ᠭᠦᠢᠴᠡᠳᠬᠡᠬᠦ ᠠᠵᠢᠯ ᠤ᠋ᠨ ᠳᠤᠮᠳᠠ ᠭᠠᠢᠯᠢ ᠳ᠋ᠤ᠌ ᠬᠣᠯᠪᠣᠭᠳᠠᠭᠰᠠᠨ ᠶᠠᠪᠤᠳᠠᠯ ᠢ᠋ ᠰᠢᠢᠳᠪᠦᠷᠢᠯᠡᠬᠦ ᠳ᠋ᠦ᠍ ᠬᠦᠴᠢᠷᠲᠡᠢ ᠠᠰᠠᠭᠤᠳᠠᠯ ᠢ᠋ ᠤᠯᠠᠮ ᠨᠢᠭᠡ ᠠᠯᠬᠤᠮ ᠰᠢᠢᠳᠪᠦᠷᠢᠯᠡᠵᠦ ᠂ ᠭᠠᠢᠯᠢ ᠳ᠋ᠤ᠌ ᠬᠣᠯᠪᠣᠭᠳᠠᠭᠰᠠᠨ ᠵᠣᠬᠢᠴᠠᠭᠤᠯᠬᠤ ᠦᠢᠯᠡ ᠠᠵᠢᠯᠯᠠᠭ᠎ᠠ ᠶ᠋ᠢ ᠰᠠᠭᠠᠳ ᠦᠭᠡᠢ ᠪᠣᠯᠭᠠᠵᠤ ᠂ ᠬᠠᠤᠯᠢᠵᠢᠭᠰᠠᠨ ᠬᠤᠳᠠᠯᠳᠤᠭᠠᠨ ᠤ᠋ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠪᠣᠢ ᠪᠣᠯᠭᠠᠵᠤ ᠂ ᠠᠷᠠᠳ ᠲᠦᠮᠡᠨ ᠦ᠌ ᠬᠠᠨᠤᠮᠵᠢ ᠶ᠋ᠢᠨ ᠬᠡᠮᠵᠢᠶ᠎ᠡ ᠶ᠋ᠢ ᠳᠡᠭᠡᠭᠰᠢᠯᠡᠭᠦᠯᠬᠦ ᠶ᠋ᠢᠨ ᠲᠥᠯᠥᠭᠡ ᠂ 4 ᠰᠠᠷ᠎ᠠ ᠶ᠋ᠢᠨ 19 ᠦ᠌ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠣᠯᠤᠨ ᠬᠣᠲᠠ ᠶ᠋ᠢᠨ ᠭᠠᠢᠯᠢ ᠶ᠋ᠢᠨ ᠶᠠᠪᠤᠳᠠᠯ ᠤ᠋ᠨ ᠲᠣᠪᠴᠢᠶ᠎ᠠ ᠨᠢ ᠬᠠᠤᠯᠢ ᠴᠠᠭᠠᠵᠠ ᠶ᠋ᠢᠨ ᠲᠠᠰᠤᠯᠤᠨ ᠲᠣᠭᠲᠠᠭᠠᠯᠲᠠ ᠶ᠋ᠢᠨ ᠲᠣᠭᠲᠠᠮᠠᠯ ᠬᠥᠷᠥᠩᠭᠡ ᠶ᠋ᠢᠨ ᠥᠷᠢ ᠳ᠋ᠦ᠍ ᠬᠣᠯᠪᠣᠭᠳᠠᠭᠰᠠᠨ ᠭᠠᠢᠯᠢ ᠶ᠋ᠢᠨ ᠠᠰᠠᠭᠤᠳᠠᠯ ᠤ᠋ᠨ ᠲᠤᠬᠠᠢ ᠶᠠᠷᠢᠯᠴᠠᠬᠤ ᠬᠤᠷᠠᠯ ᠬᠢᠵᠡᠢ ᠃ ᠬᠣᠲᠠ ᠶ᠋ᠢᠨ ᠭᠠᠢᠯᠢ ᠶ᠋ᠢᠨ ᠶᠠᠪᠤᠳᠠᠯ ᠤ᠋ᠨ ᠲᠣᠪᠴᠢᠶᠠᠨ ᠤ᠋ ᠳᠡᠳ᠋ ᠳᠠᠷᠤᠭ᠎ᠠ ᠸᠠᠩ ᠱᠢ ᠢ ᠵᠡᠷᠭᠡ 3 ᠬᠥᠮᠦᠨ ᠪᠣᠯᠤᠨ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠭᠦᠢᠴᠡᠳᠬᠡᠬᠦ ᠲᠣᠪᠴᠢᠶᠠᠨ ᠤ᠋ ᠬᠣᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳ᠋ᠤ᠌ ᠣᠷᠣᠯᠴᠠᠵᠠᠢ ᠃
ᠰᠠᠭᠤᠳᠠᠯ ᠤ᠋ᠨ ᠬᠤᠷᠠᠯ ᠳᠡᠭᠡᠷ᠎ᠡ ᠂ ᠬᠣᠲᠠ ᠶ᠋ᠢᠨ ᠭᠠᠢᠯᠢ ᠶ᠋ᠢᠨ ᠶᠠᠪᠤᠳᠠᠯ ᠤ᠋ᠨ ᠲᠣᠪᠴᠢᠶ᠎ᠠ ᠨᠢ ᠭᠦᠢᠴᠡᠳᠬᠡᠬᠦ ᠶᠠᠪᠤᠴᠠ ᠳ᠋ᠤ᠌ ᠲᠣᠭᠲᠠᠮᠠᠯ ᠬᠥᠷᠥᠩᠭᠡ ᠶ᠋ᠢᠨ ᠪᠣᠳᠠᠰ ᠤ᠋ᠨ ᠥᠷᠢ ᠥᠭᠴᠡᠭᠡ ᠲᠤᠯᠤᠭᠰᠠᠨ ᠤ᠋ ᠲᠣᠭᠲᠠᠭᠠᠯᠲᠠ ᠶ᠋ᠢᠨ ᠭᠠᠢᠯᠢ ᠲᠤᠰᠢᠶᠠᠬᠤ ᠵᠢᠴᠢ ᠦᠨᠡᠮᠯᠡᠯ ᠭᠦᠢᠴᠡᠳᠬᠡᠬᠦ ᠠᠰᠠᠭᠤᠳᠠᠯ ᠤ᠋ᠨ ᠲᠤᠬᠠᠢ ᠬᠠᠮᠵᠢᠯᠴᠠᠬᠤ ᠱᠠᠭᠠᠷᠳᠠᠯᠭ᠎ᠠ ᠳᠤᠷᠠᠳᠴᠤ ᠂ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠣᠲᠠ ᠶ᠋ᠢᠨ ᠭᠠᠢᠯᠢ ᠶ᠋ᠢᠨ ᠶᠠᠪᠤᠳᠠᠯ ᠤ᠋ᠨ ᠲᠣᠪᠴᠢᠶ᠎ᠠ ᠲᠠᠢ ᠬᠠᠮᠲᠤ ᠬᠠᠤᠯᠢ ᠶ᠋ᠢᠨ ᠭᠠᠢᠯᠢ ᠭᠦᠢᠴᠡᠳᠬᠡᠬᠦ ᠠᠵᠢᠯ ᠤ᠋ᠨ ᠬᠣᠯᠪᠣᠭᠠᠯᠠᠨ ᠬᠥᠳᠡᠯᠦᠯᠴᠡᠬᠦ ᠲᠣᠭᠲᠠᠴᠠ ᠶ᠋ᠢ ᠪᠠᠶᠠᠯᠢᠭᠵᠢᠭᠤᠯᠬᠤ ᠶ᠋ᠢᠨ ᠲᠥᠯᠥᠭᠡ ᠢᠳᠡᠪᠬᠢᠲᠡᠢ ᠴᠢᠷᠮᠠᠢᠨ᠎ᠠ ᠭᠡᠵᠦ ᠢᠯᠡᠷᠬᠡᠢᠯᠡᠵᠡᠢ ᠃ ᠬᠣᠶᠠᠷ ᠲᠠᠯ᠎ᠠ ᠪᠠᠷ ᠢ᠋ᠶ᠋ᠠᠨ ᠦᠨ᠎ᠡ ᠬᠠᠶᠠᠵᠤ ᠬᠤᠳᠠᠯᠳᠤᠬᠤ ᠮᠠᠢᠮᠠᠢ ᠂ ᠡᠳ᠋ ᠬᠥᠷᠥᠩᠭᠡ ᠪᠡᠷ ᠥᠷᠢ ᠥᠭᠴᠡᠭᠡ ᠶ᠋ᠢ ᠲᠥᠯᠥᠬᠦ ᠪᠡᠷ ᠲᠣᠭᠲᠠᠭᠠᠯᠲᠠ ᠭᠠᠷᠭᠠᠭᠰᠠᠨ ᠵᠢᠴᠢ ᠭᠠᠢᠯᠢ ᠲᠠᠲᠠᠪᠤᠷᠢ ᠲᠠᠢ ᠬᠣᠯᠪᠣᠭᠳᠠᠭᠰᠠᠨ ᠬᠠᠮᠵᠢᠯᠴᠠᠭ᠎ᠠ ᠵᠢᠴᠢ ᠭᠦᠢᠴᠡᠳᠬᠡᠬᠦ ᠳᠤᠮᠳᠠ ᠦᠯᠦ ᠬᠥᠳᠡᠯᠬᠦ ᠬᠥᠷᠥᠩᠭᠡ ᠶ᠋ᠢᠨ ᠲᠣᠭᠲᠠᠭᠰᠠᠨ ᠴᠢᠭᠯᠡᠯᠲᠦ ᠦᠨ᠎ᠡ ᠯᠠᠪᠯᠠᠬᠤ ᠲᠠᠯ᠎ᠠ ᠪᠠᠷ ᠭᠦᠨᠵᠡᠭᠡᠢ ᠰᠤᠳᠤᠯᠤᠨ ᠶᠠᠷᠢᠯᠴᠠᠵᠠᠢ ᠃ ᠬᠠᠮᠵᠢᠯᠴᠠᠭ᠎ᠠ ᠪᠠᠨ ᠴᠢᠩᠭ᠋ᠠᠳᠬᠠᠵᠤ ᠂ ᠭᠠᠢᠯᠢ ᠶ᠋ᠢᠨ ᠶᠠᠪᠤᠳᠠᠯ ᠳ᠋ᠤ᠌ ᠬᠣᠯᠪᠣᠭᠳᠠᠭᠰᠠᠨ ᠶᠠᠪᠤᠳᠠᠯ ᠳ᠋ᠤ᠌ ᠠᠵᠢᠯ ᠤ᠋ᠨ ᠬᠠᠮᠲᠤ ᠶ᠋ᠢᠨ ᠬᠦᠴᠦᠨ ᠢ᠋ ᠪᠦᠷᠢᠯᠳᠦᠭᠦᠯᠵᠦ ᠂ ᠲᠤᠰ ᠲᠤᠰ ᠤ᠋ᠨ ᠠᠵᠢᠯ ᠤ᠋ᠨ ᠡᠭᠦᠷᠭᠡ ᠴᠢᠳᠠᠪᠤᠷᠢ ᠪᠠᠨ ᠪᠠᠳᠠᠷᠠᠭᠤᠯᠬᠤ ᠪᠠᠷ ᠪᠠᠷᠠᠬᠤ ᠦᠭᠡᠢ ᠣᠢᠯᠠᠭᠠᠯᠴᠠᠭ᠎ᠠ ᠬᠠᠮᠵᠢᠯᠴᠠᠭ᠎ᠠ ᠶ᠋ᠢ ᠴᠢᠩᠭ᠋ᠠᠳᠬᠠᠨ ᠂ ᠬᠠᠤᠯᠢ ᠭᠠᠢᠯᠢ ᠶ᠋ᠢᠨ ᠬᠠᠮᠵᠢᠯᠴᠠᠭ᠎ᠠ ᠶ᠋ᠢᠨ ᠠᠵᠢᠯ ᠢ᠋ ᠬᠠᠮᠲᠤᠪᠠᠷ ᠨᠠᠷᠢᠨ ᠨᠢᠮᠪᠠᠢ ᠬᠢᠬᠦ ᠪᠣᠯᠤᠨ᠎ᠠ ᠭᠡᠵᠦ ᠬᠣᠶᠠᠷ ᠲᠠᠯ᠎ᠠ ᠪᠠᠷ ᠢ᠋ᠶ᠋ᠠᠨ ᠢᠯᠡᠷᠬᠡᠢᠯᠡᠵᠡᠢ᠃
ᠳᠠᠷᠠᠭ᠎ᠠ ᠠᠯᠬᠤᠮ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠠᠵᠢᠯ ᠤ᠋ᠨ ᠲᠣᠭᠲᠠᠴᠠ ᠪᠠᠨ ᠤᠯᠠᠮ ᠨᠠᠷᠢᠯᠢᠭ ᠪᠣᠯᠭᠠᠨ ᠂ ᠰᠢᠭᠦᠬᠦ ᠬᠣᠷᠢᠶ᠎ᠠ ᠶ᠋ᠢᠨ ᠭᠦᠢᠴᠡᠳᠬᠡᠬᠦ ᠪᠣᠯᠤᠨ ᠭᠠᠢᠯᠢ ᠲᠠᠲᠠᠪᠤᠷᠢᠯᠠᠬᠤ᠂ ᠬᠠᠮᠢᠶᠠᠷᠬᠤ ᠬᠣᠭᠣᠷᠣᠨᠳᠣᠬᠢ ᠰᠠᠢᠨ ᠰᠠᠢᠬᠠᠨ ᠬᠠᠷᠢᠯᠴᠠᠭ᠎ᠠ ᠪᠠᠨ ᠴᠢᠩᠭᠠᠳᠬᠠᠵᠤ ᠂ ᠭᠠᠢᠯᠢ ᠲᠤᠰᠢᠶᠠᠬᠤ ᠂ ᠬᠠᠤᠯᠢ ᠬᠡᠷᠡᠭᠵᠢᠭᠦᠯᠬᠦ ᠨᠢ 《 ᠭᠠᠭᠴᠠ ᠬᠥᠮᠦᠨ ᠦ᠌ ᠲᠣᠭᠯᠠᠭᠠᠮ 》 ᠠ᠋ᠴᠠ 《 ᠲᠣᠮᠣ ᠨᠠᠢᠷᠠᠯ ᠳᠠᠭᠤᠤ 》 ᠪᠣᠯᠬᠤ ᠬᠤᠪᠢᠷᠠᠯᠲᠠ ᠶ᠋ᠢ ᠴᠢᠷᠮᠠᠢᠨ ᠪᠡᠶᠡᠯᠡᠭᠦᠯᠵᠦ ᠂ ᠠᠷᠠᠯᠵᠢᠶ᠎ᠠ ᠬᠤᠳᠠᠯᠳᠤᠭᠠᠨ ᠤ᠋ ᠣᠷᠴᠢᠨ ᠲᠣᠭᠣᠷᠢᠨ ᠢ᠋ᠶ᠋ᠠᠨ ᠦᠷᠭᠦᠯᠵᠢᠯᠡᠨ ᠰᠢᠯᠢᠳᠡᠭᠵᠢᠭᠦᠯᠬᠦ ᠂ ᠠᠷᠠᠳ ᠲᠦᠮᠡᠨ ᠦ᠌ ᠬᠠᠨᠤᠮᠵᠢ ᠶ᠋ᠢᠨ ᠬᠡᠮᠵᠢᠶ᠎ᠡ ᠶ᠋ᠢ ᠦᠷᠭᠦᠯᠵᠢᠯᠡᠨ ᠳᠡᠭᠡᠭᠰᠢᠯᠡᠭᠦᠯᠦᠨ᠎ᠡ ᠭᠡᠰᠡᠨ ᠪᠠᠢᠨ᠎ᠠ᠃
ᠦᠨᠡᠯᠡᠬᠦ 0ᠦᠨᠡᠯᠡᠯᠲᠡ᠎ᠲᠠᠢ