ᠨᠠᠮ ᠢ᠋ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶ᠋ᠢ ᠨᠠᠢᠳᠠᠪᠤᠷᠢᠵᠢᠭᠤᠯᠵᠤ ᠂ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠦ᠌ ᠬᠥᠮᠦᠵᠢᠯ ᠴᠡᠭᠴᠡᠯᠡᠯᠲᠡ ᠶ᠋ᠢᠨ ᠡᠷᠭᠢᠨ ᠬᠠᠷᠠᠬᠤ ᠶ᠋ᠢ ᠲᠦᠯᠬᠢᠨ ᠠᠬᠢᠭᠤᠯᠤᠨ ᠂ ᠨᠠᠮ ᠤ᠋ᠨ ᠵᠣᠬᠢᠶᠠᠨ ᠪᠠᠢᠭᠤᠯᠤᠯᠲᠠ ᠶ᠋ᠢᠨ ᠨᠢᠭᠲᠠᠷᠠᠭᠤᠯᠬᠤ ᠬᠦᠴᠦᠨ ᠪᠠ ᠲᠥᠪᠯᠡᠩᠭᠦᠢ ᠬᠦᠴᠦᠨ ᠢ᠋ ᠤᠯᠠᠮ ᠨᠢᠭᠡ ᠠᠯᠬᠤᠮ ᠴᠢᠩᠭᠠᠷᠠᠭᠤᠯᠵᠤ ᠂ ᠨᠠᠮ ᠤ᠋ᠨ ᠭᠡᠰᠢᠭᠦᠨ ᠦ᠌ ᠨᠠᠮᠴᠢ ᠴᠢᠨᠠᠷ ᠤ᠋ᠨ ᠤᠬᠠᠮᠰᠠᠷ ᠵᠢᠴᠢ ᠪᠣᠯᠪᠠᠰᠤᠷᠠᠯ ᠢ᠋ ᠴᠢᠩᠭᠠᠳᠬᠠᠨ ᠂ ᠨᠠᠮ ᠤ᠋ᠨ ᠭᠡᠰᠢᠭᠦᠨ ᠦ᠌ ᠠᠵᠢᠯᠯᠠᠭ᠎ᠠ ᠶ᠋ᠢ ᠴᠢᠩᠭ᠎ᠠ ᠵᠢᠷᠤᠮᠵᠢᠭᠤᠯᠵᠤ ᠂ ᠭᠦᠢᠴᠡᠳᠬᠡᠬᠦ ᠠᠵᠢᠯ ᠤ᠋ᠨ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠶ᠋ᠢ ᠭᠦᠨᠵᠡᠭᠡᠢᠷᠡᠭᠦᠯᠦᠨ ᠬᠥᠭᠵᠢᠭᠦᠯᠬᠦ ᠶ᠋ᠢ ᠲᠦᠯᠬᠢᠨ ᠠᠬᠢᠭᠤᠯᠬᠤ ᠶ᠋ᠢᠨ ᠲᠥᠯᠥᠭᠡ 5 ᠰᠠᠷ᠎ᠠ ᠶ᠋ᠢᠨ 17 ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶ᠎ᠠ ᠶ᠋ᠢᠨ ᠠᠷᠪᠠᠨ ᠳᠥᠷᠪᠡᠳᠦᠭᠡᠷ ᠨᠠᠮ ᠤ᠋ᠨ ᠡᠭᠦᠷ ᠡᠴᠡ ᠠᠵᠢᠯ ᠤ᠋ᠨ ᠪᠣᠳᠠᠲᠤ ᠪᠠᠢᠳᠠᠯ ᠲᠠᠢ ᠪᠠᠨ ᠤᠶᠠᠯᠳᠤᠭᠤᠯᠤᠨ ᠂ 《ᠠᠷᠢᠭᠤᠨ ᠴᠢᠬᠡᠴᠢ ᠶ᠋ᠢᠨ ᠬᠣᠷᠢᠭ᠎ᠠ ᠱᠤᠭᠤᠮ ᠢ᠋ ᠪᠠᠲᠤ ᠰᠠᠬᠢᠵᠤ᠂ ᠬᠠᠨᠴᠤᠢ ᠬᠣᠭᠣᠰᠣᠨ ᠲᠥᠪ ᠰᠤᠷᠲᠠᠯ ᠢ᠋ ᠪᠠᠳᠠᠷᠠᠭᠤᠯᠤᠶ᠎ᠠ》ᠭᠡᠬᠦ ᠴᠢᠬᠡᠴᠢ ᠵᠠᠰᠠᠭ ᠤ᠋ᠨ ᠰᠡᠷᠡᠮᠵᠢᠯᠡᠭᠦᠯᠦᠯ ᠦ᠋ᠨ ᠬᠥᠮᠦᠵᠢᠯ ᠦ᠋ᠨ ᠭᠣᠣᠯ ᠰᠡᠳᠦᠪᠲᠦ ᠨᠠᠮ ᠤ᠋ᠨ ᠡᠳᠦᠷ ᠦ᠋ᠨ ᠠᠵᠢᠯᠯᠠᠭ᠎ᠠ ᠥᠷᠨᠢᠭᠦᠯᠵᠦ ᠂ ᠭᠦᠢᠴᠡᠳᠬᠡᠬᠦ ᠲᠣᠪᠴᠢᠶ᠎ᠠ ᠶ᠋ᠢᠨ ᠪᠦᠬᠦ ᠺᠠᠳ᠋ᠷ ᠴᠠᠭᠳᠠᠭ᠎ᠠ ᠨᠠᠷ ᠲᠤᠰ ᠤᠳᠠᠭᠠᠨ ᠤ᠋ ᠠᠵᠢᠯᠯᠠᠭ᠎ᠠ ᠳ᠋ᠤ᠌ ᠣᠷᠣᠯᠴᠠᠵᠠᠢ ᠃
ᠠᠵᠢᠯᠯᠠᠭ᠎ᠠ ᠶ᠋ᠢᠨ ᠳᠤᠮᠳᠠ ᠂ ᠪᠦᠬᠦ ᠺᠠᠳ᠋ᠷ ᠴᠠᠭᠳᠠᠭ᠎ᠠ ᠨᠠᠷ ᠣᠷᠳᠣᠰ ᠬᠣᠲᠠ ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠂ ᠬᠢᠨᠠᠨ ᠪᠠᠢᠴᠠᠭᠠᠬᠤ ᠵᠥᠪᠯᠡᠯ ᠦ᠋ᠨ ᠴᠢᠬᠡᠴᠢ ᠵᠠᠰᠠᠭ ᠤ᠋ᠨ ᠰᠡᠷᠡᠮᠵᠢᠯᠡᠭᠦᠯᠦᠯ ᠦ᠋ᠨ ᠬᠥᠮᠦᠵᠢᠯ ᠦ᠋ᠨ ᠰᠠᠭᠤᠷᠢᠨ ᠭᠠᠵᠠᠷ ᠤ᠋ᠨ ᠠᠷᠢᠭᠤᠨ ᠴᠢᠬᠡᠴᠢ ᠶ᠋ᠢ ᠡᠷᠬᠢᠮᠯᠡᠬᠦ ᠲᠢᠩᠬᠢᠮ ᠂ ᠠᠷᠢᠭᠤᠨ ᠴᠢᠬᠡᠴᠢ ᠶ᠋ᠢ ᠠᠰᠠᠭᠤᠬᠤ ᠲᠢᠩᠬᠢᠮ ᠂ ᠠᠷᠢᠭᠤᠨ ᠴᠢᠬᠡᠴᠢ ᠶ᠋ᠢ ᠲᠣᠯᠢᠳᠠᠬᠤ ᠲᠢᠩᠬᠢᠮ ᠪᠠ ᠠᠷᠢᠭᠤᠨ ᠴᠢᠬᠡᠴᠢ ᠶ᠋ᠢ ᠬᠥᠮᠦᠵᠢᠭᠦᠯᠬᠦ ᠲᠢᠩᠬᠢᠮ ᠢ᠋ ᠲᠥᠪᠯᠡᠷᠡᠭᠦᠯᠦᠨ ᠲᠣᠭᠣᠷᠢᠨ ᠦᠵᠡᠭᠦᠯᠵᠦ ᠂ ᠳᠡᠯᠭᠡᠨ ᠦᠵᠡᠭᠦᠯᠬᠦ ᠲᠢᠩᠬᠢᠮ ᠦ᠋ᠨ ᠳᠣᠲᠣᠷ᠎ᠠ ᠲᠥᠪ ᠴᠢᠩᠭ᠎ᠠ ᠰᠦᠷ ᠳᠠᠯᠠᠢᠴᠠᠲᠠᠢ ᠠᠬᠤᠢ ᠪᠠᠢᠳᠠᠯ ᠂ ᠠᠮᠢᠳᠤᠯᠢᠭ ᠰᠠᠢᠬᠠᠨ ᠨᠡᠢᠲᠡᠯᠢᠭ ᠬᠡᠷᠡᠭ ᠦ᠋ᠨ ᠵᠢᠱ᠌ᠢᠶ᠎ᠡ ᠂ ᠭᠤᠨᠢᠭ ᠵᠣᠪᠠᠯ ᠲᠠᠢ ᠭᠡᠮᠰᠢᠯ ᠢ᠋ ᠡᠷᠭᠢᠴᠡᠭᠦᠯᠦᠨ ᠪᠤᠳᠤᠭᠤᠯᠵᠤ ᠂ ᠺᠠᠳ᠋ᠷ ᠴᠠᠭᠳᠠᠭ᠎ᠠ ᠨᠠᠷ ᠲᠤ᠌ 《ᠡᠷᠬᠡ ᠶ᠋ᠢ ᠳᠦᠷᠢᠮ ᠢ᠋ᠶ᠋ᠡᠷ ᠪᠣᠭᠣᠮᠢᠯᠠᠭᠤᠯᠬᠤ 》 《 ᠢᠯᠵᠠᠷᠠᠯ ᠪᠠᠢᠪᠠᠯ ᠵᠠᠪᠠᠯ ᠶᠠᠯᠠᠯᠠᠬᠤ ᠂ ᠱᠠᠮᠰᠢᠯ ᠪᠠᠢᠪᠠᠯ ᠵᠠᠪᠠᠯ ᠠᠷᠢᠯᠭᠠᠬᠤ 》 ᠭᠡᠬᠦ ᠲᠤᠬᠠᠢ ᠨᠡᠩ ᠭᠦᠨᠵᠡᠭᠡᠢ ᠲᠠᠨᠢᠯᠲᠠ ᠲᠠᠢ ᠪᠣᠯᠭᠠᠭᠰᠠᠨ ᠪᠠᠢᠨ᠎ᠠ ᠃ ᠲᠣᠭᠣᠷᠢᠨ ᠦᠵᠡᠵᠦ ᠪᠠᠷᠠᠭᠰᠠᠨ ᠤ᠋ ᠳᠠᠷᠠᠭ᠎ᠠ ᠂ ᠺᠠᠳ᠋ᠷ ᠴᠠᠭᠳᠠᠭ᠎ᠠ ᠨᠠᠷ ᠴᠢᠬᠡᠴᠢ ᠵᠠᠰᠠᠭ ᠤ᠋ᠨ ᠶᠠᠷᠢᠶᠠᠨ ᠤ᠋ ᠲᠠᠩᠬᠢᠮ ᠳ᠋ᠤ᠌ ᠭᠦᠷᠦᠨ ᠢᠯᠵᠢᠷᠡᠯ ᠢ᠋ ᠡᠰᠡᠷᠭᠦᠴᠡᠬᠦ ᠪᠠᠷᠢᠮᠲᠠᠲᠤ ᠹᠢᠯᠢᠮ ᠢ᠋ ᠦᠵᠡᠵᠦ ᠂ ᠠᠯᠪᠠᠨ ᠵᠠᠷᠤᠴᠠ ᠪᠠᠢᠭᠰᠠᠨ ᠠ᠋ᠴᠠ ᠪᠠᠨ ᠱᠠᠮᠰᠢᠭᠴᠢ ᠨᠣᠶᠠᠨ ᠪᠣᠯᠬᠤ ᠨᠢ ᠵᠥᠪᠬᠡᠨ ᠨᠢᠭᠡ ᠯᠡ ᠴᠠᠭ ᠤ᠋ᠨ ᠪᠤᠷᠤᠭᠤ ᠪᠣᠳᠣᠯ ᠠ᠋ᠴᠠ ᠪᠣᠯᠤᠭᠰᠠᠨ ᠪᠠ ᠭᠠᠪᠢᠶᠠᠲᠤ ᠵᠢᠳᠬᠦᠯᠲᠡᠨᠠ᠋ᠴᠠ ᠶᠠᠯ᠎ᠠ ᠬᠢᠬᠦ ᠬᠦᠷᠲᠡᠯ᠎ᠡ ᠵᠥᠪᠬᠡᠨ ᠨᠢᠭᠡ ᠯᠡ ᠠᠯᠬᠤᠮ ᠪᠤᠷᠤᠭᠤ ᠠᠯᠬᠤᠭᠰᠠᠨ ᠠ᠋ᠴᠠ ᠪᠣᠯᠤᠭᠰᠠᠨ ᠢ᠋ ᠭᠦᠨᠵᠡᠭᠡᠢ ᠣᠢᠯᠭᠠᠭᠰᠠᠨ ᠪᠠᠢᠨ᠎ᠠ ᠃ ᠠᠵᠢᠯᠯᠠᠭ᠎ᠠ ᠶ᠋ᠢᠨ ᠡᠴᠦᠰ ᠲᠦ᠍ ᠂ ᠺᠠᠳ᠋ᠷ ᠴᠠᠭᠳᠠᠭ᠎ᠠ ᠨᠠᠷ ᠴᠢᠬᠡᠴᠢ ᠵᠠᠰᠠᠭ ᠤ᠋ᠨ ᠮᠡᠳᠡᠯᠭᠡ ᠶ᠋ᠢᠨ ᠰᠡᠳᠦᠪ ᠬᠠᠷᠢᠭᠤᠯᠬᠤ ᠤᠷᠤᠯᠳᠤᠭᠠᠨ ᠳ᠋ᠤ᠌ ᠣᠷᠣᠯᠴᠠᠵᠠᠢ ᠃
ᠲᠤᠰ ᠤᠳᠠᠭᠠᠨ ᠤ᠋ ᠨᠠᠮ ᠤ᠋ᠨ ᠡᠳᠦᠷ ᠦ᠋ᠨ ᠠᠵᠢᠯᠯᠠᠭ᠎ᠠ ᠶ᠋ᠢ ᠥᠷᠨᠢᠭᠦᠯᠦᠭᠰᠡᠨ ᠶᠠᠪᠤᠳᠠᠯ ᠪᠣᠯ ᠢᠯᠵᠠᠷᠠᠯ ᠢ᠋ ᠡᠰᠡᠷᠭᠦᠴᠡᠨ᠂ ᠬᠤᠪᠢᠷᠠᠬᠤ ᠶ᠋ᠢ ᠰᠡᠷᠭᠡᠢᠯᠡᠬᠦ ᠦᠵᠡᠯ ᠰᠠᠨᠠᠭᠠᠨ ᠤ᠋ ᠰᠡᠷᠭᠡᠢᠯᠡᠯᠲᠡ ᠶ᠋ᠢᠨ ᠱᠤᠭᠤᠮ ᠢ᠋ ᠪᠠᠲᠤ ᠪᠡᠬᠢ ᠪᠣᠢ ᠪᠣᠯᠭᠠᠵᠤ ᠂ ᠠᠷᠢᠭᠤᠨ ᠴᠢᠬᠡᠴᠢ ᠲᠥᠪ ᠰᠤᠷᠲᠠᠯ ᠲᠠᠢ ᠰᠠᠬᠢᠯᠭ᠎ᠠ ᠪᠠᠲᠤ ᠢᠲᠡᠭᠡᠯ ᠵᠣᠷᠢᠭ ᠢ᠋ ᠭᠦᠨᠵᠡᠭᠡᠢᠷᠡᠭᠦᠯᠦᠨ ᠂ ᠡᠩᠨᠡᠭᠡ ᠶ᠋ᠢᠨ ᠨᠢᠭᠲᠠᠷᠠᠯ ᠤ᠋ᠨ ᠬᠦᠴᠦᠨ ᠪᠠ ᠳᠠᠢᠴᠢᠨ ᠬᠦᠴᠦᠨ ᠢ᠋ ᠴᠢᠩᠭᠠᠷᠠᠭᠤᠯᠤᠭᠰᠠᠨ ᠪᠠᠢᠨ᠎ᠠ ᠃ ᠺᠠᠳ᠋ᠷ ᠴᠠᠭᠳᠠᠭ᠎ᠠ ᠨᠠᠷ ᠠᠷᠢᠭᠤᠨ ᠴᠢᠬᠡᠴᠢ ᠪᠡᠷ ᠪᠡᠶ᠎ᠡ ᠪᠡᠨ ᠪᠠᠷᠢᠬᠤ ᠠᠵᠢᠯ ᠢ᠋ ᠢᠮᠠᠭᠲᠠ ᠴᠢᠩᠬ᠎ᠠ ᠠᠳᠬᠤᠵᠤ ᠂ ᠦᠢᠯᠡ ᠠᠵᠢᠯᠯᠠᠭ᠎ᠠ ᠳᠤᠮᠳᠠ ᠪᠠᠨ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠬᠦ ᠪᠠ ᠠᠷᠢᠭᠤᠨ ᠴᠢᠬᠡᠴᠢ ᠮᠥᠨ ᠴᠢᠨᠠᠷ ᠢ᠋ᠶ᠋ᠠᠨ ᠡᠭᠦᠷᠢᠳᠡ ᠬᠠᠳᠠᠭᠠᠯᠠᠵᠤ ᠂ ᠦᠨᠡᠨ ᠢ᠋ ᠪᠠᠷᠢᠮᠲᠠᠯᠠᠨ ᠪᠣᠳᠠᠲᠠᠢ ᠶ᠋ᠢ ᠡᠷᠬᠢᠮᠯᠡᠬᠦ ᠠᠵᠢᠯ ᠤ᠋ᠨ ᠰᠤᠷᠲᠠᠯ ᠢ᠋ᠶ᠋ᠠᠷ ᠭᠦᠢᠴᠡᠳᠬᠡᠬᠦ ᠠᠵᠢᠯ ᠢ᠋ᠶ᠋ᠠᠨ ᠰᠠᠢᠲᠤᠷ ᠬᠢᠵᠦ ᠂ ᠠᠷᠠᠳ ᠲᠦᠮᠡᠨ ᠳ᠋ᠦ᠍ ᠬᠠᠨᠤᠮᠵᠢᠲᠠᠢ ᠬᠠᠷᠢᠭᠤᠯᠲᠠ ᠥᠭᠭᠦᠨ᠎ᠡ ᠭᠡᠵᠦ ᠢᠯᠡᠷᠬᠡᠢᠯᠡᠭᠰᠡᠨ ᠪᠠᠢᠨ᠎ᠠ ᠃
ᠦᠨᠡᠯᠡᠬᠦ 0ᠦᠨᠡᠯᠡᠯᠲᠡ᠎ᠲᠠᠢ