[ ᠬᠠᠤᠯᠢ ᠴᠠᠭᠠᠵᠠ ᠶ᠋ᠢᠨ ᠤᠬᠠᠭᠤᠯᠭ᠎ᠠ ]ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠠᠵᠢᠯ ᠤ᠋ᠨ ᠪᠠᠢᠷᠢ ᠳ᠋ᠤ᠌ ᠪᠠᠢᠭ᠎ᠠ ᠨᠠᠮ ᠤ᠋ᠨ ᠭᠡᠰᠢᠭᠦᠳ ᠬᠠᠤᠯᠢ ᠪᠠᠷ ᠵᠠᠰᠠᠬᠤ ᠤᠬᠠᠭᠤᠯᠭ᠎ᠠ ᠶ᠋ᠢᠨ ᠠᠵᠢᠯᠯᠠᠭ᠎ᠠ ᠶ᠋ᠢ ᠰᠤᠷᠭᠠᠭᠤᠯᠢ ᠶ᠋ᠢᠨ ᠬᠦᠷᠢᠶᠡᠨ ᠳ᠋ᠦ᠍ ᠣᠷᠣᠭᠤᠯᠬᠤ ᠬᠥᠳᠡᠯᠭᠡᠭᠡᠨ ᠢ᠋ ᠥᠷᠨᠢᠭᠦᠯᠪᠡ
2023.05.30 ᠲᠣᠰ ᠥᠷᠲᠡᠭᠡᠨ᠎ᠦ ᠨᠠᠢᠷᠠᠭᠤᠯᠤᠭᠴᠢ

  ᠰᠤᠷᠤᠭᠴᠢᠳ ᠤ᠋ᠨ ᠬᠠᠤᠯᠢ ᠶ᠋ᠢᠨ ᠦᠵᠡᠯ ᠤᠬᠠᠮᠠᠰᠠᠷ ᠢ᠋ ᠳᠡᠭᠡᠭᠰᠢᠯᠡᠭᠦᠯᠵᠦ ᠂ ᠨᠠᠰᠤᠨ ᠳ᠋ᠤ᠌ ᠦᠯᠦ ᠬᠦᠷᠦᠭᠰᠡᠳ ᠦ᠋ᠨ ᠳᠤᠮᠳᠠᠬᠢ ᠬᠠᠤᠯᠢ ᠪᠤᠰᠤ ᠶᠠᠯᠠᠲᠤ ᠠᠵᠢᠯᠯᠠᠭ᠎ᠠ ᠶ᠋ᠢ ᠪᠦᠲᠦᠮᠵᠢᠲᠡᠢ ᠰᠡᠷᠭᠡᠢᠯᠡᠬᠦ ᠪᠠ ᠪᠠᠭᠠᠰᠬᠠᠵᠤ ᠂ ᠰᠤᠷᠭᠠᠭᠤᠯᠢ ᠶ᠋ᠢᠨ ᠬᠦᠷᠢᠶᠡᠨ ᠳ᠋ᠡᠬᠢ ᠬᠦᠴᠦᠷᠬᠡᠭᠯᠡᠯ ᠡᠭᠦᠰᠬᠦ ᠶ᠋ᠢ ᠬᠣᠷᠢᠭᠯᠠᠬᠤ ᠶ᠋ᠢᠨ ᠲᠥᠯᠥᠭᠡ ᠂ ᠣᠢᠷ᠎ᠠ ᠳ᠋ᠤ᠌ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠠᠷᠪᠠᠳᠤᠭᠠᠷ ᠨᠠᠮ ᠤ᠋ᠨ ᠡᠭᠦᠷ ᠦ᠋ᠨ ᠳᠤᠭᠤᠢᠯᠠᠩ ᠨᠢ ᠬᠢᠶ᠎ᠡ ᠪᠠᠭᠰᠢ ᠶ᠋ᠢᠨ ᠭᠤᠷᠪᠠᠳᠤᠭᠠᠷ ᠪᠠᠭ᠎ᠠ ᠰᠤᠷᠭᠠᠭᠤᠯᠢ ᠳ᠋ᠤ᠌ ᠬᠦᠷᠴᠦ ᠤᠬᠠᠭᠤᠯᠭ᠎ᠠ ᠬᠢᠵᠦ ᠂ ᠲᠤᠬᠠᠢ ᠶ᠋ᠢᠨ ᠲᠠᠯᠠᠪᠠᠢ ᠶ᠋ᠢᠨ ᠬᠠᠷᠢᠯᠴᠠᠨ ᠬᠦᠳᠡᠯᠦᠯᠴᠡᠬᠦ ᠂ ᠬᠡᠷᠡᠭ ᠦ᠋ᠨ ᠵᠢᠱ᠌ᠢᠶ᠎ᠡ ᠳ᠋ᠦ᠍ ᠵᠠᠳᠠᠯᠤᠯᠲᠠ ᠬᠢᠬᠦ ᠪᠡᠷ ᠳᠠᠮᠵᠢᠭᠤᠯᠤᠨ  ᠪᠦᠬᠦ  ᠰᠤᠷᠭᠠᠭᠤᠯᠢ ᠶ᠋ᠢᠨ ᠪᠠᠭᠰᠢ ᠰᠤᠷᠤᠭᠴᠢᠳ ᠲᠤ᠌ ᠨᠢᠭᠡ ᠤᠳᠠᠭᠠᠨ ᠤ᠋ ᠭᠣᠢᠳᠠ ᠰᠠᠢᠬᠠᠨ ᠬᠠᠤᠯᠢ ᠴᠠᠭᠠᠵᠠ ᠶ᠋ᠢᠨ  ᠲᠠᠢᠯᠤᠮᠵᠢ ᠶ᠋ᠢ ᠠᠪᠴᠢᠷᠠᠨ ᠥᠭᠪᠡ᠃

  ᠲᠠᠢᠯᠤᠮᠵᠢ ᠶ᠋ᠢᠨ ᠶᠠᠪᠤᠴᠠ ᠳ᠋ᠤ᠌᠂ ᠨᠠᠮ ᠤ᠋ᠨ ᠡᠭᠦᠷ ᠦ᠋ᠨ ᠭᠡᠰᠢᠭᠦᠨ ᠯᠢᠦ ᠾᠦᠢ ᠡᠴᠡ ᠂ ᠶᠠᠭᠤ ᠶ᠋ᠢ ᠰᠤᠷᠭᠠᠭᠤᠯᠢ ᠶ᠋ᠢᠨ ᠬᠦᠷᠢᠶᠡᠨ ᠦ᠌ ᠬᠦᠴᠦᠷᠬᠡᠭᠯᠡᠯ ᠭᠡᠬᠦ ᠂ ᠰᠤᠷᠭᠠᠭᠤᠯᠢ ᠶ᠋ᠢᠨ ᠬᠦᠷᠢᠶᠡᠨ ᠳ᠋ᠡᠬᠢ  ᠬᠦᠴᠦᠷᠬᠡᠭᠯᠡᠯ ᠤᠨ ᠪᠣᠳᠠᠲᠠᠢ ᠢᠯᠡᠷᠡᠯ᠂ ᠠᠪᠴᠢᠷᠠᠬᠤ ᠬᠣᠣᠷ ᠬᠥᠨᠥᠭᠡᠯ ᠵᠢᠴᠢ ᠰᠤᠷᠭᠠᠭᠤᠯᠢ ᠶ᠋ᠢᠨ ᠬᠦᠷᠢᠶᠡᠨ ᠦ᠌  ᠬᠦᠴᠦᠷᠬᠡᠭᠯᠡᠯ ᠢ᠋ ᠬᠡᠷᠬᠢᠨ ᠵᠥᠪ ᠣᠨᠣᠪᠴᠢᠲᠠᠢ ᠰᠢᠢᠳᠪᠦᠷᠢᠯᠡᠬᠦ ᠲᠤᠬᠠᠢ ᠨᠠᠷᠢᠨ ᠲᠠᠢᠯᠪᠤᠷᠢᠯᠠᠯᠲᠠ ᠬᠢᠭᠰᠡᠨ ᠶᠤᠮ  ᠃《ᠬᠠᠮᠲᠤ ᠨᠥᠬᠥᠳ ᠦ᠋ᠨ ᠢ᠋ᠶ᠋ᠡᠨ ᠡᠮᠦᠨ᠎ᠡ ᠡᠴᠡ ᠬᠠᠷᠢᠭᠤ ᠶ᠋ᠢ ᠠᠪᠴᠤ ᠥᠭᠬᠦ》ᠳᠡᠭᠡᠳᠦ ᠣᠨ ᠤ᠋ ᠰᠤᠷᠤᠭᠴᠢ ᠡᠳ᠋ ᠪᠣᠳᠠᠰ ᠬᠢᠬᠠᠬᠤ 》ᠵᠡᠷᠭᠡ ᠬᠣᠶᠠᠷ ᠠᠰᠠᠭᠤᠳᠠᠯ ᠢ᠋ᠶ᠋ᠠᠷ ᠰᠢᠪᠲᠤᠯᠤᠯᠲᠠ ᠶ᠋ᠢᠨ  ᠴᠡᠭ ᠪᠣᠯᠭᠠᠵᠤ ᠂ ᠰᠤᠷᠤᠭᠴᠢᠳ ᠢ᠋ ᠬᠥᠲᠥᠯᠦᠨ ᠵᠥᠪ ᠲᠠᠨᠢᠯᠲᠠ ᠲᠠᠢ ᠪᠣᠯᠭᠠᠵᠤ ᠂  ᠬᠦᠴᠦᠷᠬᠡᠭᠵᠢᠯ ᠦ᠋ᠨ ᠡᠮᠦᠨ᠎ᠡ ᠰᠡᠴᠡᠨ ᠰᠡᠷᠭᠦᠯᠡᠩ ᠪᠠᠢᠵᠤ ᠂  ᠰᠤᠷᠭᠠᠭᠤᠯᠢ ᠶ᠋ᠢᠨ ᠬᠦᠷᠢᠶᠡᠨ ᠦ᠌ ᠨᠥᠬᠥᠷᠰᠡᠭ ᠣᠷᠴᠢᠨ ᠲᠣᠭᠣᠷᠢᠨ ᠢ᠋ ᠬᠠᠮᠲᠤ ᠪᠠᠷ ᠡᠭᠦᠳᠬᠦ ᠬᠡᠷᠡᠭᠲᠡᠢ ᠭᠡᠮᠡᠨ ᠤᠬᠠᠭᠠᠤᠯᠤᠭᠰᠠᠨ ᠶᠤᠮ ᠃     

  ᠣᠢᠷ᠎ᠠ ᠶ᠋ᠢᠨ ᠵᠢᠯ  ᠦ᠋ᠳ ᠲᠦ᠍ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠠᠵᠢᠯ ᠤ᠋ᠨ ᠪᠠᠢᠷᠢ ᠳ᠋ᠤ᠌ ᠪᠠᠢᠭ᠎ᠠ ᠨᠠᠮ ᠤ᠋ᠨ ᠭᠡᠰᠢᠭᠦᠨ ᠦ᠌ ᠬᠠᠤᠯᠢ ᠲᠦᠭᠡᠮᠡᠯᠵᠢᠭᠦᠯᠬᠦ ᠤᠬᠠᠭᠤᠯᠤᠯ ᠢ᠋ ᠰᠤᠷᠭᠠᠭᠤᠯᠢ ᠶ᠋ᠢᠨ ᠬᠦᠷᠢᠶᠡᠨ ᠳ᠋ᠦ᠍ ᠣᠷᠣᠭᠤᠯᠬᠤ ᠠᠵᠢᠯᠯᠠᠭ᠎ᠠ ᠶ᠋ᠢ ᠪᠠᠢᠩᠭᠤ ᠥᠷᠨᠢᠭᠦᠯᠵᠦ ᠂ ᠡᠨᠡ ᠬᠦ᠌ ᠠᠵᠢᠯᠯᠠᠭ᠎ᠠ  ᠪᠠᠷ ᠳᠠᠮᠵᠢᠭᠤᠯᠤᠨ  ᠰᠤᠷᠤᠭᠴᠢᠳ ᠤ᠋ᠨ ᠬᠣᠭᠣᠷᠣᠨᠳᠣᠬᠢ ᠪᠦᠯᠬᠦᠮᠳᠡᠯ ᠨᠥᠬᠥᠷᠯᠡᠯ ᠦ᠋ᠨ ᠠᠭᠤᠷ ᠠᠮᠢᠰᠬᠤᠯ ᠢ᠋ ᠴᠢᠩᠭᠠᠳᠬᠠᠨ ᠂ ᠰᠤᠷᠤᠭᠴᠢᠳ ᠲᠤ᠌ 《 ᠬᠠᠤᠯᠢ ᠴᠠᠭᠠᠵᠠ ᠶ᠋ᠢᠨ ᠰᠢᠮ᠎ᠡ ᠲᠡᠵᠢᠭᠡᠯ 》 ᠢ᠋ ᠣᠢᠯᠠᠭᠠᠭᠤᠯᠵᠤ ᠂ ᠰᠤᠷᠤᠭᠴᠢᠳ ᠢ᠋ ᠬᠥᠲᠥᠯᠦᠨ ᠬᠠᠤᠯᠢ ᠶ᠋ᠢ ᠬᠦᠨᠳᠦᠳᠬᠡᠬᠦ ᠂ ᠬᠠᠤᠯᠢ ᠶ᠋ᠢ ᠰᠤᠷᠤᠯᠴᠠᠬᠤ ᠂ ᠬᠠᠤᠯᠢ ᠶ᠋ᠢ ᠰᠠᠬᠢᠬᠤ᠂ ᠬᠠᠤᠯᠢ ᠶ᠋ᠢ ᠵᠥᠪ ᠬᠡᠷᠡᠭᠯᠡᠬᠦ ᠦᠵᠡᠯ ᠰᠠᠨᠠᠭ᠎ᠠ ᠶ᠋ᠢ ᠪᠣᠢ ᠪᠣᠯᠭᠠᠬᠤ ᠪᠠᠷ ᠴᠢᠷᠮᠠᠢᠭᠰᠠᠭᠠᠷ ᠶᠤᠮ ᠃ 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )