〔ᠠᠵᠢᠯ ᠤ᠋ᠨ ᠪᠠᠢᠳᠠᠯ〕 ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠢᠭᠡᠳᠦᠭᠡᠷ ᠨᠠᠮ ᠤ᠋ᠨ ᠡᠭᠦᠷ ᠦ᠋ᠨ ᠥᠷᠨᠢᠭᠦᠯᠦᠭᠰᠡᠨ 《 ᠨᠠᠮ ᠤ᠋ᠨ ᠡᠭᠦᠷ ᠦ᠋ᠨ ᠱᠦᠵᠢ᠎ᠡᠴᠡ ᠨᠠᠮ ᠤ᠋ᠨ ᠬᠢᠴᠢᠶᠡᠯ ᠶᠠᠷᠢᠬᠤ 》 ᠠᠵᠢᠯᠯᠠᠭ᠎ᠠ ᠵᠢᠴᠢ 《 ᠦᠨᠳᠦᠰᠦᠲᠡᠨ ᠦ᠌ ᠪᠦᠯᠬᠦᠮᠳᠡᠯ ᠢ᠋ ᠪᠠᠢᠭᠤᠯᠤᠯᠭ᠎ᠠ ᠳ᠋ᠤ᠌ ᠣᠷᠣᠭᠤᠯᠬᠤ ᠂ ᠬᠠᠷᠢᠯᠴᠠᠨ ᠠᠭᠤᠰᠤᠯᠴᠠᠵᠤ
2023.05.29 ᠲᠣᠰ ᠥᠷᠲᠡᠭᠡᠨ᠎ᠦ ᠨᠠᠢᠷᠠᠭᠤᠯᠤᠭᠴᠢ

    5 ᠰᠠᠷ᠎ᠠ ᠶ᠋ᠢᠨ 15 ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠢᠭᠡᠳᠦᠭᠡᠷ ᠨᠠᠮ ᠤ᠋ᠨ ᠡᠭᠦᠷ᠎ᠡᠴᠡ 《ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠤᠬᠠᠮᠰᠠᠷ ᠢ᠋ ᠪᠠᠲᠤ ᠴᠣᠭᠴᠠᠯᠠᠬᠤ》 ᠪᠠᠷ ᠭᠣᠣᠯ ᠰᠡᠳᠦᠪ ᠪᠣᠯᠭᠠᠵᠤ ᠂ 《ᠨᠠᠮ ᠤ᠋ᠨ ᠡᠭᠦᠷ ᠦ᠋ᠨ ᠱᠦᠵᠢ᠎ᠡᠴᠡ ᠨᠠᠮ ᠤ᠋ᠨ ᠬᠢᠴᠢᠶᠡᠯ ᠶᠠᠷᠢᠬᠤ》 ᠠᠵᠢᠯᠯᠠᠭ᠎ᠠ ᠥᠷᠨᠢᠭᠦᠯᠬᠦ ᠶ᠋ᠢᠨ ᠬᠠᠮᠲᠤ ᠂ 《ᠦᠨᠳᠦᠰᠦᠲᠡᠨ ᠦ᠌ ᠪᠦᠯᠬᠦᠮᠳᠡᠯ ᠢ᠋ ᠪᠠᠢᠭᠤᠯᠤᠯᠭ᠎ᠠ ᠳ᠋ᠤ᠌ ᠣᠷᠣᠭᠤᠯᠬᠤ ᠂ ᠬᠠᠷᠢᠯᠴᠠᠨ ᠠᠭᠤᠰᠤᠯᠴᠠᠵᠤ ᠬᠠᠷᠢᠯᠴᠠᠨ ᠠᠬᠢᠭᠤᠯᠤᠨ ᠬᠣᠶᠠᠷ ᠢ᠋ ᠳᠡᠭᠡᠭᠰᠢᠯᠡᠭᠦᠯᠬᠦ 》 ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠢᠭᠰᠡᠨ ᠪᠠᠢᠨ᠎ᠠ ᠃

 

 

 

    ᠬᠤᠷᠠᠯ ᠳᠡᠭᠡᠷ᠎ᠡ ᠂ ᠪᠦᠬᠦ ᠨᠠᠮ ᠤ᠋ᠨ ᠭᠡᠰᠢᠭᠦᠳ ᠨᠠᠮ ᠤ᠋ᠨ ᠦᠨᠳᠦᠰᠦᠲᠡᠨ ᠦ᠌ ᠣᠨᠣᠯ ᠤ᠋ᠨ ᠲᠥᠷᠥ ᠶ᠋ᠢᠨ ᠪᠣᠳᠣᠯᠭ᠎ᠠ ᠂ ᠶᠡᠷᠦᠩᠬᠡᠢ ᠱᠦᠵᠢ ᠰᠢ ᠵᠢᠨ ᠫᠢᠩ ᠦ᠋ᠨ ᠦᠨᠳᠦᠰᠦᠲᠡᠨ ᠦ᠌ ᠠᠵᠢᠯ ᠢ᠋ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠪᠣᠯᠬᠤ ᠦᠵᠡᠯ ᠰᠠᠨᠠᠭ᠎ᠠ ᠵᠡᠷᠭᠡ ᠠᠭᠤᠯᠭ᠎ᠠ ᠶ᠋ᠢ ᠬᠠᠮᠲᠤ ᠪᠠᠷ ᠰᠤᠷᠤᠯᠴᠠᠵᠤ ᠂ ᠨᠠᠮ ᠤ᠋ᠨ ᠡᠭᠦᠷ ᠦ᠋ᠨ ᠱᠦᠵᠢ ᠾᠧ ᠶᠠᠨ  ᠴᠦᠨ ᠡᠴᠡ 《ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠤᠬᠠᠮᠰᠠᠷ ᠢ᠋ ᠪᠠᠲᠤ ᠴᠣᠭᠴᠠᠯᠠᠬᠤ》 ᠪᠠᠷ ᠭᠣᠣᠯ ᠰᠡᠳᠦᠪ ᠪᠣᠯᠭᠠᠵᠤ ᠂ ᠨᠠᠮ ᠤ᠋ᠨ ᠡᠭᠦᠷ ᠦ᠋ᠨ ᠨᠠᠮ ᠤ᠋ᠨ ᠭᠡᠰᠢᠭᠦᠳ ᠲᠦ᠍ ᠨᠠᠮ ᠤ᠋ᠨ ᠲᠤᠬᠠᠢ ᠨᠢᠭᠡᠨ ᠠᠮᠢᠳᠤᠯᠢᠭ ᠰᠠᠢᠬᠠᠨ ᠬᠢᠴᠢᠶᠡᠯ ᠶᠠᠷᠢᠵᠤ ᠥᠭᠪᠡ ᠃
    ᠳᠠᠷᠠᠭ᠎ᠠ ᠨᠢ ᠲᠤᠰᠬᠠᠢ ᠰᠡᠳᠦᠪᠲᠦ ᠰᠤᠳᠤᠯᠤᠨ ᠶᠠᠷᠢᠯᠴᠠᠭ᠎ᠠ ᠬᠢᠵᠦ ᠂ ᠪᠦᠬᠦ ᠨᠠᠮ ᠤ᠋ᠨ ᠭᠡᠰᠢᠭᠦᠳ ᠡᠭᠡᠯᠵᠢᠯᠡᠨ ᠶᠠᠷᠢᠶ᠎ᠠ ᠲᠠᠯᠪᠢᠵᠤ ᠂ ᠰᠢᠷᠢᠰ ᠶᠠᠷᠢᠶᠠᠨ ᠤ᠋ ᠵᠣᠷᠢᠭ ᠰᠠᠨᠠᠭᠠᠨ ᠤ᠋ ᠰᠤᠷᠤᠯᠴᠠᠯᠭ᠎ᠠ ᠪᠣᠯᠤᠨ ᠦᠨᠳᠦᠰᠦᠲᠡᠨ ᠦ᠌ ᠠᠵᠢᠯ ᠤ᠋ᠨ ᠬᠣᠯᠪᠣᠭᠳᠠᠯ ᠪᠦᠬᠦᠢ ᠥᠭᠦᠯᠡᠯᠲᠡ ᠶ᠋ᠢᠨ ᠲᠤᠬᠠᠢ ᠲᠥᠷᠥᠭᠳᠡᠯ ᠢ᠋ᠶ᠋ᠡᠨ ᠰᠣᠯᠢᠯᠴᠠᠵᠤ ᠂ ᠬᠦᠷᠦᠯᠴᠡᠬᠦ ᠦᠭᠡᠢ ᠲᠠᠯ᠎ᠠ ᠪᠠᠨ ᠴᠢᠩ ᠦᠨᠡᠨᠴᠢ ᠪᠡᠷ ᠵᠠᠳᠠᠯᠤᠯᠲᠠ ᠬᠢᠭᠰᠡᠨ ᠪᠥᠭᠡᠳ ᠰᠠᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠤᠭᠰᠠᠨ ᠪᠠᠢᠨ᠎ᠠ ᠂ ᠾᠧ ᠶᠠᠨ ᠴᠦᠨ ᠶᠠᠷᠢᠶ᠎ᠠ ᠲᠠᠯᠪᠢᠭᠴᠢᠳ ᠲᠤ᠌ ᠨᠢᠭᠡᠳ ᠨᠢᠭᠡ ᠪᠡᠷ ᠦᠨᠡᠯᠡᠯᠲᠡ ᠥᠭᠬᠦᠭᠰᠡᠨ ᠪᠠᠢᠨ᠎ᠠ᠃
    ᠬᠤᠷᠠᠯ᠎ᠠ᠋ᠴᠠ ᠴᠢᠬᠤᠯᠠᠴᠢᠯᠠᠭᠰᠠᠨ ᠨᠢ ᠂ 《ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠤᠬᠠᠮᠰᠠᠷ ᠢ᠋ ᠪᠠᠲᠤ ᠴᠣᠭᠴᠠᠯᠠᠬᠤ 》 ᠴᠢᠬᠤᠯᠠ ᠴᠢᠨᠠᠷ ᠢ᠋ ᠭᠦᠨᠵᠡᠭᠡᠢ ᠲᠠᠨᠢᠵᠤ ᠂ ᠨᠠᠮ ᠤ᠋ᠨ ᠦᠨᠳᠦᠰᠦᠲᠡᠨ ᠦ᠌ ᠠᠵᠢᠯ ᠤ᠋ᠨ ᠲᠤᠬᠠᠢ ᠤᠳᠤᠷᠢᠳᠤᠯᠭ᠎ᠠ ᠶ᠋ᠢ ᠢᠮᠠᠭᠲᠠ ᠪᠠᠷᠢᠮᠲᠠᠯᠠᠨ ᠂ ᠤᠯᠤᠰ ᠲᠥᠷᠥ ᠶ᠋ᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠤᠯᠤᠰ ᠲᠥᠷᠥ ᠶ᠋ᠢᠨ ᠬᠠᠷᠢᠭᠤᠴᠠᠯᠭ᠎ᠠ ᠡᠭᠦᠷᠭᠡᠯᠡᠭᠡ ᠶ᠋ᠢ ᠴᠢᠩᠭᠠᠷᠠᠭᠤᠯᠤᠨ ᠂ ᠬᠠᠤᠯᠢ ᠪᠠᠷ ᠵᠠᠰᠠᠬᠤ ᠰᠡᠳᠬᠢᠬᠦᠢ ᠪᠣᠯᠤᠨ ᠬᠠᠤᠯᠢ ᠪᠠᠷ ᠵᠠᠰᠠᠬᠤ ᠠᠷᠭ᠎ᠠ ᠮᠠᠶᠢᠭ ᠢ᠋ᠶ᠋ᠠᠷ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠤᠬᠠᠮᠰᠠᠷ ᠢ᠋ ᠪᠠᠲᠤ ᠴᠣᠭᠴᠠᠯᠠᠵᠤ ᠂ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠤᠬᠠᠮᠰᠠᠷ ᠢ᠋ ᠪᠠᠲᠤ ᠴᠣᠭᠴᠠᠯᠠᠬᠤ ᠶ᠋ᠢ ᠬᠠᠤᠯᠢ ᠴᠠᠭᠠᠵᠠ ᠶ᠋ᠢᠨ ᠰᠢᠭᠦᠨ ᠲᠠᠰᠤᠯᠬᠤ ᠭᠦᠢᠴᠡᠳᠬᠡᠬᠦ ᠶᠠᠪᠤᠴᠠ ᠳ᠋ᠤ᠌ ᠠᠭᠤᠰᠬᠠᠨ ᠣᠷᠣᠭᠤᠯᠬᠤ ᠬᠡᠷᠡᠭᠲᠡᠢ ᠭᠡᠰᠡᠨ ᠪᠠᠢᠨ᠎ᠠ ᠃ ᠡᠳᠦᠷ ᠲᠤᠲᠤᠮ ᠤ᠋ᠨ ᠠᠵᠢᠯ ᠲᠠᠢ ᠪᠠᠨ ᠤᠶᠠᠯᠳᠤᠭᠤᠯᠤᠨ ᠂ ᠬᠠᠮᠲᠤᠪᠠᠷ ᠪᠦᠯᠬᠦᠮᠳᠡᠨ ᠂ ᠬᠠᠮᠲᠤᠪᠠᠷ ᠴᠡᠴᠡᠭᠯᠡᠨ ᠬᠥᠭᠵᠢᠬᠦ ᠭᠣᠣᠯ ᠰᠡᠳᠦᠪ ᠦ᠋ᠨ ᠲᠣᠭᠣᠷᠢᠨ ᠳ᠋ᠤ᠌ ᠰᠢᠭᠦᠬᠦ ᠬᠣᠷᠢᠶᠠᠨ ᠤ᠋ ᠥᠪᠡᠷᠮᠢᠴᠡ ᠦᠢᠯᠡᠳᠦᠯ ᠢ᠋ ᠢᠳᠡᠪᠬᠢᠲᠡᠢ ᠪᠠᠳᠠᠷᠠᠭᠤᠯᠵᠤ ᠂ ᠵᠡᠭᠡᠯᠢ ᠭᠤᠳᠤᠮᠵᠢ ᠨᠡᠢᠭᠡᠮ ᠲᠣᠭᠣᠷᠢᠭ ᠲᠤ᠌ ᠭᠣᠣᠯ ᠰᠡᠳᠦᠪᠲᠦ ᠨᠠᠮ ᠤ᠋ᠨ ᠡᠳᠦᠷ ᠢ᠋ ᠭᠦᠨᠵᠡᠭᠡᠢ ᠥᠷᠨᠢᠭᠦᠯᠦᠨ ᠂ ᠬᠡᠷᠡᠭ ᠢ᠋ᠶ᠋ᠡᠷ ᠬᠠᠤᠯᠢ ᠶ᠋ᠢ ᠲᠠᠢᠯᠪᠤᠷᠢᠯᠠᠬᠤ ᠵᠡᠷᠭᠡ ᠡᠯᠪᠡᠭ ᠪᠠᠶᠠᠯᠢᠭ ᠦᠨᠳᠦᠰᠦᠲᠡᠨ ᠦ᠌ ᠪᠦᠯᠬᠦᠮᠳᠡᠯ ᠳᠡᠪᠰᠢᠯᠲᠡ ᠶ᠋ᠢᠨ ᠠᠵᠢᠯᠯᠠᠭ᠎ᠠ ᠶ᠋ᠢ ᠥᠷᠨᠢᠭᠦᠯᠵᠦ ᠂ ᠦᠨᠳᠦᠰᠦᠲᠡᠨ ᠦ᠌ ᠪᠦᠯᠬᠦᠮᠳᠡᠯ ᠦ᠋ᠨ ᠴᠡᠴᠡᠭ ᠢ᠋ ᠪᠠᠢᠩᠭᠤ ᠳᠡᠯᠭᠡᠷᠡᠭᠦᠯᠦᠨ ᠂ ᠨᠠᠮ ᠤ᠋ᠨ ᠡᠭᠦᠷ ᠦ᠋ᠨ ᠠᠵᠢᠯ ᠤ᠋ᠨ ᠬᠢᠷᠢ ᠲᠦᠪᠰᠢᠨ ᠢ᠋ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠰᠡᠨ ᠪᠠᠢᠨ᠎ᠠ ᠃ ᠪᠦᠯᠬᠦᠮᠳᠡᠯ ᠢ᠋ ᠠᠬᠢᠭᠤᠯᠵᠤ ᠂ ᠡᠯ᠎ᠡ ᠦᠨᠳᠦᠰᠦᠲᠡᠨ ᠨᠦ᠍ᠭᠦᠳ ᠦ᠋ᠨ ᠠᠷᠠᠳ ᠲᠦᠮᠡᠨ ᠦ᠌ ᠠᠭᠤᠤ ᠶᠡᠬᠡ ᠡᠬᠡ ᠤᠯᠤᠰ ᠂ ᠳᠤᠮᠳᠠᠳᠤ ᠶ᠋ᠢᠨ ᠦᠨᠳᠦᠰᠦᠲᠡᠨ ᠂ ᠳᠤᠮᠳᠠᠳᠤ ᠶ᠋ᠢᠨ ᠰᠣᠶᠣᠯ ᠢ᠋ ᠮᠡᠳᠡᠷᠡᠬᠦ ᠵᠡᠷᠭᠡ ᠦᠵᠡᠯᠲᠡ ᠶ᠋ᠢ ᠴᠢᠩᠭᠠᠳᠬᠠᠵᠤ ᠂ ᠡᠯ᠎ᠡ ᠦᠨᠳᠦᠰᠦᠲᠡᠨ ᠨᠦ᠍ᠭᠦᠳ ᠦ᠋ᠨ ᠠᠷᠠᠳ ᠲᠦᠮᠡᠨ ᠦ᠌ ᠬᠠᠤᠯᠢ ᠶᠣᠰᠣᠨ ᠤ᠋ ᠡᠷᠬᠡ ᠠᠰᠢᠭ ᠢ᠋ ᠪᠠᠲᠤᠯᠠᠵᠤ ᠂ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠤᠬᠠᠮᠰᠠᠷ ᠤ᠋ᠨ ᠴᠣᠭᠴᠠᠯᠠᠬᠤ ᠳ᠋ᠤ᠌ ᠤᠯᠠᠮᠵᠢᠯᠠᠨ ᠵᠠᠯᠭᠠᠮᠵᠢᠯᠠᠭᠴᠢ ᠵᠢᠴᠢ ᠦᠢᠯᠡᠳᠦᠯᠭᠡᠵᠢᠭᠦᠯᠦᠭᠴᠢ ᠪᠣᠯᠵᠤ ᠂ ᠦᠨᠳᠦᠰᠦᠲᠡᠨ ᠦ᠌ ᠪᠦᠯᠬᠦᠮᠳᠡᠯ ᠭᠡᠬᠦ ᠡᠨᠡᠬᠦ ᠠᠮᠢᠨ ᠰᠤᠳᠠᠰᠤ ᠶ᠋ᠢ ᠢᠮᠠᠭᠲᠠ ᠰᠠᠢᠲᠤᠷ ᠰᠠᠬᠢᠬᠤ ᠬᠡᠷᠡᠭᠲᠡᠢ ᠭᠡᠵᠡᠢ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )