ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶ᠎ᠠ 2023 ᠣᠨ ᠤ᠋ ᠤᠳᠤᠷᠢᠳᠬᠤ ᠺᠠᠲᠷ ᠤ᠋ᠨ ᠬᠤᠪᠢ ᠬᠥᠮᠦᠨ ᠦ᠌ ᠬᠠᠮᠢᠶ᠎ᠠ ᠪᠦᠬᠦᠢ ᠬᠡᠷᠡᠭ ᠶᠠᠪᠤᠳᠠᠯ ᠢ᠋ᠶ᠋ᠠᠨ ᠮᠡᠳᠡᠭᠦᠯᠬᠦ ᠪᠣᠯᠪᠠᠰᠤᠷᠠᠯ ᠤ᠋ᠨ ᠬᠤᠷᠠᠯ ᠬᠢᠪᠡ
2023.06.16 ᠲᠣᠰ ᠥᠷᠲᠡᠭᠡᠨ᠎ᠦ ᠨᠠᠢᠷᠠᠭᠤᠯᠤᠭᠴᠢ

    《 ᠤᠳᠤᠷᠢᠳᠬᠤ  ᠺᠠᠲᠷ ᠤᠨ ᠬᠤᠪᠢ ᠬᠥᠮᠦᠨ ᠦ᠌ ᠬᠣᠯᠪᠣᠭᠳᠠᠯ ᠪᠦᠬᠦᠢ ᠵᠦᠢᠯ ᠢ᠋ᠶ᠋ᠡᠨ ᠮᠡᠳᠡᠭᠦᠯᠬᠦ ᠲᠣᠭᠲᠠᠭᠠᠯ 》 ᠢ᠋ ᠨᠠᠷᠢᠨ ᠬᠢᠨᠠᠮᠠᠭᠠᠢ ᠲᠤᠤᠱᠯᠠᠭᠤᠯᠤᠨ ᠨᠠᠢᠳᠠᠪᠤᠷᠢᠵᠢᠭᠤᠯᠵᠤ ᠂ 2023 ᠣᠨ ᠤ᠋ ᠤᠳᠤᠷᠢᠳᠬᠤ  ᠺᠠᠲᠷ ᠤᠨ ᠬᠤᠪᠢ ᠬᠥᠮᠦᠨ ᠦ᠌ ᠶᠠᠪᠤᠳᠠᠯ᠎ ᠤ᠋ᠨ ᠮᠡᠳᠡᠭᠦᠯᠦᠯᠲᠡ ᠢ᠋ᠢᠡᠨ ᠲᠠᠭᠯᠠᠨ ᠮᠡᠳᠡᠭᠦᠯᠬᠦ ᠠᠵᠢᠯ ᠢ᠋ ᠦᠨᠡᠡᠬᠦ ᠰᠠᠢᠲᠤᠷ ᠬᠢᠬᠦ ᠶ᠋ᠢᠨ ᠲᠤᠰᠠᠳᠠ ᠂ 6 ᠰᠠᠷ᠎ᠠ ᠶ᠋ᠢᠨ 12 ᠤ᠋ ᠦᠳᠡ ᠶ᠋ᠢᠨ ᠬᠣᠢᠨ᠎ᠠ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 2023 ᠣᠨ ᠤ᠋ ᠤᠳᠤᠷᠢᠳᠬᠤ  ᠺᠠᠲᠷ ᠤᠨ ᠬᠤᠪᠢ ᠬᠥᠮᠦᠨ ᠦ᠌ ᠬᠣᠯᠪᠣᠭᠳᠠᠯ ᠪᠦᠬᠦᠢ ᠬᠡᠷᠡᠭ ᠶᠠᠪᠤᠳᠠᠯ ᠢ᠋ᠶ᠋ᠠᠨ ᠮᠡᠳᠡᠭᠦᠯᠬᠦ ᠪᠣᠯᠪᠠᠰᠤᠷᠠᠯ ᠤ᠋ᠨ ᠬᠤᠷᠠᠯ ᠬᠢᠪᠡ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠭᠡᠷ ᠪᠦᠯᠢ ᠶ᠋ᠢᠨ ᠤᠳᠤᠷᠢᠳᠬᠤ ᠪᠠᠭ ᠤ᠋ᠨ ᠪᠦᠷᠢᠯᠳᠦᠬᠦᠨ ᠂  ᠰᠢᠶᠠᠨ ᠭᠠᠵᠠᠷ ᠤ᠋ᠨ ᠳᠡᠰ ᠡᠴᠡ ᠳᠡᠭᠡᠭᠰᠢᠬᠢ ᠺᠠᠲᠷ ᠂ ᠭᠤᠷᠪᠠᠳᠤᠭᠠᠷ ᠳᠡᠰ ᠦ᠋ᠨ ᠳᠡᠭᠡᠳᠦ ᠵᠡᠷᠭᠡ ᠶ᠋ᠢᠨ ᠰᠢᠭᠦᠬᠦ ᠲᠤᠰᠢᠶᠠᠯᠲᠠᠨ ᠬᠤᠷᠠᠯ ᠳ᠋ᠤ᠌ ᠣᠷᠣᠯᠴᠠᠵᠠᠢ ᠃ ᠬᠤᠷᠠᠯ ᠠ᠋ᠴᠠ 2022 ᠣᠨ ᠤ᠋ ᠪᠥᠬᠥ ᠬᠣᠲᠠ ᠶ᠋ᠢᠨ ᠬᠤᠪᠢ ᠬᠥᠮᠦᠨ ᠦ᠌ ᠬᠣᠯᠪᠣᠭᠳᠠᠯ ᠪᠦᠬᠦᠢ ᠬᠡᠷᠡᠭ ᠶᠠᠪᠤᠳᠠᠯ ᠢ᠋ᠢᠡᠨ ᠦᠨᠡᠨ ᠮᠥᠨ ᠢ᠋ᠶ᠋ᠡᠷ ᠨᠢ ᠮᠡᠳᠡᠭᠦᠯᠬᠦ ᠦᠭᠡᠢ ᠨᠡᠢᠲᠡᠯᠢᠭ ᠵᠢᠱ᠌ᠢᠶ᠎ᠡ ᠶ᠋ᠢ ᠨᠡᠢᠲᠡᠯᠡᠪᠡ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠤᠯᠤᠰ ᠲᠥᠷᠥ ᠶ᠋ᠢᠨ ᠬᠡᠯᠲᠡᠰ ᠦ᠋ᠨ ᠡᠷᠬᠢᠯᠡᠭᠴᠢ ᠨᠢᠦ ᠬᠠᠢ ᠯᠢᠶᠠᠩ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ 2023 ᠣᠨ ᠤ᠋ ᠤᠳᠤᠷᠢᠳᠬᠤ  ᠺᠠᠲᠷ ᠤᠨ ᠬᠤᠪᠢ ᠬᠥᠮᠦᠨ ᠦ᠌ ᠬᠠᠮᠢᠶ᠎ᠠ ᠪᠦᠬᠦᠢ ᠬᠡᠷᠡᠭ ᠶᠠᠪᠤᠳᠠᠯ ᠢ᠋ᠶ᠋ᠠᠨ ᠮᠡᠳᠡᠭᠦᠯᠬᠦ ᠠᠵᠢᠯ ᠤ᠋ᠨ ᠲᠤᠬᠠᠢ ᠴᠢᠬᠤᠯᠠᠴᠢᠯᠠᠨ ᠪᠠᠢᠷᠢᠯᠠᠭᠤᠯᠤᠯᠲᠠ ᠬᠢᠪᠡ ᠃

 

 

    ᠬᠤᠷᠠᠯ ᠠ᠋ᠴᠠ ᠵᠢᠭᠠᠨ ᠭᠠᠷᠭᠠᠭᠰᠠᠨ ᠨᠢ ᠂ ᠤᠳᠤᠷᠢᠳᠬᠤ ᠺᠠᠲᠷ ᠬᠤᠪᠢ ᠬᠥᠮᠦᠨ ᠦ᠌ ᠬᠠᠮᠢᠶ᠎ᠠ ᠪᠦᠬᠦᠢ ᠶᠠᠪᠤᠳᠠᠯ ᠢ᠋ᠶ᠋ᠠᠨ ᠮᠡᠳᠡᠭᠦᠯᠬᠦ ᠪᠣᠯ ᠨᠠᠮ ᠤ᠋ᠨ ᠴᠢᠩᠭ᠎ᠠ ᠲᠣᠳᠣᠷᠬᠠᠢ ᠰᠠᠬᠢᠯᠭ᠎ᠠ ᠪᠠᠲᠤ ᠶᠣᠰᠣ ᠳᠦᠷᠢᠮ  ᠮᠦᠨ ᠂  ᠺᠠᠲᠷ ᠢ ᠴᠢᠩᠭ᠎ᠠ ᠬᠠᠮᠢᠶᠠᠷᠤᠨ ᠬᠢᠨᠠᠯᠲᠠ ᠲᠠᠯᠪᠢᠬᠤ ᠴᠢᠬᠤᠯᠠ ᠠᠷᠭ᠎ᠠ ᠬᠡᠮᠵᠢᠶ᠎ᠡ ᠪᠠᠢᠵᠤ ᠂ ᠠᠵᠢᠯᠲᠠᠨ ᠤ᠋ ᠶᠠᠪᠤᠳᠠᠯ ᠤ᠋ᠨ ᠰᠠᠯᠠᠭ᠎ᠠ ᠮᠥᠴᠢᠷ ᠢ᠋ ᠵᠣᠬᠢᠶᠠᠨ ᠪᠠᠢᠭᠤᠯᠤᠨ ᠂ ᠲᠠᠭᠯᠠᠨ ᠮᠡᠳᠡᠭᠦᠯᠬᠦ ᠵᠢᠯᠣᠭᠣᠳᠬᠤ ᠠᠵᠢᠯ ᠢ᠋ ᠬᠢᠨᠠᠮᠠᠭᠠᠢ ᠰᠠᠢᠲᠤᠷ ᠬᠢᠵᠦ ᠂ ᠲᠠᠭᠯᠠᠨ ᠮᠡᠳᠡᠭᠦᠯᠬᠦ ᠠᠵᠢᠯᠲᠠᠨ ᠨᠢ ᠳᠡᠭᠡᠳᠦ ᠬᠡᠮᠵᠢᠶᠡᠨ ᠦ᠌ ᠤᠯᠤᠰ ᠲᠥᠷᠥ ᠶ᠋ᠢᠨ ᠬᠠᠷᠢᠭᠤᠴᠠᠯᠭᠠᠲᠤ ᠰᠡᠳᠬᠢᠯᠭᠡ ᠂ ᠨᠠᠷᠢᠨ ᠬᠢᠨᠠᠮᠠᠭᠠᠢ ᠪᠣᠳᠠᠲᠠᠢ ᠶ᠋ᠢ ᠡᠷᠬᠢᠮᠯᠡᠬᠦ ᠠᠵᠢᠯ ᠤ᠋ᠨ ᠣᠪᠣᠷ ᠰᠤᠷᠲᠠᠯ ᠲᠠᠢ ᠪᠠᠢᠵᠤ ᠂ ᠦᠨᠡᠨ ᠢ᠋ ᠪᠠᠷᠢᠮᠲᠠᠯᠠᠨ ᠬᠤᠪᠢ ᠬᠥᠮᠦᠨ ᠦ᠌ ᠬᠠᠮᠢᠶ᠎ᠠ ᠪᠦᠬᠦᠢ ᠤᠴᠢᠷ ᠢ᠋ᠶ᠋ᠠᠨ ᠮᠡᠳᠡᠭᠦᠯᠦᠨ ᠂ ᠵᠣᠬᠢᠶᠠᠨ ᠪᠠᠢᠭᠤᠯᠤᠯᠲᠠ ᠶ᠋ᠢᠨ ᠬᠢᠨᠠᠯᠲᠠ ᠶ᠋ᠢ ᠤᠬᠠᠮᠰᠠᠷ ᠠ᠋ᠴᠠ ᠪᠠᠨ ᠬᠦᠯᠢᠶᠡᠬᠦ ᠬᠡᠷᠡᠭᠲᠡᠢ ᠭᠡᠵᠡᠢ ᠃

      ᠬᠤᠷᠠᠯ ᠠ᠋ᠴᠠ ᠴᠢᠩᠭᠠᠳᠭᠠᠭᠰᠠᠨ ᠨᠢ ᠂ ᠪᠠᠢᠳᠠᠯ ᠡᠭᠦᠷᠭᠡ ᠶ᠋ᠢ ᠦᠨᠡᠨᠬᠦ ᠲᠣᠳᠣᠷᠬᠠᠢ ᠲᠠᠨᠢᠵᠤ ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ ᠂ ᠵᠣᠬᠢᠶᠠᠨ ᠪᠠᠢᠭᠤᠯᠤᠯᠲᠠ ᠶ᠋ᠢᠨ ᠤᠳᠤᠷᠢᠳᠤᠯᠭ᠎ᠠ ᠪᠠᠨ ᠴᠢᠩᠭᠠᠳᠬᠠᠵᠤ ᠂ ᠠᠵᠢᠯ ᠤ᠋ᠨ ᠱᠠᠭᠠᠷᠳᠠᠯᠭ᠎ᠠ ᠶ᠋ᠢ ᠵᠥᠪ ᠣᠨᠣᠪᠴᠢᠲᠠᠢ ᠡᠵᠡᠮᠳᠡᠨ ᠂ ᠮᠡᠳᠡᠭᠦᠯᠦᠯᠲᠡ ᠶ᠋ᠢᠨ ᠠᠵᠢᠯ ᠤ᠋ᠨ ᠡᠯ᠎ᠡ ᠵᠦᠢᠯ ᠦ᠋ᠨ ᠡᠭᠦᠷᠭᠡ ᠶ᠋ᠢ ᠬᠢᠨᠠᠮᠠᠭᠠᠢ ᠰᠠᠢᠲᠤᠷ ᠨᠠᠢᠳᠠᠪᠤᠷᠢᠵᠢᠭᠤᠯᠵᠤ ᠂ ᠯᠠᠪᠳᠠᠭᠤᠨ ᠪᠦᠲᠦᠮᠵᠢᠲᠡᠢ ᠠᠷᠭ᠎ᠠ ᠬᠡᠮᠵᠢᠶ᠎ᠡ ᠪᠡᠷ ᠮᠡᠳᠡᠭᠦᠯᠦᠯᠲᠡ ᠶ᠋ᠢᠨ ᠠᠵᠢᠯ ᠤ᠋ᠨ ᠭᠦᠨᠵᠡᠭᠡᠢ ᠪᠥᠭᠡᠳ ᠪᠣᠳᠠᠲᠠᠢ ᠶᠠᠪᠤᠭᠳᠠᠬᠤ ᠶ᠋ᠢ ᠠᠬᠢᠭᠤᠯᠤᠨ ᠂ 2023 ᠣᠨ ᠤ᠋ ᠬᠤᠪᠢ ᠬᠥᠮᠦᠨ ᠦ᠌ ᠬᠠᠮᠢᠶ᠎ᠠ ᠪᠦᠬᠦᠢ ᠵᠦᠢᠯᠡᠰ ᠦ᠋ᠨ ᠮᠡᠳᠡᠭᠦᠯᠦᠯᠲᠡ ᠶ᠋ᠢᠨ ᠡᠯ᠎ᠡ ᠵᠦᠢᠯ ᠦ᠋ᠨ ᠠᠵᠢᠯ ᠤ᠋ᠨ ᠡᠭᠦᠷᠭᠡ ᠶ᠋ᠢ ᠲᠡᠭᠦᠰ ᠠᠮᠵᠢᠯᠲᠠ ᠲᠠᠢ ᠪᠡᠶᠡᠯᠡᠭᠦᠯᠬᠦ ᠶ᠋ᠢ ᠪᠠᠲᠤᠯᠠᠬᠤ ᠬᠡᠷᠡᠭᠲᠡᠢ ᠭᠡᠪᠡ ᠃

      ᠬᠤᠷᠠᠯ ᠳᠡᠭᠡᠷ᠎ᠡ ᠂ ᠤᠯᠤᠰ ᠲᠥᠷᠥ ᠶ᠋ᠢᠨ ᠶᠠᠮᠤᠨ ᠡᠴᠡ ᠲᠥᠪ ᠦ᠋ᠨ ᠰᠢᠨ᠎ᠡ ᠪᠡᠷ ᠵᠠᠰᠠᠪᠤᠷᠢ ᠣᠷᠣᠭᠤᠯᠤᠭᠰᠠᠨ 《 ᠤᠳᠤᠷᠢᠳᠬᠤ  ᠺᠠᠲᠷ ᠤᠨ ᠬᠤᠪᠢ ᠬᠥᠮᠦᠨ ᠦ᠌ ᠬᠣᠯᠪᠣᠭᠳᠠᠯ ᠪᠦᠬᠦᠢ ᠵᠦᠢᠯ ᠢ᠋ᠶ᠋ᠡᠨ ᠮᠡᠳᠡᠭᠦᠯᠬᠦ ᠲᠣᠭᠲᠠᠭᠠᠯ 》 ᠤ᠋ᠨ ᠲᠣᠭᠲᠠᠭᠠᠭᠰᠠᠨ ᠱᠠᠭᠠᠷᠳᠠᠯᠭ᠎ᠠ ᠲᠠᠢ ᠤᠶᠠᠯᠳᠤᠭᠤᠯᠵᠤ ᠂ ᠲᠠᠭᠯᠠᠨ ᠮᠡᠳᠡᠭᠦᠯᠬᠦ ᠠᠵᠢᠯ ᠤ᠋ᠨ ᠪᠣᠳᠠᠲᠠᠢ ᠱᠠᠭᠠᠷᠳᠠᠯᠭ᠎ᠠ ᠂ ᠲᠠᠭᠯᠠᠨ ᠮᠡᠳᠡᠭᠦᠯᠬᠦ ᠠᠵᠢᠯᠯᠠᠭ᠎ᠠ ᠂ ᠲᠠᠭᠯᠠᠨ ᠮᠡᠳᠡᠭᠦᠯᠬᠦ ᠳ᠋ᠤ ᠠᠮᠠᠷᠬᠠᠨ ᠪᠤᠷᠤᠭᠤᠳᠠᠬᠤ ᠡᠨᠳᠡᠭᠦᠷᠡᠯ ᠵᠡᠷᠭᠡ ᠲᠠᠯ᠎ᠠ ᠶ᠋ᠢᠨ ᠲᠣᠭᠣᠷᠢᠨ ᠳ᠋ᠤ᠌ ᠪᠦᠬᠦ ᠲᠠᠯ᠎ᠠ ᠪᠠᠷ ᠨᠠᠷᠢᠨ ᠲᠣᠳᠣᠷᠬᠠᠢ ᠲᠠᠭᠯᠠᠨ ᠮᠡᠳᠡᠭᠦᠯᠬᠦ ᠪᠣᠯᠪᠠᠰᠤᠷᠠᠯ ᠬᠢᠪᠡ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )