠮᠤ ᠳᠠᠯᠠᠢ ᠲᠠᠩᠭᠢᠰ ᠵᠦᠭ ᠂ ᠰᠢᠪᠠᠭᠤ ᠣᠢ ᠰᠢᠭᠤᠢ ᠳ᠋ᠤ᠌ ᠪᠤᠴᠠᠭᠰᠠᠨ ᠰᠢᠭ᠋ ᠬᠠᠢᠷᠠᠯᠠᠨ᠎ᠠ ᠃ ᠬᠡᠷᠡᠭ ᠪᠣᠯᠭᠠᠬᠤ ᠲᠢᠩᠬᠢᠮ ᠦ᠋ᠨ ᠡᠷᠭᠦᠭᠰᠡᠨ ᠪᠥᠵᠢᠭ ᠳᠠᠭᠤᠤ 《 ᠴᠢᠮ᠎ᠠ ᠳ᠋ᠤ᠌ ᠬᠠᠢᠷᠠᠲᠠᠢ 》 ᠃

 ᠬᠢᠨᠠᠯᠲᠠ ᠶ᠋ᠢᠨ ᠦᠢᠯᠡᠴᠢᠯᠡᠭᠡᠨ ᠦ᠌ ᠪᠠᠲᠤᠯᠠᠭ᠎ᠠ ᠶ᠋ᠢᠨ ᠲᠥᠪ ᠡᠴᠡ 《 ᠤᠯᠠᠭᠠᠨᠪᠠᠭᠠᠲᠤᠷ ᠤ᠋ᠨ ᠦᠳᠡᠰᠢ 》 ᠭᠡᠳᠡᠭ ᠭᠠᠭᠴᠠ ᠬᠥᠮᠦᠨ ᠦ᠌ ᠳᠠᠭᠤᠤ ᠨᠢ᠂ ᠪᠢᠳᠡᠨ ᠢ᠋ ᠲᠩᠷᠢ ᠶ᠋ᠢᠨ ᠰᠠᠷᠠᠭᠤᠯ ᠠᠭᠤᠳᠠᠮ ᠲᠠᠯ᠎ᠠ ᠨᠤᠲᠤᠭ ᠲᠤ᠌ ᠠᠪᠴᠤ ᠣᠷᠣᠭᠰᠠᠨ ᠪᠠᠢᠨ᠎ᠠ ᠃
 ᠬᠣᠣᠰ ᠬᠡᠯᠡᠨ ᠦ᠌ ᠺᠠᠲ᠋ᠷ ᠴᠠᠭᠳᠠᠭ᠎ᠠ ᠨᠠᠷ 《 ᠵᠠᠯᠠᠭᠤ ᠨᠠᠰᠤᠨ ᠤ᠋ ᠪᠣᠯᠵᠣᠭ᠎ᠠ 》 ᠭᠡᠬᠦ ᠨᠢᠭᠡᠨ ᠠᠶᠠᠯᠭᠤ ᠪᠠᠷ ᠦᠨᠳᠦᠰᠦᠲᠡᠨ ᠦ᠌ ᠪᠦᠯᠬᠦᠮᠳᠡᠯ ᠦ᠋ᠨ ᠲᠥᠯᠥᠭᠡ ᠬᠤᠪᠢ ᠨᠡᠮᠡᠷᠢ ᠦᠵᠡᠭᠦᠯᠵᠦ ᠂ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠠᠲᠤ ᠪᠡᠬᠢ ᠪᠣᠢ ᠪᠣᠯᠭᠠᠬᠤ ᠶ᠋ᠢᠨ ᠲᠥᠯᠥᠭᠡ ᠬᠤᠪᠢ ᠨᠡᠮᠡᠷᠢ ᠦᠵᠡᠭᠦᠯᠦᠭᠰᠡᠨ ᠬᠦᠴᠦᠨ ᠢ᠋ ᠢᠯᠡᠷᠡᠭᠦᠯᠦᠭᠰᠡᠨ ᠪᠠᠢᠨ᠎ᠠ ᠃
    ᠠᠷᠠᠳ ᠤ᠋ᠨ ᠲᠠᠪᠤᠳᠤᠭᠠᠷ ᠲᠢᠩᠬᠢᠮ ᠵᠢᠴᠢ ᠵᠤᠷᠭᠠᠨ ᠤ᠋ ᠬᠠᠪᠰᠤᠷᠤᠨ ᠡᠷᠬᠢᠯᠡᠬᠦ ᠪᠠᠢᠭᠤᠯᠭ᠎ᠠ ᠠ᠋ᠴᠠ《 ᠡᠨᠡ ᠶᠢᠷᠲᠢᠨᠴᠦ ᠳ᠋ᠦ᠍ ᠲᠡᠢᠮᠦ ᠣᠯᠠᠨ ᠬᠥᠮᠦᠨ ᠪᠣᠢ 》 ᠭᠡᠬᠦ ᠳᠠᠭᠤᠤ ᠢ᠋ ᠠᠪᠴᠢᠷᠠᠨ ᠂ ᠳᠠᠭᠤᠤ ᠪᠠᠷ ᠦᠯᠢᠭᠡᠷ ᠶᠠᠷᠢᠵᠤ ᠂ ᠬᠠᠷᠢᠯᠴᠠᠨ ᠰᠡᠳᠬᠢᠯ ᠵᠢᠷᠦᠬᠡᠨ ᠳ᠋ᠡᠭᠡᠨ ᠥᠨᠢ ᠮᠥᠩᠬᠡ ᠬᠣᠨᠣᠭᠰᠢᠭᠤᠯᠵᠠᠢ ᠃
   ᠨᠧᠢ ᠯᠢᠩ ᠯᠦ᠍ ᠬᠥᠭᠵᠢᠮ ᠦ᠋ᠨ ᠪᠦᠯᠬᠦᠮ ᠡᠴᠡ 《 ᠲᠡᠳᠡᠭᠡᠷ ᠬᠤᠸᠠᠷ 》 《 ᠠᠮᠢᠳᠤ ᠶᠠᠪᠤᠬᠤ 》ᠭᠡᠬᠦ ᠳᠠᠭᠤᠨ ᠨᠢ ᠲᠤᠬᠠᠢ ᠶ᠋ᠢᠨ ᠲᠠᠯᠠᠪᠠᠢ ᠶ᠋ᠢᠨ ᠠᠭᠤᠷ ᠠᠮᠢᠰᠬᠤᠯ ᠢ᠋ ᠬᠠᠮᠤᠭ ᠣᠷᠭᠢᠯ ᠳ᠋ᠤᠨᠢ ᠲᠤᠯᠭᠠᠭᠰᠠᠨ ᠪᠠᠢᠨ᠎ᠠ ᠃
    ᠠᠷᠠᠳ ᠤ᠋ᠨ ᠭᠤᠷᠪᠠᠳᠤᠭᠠᠷ ᠲᠢᠩᠬᠢᠮ ᠡᠴᠡ ᠭᠠᠭᠴᠠ ᠬᠥᠮᠦᠨ ᠦ᠌ ᠳᠠᠭᠤᠤ 《 ᠬᠥᠮᠦᠨ ᠤᠳᠠᠭᠠᠨ ᠪᠠᠢᠭᠠᠰᠠᠢ 》 ᠭᠡᠬᠦ ᠨᠢ ᠰᠢᠯᠦᠭ ᠦ᠋ᠨ ᠳᠤᠮᠳᠠ ᠪᠠᠨ ᠬᠥᠭᠵᠢᠮ ᠲᠡᠢ ᠂ ᠬᠥᠭᠵᠢᠮ ᠦ᠋ᠨ ᠳᠤᠮᠳᠠ ᠪᠠᠨ ᠰᠢᠯᠦᠭ ᠤᠶᠠᠩᠭ᠎ᠠ ᠲᠠᠢ ᠃
  ᠡᠷᠡᠭᠦᠦ ᠶ᠋ᠢᠨ ᠬᠣᠶᠠᠳᠤᠭᠠᠷ ᠲᠢᠩᠬᠢᠮ ᠨᠢ《 ᠮᠠᠷᠭᠠᠰᠢ ᠨᠡᠩ ᠰᠠᠢᠨ ᠪᠣᠯᠬᠤ 》 ᠭᠡᠰᠡᠨ ᠳᠠᠭᠤᠤ ᠪᠠᠷ ᠢᠷᠡᠭᠡᠳᠦᠢ ᠪᠡᠨ ᠪᠠᠷᠠᠯᠠᠨ ᠨᠡᠩ ᠰᠠᠢᠨ ᠰᠠᠢᠬᠠᠨ ᠮᠠᠷᠭᠠᠰᠢ ᠶ᠋ᠢ ᠮᠠᠭᠲᠠᠨ ᠳᠠᠭᠤᠯᠠᠭᠰᠠᠨ ᠪᠠᠢᠨ᠎ᠠ ᠃
  ᠵᠣᠯ ᠵᠢᠷᠭᠠᠯ ᠵᠠᠷᠢᠮ ᠳ᠋ᠠᠭᠠᠨ ᠮᠠᠰᠢ ᠳᠥᠬᠥᠮᠬᠡᠨ ᠂ ᠨᠢᠭᠡ ᠴᠣᠮᠣ ᠴᠠᠢ ᠂ ᠨᠢᠭᠡ ᠮᠡᠨᠳᠦᠴᠢᠯᠡᠯ ᠂ ᠨᠢᠭᠡ ᠮᠦᠰᠢᠶᠡᠨ ᠢᠨᠢᠶᠡᠬᠦ ᠂ ᠨᠢᠭᠡ ᠬᠦᠢᠰ ᠤᠯᠠᠭᠠᠨ ᠬᠤᠸᠠᠷ ᠵᠡᠷᠭᠡ ᠪᠡᠷ ᠪᠦᠷ ᠳᠠᠮᠵᠢᠭᠤᠯᠤᠭᠳᠠᠵᠤ ᠪᠣᠯᠤᠨ᠎ᠠ ᠃ ᠵᠠᠰᠠᠭ ᠵᠠᠬᠢᠷᠭᠠᠨ ᠤ᠋ ᠲᠢᠩᠬᠢᠮ ᠪᠣᠯᠤᠨ ᠠᠷᠠᠳ ᠤ᠋ᠨ ᠬᠣᠶᠠᠳᠤᠭᠠᠷ ᠲᠢᠩᠬᠢᠮ ᠡᠴᠡ 《 ᠴᠢᠮ᠎ᠠ ᠳ᠋ᠤ᠌ ᠨᠢᠭᠡ ᠤᠯᠠᠭᠠᠨ ᠴᠡᠴᠡᠭ ᠬᠦᠷᠭᠡᠶ᠎ᠡ 》ᠭᠡᠬᠦ ᠳᠠᠭᠤᠤ ᠶ᠋ᠢ ᠬᠦᠯᠢᠶᠡᠨ ᠠᠪᠤᠭᠠᠷᠠᠢ ᠃
   ᠲᠡᠳᠡ ᠪᠣᠯ ᠠᠷᠠᠳ ᠤ᠋ᠨ ᠰᠢᠭᠦᠬᠦ ᠬᠣᠷᠢᠶᠠᠨ ᠤ᠋ ᠵᠡᠪᠰᠡᠭᠲᠦ ᠬᠦᠴᠦᠨ ᠮᠥᠨ ᠂ ᠠᠶᠤᠯ ᠲᠦᠭᠰᠢᠭᠦᠷᠢ᠎ᠡᠴᠡ ᠬᠠᠮᠤᠭ ᠤ᠋ᠨ ᠣᠢᠷᠠᠬᠠᠨ ᠬᠥᠮᠦᠨ ᠮᠥᠨ ᠂ ᠲᠡᠳᠡᠨ ᠦ᠌ ᠠᠵᠢᠯ ᠪᠣᠯ ᠲᠡᠢᠮᠦ ᠬᠢᠯᠪᠠᠷ ᠪᠢᠰᠢ ᠶᠦ᠍ᠮ ᠭᠡᠳᠡᠭ ᠢ᠋ᠶ᠋ᠡᠷ ᠬᠠᠤᠯᠢ ᠶ᠋ᠢᠨ ᠴᠠᠭᠳᠠᠭ᠎ᠠ ᠶ᠋ᠢᠨ ᠠᠩᠭᠢ ᠶ᠋ᠢᠨ ᠴᠠᠭᠳᠠᠭ᠎ᠠ ᠨᠠᠷ ᠠ᠋ᠴᠠ ᠬᠠᠤᠯᠢ ᠶ᠋ᠢᠨ ᠴᠠᠭᠳᠠᠭ᠎ᠠ ᠶ᠋ᠢᠨ ᠠᠵᠢᠯ 《 ᠲᠡᠢᠮᠦ ᠬᠢᠯᠪᠠᠷ ᠪᠢᠰᠢ 》 ᠭᠡᠵᠦ ᠣᠯᠠᠨ ᠳ᠋ᠤ᠌ ᠶᠠᠷᠢᠵᠤ ᠪᠠᠢᠨ᠎ᠠ ᠃
   ᠮᠡᠷᠭᠡᠵᠢᠯ ᠦ᠋ᠨ ᠭᠠᠵᠠᠷ ᠤ᠋ᠨ ᠪᠦᠬᠦ ᠡᠷᠡᠭᠲᠡᠢ ᠺᠠᠲ᠋ᠷ ᠴᠠᠭᠳᠠᠭ᠎ᠠ ᠨᠠᠷ 《 ᠪᠠᠶᠠᠷᠲᠠᠢ 》 ᠭᠡᠳᠡᠭ ᠨᠢᠭᠡ ᠪᠠᠳᠠᠭ ᠰᠢᠯᠦᠭ ᠪᠢᠴᠢᠵᠦ ᠂ ᠪᠢᠳᠡᠨ ᠢ᠋ ᠳᠠᠭᠠᠭᠤᠯᠤᠨ ᠥᠩᠭᠡᠷᠡᠭᠰᠡᠨ ᠢ᠋ᠶ᠋ᠡᠨ ᠡᠷᠭᠢᠴᠡᠭᠦᠯᠦᠨ ᠂ ᠦᠷᠭᠦᠯᠵᠢᠯᠡᠨ ᠤᠷᠤᠭᠰᠢᠯᠠᠶ᠎ᠠ ᠭᠡᠰᠡᠨ ᠪᠠᠢᠨ᠎ᠠ᠃
   ᠬᠢᠨᠠᠨ ᠪᠠᠢᠴᠠᠭᠠᠬᠤ ᠲᠢᠩᠬᠢᠮ ᠦ᠋ᠨ ᠪᠦᠬᠦ ᠭᠡᠰᠢᠭᠦᠳ ᠡᠴᠡ ᠠᠪᠴᠢᠷᠠᠭᠰᠠᠨ 《 ᠮᠠᠷᠭᠠᠰᠢ ᠰᠠᠢᠨ ᠤᠤ 》ᠭᠡᠬᠦ ᠨᠢ ᠂ ᠢᠷᠡᠬᠦ ᠦᠶ᠎ᠡ ᠶ᠋ᠢᠨ ᠵᠠᠮ ᠢ᠋ᠶ᠋ᠠᠨ ᠡᠷᠭᠢᠴᠡᠭᠦᠯᠵᠦ ᠂ ᠦᠯᠦ ᠮᠡᠳᠡᠬᠦ ᠮᠠᠷᠭᠠᠰᠢ ᠶ᠋ᠢ ᠬᠦᠰᠡᠨ ᠬᠦᠯᠢᠶᠡᠶ᠎ᠡ ᠭᠡᠰᠡᠨ ᠪᠠᠢᠨ᠎ᠠ ᠃
  ᠠᠮᠢᠳᠤᠷᠠᠯ ᠳ᠋ᠤ᠌ ᠣᠷᠭᠢᠯᠤᠮ᠎ᠠ ᠬᠠᠯᠠᠭᠤᠨ ᠰᠡᠳᠬᠢᠯᠭᠡ ᠪᠠᠢᠬᠤ ᠬᠡᠷᠡᠭᠲᠡᠢ ᠂ ᠨᠡᠩ ᠴᠦ᠍ ᠵᠥᠪ ᠡᠨᠧᠷᠭᠢ ᠱᠠᠭᠠᠷᠳᠠᠨ᠎ᠠ ᠂ ᠡᠷᠡᠭᠦᠦ ᠶ᠋ᠢᠨ ᠨᠢᠭᠡᠳᠦᠭᠡᠷ ᠲᠢᠩᠬᠢᠮ ᠦ᠋ᠨ ᠣᠷᠭᠢᠯᠤᠮ᠎ᠠ  ᠬᠠᠯᠠᠭᠤᠨ ᠰᠡᠳᠬᠢᠯᠭᠡ ᠪᠡᠷ《 ᠥᠷᠯᠥᠭᠡ ᠠᠮᠤᠭᠤᠯᠠᠩ ᠬᠠᠷᠢᠭᠤ ᠬᠠᠷᠢᠭᠰᠠᠨ ᠨᠢ 》ᠭᠡᠬᠦ ᠳᠠᠭᠤᠤ ᠡᠷᠭᠦᠭᠰᠡᠨ ᠪᠠᠢᠨ᠎ᠠ ᠃
  ᠡᠮᠡᠭᠲᠡᠢᠴᠦᠳ ᠦ᠋ᠨ ᠵᠥᠪᠯᠡᠯ ᠡᠴᠡ《 ᠬᠠᠩᠭᠢᠨᠠᠮ᠎ᠠ ᠰᠠᠢᠬᠠᠨ ᠰᠠᠷᠭᠠᠢ 》 ᠭᠡᠬᠦ ᠳᠠᠭᠤᠤ ᠪᠠᠷ ᠦᠳᠡᠰᠢᠯᠭᠡ ᠪᠡᠨ ᠲᠡᠭᠦᠰᠬᠡᠵᠦ ᠂ ᠡᠭᠡᠴᠢ ᠳᠡᠭᠦᠦ ᠨᠠᠷ ᠡᠭᠡᠭᠡ ᠯᠡ ᠰᠠᠷᠭᠠᠢ ᠴᠡᠴᠡᠭ ᠰᠢᠭ ᠰᠠᠯᠬᠢ ᠪᠣᠷᠣᠭᠠᠨ᠎ᠠ᠋ᠴᠠ ᠠᠶᠤᠬᠤ ᠦᠭᠡᠢ ᠂ ᠨᠠᠷᠠ ᠥᠭᠡᠳᠡ ᠡᠷᠡᠰ ᠬᠠᠳᠠᠨ ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠡᠷ ᠬᠠᠤᠯᠢ ᠴᠠᠭᠠᠵᠠ ᠶ᠋ᠢᠨ ᠨᠡᠷ᠎ᠡ ᠬᠦᠨᠳᠦ ᠪᠣᠯᠤᠨ ᠶᠣᠰᠣ ᠵᠢᠷᠤᠮ ᠤ᠋ᠨ ᠬᠦᠨᠳᠦ ᠡᠭᠦᠷᠭᠡ ᠶ᠋ᠢ ᠡᠭᠦᠷᠭᠡᠯᠡᠬᠦ ᠶ᠋ᠢ ᠬᠦᠰᠡᠶ᠎ᠡ ᠭᠡᠵᠦ ᠢᠯᠡᠷᠬᠡᠢᠯᠡᠵᠡᠢ ᠃
   ᠳᠠᠷᠠᠭ᠎ᠠ ᠠᠯᠬᠤᠮ ᠳ᠋ᠤ᠌ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠠ᠋ᠴᠠ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠬᠤ ᠶ᠋ᠢ ᠪᠠᠷᠢᠮᠲᠠᠯᠠᠵᠤ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠬᠤ ᠪᠠᠷ ᠪᠠᠷᠠᠬᠤ ᠦᠭᠡᠢ ᠺᠠᠲ᠋ᠷ ᠴᠠᠭᠳᠠᠭ᠎ᠠ ᠶ᠋ᠢᠨ ᠡᠭᠦᠷᠭᠡ ᠲᠤᠰᠢᠶᠠᠯ ᠢ᠋ᠶ᠋ᠠᠨ ᠭᠦᠢᠴᠡᠳᠬᠡᠬᠦ ᠶ᠋ᠢ ᠪᠠᠲᠤᠯᠠᠬᠤ ᠲᠣᠭᠲᠠᠴᠠ ᠶ᠋ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠰᠡᠨ ᠪᠠᠢᠨ᠎ᠠ ᠂ ᠥᠷᠭᠡᠨ ᠣᠯᠠᠨ ᠺᠠᠲ᠋ᠷ ᠴᠠᠭᠳᠠᠭ᠎ᠠ ᠶ᠋ᠢᠨ ᠰᠡᠳᠬᠢᠯ ᠰᠠᠨᠠᠭ᠎ᠠ ᠪᠠᠨ ᠲᠥᠪᠯᠡᠷᠡᠭᠦᠯᠵᠦ᠂ ᠰᠡᠳᠬᠢᠯ ᠰᠠᠨᠠᠭ᠎ᠠ ᠠᠯᠮᠠᠢᠷᠠᠬᠤ ᠦᠭᠡᠢ ᠪᠡᠷ ᠬᠠᠤᠯᠢ ᠴᠠᠭᠠᠵᠠ ᠶ᠋ᠢᠨ ᠦᠢᠯᠡᠰ ᠲᠦ᠍ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠂ ᠪᠦᠲᠦᠭᠡᠯᠴᠢ ᠴᠢᠨᠠᠷ ᠢ᠋ ᠬᠥᠭᠵᠢᠭᠡᠬᠦ ᠪᠣᠯᠤᠨ᠎ᠠ ᠃ ᠣᠨᠴᠠᠭᠠᠢᠯᠠᠨ ᠲᠤᠰ ᠤᠳᠠᠭᠠᠨ ᠤ᠋ ᠠᠵᠢᠯᠯᠠᠭ᠎ᠠ ᠪᠠᠷ ᠲᠣᠬᠢᠶᠠᠯ ᠪᠣᠯᠭᠠᠨ ᠂ ᠪᠦᠬᠦ ᠬᠦᠴᠦ ᠪᠡᠷ ᠢ᠋ᠶ᠋ᠡᠨ ᠥᠷᠭᠡᠨ ᠣᠯᠠᠨ ᠡᠮᠡᠭᠲᠡᠢ ᠺᠠᠲ᠋ᠷ ᠴᠠᠭᠳᠠᠭ᠎ᠠ ᠳ᠋ᠤ᠌ ᠰᠠᠢᠨ ᠶᠠᠪᠤᠳᠠᠯ ᠬᠢᠬᠦ ᠂ ᠪᠦᠯᠬᠦᠮᠳᠡᠨ ᠲᠡᠮᠡᠴᠡᠬᠦ ᠂ ᠢᠳᠡᠪᠬᠢᠲᠡᠢ ᠤᠷᠤᠭᠰᠢᠯᠠᠨ ᠳᠠᠪᠰᠢᠵᠤ ᠦᠢᠯᠡᠰ ᠪᠦᠲᠦᠭᠡᠬᠦ ᠠᠭᠤᠷ ᠠᠮᠢᠰᠬᠤᠯ ᠢ᠋ ᠪᠣᠢ ᠪᠣᠯᠭᠠᠵᠤ ᠂ ᠰᠢᠨ᠎ᠡ ᠴᠠᠭ ᠦᠶ᠎ᠡ ᠶ᠋ᠢᠨ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠦᠢᠯᠡᠰ ᠲᠦ᠍ ᠰᠢᠨ᠎ᠡ ᠬᠠᠭᠤᠳᠠᠰᠤ ᠶ᠋ᠢ ᠪᠢᠴᠢᠭᠯᠡᠵᠦ ᠂ ᠡᠮᠡᠭᠲᠡᠢᠴᠦᠳ ᠦ᠋ᠨ ᠳᠠᠷᠤᠭᠠᠰᠤ ᠶ᠋ᠢ ᠢᠯᠡᠷᠡᠭᠦᠯᠦᠨ ᠂ ᠬᠠᠤᠯᠢ ᠴᠠᠭᠠᠵᠠ ᠳ᠋ᠤ᠌ 《ᠥᠪᠡᠷ᠎ᠡ》 ᠶ᠋ᠢᠨ ᠬᠦᠴᠦᠨ ᠢ᠋ᠶ᠋ᠡᠨ ᠡᠷᠭᠦᠶ᠎ᠡ ᠭᠡᠵᠦ ᠤᠷᠢᠶᠠᠯᠠᠭᠰᠠᠨ ᠪᠠᠢᠨ᠎ᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )