ᠪᠦᠬᠦ ᠬᠣᠲᠠ ᠶ᠋ᠢᠨ ᠰᠢᠭᠦᠬᠦ ᠬᠤᠷᠢᠶ᠎ᠠ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠤ᠋ᠨ ᠲᠣᠬᠢᠷᠠᠭᠤᠯᠤᠯᠲᠠ ᠶ᠋ᠢᠨ ᠬᠤᠷᠠᠯ ᠬᠤᠷᠠᠯᠳᠤᠪᠠ
2023.03.10 ᠲᠣᠰ ᠥᠷᠲᠡᠭᠡᠨ᠎ᠦ ᠨᠠᠢᠷᠠᠭᠤᠯᠤᠭᠴᠢ

   ᠣᠢᠷ᠎ᠠ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠭᠤᠷᠪᠠᠨ ᠡᠳᠦᠷ ᠦ᠋ᠨ ᠬᠤᠭᠤᠴᠠᠭᠠᠨ ᠤ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ᠋ ᠬᠠᠮᠠᠭᠠᠯᠠᠬᠤ ᠠᠵᠢᠯ ᠤ᠋ᠨ ᠲᠣᠬᠢᠷᠠᠭᠤᠯᠤᠯᠲᠠ ᠶ᠋ᠢᠨ ᠬᠤᠷᠠᠯ ᠬᠢᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠭᠡᠰᠢᠭᠦᠨ ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠢᠴᠠᠭᠠᠬᠤ ᠳᠤᠭᠤᠢᠯᠠᠩ ᠤ᠋ᠨ ᠳᠠᠷᠤᠭ᠎ᠠ ᠯᠢ ᠭᠦᠸᠧ ᠴᠢᠤᠸᠠᠨ ᠡᠴᠡ ᠬᠤᠷᠠᠯ ᠢ ᠡᠷᠬᠢᠯᠡᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠡᠷᠡᠭ ᠳᠠᠭᠠᠭᠠᠴᠢᠯᠠᠬᠤ ᠤᠳᠤᠷᠢᠳᠤᠯᠭ᠎ᠠ ᠂ ᠬᠠᠮᠢᠶ᠎ᠠ ᠪᠦᠬᠦᠢ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠂ ᠵᠠᠬᠢᠳᠠᠯ ᠰᠤᠷᠪᠤᠯᠵᠢᠯᠠᠭ᠎ᠠ ᠶ᠋ᠢᠨ ᠲᠠᠰᠤᠭ ᠤ᠋ᠨ ᠪᠦᠬᠦ ᠺᠠᠲ᠋ᠷ ᠴᠠᠭᠳᠠᠭ᠎ᠠ ᠵᠢᠴᠢ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠳᠠᠷᠤᠭ᠎ᠠ ᠨᠠᠷ ᠬᠤᠷᠠᠯ ᠳ᠋ᠤ᠌ ᠣᠷᠣᠯᠴᠠᠪᠠ ᠃

   ᠬᠤᠷᠠᠯ ᠳᠡᠭᠡᠷ᠎ᠡ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶ᠎ᠠ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠡᠯ᠎ᠡ ᠰᠠᠯᠠᠭ᠎ᠠ ᠮᠥᠴᠢᠷ ᠡᠴᠡ ᠣᠳᠣᠬᠠᠨ ᠤ᠋ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠦ᠋ᠨ ᠦᠨᠳᠦᠰᠦᠨ ᠪᠠᠢᠳᠠᠯ ᠢ᠋ ᠬᠠᠷᠢᠭᠤ ᠮᠡᠳᠡᠭᠦᠯᠵᠦ ᠂ ᠬᠡᠷᠡᠭ ᠵᠠᠳᠠᠯᠬᠤ ᠶᠠᠪᠤᠴᠠ ᠵᠢ ᠲᠤᠨᠭᠭᠠᠨ ᠂ ᠬᠡᠷᠡᠭ ᠰᠢᠢᠳᠪᠦᠷᠢᠯᠡᠬᠦ ᠰᠠᠨᠠᠯ ᠰᠠᠨᠠᠭᠤᠯᠭ᠎ᠠ ᠪᠠᠨ ᠳᠤᠷᠠᠳᠴᠤ ᠂ ᠠᠷᠭ᠎ᠠ ᠬᠡᠮᠵᠢᠶ᠎ᠡ ᠪᠡᠨ ᠤᠯᠠᠮ ᠨᠢᠭᠡ ᠠᠯᠬᠤᠮ ᠲᠤᠳᠤᠷᠬᠠᠢᠯᠠᠭᠰᠠᠨ ᠪᠠᠢᠨ᠎ᠠ᠃ ᠬᠤᠷᠠᠯ᠎ ᠠ᠋ᠴᠠ ᠱᠠᠭᠠᠷᠳᠠᠭᠰᠠᠨ ᠨᠢ ᠂ ᠨᠢᠭᠡ ᠳ᠋ᠦ᠍ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ ᠂ ᠬᠣᠷᠢᠭ᠎ᠠ ᠱᠤᠭᠤᠮ ᠤ᠋ᠨ ᠰᠡᠳᠬᠢᠮᠵᠢ ᠪᠡᠨ ᠪᠠᠲᠤ ᠪᠡᠬᠢ ᠪᠣᠯᠭᠠᠵᠤ ᠂ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠦ᠋ᠨ ᠪᠠᠢᠳᠠᠯ ᠢ᠋ ᠪᠠᠢᠴᠠᠭᠠᠨ ᠲᠣᠳᠣᠯᠠᠵᠤ ᠂ ᠠᠰᠠᠭᠤᠳᠠᠯ ᠢ᠋ ᠣᠢᠯᠠᠭᠠᠨ ᠂ ᠠᠮᠢᠳᠤᠯᠢᠭ ᠰᠡᠳᠬᠢᠴᠡ ᠂ ᠪᠣᠳᠠᠲᠠᠢ ᠠᠷᠭ᠎ᠠ ᠬᠡᠮᠵᠢᠶ᠎ᠡ ᠪᠡᠷ ᠢᠳᠡᠪᠬᠢᠲᠡᠢ ᠰᠠᠨᠠᠭᠠᠴᠢᠯᠠᠭ᠎ᠠ ᠲᠠᠢ ᠪᠠᠷ   ᠰᠢᠢᠳᠪᠦᠷᠢᠯᠡᠬᠦ ᠠᠵᠢᠯ ᠢ᠋ ᠰᠠᠢᠲᠤᠷ ᠬᠢᠵᠦ ᠂ ᠣᠯᠠᠨ ᠲᠦᠮᠡᠨ ᠦ᠌ ᠬᠠᠨᠤᠮᠵᠢ ᠶ᠋ᠢᠨ ᠬᠡᠮᠵᠢᠶ᠎ᠡ ᠶ᠋ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠃ ᠬᠣᠶᠠᠷ ᠲᠤ᠌ ᠂ ᠤᠳᠤᠷᠢᠳᠤᠯᠭ᠎ᠠ ᠬᠡᠷᠡᠭ ᠳᠠᠭᠠᠭᠠᠴᠢᠯᠠᠬᠤ ᠳᠦᠷᠢᠮ ᠢ᠋ ᠴᠢᠩᠭ᠎ᠠ ᠨᠠᠢᠳᠠᠪᠤᠷᠢᠵᠢᠭᠤᠯᠵᠤ ᠂ ᠭᠣᠣᠯᠳᠠᠯᠭ᠎ᠠ ᠪᠠᠨ ᠳᠣᠷᠣᠭᠰᠢ ᠰᠢᠯᠵᠢᠭᠦᠯᠬᠦ ᠂ ᠬᠦᠴᠦᠨ ᠴᠢᠳᠠᠯ ᠢ᠋ᠶ᠋ᠠᠨ ᠳᠣᠷᠣᠭᠰᠢ ᠪᠠᠭᠤᠯᠭᠠᠬᠤ ᠶ᠋ᠢ ᠪᠠᠷᠢᠮᠲᠠᠯᠠᠵᠤ ᠂ ᠵᠠᠬᠢᠳᠠᠯ ᠰᠤᠷᠪᠤᠯᠵᠢᠯᠠᠭ᠎ᠠ ᠶ᠋ᠢᠨ ᠣᠯᠠᠨ ᠲᠦᠮᠡᠨ ᠲᠡᠢ ᠨᠢᠭᠤᠷᠳᠠᠵᠤ ᠂ ᠰᠡᠳᠬᠢᠯ ᠰᠠᠨᠠᠭ᠎ᠠ ᠪᠠᠨ ᠰᠣᠯᠢᠯᠴᠠᠨ ᠂ ᠪᠠᠢᠳᠠᠯ ᠢ᠋ ᠪᠦᠬᠦ ᠲᠠᠯ᠎ᠠ ᠪᠠᠷ ᠣᠢᠯᠠᠭᠠᠵᠤ ᠂ ᠬᠠᠤᠯᠢ ᠴᠠᠭᠠᠵᠠ ᠶ᠋ᠢᠨ ᠲᠠᠢᠯᠪᠤᠷᠢᠯᠠᠯᠲᠠ ᠪᠣᠯᠤᠨ ᠤᠷᠮ᠎ᠠ ᠰᠡᠳᠬᠢᠯᠭᠡ ᠶ᠋ᠢ ᠵᠢᠯᠣᠭᠣᠳᠬᠤ ᠠᠵᠢᠯ ᠢ᠋ ᠰᠠᠢᠲᠤᠷ ᠬᠢᠵᠦ ᠂ ᠣᠯᠠᠨ ᠲᠦᠮᠡᠨ ᠦ᠌ ᠬᠦᠴᠢᠷ ᠵᠣᠪᠠᠯᠠᠩ ᠢ᠋ ᠰᠢᠢᠳᠪᠦᠷᠢᠯᠡᠵᠦ ᠥᠭᠬᠦ ᠬᠡᠷᠡᠭᠲᠡᠢ ᠃ ᠭᠤᠷᠪᠠ ᠳ᠋ᠤ᠌ ᠵᠥᠷᠢᠴᠡᠯ ᠵᠢᠭᠤᠷᠠᠯᠳᠤᠭᠠᠨ ᠢ᠋ ᠣᠯᠠᠨ ᠲᠠᠯ᠎ᠠ᠎ ᠠ᠋ᠴᠠ ᠰᠢᠢᠳᠪᠦᠷᠢᠯᠡᠵᠦ ᠂  ᠪᠦᠷᠢᠨ ᠲᠡᠭᠦᠯᠳᠡᠷ ᠠᠷᠭ᠎ᠠ ᠬᠡᠮᠵᠢᠶ᠎ᠡ ᠵᠢ ᠠᠪᠴᠤ ᠂ ᠠᠮᠢᠳᠤᠷᠠᠯ ᠨᠢ ᠦᠨᠡᠨ ᠬᠦ᠌ ᠬᠦᠴᠢᠷᠳᠡᠯᠲᠡᠢ ᠪᠠᠢᠬᠤ ᠢᠨᠵᠧᠨᠧᠷᠢᠩ ᠳ᠋ᠦ᠍ ᠬᠠᠪᠰᠤᠷᠯᠠᠭ᠎ᠠ ᠦᠵᠡᠭᠦᠯᠵᠦ ᠂  ᠲᠦᠮᠡᠨ ᠦ᠌ ᠬᠡᠷᠡᠭ ᠶᠠᠪᠤᠳᠠᠯ ᠢ᠋ ᠠᠨᠭᠬᠠᠷᠤᠯ ᠳ᠋ᠤ ᠪᠠᠨ ᠠᠪᠴᠤ ᠰᠢᠢᠳᠪᠦᠷᠢᠯᠡᠬᠦ ᠶ᠋ᠢ ᠠᠬᠢᠭᠤᠯᠬᠤ ᠬᠡᠷᠡᠭᠲᠡᠢ ᠃ ᠳᠥᠷᠪᠡ ᠳ᠋ᠦ᠍ ᠵᠠᠬᠢᠳᠠᠯ ᠰᠤᠷᠪᠤᠯᠵᠢᠯᠠᠭ᠎ᠠ ᠶ᠋ᠢᠨ ᠵᠥᠷᠢᠴᠡᠯ ᠢ᠋ ᠡᠬᠢ ᠡᠭᠦᠰᠦᠯ᠎ ᠡᠴᠡ ᠨᠢ ᠵᠠᠰᠠᠬᠤ ᠠᠵᠢᠯ ᠢ᠋ ᠦᠨᠡᠨ ᠬᠦ᠌ ᠠᠳᠬᠤᠵᠤ ᠂ ᠵᠥᠷᠢᠴᠡᠯ ᠵᠢᠭᠤᠷᠠᠯᠳᠤᠭᠠᠨ ᠪᠠ ᠲᠣᠭᠲᠠᠭᠤᠨ ᠪᠤᠰᠤ ᠳᠠᠯᠳᠠ ᠭᠡᠮ ᠢ᠋ ᠪᠦᠬᠦ ᠲᠠᠯ᠎ᠠ ᠪᠠᠷ ᠵᠢᠭᠰᠠᠭᠠᠨ ᠪᠠᠢᠴᠠᠭᠠᠵᠤ ᠂ ᠠᠩᠬᠠᠨ ᠤ᠋ ᠵᠠᠬᠢᠳᠠᠯ ᠰᠤᠷᠪᠤᠯᠵᠢᠯᠠᠭ᠎ᠠ ᠶ᠋ᠢᠨ ᠠᠵᠢᠯ ᠢ᠋ ᠤᠯᠠᠮ ᠨᠢᠭᠡ ᠠᠯᠬᠤᠮ ᠴᠢᠩᠭ᠋ᠠᠳᠬᠠᠵᠤ ᠂ ᠣᠯᠠᠨ ᠲᠦᠮᠡᠨ ᠦ᠌ ᠵᠦᠢ ᠵᠣᠬᠢᠰᠲᠠᠢ ᠬᠦᠰᠡᠯ ᠱᠠᠭᠠᠷᠳᠠᠯᠭ᠎ᠠ ᠶ᠋ᠢ ᠴᠠᠭ ᠲᠤᠬᠠᠢ ᠳ᠋ᠤᠨᠢ ᠲᠣᠬᠢᠲᠠᠢ ᠰᠢᠢᠳᠪᠦᠷᠢᠯᠡᠵᠦ ᠂ ᠵᠥᠷᠢᠴᠡᠯ ᠢ᠋ ᠪᠠᠭ᠎ᠠ ᠳᠡᠭᠡᠷ᠎ᠡ ᠰᠢᠢᠳᠪᠦᠷᠢᠯᠡᠬᠦ ᠶ᠋ᠢ ᠦᠨᠡᠨ ᠬᠦ᠌ ᠪᠠᠲᠤᠯᠠᠨ᠎ᠠ᠃ 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )