ᠬᠡᠯᠡᠪᠡᠯ ᠬᠢᠭᠡᠳ ᠬᠢᠪᠡᠯ ᠪᠦᠲᠦᠨ᠎ᠡ ︱ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠡᠷᠡᠭᠦᠦ ᠶ᠋ᠢᠨ ᠬᠡᠷᠡᠭ ᠲᠦ᠍ ᠬᠣᠯᠪᠣᠭᠳᠠᠭᠰᠠᠨ ᠡᠳ᠋ ᠬᠥᠷᠥᠩᠭᠡ ᠶ᠋ᠢᠨ ᠰᠢᠳᠭᠡᠯ ᠤᠨ ᠬᠡᠷᠡᠭ  ᠢ ᠲᠤᠰᠬᠠᠢ ᠭᠦᠢᠴᠡᠳᠬᠡᠬᠦ ᠠᠵᠢᠯᠯᠠᠭ᠎ᠠ ᠪᠠᠨ ᠡᠬᠢᠯᠡᠭᠦᠯᠪᠡ
2023.05.29 ᠲᠣᠰ ᠥᠷᠲᠡᠭᠡᠨ᠎ᠦ ᠨᠠᠢᠷᠠᠭᠤᠯᠤᠭᠴᠢ

  ᠡᠷᠡᠭᠦᠦ ᠶ᠋ᠢᠨ ᠬᠡᠷᠡᠭ  ᠤᠨ ᠡᠳ᠋ ᠬᠥᠷᠥᠩᠭᠡ ᠶ᠋ᠢᠨ ᠡᠷᠡᠭᠦᠦ ᠰᠢᠳᠬᠡᠯ ᠢ᠋ ᠭᠦᠢᠴᠡᠳᠭᠡᠬᠦ ᠠᠵᠢᠯᠯᠠᠭ᠎ᠠ ᠶ᠋ᠢᠨ ᠳᠦᠷᠢᠮᠵᠢᠯᠡᠯ ᠂ᠪᠠᠢᠨᠭᠭᠤᠵᠢᠯ ᠢ᠋ ᠪᠦᠬᠦ ᠲᠠᠯ᠎ᠠ ᠪᠠᠷ  ᠲᠦᠯᠬᠢᠨ ᠠᠬᠢᠭᠤᠯᠵᠤ ᠂ ᠡᠳ᠋ ᠬᠥᠷᠥᠩᠭᠡ ᠶ᠋ᠢᠨ ᠡᠷᠡᠭᠦᠦ ᠰᠢᠳᠭᠡᠯ ᠭᠦᠢᠴᠡᠳᠬᠡᠬᠦ ᠬᠡᠷᠡᠭᠦᠨ ᠭᠦᠢᠴᠡᠳᠬᠡᠬᠦ ᠴᠢᠨᠠᠷ  ᠪᠦᠲᠦᠮᠵᠢ ᠶ᠋ᠢ ᠭᠦᠢᠴᠡᠳ ᠪᠠᠳᠠᠷᠠᠭᠤᠯᠵᠤ ᠂ ᠲᠤᠬᠠᠢ ᠶ᠋ᠢᠨ ᠬᠥᠮᠦᠨ ᠦ᠌ ᠬᠠᠤᠯᠢ ᠶᠣᠰᠣᠨ ᠤ᠋ ᠡᠷᠬᠡ ᠠᠰᠢᠭ ᠢ᠋ ᠬᠠᠮᠠᠭᠠᠯᠠᠬᠤ ᠶ᠋ᠢᠨ ᠲᠥᠯᠥᠭᠡ ᠂ 5 ᠰᠠᠷ᠎ᠠ ᠶ᠋ᠢᠨ 23 ᠤ᠋ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠡᠷᠡᠭᠦᠦ ᠶ᠋ᠢᠨ ᠬᠡᠷᠡᠭ ᠦᠨ ᠡᠳ᠋ ᠬᠥᠷᠥᠩᠭᠡ ᠶ᠋ᠢᠨ ᠡᠷᠡᠭᠦᠦ ᠰᠢᠳᠭᠡᠯ ᠦ᠋ᠨ ᠲᠤᠰᠬᠠᠢ ᠭᠦᠢᠴᠡᠳᠬᠡᠬᠦ ᠠᠵᠢᠯᠯᠠᠭ᠎ᠠ ᠶ᠋ᠢᠨ ᠡᠬᠢᠯᠡᠯᠲᠡ ᠶ᠋ᠢᠨ ᠶᠣᠰᠣᠯᠠᠯ ᠢ᠋ ᠶᠠᠪᠤᠭᠳᠠᠭᠤᠯᠪᠠ᠃    

    ᠶᠣᠰᠣᠯᠠᠯ ᠳ᠋ᠦ᠍᠂ ᠲᠤᠰ ᠤᠳᠠᠭᠠᠨ ᠤ᠋ ᠲᠤᠰᠬᠠᠢ ᠭᠦᠢᠴᠡᠳᠬᠡᠬᠦ ᠠᠵᠢᠯᠯᠠᠭᠠᠨ ᠤ᠋ ᠥᠷᠨᠢᠭᠦᠯᠬᠦ ᠬᠠᠷᠠᠯᠲᠠ ᠡᠭᠦᠷᠭᠡ ᠪᠠ ᠠᠵᠢᠯ ᠤ᠋ᠨ ᠠᠷᠭ᠎ᠠ ᠬᠡᠮᠵᠢᠶ᠎ᠡ ᠶ᠋ᠢ ᠲᠣᠳᠣᠷᠬᠠᠢ ᠳᠤᠷᠠᠳᠴᠤ ᠂ ᠡᠳ᠋ ᠬᠦᠷᠦᠩᠭᠡ ᠶᠢ ᠪᠠᠢᠴᠠᠭᠠᠬᠤ ᠠᠷᠭ᠎ᠠ ᠠᠪᠴᠢᠯ ᠢ ᠲᠡᠭᠦᠯᠳᠡᠷ ᠠᠰᠢᠭᠯᠠᠨ᠂《 ᠶᠡᠷᠦᠩᠬᠡᠢ ᠶᠡᠷᠦᠩᠬᠡᠢ ᠲᠠᠢ ᠬᠠᠷᠢᠯᠴᠠᠬᠤ 》 ᠲᠣᠣᠷ ᠰᠦᠯᠵᠢᠶ᠎ᠡ ᠶᠢᠨ ᠪᠠᠢᠴᠠᠭᠠᠬᠤ ᠂ ᠤᠯᠠᠮᠵᠢᠯᠠᠯᠲᠤ ᠠᠷᠭ᠎ᠠ ᠪᠠᠷ ᠪᠠᠢᠴᠠᠭᠠᠬᠤ᠂  ᠱᠠᠩᠨᠠᠨ ᠰᠠᠢᠰᠢᠶᠠᠵᠤ ᠢᠯᠡᠴᠢᠯᠡᠨ ᠮᠡᠳᠡᠭᠦᠯᠬᠦ ᠂ ᠬᠢᠨᠠᠨ ᠪᠣᠳᠣᠯᠲᠠ ᠬᠢᠵᠦ ᠪᠠᠢᠴᠠᠭᠠᠬᠤ  ᠂ ᠬᠠᠤᠯᠢᠴᠢ ᠪᠠᠷ ᠪᠠᠢᠴᠠᠭᠠᠯᠭᠠᠬᠤ᠂ ᠨᠡᠩᠵᠢᠬᠦ ᠠᠵᠢᠯᠯᠠᠭ᠎ᠠ ᠶ᠋ᠢ ᠶᠠᠪᠤᠭᠳᠠᠭᠤᠯᠬᠤ ᠵᠡᠷᠭᠡ ᠠᠷᠭ᠎ᠠ ᠶ᠋ᠢ ᠭᠦᠢᠴᠡᠳ ᠠᠰᠢᠭᠯᠠᠵᠤ ᠂ ᠡᠳ᠋ ᠬᠥᠷᠥᠩᠭᠡ ᠲᠡᠢ ᠬᠣᠯᠪᠣᠭᠳᠠᠭᠰᠠᠨ ᠰᠦᠪᠡᠭᠴᠢ ᠶ᠋ᠢ ᠪᠦᠬᠦ ᠲᠠᠯ᠎ᠠ ᠪᠠᠷ ᠣᠢᠯᠠᠭᠠᠨ ᠵᠢᠭᠰᠠᠭᠠᠵᠤ ᠂ ᠭᠦᠢᠴᠡᠳᠬᠡᠭᠳᠡᠭᠴᠢ ᠶ᠋ᠢᠨ ᠡᠳ᠋ ᠬᠥᠷᠥᠩᠭᠡ ᠶ᠋ᠢ ᠬᠠᠤᠯᠢ ᠶᠣᠰᠣᠭᠠᠷ ᠢᠯᠭᠠᠨ ᠲᠣᠳᠣᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ︔ ᠭᠦᠢᠴᠡᠳᠬᠡᠭᠳᠡᠭᠴᠢ ᠶ᠋ᠢᠨ ᠭᠡᠷ ᠪᠦᠯᠢ ᠶ᠋ᠢᠨ ᠬᠢᠨ ᠲᠡᠢ ᠢᠳᠡᠪᠬᠢᠲᠡᠢ ᠪᠡᠷ ᠬᠠᠷᠢᠯᠴᠠᠬᠤ ᠪᠤᠶᠤ ᠲᠡᠳᠡᠨ ᠦ᠌ ᠭᠡᠷ ᠪᠦᠯᠢ ᠶ᠋ᠢᠨ ᠬᠢᠨᠢ ᠲᠤᠬᠠᠢ ᠶ᠋ᠢᠨ ᠭᠠᠵᠠᠷ ᠲᠤᠨᠢ ᠬᠦᠷᠴᠦ ᠰᠤᠷᠪᠤᠯᠵᠢᠯᠠᠬᠤ ᠂ ᠭᠦᠢᠴᠡᠳᠬᠡᠭᠳᠡᠭᠴᠢ ᠶ᠋ᠢᠨ ᠭᠡᠷ ᠪᠦᠯᠢ ᠶ᠋ᠢᠨ ᠬᠢᠨ ᠦ᠌ ᠣᠷᠣᠯᠠᠨ ᠭᠦᠢᠴᠡᠳᠬᠡᠬᠦ ᠶ᠋ᠢ ᠬᠦᠯᠢᠴᠡᠩᠭᠦᠢ ᠱᠠᠭᠠᠷᠳᠠᠬᠤ ᠵᠡᠷᠭᠡ ᠠᠷᠭ᠎ᠠ ᠬᠡᠯᠪᠡᠷᠢ ᠶ᠋ᠢ ᠠᠪᠬᠤ ᠬᠡᠷᠡᠭᠲᠡᠢ ᠭᠡᠵᠦ ᠵᠢᠭᠠᠨ ᠭᠠᠷᠭᠠᠵᠠᠢ ︔ ᠡᠭᠦᠨ ᠳ᠋ᠦ᠍ ᠲᠤᠰ ᠬᠡᠷᠡᠭ ᠦ᠋ᠨ ᠡᠴᠦᠰ ᠦ᠋ᠨ ᠨᠥᠬᠥᠴᠡᠯ ᠳ᠋ᠦ᠍ ᠨᠡᠢᠴᠡᠭᠰᠡᠨ ᠬᠡᠷᠡᠭ ᠲᠦ᠍ ᠲᠤᠰᠬᠠᠢ ᠠᠵᠢᠯᠲᠠᠨ ᠲᠣᠬᠢᠷᠠᠭᠤᠯᠵᠤ ᠂ ᠲᠤᠬᠠᠢ ᠶᠢᠨ ᠭᠠᠵᠠᠷ ᠲᠤᠨᠢ  ᠪᠠᠢᠴᠠᠭᠠᠯᠲᠠ ᠬᠢᠯᠭᠡᠨ᠎ᠡ᠃ ᠬᠤᠷᠠᠯ ᠠ᠋ᠴᠠ ᠴᠢᠬᠤᠯᠠᠴᠢᠯᠠᠭᠰᠠᠨ ᠨᠢ ᠂ ᠭᠦᠢᠴᠡᠳᠬᠡᠬᠦ ᠺᠠᠲᠷ ᠴᠠᠭᠳᠠᠭ᠎ᠠ ᠨᠠᠷ ᠡᠷᠬᠡᠪᠰᠢ ᠲᠠᠨᠢᠯᠲᠠ ᠪᠠᠨ ᠳᠡᠭᠡᠭᠰᠢᠯᠡᠭᠦᠯᠦᠨ ᠂ ᠬᠠᠷᠢᠭᠤᠴᠠᠯᠭ᠎ᠠ ᠪᠠᠨ ᠴᠢᠩᠭᠠᠳᠬᠠᠵᠤ ᠂ ᠳᠡᠭᠡᠳᠦ ᠬᠡᠮᠵᠢᠶᠡᠨ ᠦ᠌ ᠤᠯᠤᠰ ᠲᠥᠷᠥ ᠶ᠋ᠢᠨ ᠤᠬᠠᠮᠰᠠᠷ ᠪᠠᠢᠬᠤ ᠬᠡᠷᠭᠲᠡᠢ᠂ ᠴᠢᠩᠭ᠎ᠠ ᠬᠠᠷᠢᠭᠤᠴᠠᠯᠭ᠎ᠠ ᠡᠭᠦᠷᠭᠡᠯᠡᠬᠦ ᠪᠠ ᠯᠠᠪᠳᠠᠭᠤᠨ ᠪᠦᠲᠦᠮᠵᠢᠲᠡᠢ ᠪᠣᠳᠠᠲᠠᠢ ᠠᠷᠭ᠎ᠠ ᠬᠡᠮᠵᠢᠶ᠎ᠡ ᠪᠡᠷ ᠬᠡᠷᠡᠭ ᠦ᠋ᠨ ᠰᠠᠭᠤᠷᠢ ᠲᠣᠭ᠎ᠠ ᠶ᠋ᠢ ᠲᠣᠳᠣᠷᠬᠠᠢ ᠣᠢᠯᠠᠭᠠᠵᠤ ᠂ ᠦᠨᠡᠨᠬᠦ ᠠᠳᠬᠤᠨ ᠪᠣᠳᠠᠲᠠᠢ ᠬᠢᠵᠦ ᠂ ᠡᠳ᠋ ᠬᠥᠷᠥᠩᠭᠡ ᠳ᠋ᠦ᠍ ᠬᠣᠯᠪᠣᠭᠳᠠᠭᠰᠠᠨ ᠡᠷᠡᠭᠦᠦ ᠶ᠋ᠢᠨ ᠬᠡᠷᠡᠭ ᠢ᠋ ᠲᠥᠪᠯᠡᠷᠡᠭᠦᠯᠦᠨ ᠭᠦᠢᠴᠡᠳᠬᠡᠬᠦ ᠠᠵᠢᠯᠯᠠᠭ᠎ᠠ ᠶ᠋ᠢ  ᠪᠦᠲᠦᠮᠵᠢᠲᠡᠢ ᠠᠬᠢᠭᠤᠯᠬᠤ ᠬᠡᠷᠡᠭᠲᠡᠢ ︔ ᠬᠠᠷᠢᠭᠤᠴᠠᠯᠭ᠎ᠠ ᠪᠠᠨ ᠲᠣᠳᠣᠷᠬᠠᠢᠯᠠᠨ ᠂ ᠭᠦᠢᠴᠡᠳᠬᠡᠬᠦ ᠠᠵᠢᠯᠯᠠᠭ᠎ᠠ ᠪᠠᠨ ᠵᠢᠷᠤᠮᠵᠢᠭᠤᠯᠵᠤ ᠂ ᠰᠠᠬᠢᠯᠭ᠎ᠠ ᠪᠠᠲᠤ ᠶ᠋ᠢ ᠴᠢᠩᠭ᠎ᠠ ᠵᠢᠷᠤᠮᠯᠠᠨ ᠂ ᠭᠦᠢᠴᠡᠳᠬᠡᠬᠦ ᠴᠠᠭ ᠤ᠋ᠨ ᠪᠦᠲᠦᠮᠵᠢ ᠶ᠋ᠢ ᠴᠢᠬᠤᠯᠠᠴᠢᠯᠠᠨ ᠂ ᠭᠡᠨᠡᠳᠲᠡ ᠶ᠋ᠢᠨ ᠪᠠᠢᠳᠠᠯ ᠲᠣᠬᠢᠶᠠᠯᠳᠤᠪᠠᠯ ᠴᠠᠭ ᠲᠤᠬᠠᠢ ᠳ᠋ᠤᠨᠢ ᠬᠠᠷᠢᠭᠤ ᠮᠡᠳᠡᠭᠦᠯᠬᠦ ᠶ᠋ᠢᠨ ᠬᠠᠮᠲᠤ ᠵᠢᠯᠣᠭᠣᠳᠤᠯᠭ᠎ᠠ ᠶ᠋ᠢ ᠳᠠᠭᠠᠬᠤ ᠬᠡᠷᠡᠭᠲᠡᠢ ᠃  ᠳᠠᠷᠠᠭᠠᠴᠢ ᠶ᠋ᠢᠨ ᠠᠯᠬᠤᠮ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠦᠷᠭᠦᠯᠵᠢᠯᠡᠨ ᠠᠷᠠᠳ ᠤ᠋ᠨ ᠲᠥᠯᠥᠭᠡ ᠬᠠᠤᠯᠢ ᠬᠡᠷᠡᠭᠵᠢᠭᠦᠯᠬᠦ ᠣᠢᠯᠠᠭᠠᠭᠳᠠᠬᠤᠨ ᠢ᠋ ᠦᠢᠯᠡᠳᠦᠯᠭᠡᠵᠢᠭᠦᠯᠵᠦ ᠂ ᠡᠳ᠋ ᠬᠥᠷᠥᠩᠭᠡ ᠶ᠋ᠢᠨ ᠡᠷᠡᠭᠦᠦ ᠶ᠋ᠢᠨ ᠬᠡᠷᠡᠭ ᠦ᠋ᠨ ᠭᠦᠢᠴᠡᠳᠬᠡᠬᠦ ᠬᠦᠴᠦᠯᠡᠴᠡ ᠪᠡᠨ ᠨᠡᠮᠡᠭᠳᠡᠭᠦᠯᠵᠦ ᠂ ᠭᠦᠢᠴᠡᠳᠬᠡᠭᠳᠡᠭᠴᠢ ᠵᠢᠴᠢ ᠲᠡᠭᠦᠨ ᠦ᠌ ᠭᠡᠷ ᠪᠦᠯᠢ ᠶ᠋ᠢᠨ ᠬᠢᠨ ᠢ᠋ ᠦᠷᠭᠦᠯᠵᠢᠯᠡᠨ ᠵᠢᠯᠣᠭᠣᠳᠴᠤ ᠰᠠᠨᠠᠭᠠᠴᠢᠯᠠᠭ᠎ᠠ ᠠ᠋ᠴᠠ ᠪᠠᠨ ᠡᠭᠦᠷᠭᠡ ᠭᠦᠢᠴᠡᠳᠬᠡᠯᠭᠡᠵᠦ ᠂ ᠡᠷᠡᠭᠦᠦ ᠶ᠋ᠢᠨ ᠬᠡᠷᠡᠭ ᠦ᠋ᠨ ᠰᠢᠭᠦᠨ ᠲᠠᠰᠤᠯᠤᠯᠲᠠ ᠶ᠋ᠢᠨ ᠬᠠᠤᠯᠢ ᠴᠠᠭᠠᠵᠠ ᠶ᠋ᠢᠨ ᠦᠷ᠎ᠡ ᠪᠦᠲᠦᠮᠵᠢ ᠪᠣᠯᠤᠨ ᠨᠡᠢᠭᠡᠮ ᠦ᠋ᠨ ᠦᠷ᠎ᠡ ᠪᠦᠲᠦᠮᠵᠢ ᠶ᠋ᠢ ᠪᠣᠳᠠᠲᠠᠢ ᠳ᠋ᠤ᠌ ᠨᠠᠢᠳᠠᠪᠤᠷᠢᠵᠢᠭᠤᠯᠵᠤ ᠂ ᠠᠮᠤᠷ ᠲᠠᠢᠪᠤᠩ ᠣᠷᠳᠣᠰ ᠤ᠋ᠨ ᠪᠦᠲᠦᠭᠡᠨ ᠪᠠᠢᠭᠤᠯᠤᠯᠲᠠ ᠳ᠋ᠤ᠌ ᠬᠦᠴᠦ ᠲᠠᠯᠪᠢᠨ ᠂ ᠬᠠᠤᠯᠢ ᠴᠠᠭᠠᠵᠠ ᠶ᠋ᠢᠨ ᠡᠷᠬᠡ ᠰᠦᠷ ᠢ᠋ ᠬᠠᠮᠠᠭᠠᠯᠬᠤ ᠪᠠᠷ ᠦᠷᠭᠦᠯᠵᠢᠯᠡᠨ ᠴᠢᠷᠮᠠᠢᠬᠤ ᠴᠢᠬᠤᠯᠲᠠᠢ᠃ 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )