ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠵᠠᠰᠠᠭ ᠵᠠᠬᠢᠷᠭᠠᠨ ᠤ᠋ ᠰᠢᠭᠦᠨ ᠲᠠᠰᠤᠯᠬᠤ ᠲᠣᠰᠤᠭ 2023 ᠣᠨ ᠤ᠋ ᠰᠠᠯᠠᠭ᠎ᠠ ᠮᠥᠴᠢᠷ ᠦ᠋ᠨ ᠠᠵᠢᠯ ᠤ᠋ᠨ ᠪᠠᠢᠷᠢᠯᠠᠭᠤᠯᠤᠯᠲᠠ ᠶ᠋ᠢᠨ ᠬᠤᠷᠠᠯ ᠬᠤᠷᠠᠯᠳᠤᠭᠤᠯᠪᠠ
2023.03.10 ᠲᠣᠰ ᠥᠷᠲᠡᠭᠡᠨ᠎ᠦ ᠨᠠᠢᠷᠠᠭᠤᠯᠤᠭᠴᠢ

   ᠣᠢᠷ᠎ᠠ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠵᠠᠰᠠᠭ ᠵᠠᠬᠢᠷᠭᠠᠨ ᠤ᠋ ᠰᠢᠭᠦᠨ ᠲᠠᠰᠤᠯᠬᠤ ᠲᠠᠰᠤᠭ ᠨᠢ ᠡᠷᠲᠡ ᠵᠢᠨ ᠤᠨᠭᠰᠢᠯᠭ᠎ᠠ ᠵᠢᠨ ᠴᠠᠭ ᠢ᠋ ᠠᠰᠢᠭᠯᠠᠨ ᠵᠠᠰᠠᠭ ᠵᠠᠬᠢᠷᠭᠠᠨ ᠤ᠋ ᠰᠢᠭᠦᠨ ᠲᠠᠰᠤᠯᠬᠤ ᠠᠵᠢᠯ ᠤ᠋ᠨ ᠬᠤᠷᠠᠯ ᠬᠤᠷᠠᠯᠳᠤᠭᠤᠯᠵᠤ ᠂ ᠪᠦᠬᠦ ᠬᠣᠲᠠ ᠶ᠋ᠢᠨ ᠰᠢᠭᠦᠬᠦ ᠬᠣᠷᠢᠶ᠎ᠠ ᠶ᠋ᠢᠨ 《 ᠬᠠᠤᠯᠢ ᠴᠠᠭᠠᠵᠠ ᠶ᠋ᠢᠨ ᠶᠠᠰᠤ ᠴᠢᠨᠠᠷ ᠢ᠋ ᠳᠡᠭᠡᠭᠰᠢᠯᠡᠭᠦᠯᠬᠦ ᠣᠨ 》 ᠤ᠋ ᠠᠵᠢᠯᠯᠠᠭ᠎ᠠ ᠥᠷᠨᠢᠭᠦᠯᠬᠦ ᠂ ᠵᠠᠰᠠᠭ ᠵᠠᠬᠢᠷᠭᠠᠨ ᠤ᠋ ᠰᠢᠭᠦᠨ ᠲᠠᠰᠤᠯᠤᠯᠲᠠ ᠶ᠋ᠢᠨ ᠶᠠᠰᠤ ᠴᠢᠨᠠᠷ ᠪᠠ ᠬᠠᠤᠯᠢᠵᠢᠭᠰᠠᠨ ᠬᠤᠳᠠᠯᠳᠤᠭᠠᠨ ᠤ᠋ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠵᠡᠷᠭᠡ ᠲᠠᠯ᠎ᠠ ᠶ᠋ᠢᠨ ᠠᠵᠢᠯ ᠤ᠋ᠨ ᠲᠣᠭᠣᠷᠢᠨ ᠳ᠋ᠤ᠌ ᠪᠦᠬᠦ ᠲᠠᠯ᠎ᠠ ᠶ᠋ᠢᠨ ᠲᠣᠬᠢᠷᠠᠭᠤᠯᠤᠯᠲᠠ ᠪᠠᠢᠷᠢᠯᠠᠭᠤᠯᠤᠯᠲᠠ ᠬᠢᠵᠡᠢ ᠃

 

   ᠨᠢᠭᠡ ᠳ᠋ᠦ᠍ ᠵᠠᠰᠠᠭ ᠵᠠᠬᠢᠷᠭᠠᠨ ᠤ᠋ ᠰᠢᠭᠦᠨ ᠲᠠᠰᠤᠯᠬᠤ ᠠᠵᠢᠯ ᠢ᠋ ᠡᠷᠲᠡᠬᠡᠨ ᠲᠥᠯᠥᠪᠯᠡᠵᠦ ᠂ ᠰᠢᠭᠦᠨ ᠲᠠᠰᠤᠯᠬᠤ ᠡᠯ᠎ᠡ ᠵᠦᠢᠯ ᠦ᠋ᠨ ᠭᠦᠢᠴᠡᠳᠬᠡᠬᠦ ᠲᠣᠭ᠎ᠠ ᠶ᠋ᠢ ᠬᠢᠨᠠᠮᠠᠭᠠᠢ ᠰᠤᠳᠤᠯᠵᠤ ᠂ ᠳᠣᠲᠣᠷ᠎ᠠ ᠪᠠᠨ ᠲᠣᠭ᠎ᠠ ᠲᠠᠢ ᠪᠠᠢᠬᠤ ᠬᠡᠷᠡᠭᠲᠡᠢ ᠃ ᠬᠠᠷᠠᠯᠲᠠ ᠶ᠋ᠢᠨ ᠪᠣᠳᠠᠲᠠᠢ ᠬᠡᠷᠡᠭ ᠢ᠋ ᠨᠢᠭᠡᠳ ᠨᠢᠭᠡ ᠪᠡᠷ ᠰᠤᠳᠤᠯᠵᠤ ᠂  ᠦᠷ᠎ᠡ ᠳ᠋ᠦᠩ ᠢ᠋ ᠨᠢ ᠵᠠᠳᠠᠯᠤᠨ ᠂ ᠬᠡᠷᠡᠭ ᠢ᠋ ᠬᠡᠪ ᠦ᠋ᠨ ᠶᠣᠰᠣᠭᠠᠷ ᠲᠢᠩᠬᠢᠮ ᠨᠡᠭᠡᠭᠡᠵᠦ ᠬᠡᠷᠡᠭ ᠳᠠᠭᠤᠰᠬᠠᠬᠤ ᠠᠵᠢᠯ ᠢ᠋ ᠪᠦᠬᠦ ᠬᠦᠴᠦᠨ ᠢ᠋ᠶ᠋ᠡᠷ ᠠᠬᠢᠭᠤᠯᠵᠤ ᠂ ᠳᠠᠷᠠᠭ᠎ᠠ ᠰᠠᠷ᠎ᠠ ᠶ᠋ᠢᠨ ᠬᠡᠷᠡᠭ ᠳᠠᠭᠤᠰᠬᠠᠬᠤ ᠨᠣᠷᠮ᠎ᠠ ᠶ᠋ᠢᠨ ᠬᠠᠷᠠᠯᠲᠠ ᠶ᠋ᠢᠨ ᠡᠭᠦᠷᠭᠡ ᠶ᠋ᠢ ᠬᠣᠢᠰᠢᠯᠠᠭᠤᠯᠤᠨ ᠪᠡᠶᠡᠯᠡᠭᠦᠯᠬᠦ ᠠᠷᠭ᠎ᠠ ᠮᠠᠶᠢᠭ ᠢ᠋ᠶ᠋ᠠᠷ ᠤᠷᠢᠳᠴᠢᠯᠠᠨ ᠵᠢᠱ᠌ᠢᠵᠦ ᠂ ᠰᠢᠭᠦᠨ ᠲᠠᠰᠤᠯᠤᠯᠲᠠ ᠶ᠋ᠢᠨ ᠴᠢᠨᠠᠷ ᠴᠢᠨᠰᠠᠭ᠎ᠠ ᠦᠷ᠎ᠡ ᠠᠰᠢᠭ ᠢ᠋ ᠬᠣᠣᠰ ᠳᠡᠭᠡᠭᠰᠢᠯᠡᠯᠲᠡ ᠲᠡᠢ ᠪᠣᠯᠭᠠᠬᠤ ᠪᠠᠷ ᠴᠢᠷᠮᠠᠢᠬᠤ ᠬᠡᠷᠡᠭᠲᠡᠢ ᠃ ᠬᠣᠶᠠᠷ ᠲᠤ᠌ ᠵᠠᠷᠭᠤ ᠳ᠋ᠤ᠌ ᠬᠣᠯᠪᠣᠭᠳᠠᠭᠰᠠᠨ ᠵᠠᠰᠠᠭ ᠵᠠᠬᠢᠷᠭᠠᠨ ᠤ᠋ ᠪᠠᠢᠭᠤᠯᠭ᠎ᠠ ᠯᠤᠭ᠎ᠠ ᠶ᠋ᠢᠨ ᠨᠡᠪᠲᠡᠷᠡᠯᠴᠡᠭᠡ ᠪᠡᠨ ᠴᠢᠩᠭᠠᠳᠬᠠᠵᠤ ᠂ ᠵᠠᠰᠠᠭ ᠵᠠᠬᠢᠷᠭᠠᠨ ᠤ᠋ ᠰᠢᠭᠦᠨ ᠲᠠᠰᠤᠯᠤᠯᠲᠠ ᠶ᠋ᠢᠨ ᠳᠠᠪᠠᠭᠤᠯᠢᠭ ᠢ᠋ ᠠᠰᠢᠭᠯᠠᠨ ᠂ ᠵᠠᠷᠭᠤ ᠳ᠋ᠤ᠌ ᠬᠣᠯᠪᠣᠭᠳᠠᠭᠰᠠᠨ ᠵᠠᠰᠠᠭ ᠵᠠᠬᠢᠷᠭᠠᠨ ᠤ᠋ ᠪᠠᠢᠭᠤᠯᠭ᠎ᠠ ᠯᠤᠭ᠎ᠠ ᠶ᠋ᠢᠨ ᠵᠣᠬᠢᠴᠠᠭᠤᠯᠤᠯᠲᠠ ᠪᠠᠨ ᠴᠢᠩᠭᠠᠳᠬᠠᠵᠤ ᠂ ᠵᠠᠰᠠᠭ ᠵᠠᠬᠢᠷᠭᠠᠨ ᠤ᠋ ᠪᠠᠢᠭᠤᠯᠭ᠎ᠠ ᠳ᠋ᠤ᠌ ᠳᠠᠷᠤᠤ ᠬᠢᠴᠢᠶᠡᠩᠭᠦᠢ ᠪᠡᠷ ᠬᠠᠤᠯᠢ ᠴᠠᠭᠠᠵᠠ ᠶ᠋ᠢᠨ ᠰᠠᠨᠠᠭᠤᠯᠭ᠎ᠠ ᠭᠠᠷᠭᠠᠵᠤ ᠂ ᠵᠠᠷᠭᠤ ᠳ᠋ᠤ᠌ ᠬᠣᠯᠪᠣᠭᠳᠠᠭᠰᠠᠨ ᠵᠠᠬ᠎ᠠ ᠳᠡᠯᠭᠡᠭᠦᠷ ᠦ᠋ᠨ ᠪᠡᠶᠡᠴᠢ ᠴᠣᠭᠴᠠ ᠶ᠋ᠢᠨ ᠬᠠᠤᠯᠢ ᠶᠣᠰᠣᠨ ᠤ᠋ ᠡᠷᠬᠡ ᠠᠰᠢᠭ ᠢ᠋ ᠪᠠᠲᠤᠯᠠᠨ᠎ᠠ᠃ ᠬᠠᠤᠯᠢ ᠪᠠᠷ ᠵᠠᠰᠠᠬᠤ ᠵᠠᠰᠠᠭ ᠤ᠋ᠨ ᠣᠷᠳᠣᠨ ᠤ᠋ ᠪᠠᠢᠭᠤᠯᠤᠯᠲᠠ ᠶ᠋ᠢ ᠢᠳᠡᠪᠬᠢᠲᠡᠢ ᠠᠬᠢᠭᠤᠯᠵᠤ ᠂ ᠵᠠᠰᠠᠭ ᠵᠠᠬᠢᠷᠭᠠᠨ ᠤ᠋ ᠮᠠᠷᠭᠤᠯᠳᠤᠭᠠᠨ ᠢ᠋ ᠵᠠᠭᠠᠯᠳᠤᠬᠤ ᠎ᠠ᠋ᠴᠠ ᠡᠮᠦᠨ᠎ᠡ ᠰᠠᠯᠭᠠᠨ ᠭᠠᠷᠭᠠᠵᠤ ᠡᠮᠬᠢᠯᠡᠬᠦ ᠲᠣᠭᠲᠠᠴᠠ ᠶ᠋ᠢ ᠰᠦᠪᠡᠭᠴᠢᠯᠡᠨ ᠂ ᠵᠠᠰᠠᠭ ᠵᠠᠬᠢᠷᠭᠠᠨ ᠤ᠋ ᠮᠠᠷᠭᠤᠯᠳᠤᠭᠠᠨ ᠢ᠋ ᠡᠬᠢ ᠡᠭᠦᠰᠦᠯ᠎ᠡᠴᠡ ᠨᠢ ᠵᠠᠰᠠᠬᠤ ᠶ᠋ᠢ ᠴᠢᠩᠭᠠᠳᠬᠠᠵᠤ ᠂ ᠵᠠᠰᠠᠭ ᠵᠠᠬᠢᠷᠭᠠᠨ ᠤ᠋ ᠮᠠᠷᠭᠤᠯᠳᠤᠭᠠᠨ ᠤ᠋ ᠵᠠᠷᠭᠤ ᠶ᠋ᠢ ᠵᠠᠷᠭᠤ ᠶ᠋ᠢᠨ ᠪᠤᠰᠤ ᠵᠠᠷᠭᠤᠯᠳᠤᠬᠤ ᠶ᠋ᠢ ᠵᠣᠯᠭᠠᠭᠤᠯᠬᠤ ᠲᠣᠭᠲᠠᠴᠠ ᠶ᠋ᠢ ᠰᠢᠯᠤᠭᠤᠳᠬᠠᠵᠤ ᠂ ᠵᠠᠰᠠᠭ ᠵᠠᠬᠢᠷᠭᠠᠨ ᠤ᠋ ᠪᠠᠢᠭᠤᠯᠭ᠎ᠠ ᠶ᠋ᠢᠨ ᠬᠠᠷᠢᠭᠤᠴᠠᠯᠭᠠᠲᠠᠨ ᠤ᠋ ᠰᠢᠭᠦᠯᠲᠡ ᠳ᠋ᠦ᠍ ᠣᠷᠣᠯᠴᠠᠵᠤ ᠵᠠᠷᠭᠤ ᠬᠦᠯᠢᠶᠡᠬᠦ ᠳᠦᠷᠢᠮ ᠢ᠋ ᠪᠦᠬᠦ ᠲᠠᠯ᠎ᠠ ᠪᠠᠷ ᠨᠠᠢᠳᠠᠪᠤᠷᠢᠵᠢᠭᠤᠯᠤᠨ᠎ᠠ ᠃  ᠭᠤᠷᠪᠠ ᠳ᠋ᠤ᠌ ᠂ ᠲᠢᠩᠬᠢᠮ ᠦ᠋ᠨ ᠳᠣᠲᠣᠷᠠᠬᠢ ᠰᠢᠭᠦᠨ ᠲᠠᠰᠤᠯᠬᠤ ᠠᠵᠢᠯᠲᠠᠨ ᠤ᠋ ᠲᠣᠬᠢᠷᠠᠭᠤᠯᠤᠯᠲᠠ ᠶ᠋ᠢ ᠰᠢᠯᠢᠳᠡᠭᠵᠢᠭᠦᠯᠵᠦ ᠂ ᠠᠵᠢᠯ ᠤ᠋ᠨ ᠪᠠᠢᠷᠢ ᠳ᠋ᠤ᠌ ᠲᠣᠬᠢᠷᠠᠭᠤᠯᠤᠭᠰᠠᠨ ᠢ᠋ ᠨᠢ ᠳᠠᠷᠤᠢᠬᠠᠨ ᠰᠢᠨ᠎ᠡ ᠠᠵᠢᠯ ᠤ᠋ᠨ ᠪᠠᠢᠷᠢ ᠳ᠋ᠤ᠌ ᠲᠣᠬᠢᠷᠠᠭᠤᠯᠤᠨ ᠂ ᠰᠢᠨ᠎ᠡ ᠳᠦᠷᠢ ᠪᠠᠢᠳᠠᠯ ᠳ᠋ᠤ᠌ ᠵᠣᠬᠢᠴᠠᠭᠤᠯᠵᠤ ᠂ ᠡᠯ᠎ᠡ ᠰᠢᠭᠦᠨ ᠲᠠᠰᠤᠯᠬᠤ ᠪᠦᠯᠬᠦᠮ ᠨᠢ ᠰᠢᠭᠦᠭᠴᠢ ᠲᠤᠰᠢᠶᠠᠯᠲᠠᠨ ᠢ᠋ᠶ᠋ᠠᠷ ᠭᠣᠣᠯ ᠪᠣᠯᠭᠠᠨ ᠂ ᠬᠡᠷᠡᠭ ᠳᠠᠷᠠᠭᠠᠯᠠᠨ ᠵᠠᠰᠠᠭ ᠵᠠᠬᠢᠷᠭᠠᠨ ᠤ᠋ ᠠᠵᠢᠯᠯᠠᠭ᠎ᠠ ᠶ᠋ᠢ ᠰᠤᠳᠤᠯᠵᠤ ᠂ ᠵᠠᠰᠠᠭ ᠵᠠᠬᠢᠷᠭᠠᠨ ᠤ᠋ ᠮᠠᠷᠭᠤᠯᠳᠤᠭᠠᠨ ᠤ᠋ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠨ ᠵᠠᠰᠠᠭ ᠵᠠᠬᠢᠷᠭᠠᠨ ᠤ᠋ ᠰᠢᠭᠦᠨ ᠲᠠᠰᠤᠯᠬᠤ ᠰᠢᠨ᠎ᠡ ᠰᠡᠳᠬᠢᠬᠦᠢ ᠵᠢ ᠪᠣᠯᠪᠠᠰᠤᠷᠠᠭᠤᠯᠵᠤ ᠂ ᠵᠠᠰᠠᠭ ᠵᠠᠬᠢᠷᠭᠠᠨ ᠤ᠋ ᠰᠢᠭᠦᠨ ᠲᠠᠰᠤᠯᠤᠯᠲᠠ ᠶ᠋ᠢᠨ ᠲᠥᠷᠥᠯ ᠦ᠋ᠨ ᠬᠡᠷᠡᠭ ᠦ᠋ᠨ ᠵᠢᠯᠣᠭᠣᠳᠤᠮᠵᠢ ᠪᠣᠯᠭᠠᠵᠤ ᠂ ᠬᠠᠨᠳᠤᠯᠭᠠᠲᠤ ᠴᠢᠨᠠᠷᠲᠠᠢ ᠪᠠᠷ ᠳᠣᠣᠷᠠᠲᠤ ᠱᠠᠲᠤ ᠶ᠋ᠢ ᠵᠢᠯᠣᠭᠣᠳᠬᠤ ᠠᠵᠢᠯ ᠢ᠋ᠶ᠋ᠠᠨ ᠥᠷᠨᠢᠭᠦᠯᠵᠦ ᠂ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠵᠠᠰᠠᠭ ᠵᠠᠬᠢᠷᠭᠠᠨ ᠤ᠋ ᠰᠢᠭᠦᠨ ᠲᠠᠰᠤᠯᠬᠤ ᠠᠵᠢᠯ ᠢ᠋ ᠳᠠᠬᠢᠨ ᠰᠢᠨ᠎ᠡ ᠳᠡᠭᠲᠡᠷ ᠲᠦ᠍ ᠭᠠᠷᠭᠠᠬᠤ ᠶ᠋ᠢ ᠲᠦᠯᠬᠢᠨ ᠠᠬᠢᠭᠤᠯᠤᠨ᠎ᠠ ᠃ 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )