〔ᠠᠵᠢᠯ ᠤ᠋ᠨ ᠪᠠᠢᠳᠠᠯ 〕ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶ᠎ᠠ ᠲᠠᠢ ᠵᠠᠰᠠᠭ ᠵᠠᠬᠢᠷᠭᠠᠨ ᠤ᠋ ᠰᠢᠭᠦᠨ ᠲᠠᠰᠤᠯᠬᠤ ᠠᠵᠢᠯ ᠤ᠋ᠨ ᠰᠠᠭᠤᠳᠠᠯ ᠤ᠋ᠨ ᠬᠤᠷᠠᠯ ᠬᠢᠪᠡ
2023.05.22 ᠲᠣᠰ ᠥᠷᠲᠡᠭᠡᠨ᠎ᠦ ᠨᠠᠢᠷᠠᠭᠤᠯᠤᠭᠴᠢ

    ᠵᠠᠰᠠᠭ ᠵᠠᠬᠢᠷᠭᠠᠨ ᠤ᠋ ᠰᠢᠭᠦᠨ ᠲᠠᠰᠤᠯᠤᠯᠲᠠ ᠶ᠋ᠢᠨ ᠠᠵᠢᠯ ᠢ᠋ ᠤᠯᠠᠮ ᠨᠢᠭᠡ ᠠᠯᠬᠤᠮ ᠱᠠᠯᠠᠪᠳᠠᠨ ᠬᠡᠷᠡᠭᠵᠢᠭᠦᠯᠵᠦ ᠂ ᠵᠠᠰᠠᠭ ᠵᠠᠬᠢᠷᠭᠠᠨ ᠤ᠋ ᠰᠢᠭᠦᠨ ᠲᠠᠰᠤᠯᠤᠯᠲᠠ ᠶ᠋ᠢᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶ᠋ᠢ ᠳᠡᠭᠡᠭᠰᠢᠯᠡᠭᠦᠯᠬᠦ ᠶ᠋ᠢᠨ ᠲᠥᠯᠥᠭᠡ ᠂ ᠣᠢᠷ᠎ᠠ ᠶ᠋ᠢᠨ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠵᠠᠰᠠᠭ ᠵᠠᠬᠢᠷᠭᠠᠨ ᠤ᠋ ᠰᠢᠭᠦᠨ ᠲᠠᠰᠤᠯᠬᠤ ᠲᠢᠩᠬᠢᠮ ᠪᠣᠯᠤᠨ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶ᠎ᠠ ᠵᠠᠰᠠᠭ ᠵᠠᠬᠢᠷᠭᠠᠨ ᠤ᠋ ᠰᠢᠭᠦᠨ ᠲᠠᠰᠤᠯᠬᠤ ᠠᠵᠢᠯ ᠤ᠋ᠨ ᠶᠠᠷᠢᠯᠴᠠᠬᠤ ᠬᠤᠷᠠᠯ ᠬᠢᠪᠡ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠵᠠᠰᠠᠭ ᠵᠠᠬᠢᠷᠭᠠᠨ ᠤ᠋ ᠰᠢᠭᠦᠨ ᠲᠠᠰᠤᠯᠬᠤ ᠲᠢᠩᠬᠢᠮ ᠦ᠋ᠨ ᠣᠷᠣᠨ ᠲᠣᠭᠠᠨ ᠤ᠋ ᠰᠢᠭᠦᠭᠴᠢ ᠂ ᠰᠢᠭᠦᠭᠴᠢ ᠶ᠋ᠢᠨ ᠲᠤᠰᠠᠯᠠᠭᠴᠢ ᠵᠢᠴᠢ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶᠠᠨ ᠤ᠋ ᠬᠤᠪᠢᠲᠠᠨ ᠬᠠᠮᠢᠶᠠᠷᠴᠤ ᠪᠠᠢᠭ᠎ᠠ ᠬᠣᠷᠢᠶ᠎ᠠ ᠶ᠋ᠢᠨ ᠤᠳᠤᠷᠢᠳᠤᠯᠭ᠎ᠠ ᠂ ᠵᠠᠰᠠᠭ ᠵᠠᠬᠢᠷᠭᠠᠨ ᠤ᠋ ᠰᠢᠭᠦᠨ ᠲᠠᠰᠤᠯᠬᠤ ᠪᠦᠯᠬᠦᠮ ᠬᠤᠷᠠᠯ ᠳ᠋ᠤ᠌ ᠣᠷᠣᠯᠴᠠᠭᠰᠠᠨ ᠪᠠᠢᠨ᠎ᠠ ᠃

 

 

    ᠬᠤᠷᠠᠯ ᠳ᠋ᠤ᠌ ᠣᠷᠣᠯᠴᠠᠭᠰᠠᠳ ᠵᠠᠰᠠᠭ ᠵᠠᠬᠢᠷᠭᠠᠨ ᠤ᠋ ᠰᠢᠭᠦᠨ ᠲᠠᠰᠤᠯᠤᠯᠲᠠ ᠶ᠋ᠢᠨ ᠪᠣᠳᠠᠲᠤ ᠪᠠᠢᠳᠠᠯ ᠳ᠋ᠤ᠌ ᠰᠠᠭᠤᠷᠢᠯᠠᠨ ᠂ ᠬᠠᠤᠯᠢ ᠶ᠋ᠢ ᠵᠥᠷᠢᠴᠡᠭᠰᠡᠨ ᠪᠠᠷᠢᠯᠭ᠎ᠠ ᠶ᠋ᠢᠨ ᠠᠯᠪᠠᠳᠠᠯᠭ᠎ᠠ ᠪᠠᠷ ᠨᠤᠷᠠᠭᠠᠬᠤ ᠬᠡᠷᠡᠭ ᠦ᠋ᠨ ᠳᠤᠮᠳᠠ᠂ ᠵᠠᠰᠠᠭ ᠵᠠᠬᠢᠷᠭᠠᠨ ᠤ᠋ ᠪᠠᠢᠭᠤᠯᠭ᠎ᠠ ᠶ᠋ᠢᠨ ᠠᠯᠪᠠᠲᠠᠨ ᠭᠦᠢᠴᠡᠳᠬᠡᠬᠦ ᠡᠷᠬᠡ ᠂ ᠵᠠᠰᠠᠭ ᠵᠠᠬᠢᠷᠭᠠᠨ ᠤ᠋ ᠳᠠᠩᠰᠠᠯᠠᠯᠲᠠ ᠶ᠋ᠢᠨ ᠬᠡᠷᠡᠭ ᠢ᠋ ᠨᠢᠴᠤᠭᠠᠬᠤ ᠬᠢᠨᠠᠨ ᠪᠠᠢᠴᠠᠭᠠᠯᠲᠠ ᠶ᠋ᠢᠨ ᠠᠰᠠᠭᠤᠳᠠᠯ ᠂ ᠵᠠᠰᠠᠭ ᠵᠠᠬᠢᠷᠭᠠᠨ ᠤ᠋ ᠰᠢᠳᠬᠡᠯ ᠦ᠋ᠨ ᠬᠡᠷᠡᠭ ᠢ᠋ ᠰᠢᠭᠦᠬᠦ ᠠᠰᠠᠭᠤᠳᠠᠯ ᠵᠡᠷᠭᠡ ᠬᠠᠮᠲᠤ ᠶ᠋ᠢᠨ ᠲᠠᠨᠢᠯᠲᠠ ᠶ᠋ᠢ ᠪᠦᠷᠢᠯᠳᠦᠭᠦᠯᠵᠦ ᠂ ᠤᠯᠠᠮ ᠨᠢᠭᠡ ᠠᠯᠬᠤᠮ ᠲᠠᠰᠤᠯᠤᠨ ᠲᠣᠭᠲᠠᠭᠠᠬᠤ ᠣᠢᠯᠠᠭᠠᠭᠳᠠᠬᠤᠨ ᠢ᠋ ᠨᠢᠭᠡᠳᠬᠡᠪᠡ ᠃
    ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶ᠎ᠠ ᠶ᠋ᠢᠨ ᠵᠠᠰᠠᠭ ᠵᠠᠬᠢᠷᠭᠠᠨ ᠤ᠋ ᠬᠡᠷᠡᠭ ᠦ᠋ᠨ ᠬᠥᠭᠵᠢᠯᠲᠡ ᠥᠭᠡᠷᠡᠴᠢᠯᠡᠯᠲᠡ ᠶ᠋ᠢᠨ ᠲᠣᠭ᠎ᠠ ᠬᠡᠮᠵᠢᠶ᠎ᠡ ᠶ᠋ᠢ ᠢᠯᠡᠳᠲᠡ ᠪᠠᠭᠤᠷᠠᠭᠤᠯᠵᠤ ᠂ ᠵᠠᠰᠠᠭ ᠵᠠᠬᠢᠷᠭᠠᠨ ᠤ᠋ ᠬᠡᠷᠡᠭ ᠦ᠋ᠨ ᠰᠢᠭᠦᠯᠲᠡ ᠶ᠋ᠢᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶ᠋ᠢ ᠢᠯᠡᠳᠲᠡ ᠳᠡᠭᠡᠭᠰᠢᠯᠡᠭᠦᠯᠦᠭᠰᠡᠨ ᠢ᠋ ᠨᠤᠲᠠᠯᠠᠵᠤ ᠂ ᠵᠠᠰᠠᠭ ᠵᠠᠬᠢᠷᠭᠠᠨ ᠤ᠋ ᠰᠢᠭᠦᠨ ᠲᠠᠰᠤᠯᠬᠤ ᠠᠵᠢᠯ ᠵᠢᠴᠢ ᠵᠠᠰᠠᠭ ᠵᠠᠬᠢᠷᠭᠠᠨ ᠤ᠋ ᠬᠡᠷᠡᠭ ᠢ᠋ ᠰᠢᠭᠦᠬᠦ ᠶᠠᠪᠤᠴᠠ ᠳ᠋ᠤ᠌ ᠠᠩᠬᠠᠷᠬᠤ ᠴᠢᠬᠤᠯᠠᠲᠠᠢ ᠠᠰᠠᠭᠤᠳᠠᠯ ᠳ᠋ᠤ᠌ ᠵᠢᠯᠣᠭᠣᠳᠤᠯᠭ᠎ᠠ ᠬᠢᠵᠡᠢ ᠃
    ᠬᠤᠷᠠᠯ᠎ᠠ᠋ᠴᠠ ᠴᠢᠬᠤᠯᠠᠴᠢᠯᠠᠭᠰᠠᠨ ᠨᠢ ᠂ ᠨᠢᠭᠡ ᠳ᠋ᠦ᠍ ᠲᠠᠨᠢᠯᠲᠠ ᠪᠠᠨ ᠤᠯᠠᠮ ᠴᠢᠨᠠᠭᠰᠢᠳᠠ ᠭᠦᠨᠵᠡᠭᠡᠢᠷᠡᠭᠦᠯᠵᠦ ᠂ ᠵᠠᠰᠠᠭ ᠵᠠᠬᠢᠷᠭᠠᠨ ᠤ᠋ ᠰᠢᠭᠦᠨ ᠲᠠᠰᠤᠯᠬᠤ ᠠᠵᠢᠯ ᠤ᠋ᠨ ᠰᠢᠨ᠎ᠡ ᠪᠠᠢᠳᠠᠯ ᠢ᠋ ᠣᠨᠣᠪᠴᠢᠲᠠᠢ ᠡᠵᠡᠮᠳᠡᠨ ᠂ ᠵᠠᠰᠠᠭ ᠵᠠᠬᠢᠷᠭᠠᠨ ᠤ᠋ ᠰᠢᠭᠦᠨ ᠲᠠᠰᠤᠯᠬᠤ ᠠᠵᠢᠯ ᠤ᠋ᠨ ᠰᠢᠨᠵᠢᠯᠡᠬᠦ ᠤᠬᠠᠭᠠᠨᠴᠢ ᠣᠢᠯᠠᠭᠠᠭᠳᠠᠬᠤᠨ ᠢ᠋ ᠪᠣᠢ ᠪᠣᠯᠭᠠᠵᠤ ᠂ ᠵᠠᠰᠠᠭ ᠵᠠᠬᠢᠷᠭᠠᠨ ᠤ᠋ ᠰᠢᠭᠦᠨ ᠲᠠᠰᠤᠯᠤᠯᠲᠠ ᠶ᠋ᠢᠨ ᠳᠤᠮᠳᠠ ᠣᠷᠣᠰᠢᠵᠤ ᠪᠠᠢᠭ᠎ᠠ ᠳᠣᠪᠣᠢᠮ᠎ᠠ ᠠᠰᠠᠭᠤᠳᠠᠯ ᠢ᠋ ᠬᠦᠴᠦᠯᠡᠨ ᠰᠢᠢᠳᠪᠦᠷᠢᠯᠡᠭᠦᠯᠬᠦ ᠪᠡᠷ ᠪᠠᠷᠠᠬᠤ ᠦᠭᠡᠢ ᠵᠠᠰᠠᠭ ᠵᠠᠬᠢᠷᠭᠠᠨ ᠤ᠋ ᠰᠢᠭᠦᠨ ᠲᠠᠰᠤᠯᠬᠤ ᠠᠵᠢᠯ ᠤ᠋ᠨ ᠬᠢᠷᠢ ᠲᠦᠪᠰᠢᠨ ᠢ᠋ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ  ; ᠬᠣᠶᠠᠷ ᠲᠤ᠌ ᠂ ᠤᠬᠠᠮᠰᠠᠷ ᠢ᠋ᠶ᠋ᠠᠨ ᠴᠢᠩᠭᠠᠳᠬᠠᠨ ᠂ ᠵᠠᠰᠠᠭ ᠵᠠᠬᠢᠷᠭᠠᠨ ᠤ᠋ ᠬᠡᠷᠡᠭ ᠦ᠋ᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶ᠋ᠢ ᠦᠨᠡᠨᠬᠦ ᠳᠡᠭᠡᠭᠰᠢᠯᠡᠭᠦᠯᠬᠦ ᠪᠡᠷ ᠪᠠᠷᠠᠬᠤ ᠦᠭᠡᠢ ᠭᠣᠣᠯᠳᠠᠭᠤ ᠲᠠᠰᠤᠯᠤᠨ ᠲᠣᠭᠲᠠᠭᠠᠯᠲᠠ ᠶ᠋ᠢᠨ ᠪᠠᠷᠢᠮᠵᠢᠶ᠎ᠠ ᠶ᠋ᠢ ᠨᠢᠭᠡᠳᠬᠡᠬᠦ ᠂ ᠬᠠᠤᠯᠢ ᠴᠠᠭᠠᠵᠠ ᠶ᠋ᠢᠨ ᠡᠷᠬᠡ ᠰᠦᠷ ᠢ᠋ ᠬᠠᠮᠠᠭᠠᠯᠠᠬᠤ ᠂ ᠲᠠᠰᠤᠯᠤᠨ ᠲᠣᠭᠲᠠᠭᠠᠯᠲᠠ ᠶ᠋ᠢᠨ ᠪᠢᠴᠢᠭ ᠬᠠᠷ᠎ᠠ ᠶ᠋ᠢᠨ ᠶᠣᠰᠣ ᠵᠦᠢ ᠶ᠋ᠢ ᠳᠦᠷᠢᠮᠵᠢᠭᠦᠯᠬᠦ ᠵᠢᠴᠢ ᠲᠠᠰᠤᠯᠤᠨ ᠲᠣᠭᠲᠠᠭᠠᠯᠲᠠ ᠶ᠋ᠢᠨ ᠪᠢᠴᠢᠭ ᠬᠠᠷ᠎ᠠ ᠶ᠋ᠢᠨ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠲᠠᠨᠢᠯᠲᠠ ᠪᠠᠨ ᠳᠡᠭᠡᠭᠰᠢᠯᠡᠭᠦᠯᠦᠨ ᠂ ᠦᠢᠯᠡ ᠠᠵᠢᠯᠯᠠᠭ᠎ᠠ ᠪᠠᠨ ᠴᠢᠩᠭ᠋ᠠᠳᠬᠠᠬᠤ ᠬᠡᠷᠡᠭᠲᠡᠢ ︔ ᠭᠤᠷᠪᠠ ᠳ᠋ᠤ᠌ ᠣᠯᠠᠨ ᠵᠦᠢᠯ ᠦ᠋ᠨ ᠠᠷᠭ᠎ᠠ ᠬᠡᠮᠵᠢᠶ᠎ᠡ ᠶ᠋ᠢ ᠵᠡᠷᠭᠡᠪᠡᠷ ᠬᠡᠷᠡᠭᠯᠡᠨ ᠂ ᠵᠠᠰᠠᠭ ᠵᠠᠬᠢᠷᠭᠠᠨ ᠤ᠋ ᠮᠠᠷᠭᠤᠯᠳᠤᠭᠠᠨ ᠢ᠋ ᠮᠥᠨ ᠴᠢᠨᠠᠷ ᠠ᠋ᠴᠠ ᠨᠢ ᠰᠢᠢᠳᠪᠦᠷᠢᠯᠡᠬᠦ ᠪᠡᠷ ᠦᠯᠦ ᠪᠠᠷᠠᠨ ᠣᠢᠯᠠᠭᠠᠯᠴᠠᠭ᠎ᠠ ᠪᠠ ᠵᠣᠬᠢᠴᠠᠭᠤᠯᠭ᠎ᠠ ᠪᠠᠨ ᠴᠢᠩᠭ᠋ᠠᠳᠬᠠᠵᠤ ᠂ ᠤᠯᠤᠰ ᠲᠥᠷᠥ ᠶ᠋ᠢᠨ ᠦᠷ᠎ᠡ ᠪᠦᠲᠦᠭᠡᠯ ᠂ ᠨᠡᠢᠭᠡᠮ ᠦ᠋ᠨ ᠦᠷ᠎ᠡ ᠪᠦᠲᠦᠭᠡᠯ ᠂ ᠬᠠᠤᠯᠢ ᠴᠠᠭᠠᠵᠠ ᠶ᠋ᠢᠨ ᠦᠷ᠎ᠡ ᠳ᠋ᠦᠩ ᠢ᠋ ᠦᠨᠡᠨ ᠬᠦ᠌ ᠣᠷᠭᠠᠨᠢᠭ ᠢ᠋ᠶ᠋ᠠᠷ ᠨᠢᠭᠡᠳᠦᠭᠦᠯᠬᠦ ᠬᠡᠷᠡᠭᠲᠡᠢ ᠭᠡᠰᠡᠨ ᠪᠠᠢᠨ᠎ᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )