ᠣᠷᠳᠣᠰ ᠬᠣᠲᠠ ᠶ᠋ᠢᠨ ᠰᠢᠭᠦᠬᠦ ᠬᠣᠷᠢᠶ ᠠ ᠶ᠋ᠢᠨ ᠰᠢᠰᠲ᠋ᠧᠮ ᠦ᠋ᠨ ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠪᠣᠯᠪᠠᠰᠤᠷᠠᠯ ᠵᠢᠴᠢ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠦ᠋ᠨ ᠤᠯᠤᠰ ᠲᠥᠷᠥ ᠶ᠋ᠢᠨ ᠡᠭᠡᠯᠵᠢᠯᠡᠨ ᠪᠣᠯᠪᠠᠰᠤᠷᠠᠭᠤᠯᠬᠤ ᠠᠩᠭᠢ ᠬᠢᠴᠢᠶᠡᠯ ᠡᠬᠢᠯᠡᠯ᠎ᠡ ︕ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ ᠠ ᠶ᠋ᠢ
2023.06.16 ᠲᠣᠰ ᠥᠷᠲᠡᠭᠡᠨ᠎ᠦ ᠨᠠᠢᠷᠠᠭᠤᠯᠤᠭᠴᠢ

    ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ ᠠ ᠶ᠋ᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ ᠪᠠᠢᠩᠭᠤᠵᠢᠭᠤᠯᠤᠨ ᠥᠷᠨᠢᠭᠦᠯᠵᠦ ᠂ ᠬᠤᠪᠢᠰᠬᠠᠯ ᠤᠨ ᠴᠢᠰᠦᠨ ᠰᠥᠯᠪᠡᠭᠡ ᠪᠠᠨ ᠦᠷᠭᠦᠯᠵᠢᠯᠡᠭᠦᠯᠵᠦ ᠂ ᠬᠦᠰᠡᠯᠡᠩ ᠢᠲᠡᠭᠡᠯ ᠵᠣᠷᠢᠭ ᠢ᠋ᠶ᠋ᠠᠨ ᠪᠠᠲᠤᠳᠬᠠᠨ ᠂ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ ᠠ ᠶᠢᠨ ᠨᠠᠮ ᠤ᠋ᠨ ᠶᠠᠪᠤᠳᠠᠯ ᠤ᠋ᠨ ᠺᠠᠲᠷ ᠤ᠋ᠨ ᠶᠡᠷᠦᠩᠬᠡᠢᠯᠡᠭᠰᠡᠨ ᠬᠡᠪ ᠴᠢᠨᠠᠷ ᠪᠠ ᠡᠭᠦᠷᠭᠡ ᠲᠤᠰᠢᠶᠠᠯ ᠢ᠋ᠶ᠋ᠠᠨ ᠭᠦᠢᠴᠡᠳᠬᠡᠬᠦ ᠴᠢᠳᠠᠪᠤᠷᠢ ᠶ᠋ᠢ ᠳᠡᠭᠡᠭᠰᠢᠯᠡᠭᠦᠯᠵᠦ ᠂ ᠰᠢᠨ᠎ᠡ ᠴᠠᠭ ᠦᠶ ᠡ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠳᠡᠮᠵᠢᠬᠦ ᠶ᠋ᠢᠨ ᠲᠥᠯᠥᠭᠡ 6 ᠰᠠᠷ ᠠ ᠶ᠋ᠢᠨ 5 ᠤ᠋ ᠡᠳᠦᠷ ᠂ ᠣᠷᠳᠣᠰ ᠬᠣᠲᠠ ᠶ᠋ᠢᠨ ᠰᠢᠭᠦᠬᠦ ᠬᠣᠷᠢᠶᠠᠨ ᠤ᠋ ᠰᠢᠰᠲ᠋ᠧᠮ ᠦ᠋ᠨ ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠪᠣᠯᠪᠠᠰᠤᠷᠠᠯ ᠵᠢᠴᠢ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠦ᠋ᠨ ᠤᠯᠤᠰ ᠲᠥᠷᠥ ᠶ᠋ᠢᠨ ᠡᠭᠡᠯᠵᠢᠯᠡᠨ ᠪᠣᠯᠪᠠᠰᠤᠷᠠᠭᠤᠯᠬᠤ ᠠᠩᠭᠢ ᠭᠦᠢᠶᠠᠩ ᠳ᠋ᠤ᠌ ᠡᠬᠢᠯᠡᠪᠡ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠤᠯᠤᠰ ᠲᠥᠷᠥ ᠶ᠋ᠢᠨ ᠬᠡᠯᠲᠡᠰ ᠦ᠋ᠨ ᠡᠷᠬᠢᠯᠡᠭᠴᠢ ᠨᠢᠦ ᠬᠠᠢ ᠯᠢᠶᠠᠩ ᠪᠣᠯᠤᠨ ᠭᠤᠷᠪᠠᠳᠤᠭᠠᠷ ᠳᠡᠰ ᠦ᠋ᠨ ᠳᠡᠭᠡᠳᠦ ᠵᠡᠷᠭᠡ ᠶ᠋ᠢᠨ ᠰᠢᠭᠦᠬᠦ ᠲᠤᠰᠢᠶᠠᠯᠲᠠᠨ ᠶᠠᠩ ᠴᠦᠨ ᠶᠠᠨ ᠬᠢᠴᠢᠶᠡᠯ ᠡᠬᠢᠯᠡᠬᠦ ᠶᠣᠰᠣᠯᠠᠯ ᠳ᠋ᠤ᠌ ᠣᠷᠣᠯᠴᠠᠵᠤ ᠂ ᠣᠷᠳᠣᠰ ᠬᠣᠲᠠ ᠶ᠋ᠢᠨ ᠰᠢᠭᠦᠬᠦ ᠬᠣᠷᠢᠶ ᠠ ᠶ᠋ᠢᠨ ᠰᠢᠰᠲ᠋ᠧᠮ ᠦ᠋ᠨ ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠂ ᠨᠠᠮ ᠤ᠋ᠨ ᠶᠠᠪᠤᠳᠠᠯ ᠤ᠋ᠨ ᠺᠠᠲᠷ 60 ᠰᠢᠬᠠᠮ ᠬᠥᠮᠦᠨ ᠪᠣᠯᠪᠠᠰᠤᠷᠠᠯ ᠳ᠋ᠤ᠌ ᠣᠷᠣᠯᠴᠠᠭᠰᠠᠨ ᠪᠠᠢᠨ᠎ᠠ ᠃

 

 

    ᠨᠢᠦ ᠬᠠᠢ ᠯᠢᠶᠠᠩ ᠠᠩᠭᠢ ᠡᠬᠢᠯᠡᠬᠦ ᠳᠠᠢᠴᠢᠯᠠᠯᠲᠠ ᠶ᠋ᠢᠨ ᠶᠠᠷᠢᠶ᠎ᠠ ᠲᠠᠯᠪᠢᠵᠤ ᠂ ᠲᠡᠷᠡ ᠵᠢᠭᠠᠵᠤ ᠭᠠᠷᠭᠠᠭᠰᠠᠨ ᠨᠢ ᠂ ᠡᠨᠡ ᠵᠢᠯ ᠪᠣᠯ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠬᠤ ᠡᠬᠢᠯᠡᠯᠲᠡ ᠶ᠋ᠢᠨ ᠵᠢᠯ ᠮᠥᠨ ᠂ ᠡᠯ᠎ᠡ ᠦᠨᠳᠦᠰᠦᠨ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠵᠢᠴᠢ ᠨᠠᠮ ᠤ᠋ᠨ ᠠᠵᠢᠯᠲᠠᠳ ᠲᠤᠰ ᠤᠳᠠᠭᠠᠨ ᠤ᠋ ᠪᠣᠯᠪᠠᠰᠣᠷᠠᠭᠤᠯᠤᠯ ᠢ᠋ᠶ᠋ᠠᠷ ᠲᠣᠬᠢᠶᠠᠯ ᠪᠣᠯᠭᠠᠵᠤ ᠂ ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠡᠷᠴᠢᠮ ᠢ᠋ᠶ᠋ᠡᠨ ᠤᠯᠠᠮ ᠨᠢᠭᠡ ᠠᠯᠬᠤᠮ ᠴᠢᠩᠭᠠᠷᠠᠭᠤᠯᠵᠤ ᠂ 《 ᠨᠠᠮ ᠤ᠋ᠨ ᠪᠠᠢᠭᠤᠯᠤᠯᠲᠠ ᠶ᠋ᠢ ᠠᠳᠬᠤᠨ ᠡᠩᠨᠡᠭᠡ ᠶ᠋ᠢᠨ ᠪᠠᠢᠭᠤᠯᠤᠯᠲᠠ ᠶ᠋ᠢ ᠳᠠᠢᠴᠢᠯᠠᠵᠤ ᠰᠢᠭᠦᠨ ᠲᠠᠰᠤᠯᠤᠯᠲᠠ ᠶ᠋ᠢ ᠠᠬᠢᠭᠤᠯᠬᠤ 》 ᠦᠷ᠎ᠡ ᠪᠦᠲᠦᠭᠡᠯ ᠢ᠋ᠶ᠋ᠡᠨ ᠦᠷᠭᠦᠯᠵᠢᠯᠡᠨ ᠪᠡᠬᠢᠵᠢᠭᠦᠯᠬᠦ ᠬᠡᠷᠡᠭᠲᠡᠢ ᠭᠡᠪᠡ ᠃ ᠨᠢᠦ ᠬᠠᠢ ᠯᠢᠶᠠᠩ ᠪᠣᠯᠪᠠᠰᠤᠷᠠᠯ ᠳ᠋ᠤ᠌ ᠣᠷᠣᠯᠴᠠᠭᠰᠠᠨ ᠰᠤᠷᠤᠭᠴᠢᠳ ᠲᠤ᠌ ᠭᠤᠷᠪᠠᠨ ᠱᠠᠭᠠᠷᠳᠠᠯᠭ᠎ᠠ ᠳᠤᠷᠠᠳᠪᠠ᠄ ᠨᠢᠭᠡ ᠳ᠋ᠦ᠍ ᠠᠵᠠ ᠲᠣᠬᠢᠶᠠᠯ ᠢ᠋ ᠨᠠᠨᠳᠢᠩᠨᠠᠵᠤ ᠂ ᠬᠢᠨᠠᠮᠠᠭᠠᠢ ᠰᠤᠷᠤᠯᠴᠠᠨ ᠂ ᠬᠤᠪᠢᠰᠬᠠᠯ ᠤ᠋ᠨ ᠲᠡᠦᠬᠡ ᠶ᠋ᠢ ᠳᠠᠬᠢᠨ ᠡᠷᠭᠢᠴᠡᠭᠦᠯᠵᠦ ᠂ ᠣᠶᠤᠨ ᠰᠠᠨᠠᠭᠠᠨ ᠤ᠋ ᠰᠢᠯᠭᠠᠯᠲᠠ ᠶᠢ ᠬᠦᠯᠢᠶᠡᠵᠦ ᠂ ᠬᠣᠢᠰᠢᠳᠠ ᠶ᠋ᠢᠨ ᠠᠵᠢᠯ ᠤ᠋ᠨ ᠳᠤᠮᠳᠠ ᠪᠠᠨ ᠤᠷᠲᠤ ᠵᠠᠮ ᠤ᠋ᠨ ᠠᠶᠠᠨ ᠲᠡᠢᠨ ᠦ᠌ ᠵᠣᠷᠢᠭ ᠰᠠᠨᠠᠭ᠎ᠠ ᠪᠠ ᠽᠦᠨ ᠢ  ᠶ᠋ᠢᠨ ᠬᠤᠷᠠᠯᠳᠤᠭᠠᠨ ᠤ᠋ ᠵᠣᠷᠢᠭ ᠰᠠᠨᠠᠭ ᠠ ᠶ᠋ᠢ ᠶᠡᠬᠡᠪᠡᠷ ᠪᠠᠳᠠᠷᠠᠭᠤᠯᠤᠨ ᠂ ᠤᠬᠠᠮᠰᠠᠷ ᠠ᠋ᠴᠠ ᠪᠠᠨ ᠬᠤᠪᠢᠰᠬᠠᠯᠲᠤ ᠵᠣᠷᠢᠭ ᠰᠠᠨᠠᠭ ᠠ ᠪᠠᠷ ᠵᠢᠯᠣᠭᠣᠳᠤᠯᠭ᠎ᠠ ᠪᠣᠯᠭᠠᠵᠤ ᠂ ᠨᠡᠩ ᠥᠨᠳᠥᠷ ᠪᠠᠷᠢᠮᠵᠢᠶ᠎ᠠ ᠂ ᠨᠡᠩ ᠴᠢᠩᠭ᠎ᠠ ᠱᠠᠭᠠᠷᠳᠠᠯᠭ ᠠ ᠪᠠᠷ ᠡᠯ᠎ᠡ ᠲᠥᠷᠦᠯ ᠦ᠋ᠨ ᠠᠵᠢᠯ ᠢ᠋ᠶ᠋ᠠᠨ ᠭᠠᠷᠮᠠᠭᠠᠢ ᠪᠦᠲᠦᠮᠵᠢᠲᠡᠢ ᠪᠡᠷ ᠪᠡᠶᠡᠯᠡᠭᠦᠯᠬᠦ ᠬᠡᠷᠡᠭᠲᠡᠢ ᠭᠡᠵᠠᠢ ︔ ᠬᠣᠶᠠᠷ ᠲᠤ᠌ ᠠᠵᠠ ᠲᠣᠬᠢᠶᠠᠯ ᠢ᠋ ᠠᠮᠵᠢᠨ ᠂ ᠢᠳᠡᠪᠬᠢᠲᠡᠢ ᠪᠡᠷ ᠠᠵᠢᠯᠯᠠᠵᠤ ᠂ ᠰᠢᠨ᠎ᠡ ᠪᠠᠢᠳᠠᠯ ᠳᠣᠣᠷᠠᠬᠢ ᠨᠠᠮ ᠤ᠋ᠨ ᠪᠠᠢᠭᠤᠯᠤᠯᠲᠠ ᠶ᠋ᠢᠨ ᠠᠵᠢᠯ ᠢ᠋ ᠪᠥᠬᠥ ᠬᠦᠴᠦᠨ ᠢ᠋ᠶ᠋ᠡᠷ ᠢ᠋ᠶ᠋ᠡᠨ ᠰᠠᠢᠲᠤᠷ ᠬᠢᠬᠦ ᠳ᠋ᠦ᠍ ᠦᠵᠡᠯ ᠰᠠᠨᠠᠭ ᠠ ᠪᠠᠨ ᠤᠯᠠᠮ ᠨᠢᠭᠡ ᠠᠯᠬᠤᠮ ᠴᠢᠯᠥᠭᠡᠯᠡᠨ ᠂ ᠮᠡᠳᠡᠯᠭᠡ ᠪᠡᠨ ᠪᠠᠶᠠᠯᠢᠭᠵᠢᠭᠤᠯᠵᠤ ᠂ ᠴᠢᠳᠠᠪᠤᠷᠢ ᠪᠠᠨ ᠳᠡᠭᠡᠭᠰᠢᠯᠡᠭᠦᠯᠦᠨ ᠂ ᠨᠠᠮᠴᠢ ᠴᠢᠨᠠᠷ ᠤ᠋ᠨ ᠪᠣᠯᠪᠠᠰᠤᠷᠠᠯ ᠢ᠋ᠶ᠋ᠠᠨ ᠲᠠᠰᠤᠷᠠᠯᠲᠠ ᠦᠭᠡᠢ ᠴᠢᠩᠭᠠᠳᠬᠠᠵᠤ ᠂ ᠦᠨᠳᠦᠰᠦᠨ ᠱᠠᠲᠤᠨ ᠤ᠋ ᠦᠢᠯᠡᠳᠦᠯᠭᠡ ᠶ᠋ᠢᠨ ᠳᠤᠮᠳᠠ ᠥᠩᠭᠡᠷᠡᠯᠲᠡ ᠲᠤᠷᠰᠢᠯᠭ ᠠ ᠪᠠᠨ ᠪᠠᠶᠠᠯᠢᠭᠵᠢᠭᠤᠯᠵᠤ ᠂ ᠬᠠᠷᠠᠭ ᠠ ᠪᠠᠨ ᠥᠷᠭᠡᠳᠬᠡᠨ ᠂ ᠰᠢᠷᠭᠠᠭᠤ ᠬᠠᠲᠠᠭᠤᠵᠢᠯᠲᠠᠢ ᠲᠡᠮᠡᠴᠡᠬᠦ ᠳᠤᠮᠳᠠ ᠡᠷᠴᠢ ᠵᠣᠷᠢᠭ ᠢ᠋ᠶ᠋ᠠᠨ ᠳᠠᠪᠲᠠᠨ ᠪᠣᠯᠪᠠᠰᠤᠷᠠᠭᠤᠯᠵᠤ ᠂ ᠡᠷᠳᠡᠮ ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠢ  ︔ ᠭᠤᠷᠪᠠ ᠳ᠋ᠤ᠌ ᠰᠠᠬᠢᠯᠭ᠎ᠠ ᠪᠠᠲᠤ ᠶ᠋ᠢ ᠴᠢᠩᠭ᠎ᠠ ᠰᠠᠬᠢᠵᠤ ᠂ ᠰᠤᠷᠤᠯᠴᠠᠬᠤ ᠰᠤᠷᠲᠠᠯ ᠢᠶᠡᠨ ᠲᠥᠪ ᠪᠣᠯᠭᠠᠨ ᠂ ᠬᠠᠮᠲᠤ ᠶ᠋ᠢᠨ ᠣᠢᠯᠠᠭᠠᠭᠳᠠᠬᠤᠨ ᠪᠠ ᠶᠡᠬᠡ ᠲᠠᠯ ᠠ ᠶ᠋ᠢᠨ ᠣᠢᠯᠠᠭᠠᠭᠳᠠᠬᠤᠨ ᠢ᠋ ᠦᠨᠡᠨᠬᠦ ᠨᠡᠮᠡᠭᠳᠡᠭᠦᠯᠵᠦ ᠂ ᠴᠢᠩᠭ᠎ᠠ ᠨᠢᠮᠪᠠᠢ ᠣᠪᠣᠷ ᠢ᠋ᠶ᠋ᠠᠷ ᠪᠣᠯᠪᠠᠰᠤᠷᠠᠯ ᠳᠦ ᠤᠷᠤᠯᠴᠠᠵᠦ ᠂ ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠪᠣᠳᠠᠲᠤ ᠪᠠᠢᠳᠠᠯ ᠪᠠ ᠲᠤᠰ ᠪᠡᠶ ᠡ ᠶ᠋ᠢᠨ ᠠᠵᠢᠯ ᠤ᠋ᠨ ᠪᠠᠢᠷᠢ ᠶ᠋ᠢᠨ ᠲᠤᠰᠢᠶᠠᠯ ᠬᠠᠷᠢᠭᠤᠴᠠᠯᠭ ᠠ ᠲᠠᠢ ᠪᠠᠨ ᠨᠢᠭᠲᠠ ᠤᠶᠠᠯᠳᠤᠭᠤᠯᠤᠨ ᠂ ᠨᠠᠷᠢᠨ ᠬᠢᠨᠠᠮᠠᠭᠠᠢ ᠪᠣᠳᠣᠯᠬᠢᠯᠠᠨ ᠰᠤᠳᠤᠯᠵᠤ ᠮᠠᠭᠠᠳᠯᠠᠭᠠᠳ ᠂ ᠪᠣᠯᠪᠠᠰᠤᠷᠠᠯ ᠤ᠋ᠨ ᠦᠷ᠎ᠡ ᠪᠦᠲᠦᠭᠡᠯ ᠢ᠋ ᠦᠨᠡᠨᠬᠦ ᠠᠵᠢᠯ ᠢ᠋ᠶ᠋ᠠᠨ ᠵᠢᠯᠣᠭᠤᠳᠤᠭᠤᠯᠬᠤ ᠂ ᠦᠢᠯᠡᠳᠦᠯᠭᠡ ᠶ᠋ᠢ ᠠᠬᠢᠭᠤᠯᠬᠤ 《 ᠬᠤᠷᠴᠠ ᠵᠡᠪᠰᠡᠭ 》 ᠪᠣᠯᠭᠠᠬᠤ ᠬᠡᠷᠡᠭᠲᠡᠢ ᠭᠡᠰᠡᠨ ᠪᠠᠢᠨ᠎ᠠ ᠃

    ᠲᠤᠰ ᠤᠳᠠᠭ ᠠ ᠶ᠋ᠢᠨ ᠪᠣᠯᠪᠠᠰᠤᠷᠠᠯ ᠨᠢ 7 ᠡᠳᠦᠷ ᠶᠠᠪᠤᠭᠳᠠᠵᠦ ᠂ ᠬᠢᠴᠢᠶᠡᠯ ᠲᠣᠬᠢᠷᠠᠭᠤᠯᠭ ᠠ ᠳ᠋ᠤ᠌ ᠲᠤᠰᠬᠠᠢ ᠮᠡᠷᠭᠡᠵᠢᠯᠲᠡᠨ ᠡᠷᠳᠡᠮᠲᠡᠨ ᠲᠥᠪᠯᠡᠷᠡᠨ ᠬᠢᠴᠢᠶᠡᠯ ᠵᠢᠭᠠᠬᠤ ᠪᠠᠷ ᠪᠠᠷᠠᠬᠤ ᠦᠭᠡᠢ ᠪᠠᠰᠠ ᠬᠤᠪᠢᠰᠬᠠᠯ ᠤ᠋ᠨ ᠰᠠᠭᠤᠷᠢᠨ ᠭᠠᠵᠠᠷ ᠤᠨ ᠠᠬᠤᠢ ᠲᠠᠯᠠᠪᠠᠢ ᠳ᠋ᠤ᠌ ᠵᠢᠭᠠᠬᠤ  ᠂ ᠠᠭᠤᠯᠭ᠎ᠠ ᠨᠢ ᠡᠯᠪᠡᠭ ᠪᠠᠶᠠᠯᠢᠭ᠂ ᠬᠡᠯᠪᠡᠷᠢ ᠶᠠᠩᠵᠦ ᠨᠢ ᠤᠯᠠᠨ ᠵᠡᠷᠭᠡ ᠪᠠᠭᠳᠠᠨ᠎ᠠ ᠃ ᠪᠣᠯᠪᠠᠰᠤᠷᠠᠯ ᠳ᠋ᠤ᠌ ᠣᠷᠣᠯᠴᠠᠭᠰᠠᠨ ᠰᠤᠷᠤᠭᠴᠢᠳ ᠢᠯᠡᠷᠬᠡᠢᠯᠡᠬᠦ ᠳ᠋ᠡᠭᠡᠨ ᠂ ᠲᠤᠰ ᠤᠳᠠᠭᠠᠨ ᠤ᠋ ᠪᠣᠯᠪᠠᠰᠤᠷᠠᠯ ᠤ᠋ᠨ ᠲᠣᠬᠢᠶᠠᠯ ᠢ᠋ ᠨᠠᠨᠳᠢᠩᠨᠠᠨ ᠂ ᠨᠠᠷᠢᠨ ᠬᠢᠨᠠᠮᠠᠭᠠᠢ ᠰᠤᠷᠤᠯᠴᠠᠵᠤ ᠂ ᠰᠡᠳᠬᠢᠯ ᠢᠶᠡᠷ ᠢᠶᠡᠨ ᠤᠬᠠᠵᠦ ᠂ ᠨᠠᠮᠴᠢ ᠴᠢᠨᠠᠷ ᠤ᠋ᠨ ᠪᠣᠯᠪᠠᠰᠤᠷᠠᠯ ᠪᠠ ᠬᠡᠪ ᠴᠢᠨᠠᠷ ᠤ᠋ᠨ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ ᠂ ᠦᠨᠡᠨ ᠢ᠋ ᠪᠠᠷᠢᠮᠲᠠᠯᠠᠨ ᠪᠣᠳᠠᠲᠠᠢ ᠶ᠋ᠢ ᠡᠷᠬᠢᠮᠯᠡᠬᠦ ᠠᠵᠢᠯ ᠤ᠋ᠨ ᠰᠤᠷᠲᠠᠯ ᠂ ᠵᠠᠮ ᠨᠡᠭᠡᠭᠡᠨ ᠰᠢᠨ ᠡ ᠶ᠋ᠢ ᠡᠭᠦᠳᠬᠦ ᠤᠷᠤᠭᠰᠢᠯᠠᠬᠤ ᠵᠣᠷᠢᠭ ᠰᠠᠨᠠᠭ ᠠ ᠪᠠᠷ ᠰᠢᠨ᠎ᠡ ᠪᠠᠢᠳᠠᠯ ᠢ᠋ ᠡᠵᠡᠮᠳᠡᠨ ᠂ ᠰᠢᠨ᠎ᠡ ᠡᠷᠳᠡᠮ ᠴᠢᠳᠠᠪᠤᠷᠢ ᠪᠠᠨ ᠪᠣᠯᠪᠠᠰᠤᠷᠠᠭᠤᠯᠵᠤ ᠂ ᠰᠢᠨ᠎ᠡ ᠰᠡᠳᠬᠢᠮᠵᠢ   ᠶᠢ ᠰᠦᠪᠡᠭᠴᠢᠯᠡᠨ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠰᠢᠨ᠎ᠡ ᠠᠮᠵᠢᠯᠲᠠ ᠣᠯᠬᠤ ᠶ᠋ᠢ ᠲᠦᠯᠬᠢᠨ ᠠᠬᠢᠭᠤᠯᠵᠤ ᠂ ᠰᠢᠨ᠎ᠡ ᠦᠰᠦᠷᠦᠯᠲᠡ ᠶ᠋ᠢ ᠪᠡᠶᠡᠯᠡᠭᠦᠯᠬᠦ ᠳ᠋ᠦ᠍ ᠨᠡᠩ ᠶᠡᠬᠡ ᠬᠤᠪᠢ ᠨᠡᠮᠡᠷᠢ ᠦᠵᠡᠭᠦᠯᠬᠦ ᠪᠣᠯᠤᠨ᠎ᠠ ᠭᠡᠵᠡᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )