ᠰᠠᠭᠤᠷᠢ ᠪᠠᠨ ᠪᠠᠲᠤᠳᠬᠠᠨ ᠬᠦᠴᠦ ᠪᠡᠨ ᠬᠤᠷᠠᠮᠳᠤᠭᠤᠯᠵᠤ ᠬᠡᠪ ᠴᠢᠨᠠᠷ ᠢ᠋ᠶ᠋ᠠᠨ ᠳᠡᠭᠡᠭᠰᠢᠯᠡᠭᠦᠯᠦᠨ᠂ ᠰᠡᠳᠬᠢᠯ ᠢ᠋ᠶ᠋ᠡᠨ ᠨᠢᠭᠡᠳᠬᠡᠵᠦ ᠬᠦᠴᠦᠨ ᠢ᠋ᠶ᠋ᠡᠨ ᠬᠠᠮᠲᠤᠳᠬᠠᠨ ᠬᠥᠭᠵᠢᠯᠲᠡ ᠶ᠋ᠢ ᠠᠬᠢᠭᠤᠯᠤᠶ᠎ᠠ — — ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠠᠮ ᠤ᠋ᠨ ᠠᠵᠢᠯ ᠤ᠋ᠨ ᠺᠠᠳ᠋ᠷ ᠤ᠋ᠨ ᠪᠣᠯᠪᠠᠰᠤᠷᠠᠯ ᠵᠢᠴᠢ 2023 ᠣᠨ ᠤ᠋ ᠨᠢᠭ
2023.05.22 ᠲᠣᠰ ᠥᠷᠲᠡᠭᠡᠨ᠎ᠦ ᠨᠠᠢᠷᠠᠭᠤᠯᠤᠭᠴᠢ

    ᠰᠢᠨ᠎ᠡ ᠴᠠᠭ ᠦᠶ᠎ᠡ ᠶ᠋ᠢᠨ ᠨᠠᠮ ᠤ᠋ᠨ ᠪᠠᠢᠭᠤᠯᠤᠯᠲᠠ ᠶ᠋ᠢᠨ ᠶᠡᠷᠦᠩᠬᠡᠢ ᠱᠠᠭᠠᠷᠳᠠᠯᠭ᠎ᠠ ᠶ᠋ᠢ ᠭᠦᠨᠵᠡᠭᠡᠢ ᠲᠤᠤᠱᠯᠠᠭᠤᠯᠵᠤ ᠂ ᠨᠠᠮ ᠤ᠋ᠨ ᠠᠵᠢᠯ ᠤ᠋ᠨ ᠺᠠᠳ᠋ᠷ ᠤ᠋ᠨ ᠤᠯᠤᠰ ᠲᠥᠷᠥ ᠶ᠋ᠢᠨ ᠬᠡᠪ ᠴᠢᠨᠠᠷ ᠪᠣᠯᠤᠨ ᠲᠤᠬᠠᠢᠯᠠᠭᠰᠠᠨ ᠠᠵᠢᠯ ᠤ᠋ᠨ ᠴᠢᠳᠠᠪᠤᠷᠢ ᠶ᠋ᠢ ᠳᠡᠭᠡᠭᠰᠢᠯᠡᠭᠦᠯᠵᠦ ᠂ ᠦᠨᠳᠦᠰᠦᠨ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠶ᠋ᠢᠨ  《 ᠳᠠᠢᠴᠢᠨ ᠪᠡᠬᠢᠯᠡᠯᠲᠡ 》 ᠶ᠋ᠢᠨ ᠦᠢᠯᠡᠳᠦᠯ ᠪᠠ ᠨᠠᠮ ᠤ᠋ᠨ ᠭᠡᠰᠢᠭᠦᠨ ᠦ ᠬᠣᠰᠢᠭᠤᠴᠢ ᠵᠢᠱ᠌ᠢᠶᠡᠴᠢ ᠦᠢᠯᠡᠳᠦᠯ ᠢ᠋ ᠭᠦᠢᠴᠡᠳ ᠪᠠᠳᠠᠷᠠᠭᠤᠯᠤᠨ ᠂ ᠨᠠᠮ ᠤ᠋ᠨ ᠭᠡᠰᠢᠭᠦᠨ ᠡᠴᠡ ᠣᠯᠠᠨ ᠲᠦᠮᠡᠨ ᠢ᠋ ᠳᠠᠢᠴᠢᠯᠠᠨ ᠪᠦᠬᠦ ᠭᠡᠰᠢᠭᠦᠨ ᠦ᠌ ᠨᠠᠮ ᠤ᠋ᠨ ᠪᠠᠢᠭᠤᠯᠤᠯᠲᠠ ᠶ᠋ᠢ ᠪᠦᠷᠢᠯᠳᠦᠭᠦᠯᠵᠦ ᠂ ᠪᠦᠬᠦ ᠬᠣᠷᠢᠶ᠎ᠠ ᠶ᠋ᠢᠨ ᠰᠤᠷᠤᠯᠴᠠᠯᠭ᠎ᠠ ᠶ᠋ᠢᠨ ᠰᠠᠢᠨ ᠰᠠᠢᠬᠠᠨ ᠠᠭᠤᠷ ᠠᠮᠢᠰᠬᠤᠯ ᠢ᠋ ᠪᠣᠢ ᠪᠣᠯᠭᠠᠬᠤ ᠶ᠋ᠢᠨ ᠲᠤᠰᠠᠳᠠ ᠂ 4 ᠰᠠᠷ᠎ᠠ ᠶ᠋ᠢᠨ 25 ᠤ᠋ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠠᠮ ᠤ᠋ᠨ ᠶᠠᠪᠤᠳᠠᠯ ᠤ᠋ᠨ ᠺᠠᠳ᠋ᠷ ᠤ᠋ᠨ ᠪᠣᠯᠪᠠᠰᠤᠷᠠᠯ ᠵᠢᠴᠢ 2023 ᠣᠨ ᠤ᠋ ᠨᠢᠭᠡᠳᠦᠭᠡᠷ ᠤᠯᠠᠷᠢᠯ ᠤ᠋ᠨ  《ᠰᠤᠷᠤᠯᠴᠠᠯᠭ᠎ᠠ ᠪᠠᠷ ᠤᠯᠤᠰ ᠢ᠋ᠶ᠋ᠠᠨ ᠬᠦᠴᠦᠷᠬᠡᠭᠵᠢᠭᠦᠯᠬᠦ》 ᠲᠡᠷᠢᠭᠦᠨ ᠦ ᠬᠠᠮᠲᠤ ᠨᠡᠢᠲᠡ ᠂ ᠬᠤᠪᠢ ᠬᠥᠮᠦᠨ ᠢ᠋ ᠬᠥᠬᠢᠭᠦᠯᠦᠨ ᠰᠠᠢᠰᠢᠶᠠᠬᠤ ᠬᠤᠷᠠᠯ ᠬᠤᠷᠠᠯᠳᠤᠭᠤᠯᠵᠤ ᠂ ᠨᠠᠮ ᠤ᠋ᠨ ᠳᠤᠭᠤᠢᠯᠠᠩ ᠤ᠋ᠨ ᠪᠦᠷᠢᠯᠳᠦᠬᠦᠨ ᠂ ᠤᠯᠤᠰ ᠲᠥᠷᠥ ᠶ᠋ᠢᠨ ᠬᠡᠯᠲᠡᠰ ᠦ᠋ᠨ ᠡᠷᠬᠢᠯᠡᠭᠴᠢ ᠂ ᠪᠠᠢᠭᠤᠯᠤᠯᠭ᠎ᠠ ᠶ᠋ᠢᠨ ᠨᠠᠮ ᠤ᠋ᠨ ᠬᠣᠷᠢᠶ᠎ᠠ ᠶ᠋ᠢᠨ ᠱᠦᠵᠢ ᠨᠢᠦ ᠬᠠᠢ ᠯᠢᠶᠠᠩ ᠂ ᠡᠯ᠎ᠡ ᠨᠠᠮ ᠤ᠋ᠨ ᠡᠭᠦᠷ ᠦ᠋ᠨ ᠱᠦᠵᠢ ᠂ ᠨᠠᠮ ᠤ᠋ᠨ ᠶᠠᠪᠤᠳᠠᠯ ᠤ᠋ᠨ ᠺᠠᠳ᠋ᠷ ᠵᠢᠴᠢ ᠪᠠᠢᠭᠤᠯᠤᠯᠭ᠎ᠠ ᠶ᠋ᠢᠨ ᠨᠠᠮ ᠤ᠋ᠨ ᠬᠣᠷᠢᠶ᠎ᠠ ᠶ᠋ᠢᠨ ᠪᠦᠬᠦ ᠺᠠᠳ᠋ᠷ ᠴᠠᠭᠳᠠᠭ᠎ᠠ ᠬᠤᠷᠠᠯ ᠳ᠋ᠤ᠌ ᠣᠷᠣᠯᠴᠠᠭᠰᠠᠨ ᠪᠠᠢᠨ᠎ᠠ ᠃

 

 

    ᠬᠤᠷᠠᠯ᠎ᠠ᠋ᠴᠠ ᠬᠣᠲᠠ ᠶ᠋ᠢᠨ ᠰᠢᠭᠤᠳ ᠬᠠᠷᠢᠶ᠎ᠠ ᠪᠠᠢᠭᠤᠯᠤᠯᠭ᠎ᠠ ᠶ᠋ᠢᠨ ᠨᠠᠮ ᠤ᠋ᠨ ᠠᠵᠢᠯ ᠤ᠋ᠨ ᠬᠣᠷᠢᠶᠠᠨ ᠤ᠋ ᠶᠡᠷᠦᠩᠬᠡᠢᠯᠡᠭᠰᠡᠨ ᠪᠠᠲᠤᠯᠠᠭ᠎ᠠ ᠶ᠋ᠢᠨ ᠲᠥᠪ ᠦ᠋ᠨ ᠡᠷᠬᠢᠯᠡᠭᠴᠢ ᠂ ᠬᠣᠲᠠ ᠶ᠋ᠢᠨ ᠨᠠᠮ ᠤ᠋ᠨ ᠬᠣᠷᠢᠶᠠᠨ ᠤ᠋ ᠨᠠᠮ ᠤ᠋ᠨ ᠰᠤᠷᠭᠠᠭᠤᠯᠢ ᠶ᠋ᠢᠨ ᠰᠢᠭᠤᠳ ᠬᠠᠷᠢᠶ᠎ᠠ ᠪᠠᠢᠭᠤᠯᠤᠯᠭ᠎ᠠ ᠶ᠋ᠢᠨ ᠬᠤᠪᠢᠶᠠᠷᠢ ᠰᠤᠷᠭᠠᠭᠤᠯᠢ ᠶ᠋ᠢᠨ ᠵᠠᠬᠢᠷᠤᠯ ᠭᠣᠣ ᠯᠢ ᠵᠢᠶᠦ᠋ᠨ ᠢ᠋ ᠤᠷᠢᠵᠤ  《 ᠨᠠᠮ ᠤ᠋ᠨ ᠡᠭᠦᠷ ᠦ᠋ᠨ ᠪᠠᠷᠢᠮᠵᠢᠶᠠᠵᠢᠭᠰᠠᠨ ᠳᠦᠷᠢᠮᠵᠢᠭᠰᠡᠨ ᠪᠦᠲᠦᠭᠡᠨ ᠪᠠᠢᠭᠤᠯᠤᠯᠲᠠ 》 ᠪᠠᠷ ᠰᠡᠳᠦᠪ ᠪᠣᠯᠭᠠᠨ ᠂ ᠨᠠᠮ ᠤ᠋ᠨ ᠡᠭᠦᠷ ᠦ᠋ᠨ ᠦᠨᠳᠦᠰᠦᠨ ᠡᠭᠦᠷᠭᠡ ᠂ ᠠᠵᠢᠯ ᠤ᠋ᠨ ᠲᠣᠭᠲᠠᠴᠠ ᠂ ᠠᠮᠢᠳᠤᠷᠠᠯ ᠤ᠋ᠨ ᠵᠣᠬᠢᠶᠠᠨ ᠪᠠᠢᠭᠤᠯᠤᠯᠲᠠ  ᠂ ᠨᠠᠮ ᠤ᠋ᠨ ᠭᠡᠰᠢᠭᠦᠨ ᠦ ᠬᠥᠭᠵᠢᠯᠲᠡ ᠬᠠᠮᠢᠶᠠᠷᠤᠯᠲᠠ ᠂ ᠵᠢᠭᠰᠠᠭᠠᠯ ᠤ᠋ᠨ ᠭᠠᠵᠠᠷ ᠤ᠋ᠨ ᠪᠠᠢᠭᠤᠯᠤᠯᠲᠠ ᠵᠢᠴᠢ ᠨᠠᠮ ᠤ᠋ᠨ ᠰᠦᠢᠳᠬᠡᠯ ᠬᠤᠷᠢᠶᠠᠬᠤ ᠂ ᠬᠠᠮᠢᠶᠠᠷᠤᠯᠲᠠ ᠂ ᠬᠡᠷᠡᠭᠯᠡᠬᠦ ᠵᠡᠷᠭᠡ ᠠᠭᠤᠯᠭ᠎ᠠ ᠳ᠋ᠤ᠌ ᠭᠦᠨᠵᠡᠭᠡᠢ ᠲᠠᠢᠯᠪᠤᠷᠢᠯᠠᠯᠲᠠ ᠬᠢᠭᠰᠡᠨ ᠪᠠᠢᠨ᠎ᠠ ᠃ ᠪᠣᠯᠪᠠᠰᠤᠷᠠᠯ ᠨᠢ ᠨᠠᠮ ᠤ᠋ᠨ ᠪᠠᠢᠭᠤᠯᠤᠯᠲᠠ ᠶ᠋ᠢᠨ ᠣᠨᠣᠯ ᠤ᠋ᠨ ᠮᠡᠳᠡᠯᠭᠡ ᠶ᠋ᠢ ᠤᠯᠠᠮᠵᠢᠯᠠᠬᠤ ᠮᠥᠷᠲᠡᠭᠡᠨ ᠪᠠᠰᠠ ᠨᠠᠮ ᠤ᠋ᠨ ᠶᠠᠪᠤᠳᠠᠯ ᠤ᠋ᠨ ᠠᠵᠢᠯ ᠤ᠋ᠨ ᠲᠤᠷᠰᠢᠯᠭ᠎ᠠ ᠶ᠋ᠢ ᠬᠤᠪᠢᠶᠠᠯᠴᠠᠨ ᠂ ᠮᠠᠰᠢ ᠴᠢᠩᠭ᠎ᠠ ᠬᠠᠨᠳᠤᠯᠭᠠᠲᠤ ᠴᠢᠨᠠᠷ ᠂ ᠰᠢᠰᠲ᠋ᠧᠮᠲᠦ ᠴᠢᠨᠠᠷ ᠪᠣᠯᠤᠨ ᠪᠣᠳᠠᠲᠤ ᠦᠷ᠎ᠡ ᠪᠦᠲᠦᠮᠵᠢᠲᠦ ᠴᠢᠨᠠᠷ ᠲᠠᠢ ᠶᠤᠮ ᠃
    ᠬᠢᠴᠢᠶᠡᠯ ᠣᠷᠣᠭᠰᠠᠨ ᠤ᠋ ᠳᠠᠷᠠᠭ᠎ᠠ ᠂ 《 2023 ᠣᠨ ᠤ᠋ ᠪᠠᠢᠭᠤᠯᠭ᠎ᠠ ᠶ᠋ᠢᠨ ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠲᠥᠯᠥᠪᠯᠡᠭᠡ 》 ᠂ 《 ᠨᠠᠮ ᠤ᠋ᠨ ᠪᠠᠢᠭᠤᠯᠤᠯᠲᠠ ᠶ᠋ᠢᠨ ᠠᠵᠢᠯᠯᠠᠭᠠᠨ ᠤ᠋ ᠵᠠᠷᠤᠳᠠᠯ ᠤ᠋ᠨ ᠬᠠᠮᠢᠶᠠᠷᠤᠯᠲᠠ ᠶ᠋ᠢᠨ ᠠᠷᠭ᠎ᠠ 》 ᠂ 《 ᠨᠠᠮ ᠤ᠋ᠨ ᠡᠭᠦᠷ ᠦ᠋ᠨ ᠬᠠᠷᠠᠯᠲᠠᠲᠤ ᠬᠠᠮᠢᠶᠠᠷᠤᠯᠲᠠ ᠶ᠋ᠢᠨ ᠬᠢᠨᠠᠨ ᠰᠢᠯᠭᠠᠬᠤ ᠨᠠᠷᠢᠨ ᠳᠦᠷᠢᠮ (ᠲᠤᠷᠰᠢᠨ ᠬᠡᠷᠡᠭᠵᠢᠭᠦᠯᠬᠦ ) 》 ᠂ 《 <12+N>  ᠭᠣᠣᠯ ᠰᠡᠳᠦᠪᠲᠦ ᠨᠠᠮ ᠤ᠋ᠨ ᠡᠳᠦᠷ ᠦ᠋ᠨ ᠠᠵᠢᠯᠯᠠᠭᠠᠨ ᠤ᠋ ᠲᠥᠯᠥᠪᠯᠡᠭᠡ 》 ᠵᠡᠷᠭᠡ ᠪᠢᠴᠢᠭ ᠮᠠᠲ᠋ᠧᠷᠢᠶᠠᠯ ᠳ᠋ᠤ᠌ ᠨᠠᠷᠢᠨ ᠨᠢᠮᠪᠠᠢ ᠲᠠᠢᠯᠪᠤᠷᠢᠯᠠᠯᠲᠠ ᠬᠢᠵᠦ ᠂ ᠣᠢᠷ᠎ᠠ ᠶ᠋ᠢᠨ ᠬᠤᠭᠤᠴᠠᠭᠠᠨ ᠤ᠋ ᠭᠣᠣᠯᠳᠠᠯᠭ᠎ᠠ ᠲᠠᠢ ᠠᠵᠢᠯ ᠢ᠋ ᠵᠠᠳᠠᠯᠤᠨ ᠨᠠᠢᠳᠠᠪᠤᠷᠢᠵᠢᠭᠤᠯᠵᠠᠢ ᠃ 2023 ᠣᠨ ᠤ᠋ ᠨᠢᠭᠡᠳᠦᠭᠡᠷ ᠤᠯᠠᠷᠢᠯ ᠤ᠋ᠨ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ 《ᠰᠤᠷᠤᠯᠴᠠᠯᠭ᠎ᠠ ᠪᠠᠷ ᠤᠯᠤᠰ ᠢ᠋ᠶ᠋ᠠᠨ ᠬᠦᠴᠦᠷᠬᠡᠭᠵᠢᠭᠦᠯᠬᠦ》 ᠶ᠋ᠢᠨ ᠬᠤᠪᠢ ᠬᠤᠷᠠᠮᠳᠤᠭᠤᠯᠬᠤ ᠥᠷᠢᠰᠥᠯᠳᠦᠭᠡᠨ ᠦ ᠤᠷᠤᠯᠳᠤᠭᠠᠨ ᠤ᠋ ᠲᠡᠷᠢᠭᠦᠨ ᠦ ᠬᠠᠮᠲᠤ ᠨᠡᠢᠲᠡ ᠪᠠ ᠬᠤᠪᠢ ᠬᠥᠮᠦᠨ ᠢ᠋ ᠬᠥᠬᠢᠭᠦᠯᠦᠨ ᠱᠠᠩᠨᠠᠪᠠ ᠃
    ᠬᠤᠷᠠᠯ᠎ᠠ᠋ᠴᠠ ᠂ ᠡᠯ᠎ᠡ ᠨᠠᠮ ᠤ᠋ᠨ ᠡᠭᠦᠷ ᠦ᠋ᠨ ᠤᠯᠤᠰ ᠲᠥᠷᠥ ᠶ᠋ᠢᠨ ᠴᠢᠳᠠᠮᠵᠢ ᠪᠠᠨ ᠤᠯᠠᠮ ᠨᠢᠭᠡ ᠠᠯᠬᠤᠮ ᠴᠢᠩᠭᠠᠳᠬᠠᠵᠤ ᠂ ᠵᠣᠬᠢᠶᠠᠨ ᠪᠠᠢᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ ᠂ ᠤᠯᠤᠰ ᠲᠥᠷᠥ ᠶ᠋ᠢᠨ ᠪᠠᠢᠭᠤᠯᠤᠯᠲᠠ ᠪᠣᠯᠤᠨ ᠪᠠᠢᠭᠤᠯᠤᠯᠭ᠎ᠠ ᠶ᠋ᠢᠨ ᠨᠠᠮ ᠤ᠋ᠨ ᠪᠠᠢᠭᠤᠯᠤᠯᠲᠠ ᠶ᠋ᠢ ᠶᠡᠬᠡᠪᠡᠷ ᠰᠠᠢᠲᠤᠷ ᠠᠳᠬᠤᠵᠤ ᠂ ᠶᠡᠷᠦᠩᠬᠡᠢ ᠱᠦᠵᠢ ᠰᠢ ᠵᠢᠨ ᠫᠢᠩ ᠦ᠋ᠨ ᠲᠥᠪ ᠬᠣᠷᠢᠶ᠎ᠠ ᠪᠣᠯᠤᠨ ᠲᠥᠷᠥ ᠶ᠋ᠢᠨ ᠪᠠᠢᠭᠤᠯᠤᠯᠭ᠎ᠠ ᠶ᠋ᠢᠨ ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠬᠤᠷᠠᠯ ᠳᠡᠭᠡᠷ᠎ᠡ ᠳᠤᠷᠠᠳᠤᠭᠰᠠᠨ 《 ᠳᠡᠭᠡᠳᠦ ᠬᠡᠪ ᠴᠢᠨᠠᠷ ᠪᠦᠬᠦᠢ ᠲᠤᠰᠬᠠᠢᠵᠢᠭᠰᠠᠨ ᠨᠠᠮ ᠤ᠋ᠨ ᠶᠠᠪᠤᠳᠠᠯ ᠤ᠋ᠨ ᠺᠠᠳ᠋ᠷ ᠤ᠋ᠨ ᠡᠩᠨᠡᠭᠡ ᠶ᠋ᠢ ᠪᠠᠢᠭᠤᠯᠬᠤ 》 ᠪᠣᠳᠠᠲᠠᠢ ᠱᠠᠭᠠᠷᠳᠠᠯᠭ᠎ᠠ ᠶ᠋ᠢ ᠰᠠᠢᠲᠤᠷ ᠲᠤᠤᠱᠯᠠᠭᠤᠯᠤᠨ ᠨᠠᠢᠳᠠᠪᠤᠷᠢᠵᠢᠭᠤᠯᠬᠤ ᠬᠡᠷᠡᠭᠲᠡᠢ  ︔ ᠲᠤᠰ ᠪᠡᠶ᠎ᠡ ᠶ᠋ᠢᠨ ᠲᠤᠰᠢᠶᠠᠯ ᠬᠠᠷᠢᠭᠤᠴᠠᠯᠭ᠎ᠠ ᠪᠠᠨ ᠲᠣᠳᠣᠷᠬᠠᠢ ᠪᠠᠢᠯᠭᠠᠵᠤ ᠂ ᠢᠳᠡᠪᠬᠢᠲᠡᠢ ᠪᠡᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠨ ᠂ ᠨᠠᠮ ᠤ᠋ᠨ ᠪᠠᠢᠭᠤᠯᠤᠯᠲᠠ ᠶ᠋ᠢᠨ ᠠᠵᠢᠯ ᠢ᠋ ᠬᠢᠨᠠᠨ ᠵᠢᠯᠣᠭᠣᠳᠬᠤ ᠲᠤᠬᠠᠢᠯᠠᠭᠰᠠᠨ ᠠᠵᠢᠯ ᠯᠤᠭ᠎ᠠ ᠬᠠᠮᠲᠤ ᠳ᠋ᠤᠨᠢ ᠲᠥᠯᠥᠪᠯᠡᠵᠦ ᠂ ᠬᠠᠮᠲᠤ ᠪᠠᠷ ᠪᠠᠢᠷᠢᠰᠢᠭᠤᠯᠬᠤ ᠶ᠋ᠢ ᠪᠠᠷᠢᠮᠲᠠᠯᠠᠵᠤ ᠂ ᠨᠠᠮ ᠤ᠋ᠨ ᠪᠠᠢᠭᠤᠯᠤᠯᠲᠠ ᠪᠣᠯᠤᠨ ᠲᠤᠬᠠᠢᠯᠠᠭᠰᠠᠨ ᠠᠵᠢᠯ ᠤ᠋ᠨ ᠠᠳᠠᠯᠢ ᠴᠢᠭᠯᠡᠯ ᠢ᠋ᠶ᠋ᠡᠷ ᠬᠠᠮᠲᠤᠳᠬᠠᠨ ᠂ ᠭᠦᠨᠵᠡᠭᠡᠢ ᠠᠭᠤᠰᠤᠯᠴᠠᠬᠤ ᠶ᠋ᠢ ᠪᠡᠶᠡᠯᠡᠭᠦᠯᠬᠦ ᠬᠡᠷᠡᠭᠲᠡᠢ ︔ ᠨᠠᠮ ᠤ᠋ᠨ ᠡᠭᠦᠷ ᠦ᠋ᠨ ᠨᠢᠭᠲᠠᠷᠠᠯ ᠤ᠋ᠨ ᠬᠦᠴᠦᠨ ᠪᠠ ᠳᠠᠢᠴᠢᠨ ᠬᠦᠴᠦᠨ ᠢ᠋ ᠨᠡᠮᠡᠭᠳᠡᠭᠦᠯᠵᠦ ᠂ ᠨᠠᠮ ᠤ᠋ᠨ ᠠᠵᠢᠯ ᠤ᠋ᠨ ᠺᠠᠳ᠋ᠷ ᠤ᠋ᠨ ᠶᠡᠷᠦᠩᠬᠡᠢᠯᠡᠭᠰᠡᠨ ᠡᠭᠦᠷᠭᠡ ᠲᠤᠰᠢᠶᠠᠯ ᠢ᠋ᠶ᠋ᠠᠨ ᠭᠦᠢᠴᠡᠳᠬᠡᠬᠦ ᠴᠢᠳᠠᠪᠤᠷᠢ ᠶ᠋ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠳᠤᠲᠠᠭᠳᠠᠯ ᠢ᠋ᠶ᠋ᠠᠨ ᠨᠥᠬᠥᠪᠥᠷᠢᠯᠡᠨ ᠂ ᠬᠠᠷᠢᠭᠤᠴᠠᠯᠭ᠎ᠠ ᠪᠠᠨ ᠪᠣᠳᠠᠲᠠᠢᠵᠢᠭᠤᠯᠵᠤ ᠂ 《ᠶᠣᠰᠣ ᠳᠦᠷᠢᠮ ᠢ᠋ ᠪᠠᠷᠢᠮᠲᠠᠯᠠᠵᠤ ᠂ ᠭᠣᠣᠯᠴᠢ ᠰᠢᠳᠤᠷᠭᠤ ᠪᠠᠷ ᠬᠣᠰᠢᠭᠤᠴᠢᠯᠠᠨ ᠠᠵᠢᠯᠯᠠᠬᠤ 》 ᠨᠠᠮ ᠤ᠋ᠨ ᠪᠠᠢᠭᠤᠯᠤᠯᠲᠠ ᠶ᠋ᠢᠨ ᠨᠡᠷᠡᠲᠦ ᠲᠡᠮᠳᠡᠭ ᠢ᠋ ᠪᠠᠲᠤᠳᠬᠠᠨ ᠂ ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠬᠢᠷᠢ ᠲᠦᠪᠰᠢᠨ ᠢ᠋ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠰᠡᠨ ᠪᠠᠢᠨ᠎ᠠ᠃
    ᠥᠷᠭᠡᠨ ᠣᠯᠠᠨ ᠨᠠᠮ ᠤ᠋ᠨ ᠠᠵᠢᠯ ᠤ᠋ᠨ ᠺᠠᠳ᠋ᠷᠴᠤᠳ ᠂ ᠲᠤᠰ ᠤᠳᠠᠭᠠᠨ ᠤ᠋ ᠬᠤᠷᠠᠯ ᠢ᠋ᠶ᠋ᠠᠷ ᠲᠣᠬᠢᠶᠠᠯ ᠪᠣᠯᠭᠠᠨ ᠂ ᠤᠯᠤᠰ ᠲᠥᠷᠥ ᠶ᠋ᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ ᠂ ᠨᠠᠮ ᠤ᠋ᠨ ᠠᠵᠢᠯ ᠢ᠋ ᠰᠠᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠡᠨ ᠨᠡᠮᠡᠭᠳᠡᠭᠦᠯᠦᠨ ᠂ ᠰᠤᠷᠤᠯᠴᠠᠯᠭ᠎ᠠ ᠶ᠋ᠢᠨ ᠦᠷ᠎ᠡ ᠪᠦᠲᠦᠭᠡᠯ ᠦ᠋ᠨ ᠠᠵᠢᠯ ᠤ᠋ᠨ ᠰᠡᠳᠬᠢᠮᠵᠢ ᠪᠡᠨ ᠰᠦᠪᠡᠭᠴᠢᠯᠡᠬᠦ ᠂ ᠠᠵᠢᠯ ᠤ᠋ᠨ ᠦᠢᠯᠡᠳᠦᠯᠭᠡ ᠶ᠋ᠢ ᠵᠢᠯᠣᠭᠣᠳᠬᠤ ᠂ ᠠᠵᠢᠯ ᠤ᠋ᠨ ᠴᠢᠨᠠᠷ ᠦᠷ᠎ᠡ ᠪᠦᠲᠦᠮᠵᠢ ᠶ᠋ᠢ ᠳᠡᠭᠡᠭᠰᠢᠯᠡᠭᠦᠯᠬᠦ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ ᠂ ᠰᠡᠳᠬᠢᠯ ᠢ᠋ᠶ᠋ᠡᠨ ᠨᠢᠭᠲᠠᠷᠠᠭᠤᠯᠤᠨ ᠬᠦᠴᠦᠨ ᠢ᠋ᠶ᠋ᠡᠨ ᠲᠥᠪᠯᠡᠷᠡᠭᠦᠯᠦᠨ ᠂ ᠦᠨᠡᠨ ᠪᠣᠳᠠᠲᠠᠢ ᠪᠠᠷ ᠠᠵᠢᠯᠯᠠᠵᠤ ᠂ ᠵᠢᠱ᠌ᠢᠶᠡᠴᠢ ᠳᠠᠭᠤᠷᠢᠶᠠᠯ ᠪᠣᠯᠬᠤ ᠦᠢᠯᠡᠳᠦᠯ ᠢ᠋ᠶ᠋ᠡᠨ ᠭᠦᠢᠴᠡᠳ ᠪᠠᠳᠠᠷᠠᠭᠤᠯᠬᠤ ᠪᠠᠷ ᠪᠠᠷᠠᠬᠤ ᠦᠭᠡᠢ ᠨᠡᠩ ᠥᠨᠳᠥᠷ ᠪᠠᠷᠢᠮᠵᠢᠶ᠎ᠠ ᠂ ᠨᠡᠩ ᠴᠢᠩᠭ᠎ᠠ ᠱᠠᠭᠠᠷᠳᠠᠯᠭ᠎ᠠ ᠂ ᠨᠡᠩ ᠰᠠᠢᠨ ᠦᠷ᠎ᠡ ᠪᠦᠲᠦᠮᠵᠢ ᠪᠡᠷ ᠠᠯᠪᠠᠨ ᠪᠠᠢᠭᠤᠯᠭ᠎ᠠ ᠶ᠋ᠢᠨ ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠰᠢᠨ᠎ᠡ ᠪᠠᠢᠳᠠᠯ ᠢ᠋ ᠪᠣᠢ ᠪᠣᠯᠭᠠᠨ᠎ᠠ ᠭᠡᠵᠦ ᠢᠯᠡᠷᠬᠡᠢᠯᠡᠵᠡᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )