ᠬᠡᠷᠡᠭ ᠲᠦ᠍ ᠬᠣᠯᠪᠣᠭᠳᠠᠭᠰᠠᠨ ᠦᠨ᠎ᠡ ᠬᠠᠩᠰᠢ ᠶ᠋ᠢᠨ ᠭᠠᠢᠯᠢ ᠨᠡᠢᠲᠡ 31 ᠳ᠋ᠦᠩᠰᠢᠭᠤᠷ ᠲᠥᠭᠥᠷᠢᠭ ᠢ᠋ ᠳᠠᠪᠭᠰᠠᠨ ᠷᠸᠨ ᠣᠪᠣᠭᠲᠤ ᠵᠡᠷᠭᠡ 20 ᠨᠡᠷ᠎ᠡ ᠬᠦᠮᠦᠰ  ᠤᠨ ᠥᠷᠲᠡᠭ ᠨᠡᠮᠡᠭᠳᠡᠯ ᠦ᠋ᠨ ᠭᠠᠢᠯᠢ ᠶ᠋ᠢᠨ ᠲᠤᠰᠬᠠᠢ ᠪᠠᠷᠢᠮᠲᠠ ᠶ᠋ᠢ ᠬᠤᠳᠠᠯ ᠢ᠋ᠶ᠋ᠠᠷ ᠪᠢᠴᠢᠵᠦ ᠦᠭᠭᠦᠭᠰᠡᠨ ᠬᠡᠷᠡᠭ ᠎ ᠤᠨ ᠨᠢᠭᠡᠳᠦᠭᠡᠷ ᠰᠢᠭᠦᠯᠲᠡ
2023.03.10 ᠲᠣᠰ ᠥᠷᠲᠡᠭᠡᠨ᠎ᠦ ᠨᠠᠢᠷᠠᠭᠤᠯᠤᠭᠴᠢ

    2023 ᠣᠨ ᠤ᠋ 2 ᠰᠠᠷ᠎ᠠ ᠶ᠋ᠢᠨ 20 ᠤ᠋ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠵᠠᠭᠠᠯᠳᠤᠭᠳᠠᠭᠴᠢ ᠷᠧᠨ ᠣᠪᠣᠭᠲᠤ ᠵᠡᠷᠭᠡ 20 ᠨᠡᠷ᠎ᠡ ᠬᠦᠮᠦᠰ  ᠤᠨ ᠥᠷᠲᠡᠭ ᠨᠡᠮᠡᠭᠳᠡᠯ ᠦ᠋ᠨ ᠭᠠᠢᠯᠢ ᠶ᠋ᠢᠨ ᠲᠤᠰᠬᠠᠢ ᠪᠠᠷᠢᠮᠲᠠ ᠶ᠋ᠢ ᠬᠤᠳᠠᠯ ᠢ᠋ᠶ᠋ᠠᠷ ᠪᠢᠴᠢᠵᠦ ᠥᠭᠭᠦᠭᠰᠡᠨ ᠶᠠᠯ᠎ᠠ ᠶ᠋ᠢᠨ ᠰᠡᠵᠢᠭᠯᠡᠯᠲᠡᠢ ᠬᠡᠷᠡᠭ ᠢ᠋ ᠢᠯᠡ ᠪᠡᠷ ᠲᠢᠩᠬᠢᠮ ᠨᠡᠭᠡᠭᠡᠵᠦ ᠰᠢᠭᠦᠪᠡ ᠃

 

  ᠣᠷᠳᠣᠰ ᠬᠣᠲᠠ ᠶ᠋ᠢᠨ ᠠᠷᠠᠳ ᠤ᠋ᠨ ᠪᠠᠢᠴᠠᠭᠠᠬᠤ ᠬᠣᠷᠢᠶ᠎ᠠ ᠵᠠᠭᠠᠯᠳᠤᠭᠰᠠᠨ ᠵᠠᠭᠠᠯᠳᠤᠯᠭ᠎ᠠ ᠄ 2018 ᠤᠨ ᠠ᠋ᠴᠠ 2021 ᠣᠨ ᠤ᠋ 3 ᠰᠠᠷ᠎ᠠ ᠪᠣᠯᠲᠠᠯ᠎ᠠ ᠂ ᠵᠠᠭᠠᠯᠳᠤᠭᠳᠠᠭᠴᠢ ᠷᠧᠨ ᠣᠪᠣᠭᠲᠤ ᠤᠯᠤᠰ ᠤ᠋ᠨ ᠭᠠᠢᠯᠢ ᠶ᠋ᠢᠨ ᠵᠣᠭᠣᠰ ᠢ᠋ ᠮᠡᠬᠡᠯᠡᠨ ᠠᠪᠬᠤ ᠶ᠋ᠢᠨ ᠲᠥᠯᠥᠭᠡ ᠂  ᠡᠵᠡᠮᠰᠢᠭᠰᠡᠨ ᠺᠣᠮᠫᠠᠨᠢ ᠨᠢ ᠪᠤᠰᠤᠳ ᠢ᠋ ᠬᠠᠪᠰᠤᠷᠤᠨ ᠂ ᠦᠨᠡᠨ ᠪᠣᠳᠠᠲᠠᠢ ᠪᠠᠷᠠᠭ᠎ᠠ ᠦᠭᠡᠢ ᠠᠷᠠᠯᠵᠢᠶᠠᠨ ᠤ᠋ ᠪᠠᠢᠳᠠᠯ ᠳᠣᠣᠷ᠎ᠠ ᠂ ᠪᠢᠯᠧᠲ ᠥᠭᠬᠦ ᠪᠤᠶᠤ ᠰᠦᠢᠳᠬᠡᠯ ᠬᠤᠷᠢᠶᠠᠬᠤ ᠪᠠᠷ ᠦᠨ᠎ᠡ ᠪᠣᠯᠭᠠᠵᠤ ᠂ ᠪᠤᠰᠤᠳ ᠢ᠋ ᠥᠪᠡᠷ ᠦ᠋ᠨ ᠪᠡᠶ᠎ᠡ ᠳ᠋ᠡᠭᠡᠨ ᠨᠡᠮᠡᠭᠳᠡᠯ ᠥᠷᠲᠡᠭ ᠦ᠋ᠨ ᠭᠠᠢᠯᠢ ᠶ᠋ᠢᠨ ᠲᠤᠰᠬᠠᠢ ᠪᠠᠷᠢᠮᠲᠠ ᠪᠠᠷᠤᠭ 1.3 ᠲᠦᠮᠡᠨ ᠬᠤᠪᠢ ᠂ ᠵᠣᠭᠣᠰ ᠤ᠋ᠨ ᠲᠣᠭ᠎ᠠ ᠨᠢ 27 ᠳ᠋ᠦᠩᠰᠢᠭᠤᠷ ᠲᠥᠭᠥᠷᠢᠭ ᠂ ᠭᠠᠢᠯᠢ ᠶ᠋ᠢᠨ ᠨᠣᠷᠮ᠎ᠠ ᠨᠢ 3.6 ᠳ᠋ᠦᠩᠰᠢᠭᠤᠷ ᠭᠠᠷᠤᠢ ᠲᠥᠭᠥᠷᠢᠭ ᠂ ᠦᠨ᠎ᠡ ᠭᠠᠢᠯᠢ ᠶ᠋ᠢᠨ ᠨᠡᠢᠲᠡ 30 ᠳ᠋ᠦᠩᠰᠢᠭᠤᠷ ᠭᠠᠷᠤᠢ ᠲᠥᠭᠥᠷᠢᠭ ᠥᠭᠴᠡᠢ ︔ ᠪᠤᠰᠤᠳ ᠬᠥᠮᠦᠨ ᠳ᠋ᠦ᠍ ᠥᠷᠲᠡᠭ ᠨᠡᠮᠡᠭᠳᠡᠯ ᠦ᠋ᠨ ᠭᠠᠢᠯᠢ ᠶ᠋ᠢᠨ ᠲᠤᠰᠬᠠᠢ ᠪᠠᠷᠢᠮᠲᠠ ᠵᠢ ᠨᠡᠢᠲᠡ 2.1 ᠲᠦᠮᠡ ᠭᠠᠷᠤᠢ ᠬᠤᠪᠢ ᠪᠢᠴᠢᠵᠦ ᠥᠭᠭᠦᠨ᠂ ᠵᠣᠭᠣᠰ ᠤ᠋ᠨ ᠲᠣᠭ᠎ᠠ ᠨᠢ ᠪᠠᠷᠤᠭ 27 ᠳ᠋ᠦᠩᠰᠢᠭᠤᠷ ᠲᠥᠭᠥᠷᠢᠭ ᠂ ᠭᠠᠢᠯᠢ ᠶ᠋ᠢᠨ ᠲᠣᠭ᠎ᠠ ᠨᠢ ᠪᠠᠷᠤᠭ 4 ᠳ᠋ᠦᠩᠰᠢᠭᠤᠷ ᠲᠥᠭᠥᠷᠢᠭ ᠂ ᠦᠨ᠎ᠡ ᠶ᠋ᠢᠨ ᠭᠠᠢᠯᠢ ᠶ᠋ᠢᠨ ᠶᠡᠷᠦᠩᠬᠡᠢ ᠬᠡᠮᠵᠢᠶ᠎ᠡ ᠨᠢ 31 ᠳ᠋ᠦᠩᠰᠢᠭᠤᠷ ᠭᠠᠷᠤᠢ ᠲᠥᠭᠥᠷᠢᠭ  ᠢ ᠳᠠᠪᠠᠵᠠᠢ ᠃  ᠵᠠᠭᠠᠯᠳᠤᠭᠳᠠᠭᠴᠢ ᠷᠧᠨ ᠣᠪᠣᠭᠲᠤ 7 ᠵᠠᠭᠠᠯᠳᠤᠭᠳᠠᠭᠴᠢ ᠶ᠋ᠢ ᠬᠠᠪᠰᠤᠷᠴᠤ ᠥᠷᠲᠡᠭ ᠨᠡᠮᠡᠭᠳᠡᠯ ᠦ᠋ᠨ ᠭᠠᠢᠯᠢ ᠶ᠋ᠢᠨ ᠪᠠᠷᠢᠮᠲᠠ ᠪᠢᠴᠢᠭᠦᠯᠵᠦ ᠂  ᠪᠤᠰᠤᠳ ᠬᠥᠮᠦᠨ ᠢ᠋ ᠲᠠᠨᠢᠯᠴᠠᠭᠤᠯᠵᠤ ᠪᠠᠢᠭᠠᠳ ᠷᠧᠨ ᠣᠪᠣᠭᠲᠤ ᠶ᠋ᠢᠨ ᠬᠤᠪᠢ ᠪᠠᠷ ᠥᠷᠲᠡᠭ ᠨᠡᠮᠡᠭᠳᠡᠯ ᠦ᠋ᠨ ᠭᠠᠢᠯᠢ ᠶ᠋ᠢᠨ ᠲᠤᠰᠬᠠᠢ ᠪᠠᠷᠢᠮᠲᠠ ᠪᠢᠴᠢᠭᠦᠯᠬᠦ ᠬᠡᠷᠡᠭᠲᠡᠢ ᠭᠡᠵᠡᠢ ᠃  ᠲᠤᠰ ᠬᠡᠷᠡᠭ ᠢ᠋ ᠬᠦᠯᠢᠶᠡᠨ ᠠᠪᠤᠭᠰᠠᠨ ᠤ᠋ ᠳᠠᠷᠠᠭ᠎ᠠ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 6 ᠵᠠᠭᠠᠯᠳᠤᠭᠳᠠᠭᠴᠢ ᠳ᠋ᠤ᠌ ᠬᠠᠤᠯᠢ ᠶᠣᠰᠣᠭᠠᠷ ᠥᠮᠥᠭᠯᠡᠭᠴᠢ ᠲᠣᠭᠲᠠᠭᠠᠵᠤ ᠂ ᠲᠢᠩᠬᠢᠮ ᠦ᠋ᠨ ᠡᠮᠦᠨᠡᠬᠢ ᠬᠤᠷᠠᠯ ᠢ᠋ ᠬᠤᠷᠠᠯᠳᠤᠭᠤᠯᠪᠠ ᠃ ᠲᠤᠰ ᠬᠡᠷᠡᠭ ᠲᠦ᠍ 《 ᠲᠤᠬᠠᠢ ᠶ᠋ᠢᠨ ᠲᠠᠯᠠᠪᠤᠷ + ᠰᠦᠯᠵᠢᠶ᠎ᠡ 》 ᠶ᠋ᠢ ᠤᠶᠠᠯᠳᠤᠭᠤᠯᠤᠭᠰᠠᠨ ᠲᠢᠩᠬᠢᠮ ᠦ᠋ᠨ ᠰᠢᠭᠦᠯᠲᠡ ᠶ᠋ᠢᠨ ᠠᠷᠭ᠎ᠠ ᠶ᠋ᠢ ᠬᠡᠷᠡᠭᠯᠡᠭᠡᠰᠡᠨ ᠪᠠᠢᠨ᠎ᠠ᠃ ᠵᠠᠭᠠᠯᠳᠤᠭᠳᠠᠭᠴᠢ ᠣᠨᠴᠠᠭᠠᠢ ᠰᠢᠯᠲᠠᠭᠠᠨ ᠎ᠠ᠋ᠴᠠ ᠪᠣᠯᠵᠤ ᠲᠢᠩᠬᠢᠮ ᠳ᠋ᠦ᠍ ᠬᠦᠷᠴᠦ ᠳᠡᠢᠯᠬᠦ ᠦᠭᠡᠢ ᠂ ᠠᠯᠤᠰ ᠡᠵᠡᠮᠰᠢᠯ  ᠤᠨ ᠠᠷᠭ᠎ᠠ ᠮᠠᠶᠢᠭ ᠢ᠋ᠶ᠋ᠠᠷ ᠳᠠᠮᠵᠢᠭᠤᠯᠤᠨ ᠲᠢᠩᠬᠢᠮ ᠦ᠋ᠨ ᠰᠢᠭᠦᠯᠲᠡ ᠳ᠋ᠦ᠍ ᠤᠷᠤᠯᠴᠠᠭᠰᠠᠨ ᠪᠠᠢᠨ᠎ᠠ᠃ ᠣᠷᠳᠣᠰ ᠬᠣᠲᠠ ᠶ᠋ᠢᠨ ᠠᠷᠠᠳ ᠤ᠋ᠨ ᠪᠠᠢᠴᠠᠭᠠᠬᠤ ᠬᠣᠷᠢᠶ᠎ᠠ ᠳᠡᠳ᠋ ᠪᠠᠢᠴᠠᠭᠠᠬᠤ ᠳᠠᠷᠤᠭ᠎ᠠ ᠶ᠋ᠢ ᠪᠠᠭᠲᠠᠭᠠᠭᠰᠠᠨ 6 ᠬᠥᠮᠦᠨ ᠦ᠌ ᠠᠯᠪᠠᠨ ᠵᠠᠭᠠᠯᠳᠤᠯᠭ᠎ᠠ ᠶ᠋ᠢᠨ ᠪᠦᠯᠬᠦᠮ ᠰᠢᠭᠦᠯᠲᠡ ᠳ᠋ᠦ᠍ ᠣᠷᠣᠯᠴᠠᠨ ᠂ 20 ᠵᠠᠭᠠᠯᠳᠤᠭᠳᠠᠭᠴᠢ ᠵᠢᠴᠢ 28 ᠥᠮᠥᠭᠯᠡᠭᠴᠢ ᠵᠠᠷᠭᠤ ᠳ᠋ᠤ᠌ ᠣᠷᠣᠯᠴᠠᠵᠤ ᠂ ᠠᠷᠠᠳ ᠤ᠋ᠨ ᠬᠠᠪᠰᠤᠷᠤᠨ ᠰᠢᠭᠦᠭᠴᠢ ᠲᠢᠩᠬᠢᠮ ᠦ᠋ᠨ ᠰᠢᠭᠦᠯᠲᠡ ᠳ᠋ᠦ᠍ ᠣᠷᠣᠯᠴᠠᠵᠤ ᠂ ᠡᠯ᠎ᠡ ᠡᠲᠡᠭᠡᠳ ᠦ᠋ᠨ ᠺᠠᠲ᠋ᠷ ᠣᠯᠠᠨ ᠲᠦᠮᠡᠨ ᠪᠠ ᠵᠠᠭᠠᠯᠳᠤᠭᠳᠠᠭᠴᠢ ᠶ᠋ᠢᠨ ᠭᠡᠷ ᠪᠦᠯᠢ ᠶ᠋ᠢᠨ ᠬᠢᠨ ᠨᠡᠢᠲᠡ 60 ᠭᠠᠷᠤᠢ ᠬᠥᠮᠦᠨ ᠲᠢᠩᠬᠢᠮ ᠦ᠋ᠨ ᠰᠢᠭᠦᠯᠲᠡ ᠶ᠋ᠢ ᠰᠣᠨᠣᠰᠴᠤ ᠂ ᠬᠡᠰᠡᠭ ᠵᠠᠭᠠᠯᠳᠤᠭᠳᠠᠭᠴᠢ ᠲᠢᠩᠬᠢᠮ ᠦ᠋ᠨ ᠡᠮᠦᠨ᠎ᠡ ᠪᠤᠶᠤ ᠲᠤᠬᠠᠢ ᠶ᠋ᠢᠨ ᠲᠢᠩᠬᠢᠮ ᠳ᠋ᠦ᠍ ᠶᠠᠯ᠎ᠠ ᠪᠠᠨ ᠮᠡᠳᠡᠷᠡᠵᠦ ᠪᠠᠢᠬᠤ ᠪᠠᠨ ᠢᠯᠡᠳᠬᠡᠪᠡ ᠃  ᠲᠤᠰ ᠤᠳᠠᠭᠠᠨ ᠤ᠋ ᠲᠢᠩᠬᠢᠮ ᠦ᠋ᠨ ᠰᠢᠭᠦᠯᠲᠡ ᠭᠤᠷᠪᠠᠨ ᠡᠳᠦᠷ ᠶᠠᠪᠤᠭᠳᠠᠭᠠᠳ ᠂ ᠲᠤᠰ ᠬᠡᠷᠡᠭ ᠢ᠋ ᠬᠤᠭᠤᠴᠠᠭ᠎ᠠ ᠰᠣᠩᠭᠣᠨ ᠰᠢᠭᠦᠨ ᠲᠠᠰᠤᠯᠬᠤ ᠪᠠᠷ ᠪᠣᠯᠵᠠᠢ ᠃ 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )