ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠵᠢᠨ ᠫᠢᠩ ᠦᠨ ᠦᠨᠳᠦᠰᠦᠲᠡᠨ ᠦ᠌ ᠠᠵᠢᠯ ᠢ᠋ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶ᠋ᠢ ᠭᠦᠨᠵᠡᠭᠡᠢ ᠲᠤᠤᠱᠯᠠᠭᠤᠯᠵᠤ ᠂ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠠᠲᠤ ᠴᠣᠭᠴᠠᠯᠠᠬᠤ ᠪᠠᠷ ᠭᠣᠣᠯ ᠰᠢᠵᠢᠮ ᠪᠣᠯᠭᠠᠵᠤ ᠂《ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》 ᠢ᠋ ᠪᠦᠬᠦ ᠲᠠᠯ᠎ᠠ ᠪᠠᠷ ᠪᠦᠲᠦᠭᠡᠨ ᠪᠠᠢᠭᠤᠯᠬᠤ ᠠᠵᠢᠯ ᠤ᠋ᠨ ᠱᠠᠭᠠᠷᠳᠠᠯᠭ᠎ᠠ ᠶ᠋ᠢ ᠨᠠᠢᠳᠠᠪᠤᠷᠢᠵᠢᠭᠤᠯᠬᠤ ᠶ᠋ᠢᠨ ᠲᠥᠯᠥᠭᠡ ᠂ 5 ᠰᠠᠷ᠎ᠠ ᠶ᠋ᠢᠨ 15 ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠣᠨᠣᠯ ᠰᠤᠷᠤᠯᠴᠠᠬᠤ ᠭᠣᠣᠯ ᠳᠤᠭᠤᠢᠯᠠᠩ ᠨᠢ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠠᠲᠤ ᠴᠣᠭᠴᠠᠯᠠᠬᠤ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠢ᠋ ᠬᠤᠷᠠᠯᠳᠤᠭᠤᠯᠪᠠ᠃ ᠲᠤᠰ ᠤᠳᠠᠭᠠᠨ ᠤ᠋ ᠬᠤᠷᠠᠯ ᠢ᠋ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠳᠤᠭᠤᠢᠯᠠᠩ ᠤ᠋ᠨ ᠱᠦᠵᠢ ᠂ᠬᠣᠷᠢᠶᠠᠨ ᠳᠠᠷᠤᠭ᠎ᠠ ᠰᠦ᠍ ᠯᠢ ᠵᠢᠶᠦ᠋ᠨ ᠨᠥᠬᠥᠷ ᠡᠴᠡ ᠡᠷᠬᠢᠯᠡᠵᠦ ᠂ ᠪᠦᠬᠦ ᠨᠠᠮ ᠤᠨ ᠳᠤᠭᠤᠢᠯᠠᠩ ᠤ᠋ᠨ ᠭᠡᠰᠢᠭᠦᠳ ᠬᠤᠷᠠᠯ ᠳ᠋ᠤ᠌ ᠣᠷᠣᠯᠴᠠᠪᠠ ᠃
ᠬᠤᠷᠠᠯ ᠳᠡᠭᠡᠷ᠎ᠡ ᠂ ᠶᠡᠷᠦᠩᠬᠡᠢ ᠱᠦᠵᠢ ᠰᠢ ᠵᠢᠨ ᠫᠢᠩ ᠤᠨ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ ᠪᠠ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠦᠨᠳᠦᠰᠦᠲᠡᠨ ᠦ᠌ ᠪᠦᠯᠬᠦᠮᠳᠡᠯ ᠳᠠᠪᠰᠢᠯᠲᠡ ᠶᠢ᠋ ᠠᠬᠢᠭᠤᠯᠬᠤ ᠳᠦᠷᠢᠮ》 ᠵᠡᠷᠭᠡ ᠠᠭᠤᠯᠭ᠎ᠠ ᠶ᠋ᠢ ᠲᠥᠪᠯᠡᠷᠡᠭᠦᠯᠦᠨ ᠰᠤᠷᠤᠯᠴᠠᠵᠠᠢ ᠃
ᠬᠤᠷᠠᠯ ᠳ᠋ᠤ᠌ ᠂ ᠶᠡᠷᠦᠩᠬᠡᠢ ᠱᠦᠵᠢ ᠰᠢ ᠵᠢᠨ ᠫᠢᠩ ᠤᠨ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠦᠵᠡᠯ ᠤᠬᠠᠮᠰᠠᠷ ᠢ᠋ ᠪᠠᠲᠤᠳᠬᠠᠬᠤ ᠲᠤᠬᠠᠢ ᠨᠠᠷᠢᠨ ᠣᠨᠣᠪᠴᠢᠲᠠᠢ ᠥᠭᠦᠯᠡᠯᠲᠡ ᠪᠠ ᠰᠢᠨᠵᠢᠯᠡᠬᠦ ᠤᠬᠠᠭᠠᠨᠴᠢ ᠨᠤᠲᠠᠯᠠᠯᠲᠠ ᠨᠢ ᠰᠢᠨ᠎ᠡ ᠴᠠᠭ ᠦᠶ᠎ᠡ ᠶ᠋ᠢᠨ ᠨᠠᠮ ᠤ᠋ᠨ ᠦᠨᠳᠦᠰᠦᠲᠡᠨ ᠤ ᠲᠤᠬᠠᠢ ᠠᠵᠢᠯ ᠢ᠋ ᠰᠠᠢᠲᠤᠷ ᠬᠢᠬᠦ ᠳ᠋ᠦ᠍ ᠰᠢᠨᠵᠢᠯᠡᠬᠦ ᠤᠬᠠᠭᠠᠨᠴᠢ ᠴᠢᠭᠯᠡᠯ ᠢ᠋ ᠬᠠᠩᠭᠠᠭᠰᠠᠨ ᠶᠤᠮ᠃ ᠡᠢᠨ ᠬᠦ᠌ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠦᠵᠡᠯ ᠤᠬᠠᠮᠰᠠᠷ ᠢ᠋ ᠪᠠᠲᠤ ᠴᠣᠭᠴᠠᠯᠠᠬᠤ ᠪᠠᠷ ᠭᠣᠣᠯ ᠱᠤᠭᠤᠮ ᠢ᠋ᠶ᠋ᠠᠨ ᠪᠣᠯᠭᠠᠵᠤ᠂《ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》 ᠢ᠋ ᠪᠦᠬᠦ ᠲᠠᠯ᠎ᠠ ᠪᠠᠷ ᠪᠦᠲᠦᠭᠡᠨ ᠪᠠᠢᠭᠤᠯᠬᠤ ᠶ᠋ᠢᠨ ᠴᠢᠬᠤᠯᠠ ᠠᠴᠢ ᠬᠣᠯᠪᠣᠭᠳᠠᠯ ᠢ᠋ ᠭᠦᠢᠴᠡᠳ ᠲᠠᠨᠢᠵᠤ ᠂ ᠦᠨᠳᠦᠰᠦᠲᠡᠨ ᠦ᠌ ᠪᠦᠯᠬᠦᠮᠳᠡᠯ ᠲᠠᠪᠰᠢᠯᠲᠠ ᠶ᠋ᠢᠨ ᠪᠣᠳᠠᠲᠠᠢ ᠠᠵᠢᠯ ᠤ᠋ᠨ ᠦᠷ᠎ᠡ ᠪᠦᠲᠦᠮᠵᠢ ᠶ᠋ᠢ ᠠᠬᠢᠭᠤᠯᠵᠤ ᠂ 《 ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》 ᠤ᠋ ᠢᠷᠠᠭᠤ ᠠᠯᠳᠠᠷ ᠢ᠋ ᠦᠨᠡᠨᠬᠦ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ ᠡᠴᠡ ᠱᠠᠭᠠᠷᠳᠠᠭᠰᠠᠨ ᠨᠢ ᠂ ᠨᠢᠭᠡ ᠳ᠋ᠦ᠍ ᠦᠨᠳᠦᠰᠦᠲᠡᠨ ᠦ᠌ ᠠᠵᠢᠯ ᠢ᠋ ᠴᠢᠩᠭ᠋ᠠᠳᠬᠠᠨ ᠰᠠᠢᠵᠢᠷᠠᠭᠤᠯᠬᠤ ᠲᠤᠬᠠᠢ ᠶᠡᠷᠦᠩᠬᠡᠢ ᠱᠦᠵᠢ ᠰᠢ ᠵᠢᠨ ᠫᠢᠩ ᠦᠨ ᠴᠢᠬᠤᠯᠠ ᠥᠭᠦᠯᠡᠯᠲᠡ ᠶ᠋ᠢ ᠦᠷᠭᠦᠯᠵᠢᠯᠡᠨ ᠰᠤᠷᠤᠯᠴᠠᠵᠤ ᠂ ᠦᠨᠳᠦᠰᠦᠲᠡᠨ ᠦ᠌ ᠠᠵᠢᠯ ᠤ᠋ᠨ ᠪᠠᠷᠠᠯᠠᠯᠲᠤ ᠴᠢᠨᠠᠷ ᠂ ᠪᠠᠢᠯᠳᠤᠬᠤ ᠪᠣᠳᠤᠯᠭᠠᠲᠤ ᠴᠢᠨᠠᠷ ᠪᠠ ᠰᠢᠨ᠎ᠡ ᠶ᠋ᠢ ᠡᠭᠦᠳᠬᠦ ᠴᠢᠨᠠᠷ ᠢ᠋ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠦᠨᠳᠦᠰᠦᠲᠡᠨ ᠦ᠌ ᠠᠵᠢᠯ ᠤ᠋ᠨ ᠲᠤᠬᠠᠢ ᠨᠠᠮ ᠤ᠋ᠨ ᠤᠳᠤᠷᠢᠳᠤᠯᠭ᠎ᠠ ᠶ᠋ᠢ ᠢᠮᠠᠭᠲᠠ ᠪᠠᠷᠢᠮᠲᠠᠯᠠᠨ ᠂ ᠦᠨᠳᠦᠰᠦᠲᠡᠨ ᠦ᠌ ᠠᠰᠠᠭᠤᠳᠠᠯ ᠢ᠋ ᠰᠢᠢᠳᠪᠦᠷᠢᠯᠡᠬᠦ ᠳᠤᠮᠳᠠᠳᠤ ᠤᠯᠤᠰ ᠤ᠋ᠨ ᠣᠨᠴᠠᠯᠢᠭ ᠪᠦᠬᠦᠢ ᠵᠥᠪ ᠵᠠᠮ ᠢ᠋ᠶ᠋ᠠᠷ ᠭᠤᠢᠪᠢᠰᠢ ᠦᠭᠡᠢ ᠵᠠᠮᠨᠠᠵᠤ ᠂ ᠦᠨᠳᠦᠰᠦᠲᠡᠨ ᠦ᠌ ᠪᠦᠯᠬᠦᠮᠳᠡᠯ ᠳᠡᠪᠰᠢᠯᠲᠡ ᠶ᠋ᠢᠨ ᠦᠢᠯᠡᠰ ᠦᠨ ᠢᠮᠠᠭᠲᠠ ᠵᠥᠪ ᠵᠠᠮ ᠢ᠋ᠶ᠋ᠠᠷ ᠤᠷᠤᠭᠰᠢᠯᠠᠬᠤ ᠶ᠋ᠢ ᠦᠨᠡᠨ ᠬᠦ᠌ ᠪᠠᠲᠤᠯᠠᠬᠤ ᠬᠡᠷᠡᠭᠲᠡᠢ ᠃ ᠬᠣᠶᠠᠷ ᠲᠤ᠌ ᠦᠨᠳᠦᠰᠦᠲᠡᠨ ᠦ᠌ ᠪᠦᠯᠬᠦᠮᠳᠡᠯ ᠲᠠᠪᠰᠢᠯᠲᠠ ᠶ᠋ᠢᠨ ᠤᠬᠠᠭᠤᠯᠭ᠎ᠠ ᠬᠥᠮᠦᠵᠢᠯ ᠢ᠋ ᠪᠦᠬᠦ ᠲᠠᠯ᠎ᠠ ᠪᠠᠷ ᠴᠢᠩᠭᠠᠳᠬᠠᠵᠤ ᠂ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠠᠲᠤ ᠴᠣᠭᠴᠠᠯᠠᠬᠤ ᠶᠠᠪᠤᠳᠠᠯ ᠢ᠋ ᠨᠠᠮ ᠤ᠋ᠨ ᠭᠡᠰᠢᠭᠦᠨ ᠺᠠᠲ᠋ᠷ ᠴᠠᠭᠳᠠᠭ᠎ᠠ ᠨᠠᠷ ᠤᠨ ᠬᠦᠮᠦᠵᠢᠯ ᠤᠨ ᠴᠢᠬᠤᠯᠠ ᠠᠭᠤᠯᠭ᠎ᠠ ᠪᠠᠨ ᠪᠣᠯᠭᠠᠵᠤ ᠂ ᠨᠠᠮ ᠤ᠋ᠨ ᠭᠡᠰᠢᠭᠦᠨ ᠺᠠᠲ᠋ᠷ ᠴᠠᠭᠳᠠᠭ᠎ᠠ ᠨᠠᠮ ᠤ᠋ᠨ ᠦᠨᠳᠦᠰᠦᠲᠡᠨ ᠦ᠌ ᠲᠥᠷᠥ ᠶ᠋ᠢᠨ ᠪᠣᠳᠣᠯᠭ᠎ᠠ ᠂ ᠦᠨᠳᠦᠰᠦᠲᠡᠨ ᠦ᠌ ᠬᠠᠤᠯᠢ ᠴᠠᠭᠠᠵᠠ ᠬᠠᠤᠯᠢ ᠲᠣᠭᠲᠠᠭᠠᠯ ᠢ᠋ ᠵᠥᠪ ᠢ᠋ᠶ᠋ᠡᠷ ᠲᠤᠤᠱᠯᠠᠭᠤᠯᠤᠨ ᠬᠡᠷᠡᠭᠵᠢᠭᠦᠯᠬᠦ ᠦᠵᠡᠯ ᠰᠠᠨᠠᠭᠠᠨ ᠤ᠋ ᠰᠠᠭᠤᠷᠢ ᠶ᠋ᠢ ᠪᠠᠲᠤ ᠲᠠᠯᠪᠢᠵᠤ ᠂ ᠦᠨᠳᠦᠰᠦᠲᠡᠨ ᠦ᠌ ᠪᠦᠯᠬᠦᠮᠳᠡᠯ ᠦᠨ ᠭᠣᠣᠯ ᠱᠤᠭᠤᠮ ᠢ᠋ ᠰᠠᠢᠲᠤᠷ ᠰᠠᠬᠢᠬᠤ ᠬᠡᠷᠡᠭᠲᠡᠢ ᠃ ᠭᠤᠷᠪᠠ ᠳ᠋ᠤ᠌ ᠂ ᠨᠢᠭᠡ ᠥᠷᠲᠡᠭᠡ ᠮᠠᠶ᠋ᠢᠬ ᠤ᠋ᠨ ᠣᠯᠠᠨ ᠡᠰᠢᠲᠦ ᠵᠢᠭᠤᠷᠠᠯᠳᠤᠭᠠᠨ ᠢ᠋ ᠰᠢᠢᠳᠪᠦᠷᠢᠯᠡᠬᠦ ᠪᠠ ᠵᠠᠷᠭᠤ ᠶ᠋ᠢᠨ ᠦᠢᠯᠡᠴᠢᠯᠡᠭᠡᠨ ᠦ᠌ ᠰᠢᠰᠲ᠋ᠧᠮ ᠢ᠋ ᠪᠦᠷᠢᠨᠰᠢᠭᠦᠯᠦᠨ ᠲᠡᠭᠦᠯᠳᠡᠷᠵᠢᠭᠦᠯᠵᠦ ᠂ ᠬᠣᠣᠰ ᠬᠡᠯᠡᠨ ᠦ᠌ ᠰᠢᠭᠦᠨ ᠲᠠᠰᠤᠯᠤᠯᠲᠠ ᠪᠠ ᠬᠣᠣᠰ ᠬᠡᠯᠡᠨ ᠦ᠌ ᠬᠠᠤᠯᠢ ᠶ᠋ᠢᠨ ᠲᠤᠰᠢᠶᠠᠯᠲᠠᠨ ᠢ᠋ ᠬᠥᠮᠦᠵᠢᠭᠦᠯᠬᠦ ᠶ᠋ᠢ ᠬᠦᠴᠦᠲᠡᠢ ᠴᠢᠩᠭᠠᠳᠬᠠᠵᠤ ᠂ ᠬᠣᠣᠰ ᠬᠡᠯᠡᠨ ᠦ᠌ ᠵᠠᠷᠭᠤ ᠶ᠋ᠢᠨ ᠬᠡᠷᠡᠭ ᠂ ᠭᠦᠢᠴᠡᠳᠬᠡᠬᠦ ᠬᠡᠷᠡᠭ ᠢ᠋ ᠪᠦᠬᠦ ᠬᠦᠴᠦᠨ ᠢ᠋ᠶ᠋ᠡᠷ ᠢ᠋ᠶ᠋ᠡᠨ ᠰᠠᠢᠲᠤᠷ ᠬᠢᠵᠦ ᠂ ᠰᠢᠭᠦᠭᠴᠢ ᠲᠤᠰᠢᠶᠠᠯᠲᠠᠨ ᠤ᠋ ᠦᠨᠳᠦᠰᠦᠨ ᠱᠠᠲᠤᠨ ᠳ᠋ᠤ᠌ ᠪᠠᠭᠤᠬᠤ ᠂ ᠨᠡᠢᠭᠡᠮ ᠲᠣᠭᠣᠷᠢᠭ ᠲᠤ᠌ ᠣᠷᠣᠬᠤ ᠶ᠋ᠢ ᠦᠷᠭᠦᠯᠵᠢᠯᠡᠨ ᠠᠬᠢᠭᠤᠯᠵᠤ ᠂ ᠡᠯ᠎ᠡ ᠦᠨᠳᠦᠰᠦᠲᠡᠨ ᠦ᠌ ᠣᠯᠠᠨ ᠲᠦᠮᠡᠨ ᠦ᠌ ᠬᠦᠴᠢᠷ ᠵᠣᠪᠠᠨᠢᠯ ᠲᠠᠢ ᠪᠣᠳᠠᠲᠠᠢ ᠠᠰᠠᠭᠤᠳᠠᠯ ᠢ᠋ ᠰᠢᠢᠳᠪᠦᠷᠢᠯᠡᠨ ᠂ ᠥᠨᠳᠥᠷ ᠴᠢᠨᠠᠷ ᠴᠢᠨᠰᠠᠭ᠎ᠠ ᠪᠠᠷ ᠵᠠᠷᠭᠤ ᠶ᠋ᠢᠨ ᠡᠬᠢ ᠡᠭᠦᠰᠦᠯ ᠦᠨ ᠵᠠᠰᠠᠯᠲᠠ ᠶ᠋ᠢ ᠠᠬᠢᠭᠤᠯᠵᠤ ᠂ ᠣᠯᠠᠨ ᠲᠦᠮᠡᠨ ᠳ᠋ᠦ᠍ ᠰᠢᠯᠢᠳᠡᠭ ᠪᠥᠭᠡᠳ ᠦᠷ᠎ᠡ ᠠᠰᠢᠭ ᠲᠠᠢ ᠬᠠᠤᠯᠢ ᠴᠠᠭᠠᠵᠠ ᠶ᠋ᠢᠨ ᠦᠢᠯᠡᠴᠢᠯᠡᠭᠡ ᠶ᠋ᠢ ᠬᠠᠩᠭᠠᠬᠤ ᠪᠠᠷ ᠴᠢᠷᠮᠠᠢᠨ᠎ᠠ᠃
ᠦᠨᠡᠯᠡᠬᠦ 0ᠦᠨᠡᠯᠡᠯᠲᠡ᠎ᠲᠠᠢ