ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠪᠦᠬᠦ ᠬᠣᠲᠠ ᠶ᠋ᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠦᠨᠡᠯᠡᠨ ᠵᠢᠱ᠌ᠢᠬᠦ ᠬᠤᠷᠠᠯ ᠳ᠋ᠤ᠌ ᠲᠤᠷᠰᠢᠯᠭ᠎ᠠ ᠪᠠᠨ ᠰᠣᠯᠢᠯᠴᠠᠪᠠ
2023.05.29 ᠲᠣᠰ ᠥᠷᠲᠡᠭᠡᠨ᠎ᠦ ᠨᠠᠢᠷᠠᠭᠤᠯᠤᠭᠴᠢ

    5 ᠰᠠᠷ᠎ᠠ ᠶ᠋ᠢᠨ 19 ᠦ᠌ ᠡᠳᠦᠷ ᠂ ᠪᠦᠬᠦ ᠬᠣᠲᠠ ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ᠋ ᠦᠨᠡᠯᠡᠨ ᠵᠢᠱ᠌ᠢᠬᠦ ᠲᠤᠷᠰᠢᠯᠭ᠎ᠠ ᠰᠣᠯᠢᠯᠴᠠᠭᠠᠨ ᠤ᠋ ᠬᠤᠷᠠᠯ ᠬᠤᠷᠠᠯᠳᠤᠪᠠ ᠃ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠬᠤᠳᠠᠯᠳᠤᠭᠠᠨ ᠤ᠋ ᠵᠢᠭᠤᠷᠠᠭᠠᠨ ᠢ᠋ ᠰᠢᠢᠳᠪᠦᠷᠢᠯᠡᠬᠦ ᠭᠣᠣᠯ ᠭᠦᠢᠴᠡᠳᠬᠡᠬᠦ ᠲᠣᠭ᠎ᠠ ᠪᠠᠷ ᠲᠦᠷᠦᠭᠦᠯᠡᠨ ᠬᠢᠬᠦ ᠨᠢᠭᠡᠴᠢ ᠪᠣᠯᠤᠭᠰᠠᠨ ᠤ᠋ ᠬᠤᠪᠢ ᠳ᠋ᠤ᠌ ᠂ ᠠᠵᠢᠯ ᠤ᠋ᠨ ᠭᠢᠯᠠᠰᠤᠮ᠎ᠠ ᠲᠠᠯ᠎ᠠ ᠪᠠ ᠬᠢᠬᠦ᠎ᠠᠷᠭ᠎ᠠ ᠲᠤᠷᠰᠢᠯᠭ᠎ᠠ ᠶ᠋ᠢᠨ ᠲᠣᠭᠣᠷᠢᠨ ᠳ᠋ᠤ᠌ ᠶᠠᠷᠢᠶᠠᠨ ᠤ᠋ ᠰᠣᠯᠢᠯᠴᠠᠭ᠎ᠠ ᠶᠠᠪᠤᠭᠳᠠᠭᠤᠯᠤᠭᠰᠠᠨ ᠪᠠᠢᠨ᠎ᠠ᠃

 

 

 

 

    ᠬᠤᠷᠠᠯ᠎ᠠ᠋ᠴᠠ 《 2022 ᠣᠨ ᠤ᠋ ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠤ᠋ ᠦᠨᠡᠯᠡᠯᠲᠡ ᠶ᠋ᠢᠨ ᠬᠦᠰᠦᠨᠦᠭ ᠢ᠋ᠶ᠋ᠡᠷ ᠮᠡᠳᠡᠭᠦᠯᠬᠦ ᠠᠵᠢᠯ ᠤ᠋ᠨ ᠲᠡᠷᠢᠭᠦᠨ ᠦ᠌ ᠨᠢᠭᠡᠴᠡ ᠪᠠ ᠬᠤᠪᠢ ᠬᠥᠮᠦᠨ ᠢ᠋ ᠬᠥᠬᠢᠭᠦᠯᠦᠨ ᠰᠠᠢᠰᠢᠶᠠᠬᠤ ᠲᠤᠬᠠᠢ ᠮᠡᠳᠡᠭᠡᠯᠡᠯ 》 ᠢ᠋ ᠤᠩᠰᠢᠨ ᠨᠡᠢᠲᠡᠯᠡᠵᠦ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 2022 ᠣᠨ ᠤ᠋ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠤ᠋ ᠦᠨᠡᠯᠡᠯᠲᠡ ᠶ᠋ᠢᠨ 《 ᠳᠠᠷᠠᠭᠠᠯᠠᠨ ᠮᠠᠩᠯᠠᠢᠯᠠᠭᠰᠠᠨ ᠨᠢᠭᠡᠴᠡ 》 ᠲᠡᠷᠢᠭᠦᠨ ᠦ᠌ ᠬᠠᠮᠲᠤ ᠨᠡᠢᠲᠡ ᠶ᠋ᠢᠨ ᠢᠷᠠᠭᠤ ᠠᠯᠳᠠᠷ ᠢ᠋ ᠬᠦᠷᠲᠡᠵᠦ ᠂ 8 ᠺᠠᠳ᠋ᠷ ᠴᠠᠭᠳᠠᠭ᠎ᠠ ᠨᠠᠷ ᠢ᠋ ᠲᠤᠰ ᠲᠤᠰ 《 ᠰᠢᠯᠢᠳᠡᠭ ᠵᠣᠬᠢᠶᠠᠨ ᠪᠠᠢᠭᠤᠯᠤᠭᠴᠢ 》 《 ᠰᠢᠯᠢᠳᠡᠭ ᠬᠦᠰᠦᠨᠦᠭᠲᠦ ᠲᠠᠭᠯᠠᠭᠴᠢ 》 《 ᠰᠢᠯᠢᠳᠡᠭ ᠬᠠᠷᠢᠯᠴᠠᠭᠴᠢ 》 ᠭᠡᠬᠦ ᠲᠡᠷᠢᠭᠦᠨ ᠦ᠌ ᠬᠤᠪᠢ ᠬᠥᠮᠦᠨ ᠦ᠌ ᠢᠷᠠᠭᠤ ᠠᠯᠳᠠᠷ ᠢ᠋ ᠬᠦᠷᠲᠡᠭᠰᠡᠨ ᠪᠠᠢᠨ᠎ᠠ ᠃
    2022 ᠣᠨ ᠳ᠋ᠤ᠌ ᠪᠦᠬᠦ ᠬᠣᠲᠠ ᠶ᠋ᠢᠨ ᠰᠢᠭᠦᠬᠦ ᠬᠣᠷᠢᠶ᠎ᠠ ᠨᠢ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠬᠠᠦᠯᠢᠵᠢᠭ᠍ᠰᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠲᠤᠬᠠᠢ ᠨᠠᠮ ᠤ᠋ᠨ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠂ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠡᠯ᠎ᠡ ᠵᠦᠢᠯ ᠦ᠋ᠨ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ ᠂ ᠨᠠᠮ ᠤ᠋ᠨ ᠤᠯᠤᠰ ᠲᠥᠷᠥ ᠶ᠋ᠢᠨ ᠪᠠᠢᠭᠤᠯᠤᠯᠲᠠ ᠶ᠋ᠢ ᠴᠢᠩᠭᠠᠳᠬᠠᠬᠤ ᠪᠠᠷ ᠶᠡᠷᠦᠩᠬᠡᠢᠯᠡᠨ ᠵᠢᠯᠣᠭᠣᠳᠤᠭᠤᠯᠭ᠎ᠠ ᠪᠣᠯᠭᠠᠵᠤ ᠂ ᠬᠢᠨᠠᠨ ᠭᠦᠢᠴᠡᠳᠬᠡᠬᠦ ᠡᠭᠦᠷᠭᠡ ᠴᠢᠳᠠᠪᠤᠷᠢ ᠪᠠᠨ ᠬᠠᠤᠯᠢ ᠶᠣᠰᠣᠭᠠᠷ ᠭᠦᠢᠴᠡᠳᠬᠡᠨ ᠂ ᠪᠦᠬᠦ ᠬᠦᠴᠦᠨ ᠢ᠋ᠶ᠋ᠡᠷ ᠬᠠᠤᠯᠢ ᠶ᠋ᠢᠨ ᠦᠢᠯᠡᠴᠢᠯᠡᠯᠭᠡ ᠶ᠋ᠢ ᠰᠢᠯᠢᠳᠡᠭᠵᠢᠭᠦᠯᠵᠦ ᠂ ᠣᠷᠳᠣᠰ ᠤ᠋ᠨ ᠠᠵᠤ ᠠᠬᠤᠢ ᠶ᠋ᠢᠨ ᠴᠢᠨᠠᠷ ᠰᠠᠢᠲᠠᠢ ᠬᠥᠭᠵᠢᠯᠲᠡ ᠪᠣᠯᠤᠨ ᠬᠠᠤᠯᠢ ᠪᠠᠷ ᠵᠠᠰᠠᠭᠰᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ᠋ ᠪᠣᠢ ᠪᠣᠯᠭᠠᠬᠤ ᠳ᠋ᠤ᠌ ᠬᠦᠴᠦᠲᠡᠢ ᠬᠠᠤᠯᠢ ᠴᠠᠭᠠᠵᠠ ᠶ᠋ᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠭᠰᠠᠨ ᠪᠠᠢᠨ᠎ᠠ ᠃ ᠢᠯᠠᠩᠭᠤᠶ᠎ᠠ 2022 ᠣᠨ ᠤ᠋ ᠣᠷᠣᠨ ᠤ᠋ ᠦᠨᠡᠯᠡᠯᠲᠡ ᠶ᠋ᠢᠨ ᠬᠦᠰᠦᠨᠦᠭ ᠦ᠋ᠨ ᠮᠡᠳᠡᠭᠦᠯᠦᠯᠲᠡ ᠳ᠋ᠦ᠍ ᠂ ᠰᠢᠭᠦᠬᠦ ᠬᠣᠷᠢᠶ᠎ᠠ ᠲᠣᠯᠣᠭᠠᠢ ᠲᠦᠷᠦᠭᠦᠯᠡᠨ ᠬᠤᠳᠠᠯᠳᠤᠭᠠᠨ ᠤ᠋ ᠵᠢᠭᠤᠷᠠᠭᠠᠨ ᠢ᠋ ᠰᠢᠢᠳᠪᠦᠷᠢᠯᠡᠬᠦ ᠪᠠ ᠳᠠᠮᠫᠤᠷᠠᠬᠤ ᠶ᠋ᠢ ᠰᠢᠢᠳᠪᠦᠷᠢᠯᠡᠬᠦ ᠬᠣᠶᠠᠷ ᠭᠦᠴᠡᠳᠬᠡᠬᠦ ᠲᠣᠭ᠎ᠠ ᠶ᠋ᠢ ᠬᠦᠰᠦᠨᠦᠭ ᠢ᠋ᠶ᠋ᠡᠷ ᠮᠡᠳᠡᠭᠦᠯᠦᠭᠰᠡᠨ ᠨᠢ ᠲᠣᠰᠪᠣᠷᠢ ᠪᠦᠬᠦ ᠣᠷᠣᠨ ᠤ᠋ ᠨᠢᠭᠡᠳᠦᠭᠡᠷ ᠪᠠ ᠬᠣᠶᠠᠳᠤᠭᠠᠷ ᠰᠢᠯᠢᠳᠡᠭ ᠬᠢᠷᠢ ᠪᠦᠲᠦᠮᠵᠢ ᠶ᠋ᠢ ᠬᠦᠷᠲᠡᠭᠰᠡᠨ ᠪᠠᠢᠨ᠎ᠠ ᠃
    ᠳᠠᠷᠠᠭ᠎ᠠ ᠠᠯᠬᠤᠮ ᠳ᠋ᠤ᠌ ᠂ ᠪᠦᠬᠦ ᠬᠣᠲᠠ ᠶ᠋ᠢᠨ ᠰᠢᠭᠦᠬᠦ ᠬᠣᠷᠢᠶ᠎ᠠ ᠨᠢ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠪᠣᠯᠤᠨ ᠬᠣᠲᠠ ᠶ᠋ᠢᠨ ᠨᠠᠮ ᠤ᠋ᠨ ᠬᠣᠷᠢᠶᠠᠨ ᠤ᠋ ᠪᠠᠢᠷᠢᠯᠠᠭᠤᠯᠤᠭᠰᠠᠨ ᠡᠯ᠎ᠡ ᠵᠦᠢᠯ ᠦ᠋ᠨ ᠡᠭᠦᠷᠭᠡ ᠶ᠋ᠢ ᠰᠠᠢᠲᠤᠷ ᠨᠠᠢᠳᠠᠪᠤᠷᠢᠵᠢᠭᠤᠯᠵᠤ ᠂ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠤ᠋ ᠦᠨᠡᠯᠡᠯᠲᠡ ᠶ᠋ᠢᠨ ᠬᠦᠰᠦᠨᠦᠭ ᠢ᠋ᠶ᠋ᠡᠷ ᠮᠡᠳᠡᠭᠦᠯᠬᠦ ᠠᠵᠢᠯ ᠢ᠋ ᠰᠠᠢᠲᠤᠷ ᠬᠢᠵᠦ ᠂ ᠠᠵᠤ ᠠᠬᠤᠢᠯᠠᠯ ᠳ᠋ᠤ᠌ ᠬᠣᠯᠪᠣᠭᠳᠠᠭᠰᠠᠨ ᠬᠡᠷᠡᠭ ᠢ᠋ ᠬᠡᠷᠡᠭ ᠪᠣᠯᠭᠠᠨ ᠳᠠᠩᠰᠠᠯᠠᠵᠤ ᠰᠢᠭᠦᠬᠦ ᠭᠦᠢᠴᠡᠳᠬᠡᠬᠦ ᠬᠢᠨᠠᠨ ᠬᠠᠮᠢᠶᠠᠷᠬᠤ ᠲᠣᠭᠲᠠᠴᠠ ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠂ ᠵᠣᠬᠢᠶᠠᠨ ᠪᠠᠢᠭᠤᠯᠤᠯᠲᠠ ᠶ᠋ᠢᠨ ᠤᠳᠤᠷᠢᠳᠤᠯᠭ᠎ᠠ ᠶ᠋ᠢ ᠴᠢᠩᠭᠠᠳᠬᠠᠬᠤ ᠂ ᠳ᠋ᠦᠩᠨᠡᠨ ᠤᠬᠠᠭᠤᠯᠬᠤ ᠂ ᠠᠵᠢᠯ ᠤ᠋ᠨ ᠲᠣᠬᠢᠷᠠᠭᠤᠯᠤᠯᠲᠠ ᠬᠢᠬᠦ ᠂ ᠨᠡᠪᠲᠡᠷᠡᠯᠴᠡᠵᠦ ᠵᠣᠬᠢᠴᠠᠭᠤᠯᠬᠤ ᠂ ᠬᠢᠨᠠᠨ ᠵᠢᠯᠣᠭᠣᠳᠤᠨ ᠪᠠᠢᠴᠠᠭᠠᠬᠤ ᠪᠠ ᠦᠷ᠎ᠡ ᠪᠦᠲᠦᠮᠵᠢ ᠶ᠋ᠢ ᠰᠢᠯᠭᠠᠨ ᠦᠨᠡᠯᠡᠬᠦ ᠵᠢᠴᠢ ᠠᠷᠤ ᠲᠠᠯ᠎ᠠ ᠶ᠋ᠢᠨ ᠠᠵᠢᠯ ᠤ᠋ᠨ ᠪᠠᠲᠤᠯᠠᠭ᠎ᠠ ᠵᠡᠷᠭᠡ ᠲᠠᠯ᠎ᠠ ᠪᠠᠷ ᠬᠠᠦᠯᠢᠵᠢᠭ᠍ᠰᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠠᠵᠢᠯ ᠢ᠋ ᠦᠷᠭᠦᠯᠵᠢᠯᠡᠨ ᠰᠠᠢᠲᠤᠷ ᠬᠢᠵᠦ ᠂ ᠨᠡᠩ ᠰᠢᠯᠢᠳᠡᠭ ᠬᠢᠷᠢ ᠪᠦᠲᠦᠮᠵᠢ ᠪᠡᠷ ᠮᠠᠨ ᠤ᠋ ᠬᠣᠲᠠ ᠶ᠋ᠢᠨ ᠭᠠᠵᠠᠷ ᠣᠷᠣᠨ ᠤ᠋ ᠠᠵᠤ ᠠᠬᠤᠢ ᠨᠡᠢᠭᠡᠮ ᠦ᠋ᠨ ᠥᠨᠳᠥᠷ ᠶᠠᠰᠤ ᠴᠢᠨᠠᠷ ᠲᠠᠢ ᠬᠥᠭᠵᠢᠯᠲᠡ ᠶ᠋ᠢᠨ ᠠᠶᠠᠨ ᠤ᠋ ᠬᠠᠮᠠᠭᠠᠯᠠᠯ ᠬᠢᠨ᠎ᠡ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )