ᠳᠦᠷᠢᠮ ᠢ᠋ᠶ᠋ᠡᠷ ᠨᠠᠮ ᠢ᠋ ᠵᠠᠰᠠᠬᠤ᠂ ᠲᠣᠭᠲᠠᠭᠠᠯ ᠶᠣᠰᠣᠭᠠᠷ ᠨᠠᠮ ᠢ᠋ ᠵᠠᠰᠠᠬᠤ ᠶ᠋ᠢ ᠪᠦᠬᠦ ᠲᠠᠯ᠎ᠠ ᠪᠠᠷ ᠲᠤᠤᠱᠯᠠᠭᠤᠯᠵᠤ᠂ ᠪᠦᠬᠦ ᠲᠠᠯ᠎ᠠ ᠪᠠᠷ ᠨᠠᠮ ᠢ᠋ ᠴᠢᠩᠭ᠎ᠠ ᠪᠠᠷ ᠵᠠᠰᠠᠬᠤ ᠪᠠ ᠬᠣᠷᠢᠶ᠎ᠠ ᠶ᠋ᠢ ᠴᠢᠩᠭ᠎ᠠ ᠪᠠᠷ ᠵᠠᠰᠠᠬᠤ ᠶ᠋ᠢ ᠴᠥᠬᠥᠷᠡᠰᠢ ᠦᠭᠡᠢ ᠭᠦᠨᠵᠡᠭᠡᠢᠷᠡᠭᠦᠯᠬᠦ ᠶ᠋ᠢᠨ ᠲᠥᠯᠥᠭᠡ᠂ ᠣᠢᠷ᠎ᠠ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠳᠤᠭᠤᠢᠯᠠᠩ ᠤ᠋ᠨ ᠣᠨᠣᠯ ᠰᠤᠷᠤᠯᠴᠠᠬᠤ ᠳᠤᠭᠤᠢᠯᠠᠩ ᠠ᠋ᠴᠠ ᠨᠠᠮ ᠤ᠋ᠨ ᠰᠠᠬᠢᠯᠭ᠎ᠠ ᠪᠠᠲᠤ ᠳᠦᠷᠢᠮ ᠲᠣᠭᠲᠠᠭᠠᠯ ᠢ᠋ ᠰᠤᠷᠤᠯᠴᠠᠬᠤ ᠬᠤᠷᠠᠯ ᠬᠤᠷᠠᠯᠳᠤᠭᠤᠯᠪᠠ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠬᠤᠷᠠᠯ ᠢ᠋ ᠡᠷᠬᠢᠯᠡᠵᠦ ᠂ ᠭᠡᠷ ᠲᠡᠭᠡᠨ ᠪᠠᠢᠭ᠎ᠠ ᠤᠳᠤᠷᠢᠳᠬᠤ ᠪᠠᠭ ᠤ᠋ᠨ ᠪᠦᠷᠢᠯᠳᠦᠬᠦᠨ ᠬᠤᠷᠠᠯ ᠳ᠋ᠤ᠌ ᠣᠷᠣᠯᠴᠠᠭᠰᠠᠨ ᠪᠠᠢᠨ᠎ᠠ ᠃
ᠬᠤᠷᠠᠯ ᠳᠡᠭᠡᠷ᠎ᠡ ᠂ 《 ᠨᠠᠮ ᠤ᠋ᠨ ᠳᠦᠷᠢᠮ 》 ᠂ 《 ᠰᠢᠨ᠎ᠡ ᠪᠠᠢᠳᠠᠯ ᠳᠣᠣᠷᠠᠬᠢ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠤ᠋ᠨ ᠲᠤᠬᠠᠢ ᠪᠠᠷᠢᠮᠵᠢᠶ᠎ᠠ ᠨᠤᠭᠤᠳ 》 ᠂ 《 ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠠᠵᠢᠯ ᠤ᠋ᠨ ᠳᠦᠷᠢᠮ 》 ᠵᠡᠷᠭᠡ ᠠᠭᠤᠯᠭ᠎ᠠ ᠶ᠋ᠢ ᠲᠥᠪᠯᠡᠷᠡᠭᠦᠯᠦᠨ ᠰᠤᠷᠤᠯᠴᠠᠵᠠᠢ ᠃
ᠬᠤᠷᠠᠯᠡᠴᠡ᠂ ᠨᠠᠮ ᠤ᠋ᠨ ᠰᠠᠬᠢᠯᠭ᠎ᠠ ᠪᠠᠲᠤ ᠳᠦᠷᠢᠮ ᠲᠣᠭᠲᠠᠭᠠᠯ ᠨᠢ ᠨᠠᠮ ᠤ᠋ᠨ ᠪᠦᠬᠦ ᠲᠠᠯ᠎ᠠ ᠪᠠᠷ ᠤᠳᠤᠷᠢᠳᠬᠤ᠂ ᠪᠦᠬᠦ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠶ᠋ᠢ ᠠᠬᠢᠭᠤᠯᠬᠤ᠂ ᠰᠢᠨ᠎ᠡ ᠴᠠᠭ ᠡᠷᠡᠨ ᠦ᠌ ᠨᠠᠮ ᠤ᠋ᠨ ᠪᠠᠢᠭᠤᠯᠤᠯᠲᠠ ᠶ᠋ᠢᠨ ᠠᠭᠤᠤ ᠶᠡᠬᠡ ᠢᠨᠵᠧᠨᠧᠷᠢᠩ ᠢ᠋ ᠠᠬᠢᠭᠤᠯᠬᠤ ᠳ᠋ᠤ᠌ ᠦᠨᠳᠦᠰᠦᠨ ᠴᠢᠨᠠᠷᠲᠠᠢ ᠳᠦᠷᠢᠮᠵᠢᠯ ᠪᠠ ᠵᠢᠯᠣᠭᠣᠳᠬᠤ ᠦᠢᠯᠡᠳᠦᠯ ᠲᠡᠢ᠂ ᠨᠠᠮ ᠤ᠋ᠨ ᠰᠠᠬᠢᠯᠭ᠎ᠠ ᠪᠠᠲᠤ ᠳᠦᠷᠢᠮ ᠲᠣᠭᠲᠠᠭᠠᠯ ᠢ᠋ ᠰᠤᠷᠤᠯᠴᠠᠬᠤ ᠶ᠋ᠢ ᠣᠨᠣᠯ ᠤ᠋ᠨ ᠰᠤᠷᠤᠯᠴᠠᠯᠭ᠎ᠠ ᠶ᠋ᠢᠨ ᠴᠢᠬᠤᠯᠠ ᠠᠭᠤᠯᠭ᠎ᠠ ᠪᠣᠯᠭ᠎ᠠ᠂ ᠨᠠᠮ ᠤ᠋ᠨ ᠰᠠᠬᠢᠯᠭ᠎ᠠ ᠪᠠᠲᠤ ᠶ᠋ᠢ ᠪᠣᠳᠠᠲᠠᠢ ᠪᠠᠷ ᠵᠢᠷᠦᠬᠡᠨ ᠳ᠋ᠦ᠍ ᠪᠡᠨ ᠰᠢᠩᠭᠡᠬᠡᠨ᠂ ᠠᠵᠢᠯᠯᠠᠭ᠎ᠠ ᠳ᠋ᠤ᠌ ᠪᠠᠨ ᠠᠭᠤᠰᠬᠠᠵᠤ᠂ ᠰᠢᠨ᠎ᠡ ᠡᠷᠡᠨ ᠰᠢᠨ᠎ᠡ ᠠᠶᠠᠨ ᠳ᠋ᠤ᠌ ᠰᠢᠨ᠎ᠡ ᠬᠠᠭᠤᠳᠠᠰᠤ ᠪᠢᠴᠢᠭᠯᠡᠬᠦ ᠳ᠋ᠦ᠍ ᠪᠠᠲᠤ ᠴᠢᠩᠭ᠎ᠠ ᠤᠯᠤᠰ ᠲᠥᠷᠥ ᠶ᠋ᠢᠨ ᠪᠠᠲᠤᠯᠭ᠎ᠠ ᠬᠠᠩᠭᠠᠬᠤ ᠴᠢᠬᠤᠯᠠᠲᠠᠢ ᠭᠡᠵᠦ ᠵᠢᠭᠠᠵᠤ ᠭᠠᠷᠭᠠᠪᠠ᠃
ᠬᠤᠷᠠᠯᠠ᠋ᠴᠠ ᠱᠠᠭᠠᠷᠳᠠᠭᠰᠠᠨ ᠨᠢ ᠂ ᠨᠢᠭᠡ ᠳ᠋ᠦ᠍ ᠣᠨᠣᠯ ᠤ᠋ᠨ ᠰᠤᠷᠤᠯᠴᠠᠯᠭ᠎ᠠ ᠶ᠋ᠢ ᠦᠷᠭᠦᠯᠵᠢᠯᠡᠨ ᠭᠦᠨᠵᠡᠭᠡᠢᠷᠡᠭᠦᠯᠵᠦ ᠂ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠣᠯᠤᠨ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠂ ᠶᠡᠷᠦᠩᠬᠡᠢ ᠱᠦᠵᠢ ᠰᠢ ᠵᠢᠨ ᠫᠢᠩ ᠦ᠋ᠨ ᠨᠠᠮ ᠤ᠋ᠨ ᠰᠠᠬᠢᠯᠭ᠎ᠠ ᠪᠠᠲᠤ ᠳᠦᠷᠢᠮ ᠲᠣᠭᠲᠠᠭᠠᠯ ᠤ᠋ᠨ ᠲᠤᠬᠠᠢ ᠴᠢᠬᠤᠯᠠ ᠥᠭᠦᠯᠡᠯᠲᠡ ᠶ᠋ᠢ ᠭᠦᠨᠵᠡᠭᠡᠢ ᠰᠤᠷᠤᠯᠴᠠᠨ ᠂ 《 ᠬᠣᠶᠠᠷ ᠢ᠋ ᠲᠣᠭᠲᠠᠭᠠᠬᠤ 》 ᠶ᠋ᠢᠨ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ ᠢ᠋ ᠭᠦᠨᠵᠡᠭᠡᠢ ᠣᠢᠯᠠᠭᠠᠵᠤ ᠂ 《 ᠬᠣᠶᠠᠷ ᠢ᠋ ᠬᠠᠮᠠᠭᠠᠯᠠᠬᠤ 》 ᠶ᠋ᠢ ᠡᠷᠡᠰ ᠪᠡᠶᠡᠯᠡᠭᠦᠯᠵᠦ ᠂ ᠨᠠᠮ ᠤ᠋ᠨ ᠰᠢᠨ᠎ᠡ ᠶ᠋ᠢ ᠡᠭᠦᠳᠬᠦ ᠣᠨᠣᠯ ᠤ᠋ᠨ ᠬᠠᠮᠤᠭ ᠤ᠋ᠨ ᠰᠢᠨ᠎ᠡ ᠦᠷ᠎ᠡ ᠪᠦᠲᠦᠭᠡᠯ ᠢ᠋ᠶ᠋ᠡᠷ ᠲᠠᠷᠢᠬᠢ ᠲᠣᠯᠣᠭᠠᠢ ᠪᠠᠨ ᠵᠡᠪᠰᠡᠭᠯᠡᠨ ᠂ ᠠᠵᠢᠯ ᠤ᠋ᠨ ᠵᠢᠯᠣᠭᠣᠳᠤᠯᠭ᠎ᠠ ᠪᠣᠯᠭᠠᠵᠤ ᠂ ᠦᠢᠯᠡᠳᠦᠯᠭᠡ ᠶ᠋ᠢ ᠠᠬᠢᠭᠤᠯᠬᠤ ᠬᠡᠷᠡᠭᠲᠡᠢ ᠃ ᠬᠣᠶᠠᠷ ᠲᠤ᠌ ᠤᠬᠠᠭᠤᠯᠭ᠎ᠠ ᠬᠥᠮᠦᠵᠢᠯ ᠢ᠋ ᠪᠦᠬᠦ ᠲᠠᠯ᠎ᠠ ᠪᠠᠷ ᠴᠢᠩᠭ᠋ᠠᠳᠬᠠᠵᠤ ᠂ ᠨᠠᠮ ᠤ᠋ᠨ ᠰᠠᠬᠢᠯᠭ᠎ᠠ ᠪᠠᠲᠤ ᠳᠦᠷᠢᠮ ᠲᠣᠭᠲᠠᠭᠠᠯ ᠢ᠋ ᠰᠤᠷᠤᠯᠴᠠᠬᠤ ᠶ᠋ᠢ ᠨᠠᠮ ᠤ᠋ᠨ ᠭᠡᠰᠢᠭᠦᠨ᠂ ᠺᠠᠳ᠋ᠷ ᠴᠠᠭᠳᠠᠭ᠎ᠠ ᠶ᠋ᠢᠨ ᠬᠥᠮᠦᠵᠢᠯ ᠪᠣᠯᠪᠠᠰᠣᠷᠠᠭᠤᠯᠤᠯ ᠯᠤᠭ᠎ᠠ ᠤᠶᠠᠯᠳᠤᠭᠤᠯᠵᠤ ᠂ ᠬᠡᠷᠡᠭ ᠶᠠᠪᠤᠳᠠᠯ ᠢ᠋ᠶ᠋ᠠᠷ ᠳᠠᠮᠵᠢᠨ ᠰᠤᠷᠭᠠᠨ ᠬᠥᠮᠦᠵᠢᠭᠦᠯᠵᠦ ᠂ ᠠᠵᠢᠯ ᠤ᠋ᠨ ᠥᠭᠡᠷᠡᠴᠢᠯᠡᠯᠲᠡ ᠶ᠋ᠢ ᠠᠬᠢᠭᠤᠯᠬᠤ ᠳ᠋ᠤ᠌ ᠬᠠᠨᠳᠤᠯᠭᠠᠲᠤ ᠴᠢᠨᠠᠷ ᠢ᠋ᠶ᠋ᠠᠷ ᠥᠷᠨᠢᠭᠦᠯᠵᠦ ᠂ ᠥᠷᠭᠡᠨ ᠣᠯᠠᠨ ᠨᠠᠮ ᠤ᠋ᠨ ᠭᠡᠰᠢᠭᠦᠨ ᠺᠠᠳ᠋ᠷ ᠴᠠᠭᠳᠠᠭ᠎ᠠ ᠶ᠋ᠢ ᠴᠠᠭ ᠢᠮᠠᠭᠲᠠ ᠬᠤᠪᠢᠷᠠᠰᠢ ᠦᠭᠡᠢ ᠳᠦᠷᠢᠮ ᠲᠣᠭᠲᠠᠭᠠᠯ ᠢ᠋ᠶ᠋ᠠᠷ ᠥᠪᠡᠷ ᠢ᠋ ᠪᠡᠨ ᠬᠦᠯᠢᠶᠡᠰᠦᠯᠡᠭᠦᠯᠬᠦ ᠶ᠋ᠢ ᠬᠥᠲᠥᠯᠦᠨ ᠵᠢᠯᠣᠭᠣᠳᠴᠤ ᠂ ᠨᠠᠮ ᠤ᠋ᠨ ᠳᠦᠷᠢᠮ ᠲᠣᠭᠲᠠᠭᠠᠯ ᠤ᠋ᠨ ᠵᠠᠮ ᠮᠥᠷ ᠲᠦ᠍ ᠠᠵᠢᠯᠯᠠᠭᠤᠯᠬᠤ ᠬᠡᠷᠡᠭᠲᠡᠢ ᠃ ᠭᠤᠷᠪᠠ ᠳ᠋ᠤ᠌ ᠂ ᠪᠦᠬᠦ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠶ᠋ᠢ ᠭᠤᠢᠪᠢᠰᠢ ᠦᠭᠡᠢ ᠠᠬᠢᠭᠤᠯᠵᠤ ᠂ ᠬᠢᠵᠠᠭᠠᠷᠯᠠᠨ ᠬᠢᠨᠠᠯᠲᠠ ᠲᠠᠯᠪᠢᠬᠤ ᠰᠢᠰᠲ᠋ᠧᠮ ᠢ᠋ ᠪᠠᠢᠭᠤᠯᠤᠨ ᠲᠡᠭᠦᠯᠳᠡᠷᠵᠢᠭᠦᠯᠵᠦ ᠂ ᠰᠤᠷᠲᠠᠯ ᠢ᠋ ᠲᠥᠪ ᠪᠣᠯᠭᠠᠵᠤ ᠰᠠᠬᠢᠯᠭ᠎ᠠ ᠪᠠᠲᠤ ᠶ᠋ᠢ ᠴᠡᠭᠴᠡᠯᠡᠨ᠂ ᠢᠯᠵᠠᠷᠠᠯ ᠢ᠋ ᠡᠰᠡᠷᠭᠦᠴᠡᠬᠦ ᠠᠵᠢᠯ ᠢ᠋ ᠰᠢᠨᠲᠠᠷᠠᠰᠢ ᠦᠭᠡᠢ ᠰᠠᠢᠲᠤᠷ ᠠᠳᠬᠠᠬᠤ ᠪᠠᠷ ᠪᠠᠷᠠᠬᠤ ᠦᠭᠡᠢ 《ᠰᠢᠳᠬᠡᠬᠦ 》 ᠶ᠋ᠢᠨ ᠬᠦᠴᠦᠨ ᠲᠡᠢ ᠰᠦᠷᠳᠡᠭᠦᠯᠦᠯ ᠢ᠋ ᠪᠠᠲᠤᠯᠠᠵᠤ ᠂ 《 ᠵᠠᠰᠠᠬᠤ 》 ᠶ᠋ᠢᠨ ᠶᠡᠷᠦᠩᠬᠡᠢᠯᠡᠭᠰᠡᠨ ᠦᠢᠯᠡᠳᠦᠯ ᠢ᠋ ᠴᠢᠩᠭᠠᠳᠬᠠᠨ ᠂ 《 ᠰᠡᠷᠭᠡᠢᠯᠡᠬᠦ 》 ᠶ᠋ᠢᠨ ᠦᠵᠡᠯ ᠰᠠᠨᠠᠭᠠᠨ ᠤ᠋ ᠬᠠᠰᠢᠯᠭ᠎ᠠ ᠶ᠋ᠢ ᠪᠠᠲᠤ ᠪᠡᠬᠢ ᠪᠠᠢᠭᠤᠯᠵᠤ ᠂ ᠨᠡᠩ ᠥᠨᠳᠥᠷ ᠪᠠᠷᠢᠮᠵᠢᠶ᠎ᠠ ᠂ ᠨᠡᠩ ᠴᠢᠩᠭ᠎ᠠ ᠱᠠᠭᠠᠷᠳᠠᠯᠭ᠎ᠠ ᠪᠠᠷ ᠪᠦᠬᠦ ᠬᠣᠲᠠ ᠶ᠋ᠢᠨ ᠰᠢᠭᠦᠬᠦ ᠬᠣᠷᠢᠶ᠎ᠠ ᠶ᠋ᠢᠨ ᠪᠦᠬᠦ ᠲᠠᠯ᠎ᠠ ᠪᠠᠷ ᠨᠠᠮ ᠢ᠋ ᠴᠢᠩᠭ᠎ᠠ ᠬᠠᠮᠢᠶᠠᠷᠬᠤ ᠪᠠ ᠬᠣᠷᠢᠶ᠎ᠠ ᠶ᠋ᠢ ᠵᠠᠰᠠᠬᠤ ᠠᠵᠢᠯ ᠢ᠋ ᠭᠦᠨᠵᠡᠭᠡᠢ ᠬᠥᠭᠵᠢᠭᠦᠯᠬᠦ ᠶ᠋ᠢ ᠦᠨᠡᠨ ᠬᠦ᠌ ᠲᠦᠯᠬᠢᠨ ᠠᠬᠢᠭᠤᠯᠤᠶ᠎ᠠ ᠭᠡᠰᠡᠨ ᠪᠠᠢᠨ᠎ᠠ ᠃
ᠦᠨᠡᠯᠡᠬᠦ 0ᠦᠨᠡᠯᠡᠯᠲᠡ᠎ᠲᠠᠢ