ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠰᠦᠯᠵᠢᠶᠡᠨ ᠦ᠌ ᠠᠮᠤᠷ ᠲᠦᠪᠰᠢᠨ ᠪᠠ ᠴᠢᠮᠡᠭᠡ ᠵᠠᠩᠭᠢᠵᠢᠯᠲᠡ ᠶ᠋ᠢᠨ ᠠᠵᠢᠯ ᠤ᠋ᠨ ᠲᠤᠬᠠᠢ ᠶ᠋ᠢᠨ ᠭᠠᠵᠠᠷ ᠤ᠋ᠨ ᠲᠣᠭᠣᠷᠢᠨ ᠪᠠᠢᠴᠠᠭᠠᠯᠲᠠ ᠶ᠋ᠢ ᠲᠦᠯᠬᠢᠨ ᠠᠬᠢᠭᠤᠯᠬᠤ ᠬᠤᠷᠠᠯ ᠬᠤᠷᠠᠯᠳᠤᠪᠠ
2023.06.16 ᠲᠣᠰ ᠥᠷᠲᠡᠭᠡᠨ᠎ᠦ ᠨᠠᠢᠷᠠᠭᠤᠯᠤᠭᠴᠢ

    ᠪᠦᠬᠦ ᠣᠷᠣᠨ ᠤ᠋ ᠰᠢᠭᠦᠬᠦ ᠬᠣᠷᠢᠶᠠᠨ ᠤ᠋ ᠰᠦᠯᠵᠢᠶᠡᠨ ᠦ᠌ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶ᠋ᠢᠨ ᠠᠵᠢᠯ ᠤ᠋ᠨ ᠪᠣᠯᠪᠠᠰᠤᠷᠠᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠳᠡᠭᠡᠷ᠎ᠡ ᠨᠢᠭᠡ ᠱᠠᠲᠤᠨ ᠤ᠋ ᠠᠵᠢᠯ ᠢ᠋ᠶ᠋ᠠᠨ ᠳ᠋ᠦᠩᠨᠡᠵᠦ ᠂ ᠬᠠᠮᠲᠤ ᠶ᠋ᠢᠨ ᠲᠠᠨᠢᠯᠲᠠ ᠪᠠᠨ ᠨᠢᠭᠲᠠᠷᠠᠭᠤᠯᠵᠤ ᠂ ᠰᠡᠳᠬᠢᠴᠡ ᠪᠡᠨ ᠰᠢᠯᠤᠭᠤᠳᠬᠠᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠮᠡᠳᠡᠭᠡ ᠵᠠᠩᠭᠢᠵᠢᠯᠲᠠ ᠶ᠋ᠢᠨ ᠠᠵᠢᠯ ᠤ᠋ᠨ ᠦᠷ᠎ᠡ ᠪᠦᠲᠦᠮᠵᠢ ᠶ᠋ᠢ ᠳᠡᠭᠡᠭᠰᠢᠯᠡᠭᠦᠯᠬᠦ ᠶ᠋ᠢᠨ ᠲᠥᠯᠥᠭᠡ ᠂ 6 ᠰᠠᠷ᠎ᠠ ᠶ᠋ᠢᠨ 8 ᠤ᠋ ᠡᠳᠦᠷ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠰᠦᠯᠵᠢᠶᠡᠨ ᠦ᠌ ᠠᠮᠤᠷ ᠲᠦᠪᠰᠢᠨ ᠬᠢᠭᠡᠳ ᠮᠡᠳᠡᠭᠡ ᠵᠠᠩᠭᠢᠵᠢᠯᠲᠠ ᠶ᠋ᠢᠨ ᠠᠵᠢᠯ ᠤ᠋ᠨ ᠲᠤᠬᠠᠢ ᠶ᠋ᠢᠨ ᠲᠠᠯᠠᠪᠠᠢ ᠶ᠋ᠢᠨ ᠦᠵᠡᠭᠦᠯᠦᠯᠭᠡ ᠶ᠋ᠢ ᠠᠬᠢᠭᠤᠯᠬᠤ ᠬᠤᠷᠠᠯ ᠬᠤᠷᠠᠯᠳᠤᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠬᠤᠷᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠳᠠᠷᠤᠭ᠎ᠠ ᠵᠢᠶᠠ ᠴᠠᠩ ᠪᠢᠩ ᠬᠤᠷᠠᠯ ᠡᠷᠬᠢᠯᠡᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠭᠡᠷ ᠪᠦᠯᠢ ᠶ᠋ᠢᠨ ᠪᠦᠷᠢᠯᠳᠦᠬᠦᠨ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠳᠠᠷᠤᠭ᠎ᠠ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠡᠯ᠎ᠡ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠵᠢᠴᠢ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠬᠠᠮᠢᠶ᠎ᠠ ᠪᠥᠬᠥᠢ ᠬᠠᠷᠢᠭᠤᠴᠠᠯᠭᠠᠲᠠᠨ ᠬᠤᠷᠠᠯ ᠳ᠋ᠤ᠌ ᠣᠷᠣᠯᠴᠠᠵᠠᠢ ᠃

 

 

 

  ᠬᠤᠷᠠᠯ ᠠ᠋ᠴᠠ ᠡᠮᠦᠨ᠎ᠡ ᠂ ᠬᠤᠷᠠᠯ ᠳ᠋ᠤ᠌ ᠣᠷᠣᠯᠴᠠᠭᠰᠠᠨ ᠬᠥᠮᠦᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠴᠠᠭᠳᠠᠭᠠᠨ ᠤ᠋ ᠶᠠᠪᠤᠳᠠᠯ ᠤ᠋ᠨ ᠲᠥᠪ ᠂ ᠡᠷᠡᠭᠦᠦ ᠶ᠋ᠢᠨ ᠬᠡᠷᠡᠭ ᠲᠦ᠍ ᠬᠣᠯᠪᠣᠭᠳᠠᠭᠰᠠᠨ ᠡᠳ᠋ ᠦ᠋ᠨ ᠶᠠᠪᠤᠳᠠᠯ ᠤ᠋ᠨ ᠲᠠᠰᠤᠭ ᠂ ᠬᠡᠷᠡᠭ ᠦ᠋ᠨ ᠡᠪᠬᠡᠮᠡᠯ ᠢ᠋ ᠰᠢᠯᠵᠢᠭᠦᠯᠬᠦ ᠬᠣᠷᠭᠣ ᠂ ᠰᠢᠭᠦᠬᠦ ᠦᠢᠯᠡᠴᠢᠯᠡᠭᠡᠨ ᠦ᠌ ᠪᠠᠲᠤᠯᠠᠭ᠎ᠠ ᠶ᠋ᠢᠨ ᠲᠥᠪ ᠵᠡᠷᠭᠡ ᠭᠠᠵᠠᠷ ᠣᠷᠣᠨ ᠢ᠋ᠶ᠋ᠠᠷ ᠲᠤᠬᠠᠢ ᠶ᠋ᠢᠨ ᠭᠠᠵᠠᠷ ᠲᠤᠨᠢ ᠲᠣᠭᠣᠷᠢᠨ ᠦᠵᠡᠵᠦ ᠂ ᠰᠢᠭᠦᠬᠦ ᠲᠢᠩᠬᠢᠮ ᠳ᠋ᠦ᠍ ᠤᠯᠠᠮᠵᠢᠯᠠᠯᠲᠤ ᠰᠢᠭᠦᠬᠦ ᠲᠢᠩᠬᠢᠮ ᠲᠡᠢ ᠬᠠᠷᠢᠴᠠᠭᠤᠯᠪᠠᠯ ᠡᠯ᠎ᠡ ᠵᠦᠢᠯ ᠦ᠋ᠨ ᠳᠠᠪᠠᠭᠤᠯᠢᠭ ᠢ᠋ ᠨᠠᠷᠢᠨ ᠣᠢᠯᠠᠭᠠᠭᠰᠠᠨ ᠪᠥᠭᠡᠳ ᠰᠢᠭᠦᠬᠦ ᠲᠢᠩᠬᠢᠮ ᠦ᠋ᠨ ᠰᠦᠯᠵᠢᠶᠡᠨ ᠳᠡᠭᠡᠷ᠎ᠡ ᠡᠪᠬᠡᠮᠡᠯ ᠦᠵᠡᠬᠦ ᠂ ᠭᠠᠷ ᠤ᠋ᠨ ᠦᠰᠦᠭ ᠵᠢᠷᠤᠬᠤ ᠂ ᠢᠵᠢᠯ ᠪᠤᠰᠤ ᠠᠯᠬᠤᠮ ᠢ᠋ᠶ᠋ᠠᠷ ᠰᠢᠭᠦᠬᠦ ᠵᠡᠷᠭᠡ ᠴᠢᠳᠠᠪᠬᠢ ᠶ᠋ᠢᠨ ᠦᠵᠡᠭᠦᠯᠦᠭᠡ ᠶ᠋ᠢ ᠦᠵᠡᠪᠡ᠃        ᠬᠤᠷᠠᠯ ᠳᠡᠭᠡᠷ᠎ᠡ ᠂ ᠬᠤᠷᠠᠯ ᠳ᠋ᠤ᠌ ᠣᠷᠣᠯᠴᠠᠭᠰᠠᠨ ᠬᠥᠮᠦᠨ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠳᠡᠯᠭᠡᠷᠡᠭᠦᠯᠦᠨ ᠬᠡᠷᠡᠭᠯᠡᠵᠦ ᠪᠠᠢᠭ᠎ᠠ ᠰᠤᠷᠠᠭ ᠵᠠᠩᠭᠢ ᠶ᠋ᠢᠨ ᠰᠢᠰᠲ᠋ᠧᠮ ᠦ᠋ᠨ ᠣᠬᠣᠷ ᠹᠢᠯᠢᠮ ᠢ᠋ ᠦᠵᠡᠵᠡᠢ ᠃ ᠵᠢᠶᠠ ᠴᠠᠩ ᠪᠢᠩ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠰᠦᠯᠵᠢᠶᠡᠨ ᠦ᠌ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶ᠋ᠢᠨ ᠠᠵᠢᠯ ᠤ᠋ᠨ ᠣᠳᠣᠬᠢ ᠪᠠᠢᠳᠠᠯ ᠂ 2023 ᠣᠨ ᠤ᠋ ᠳᠡᠭᠡᠳᠦ ᠵᠡᠷᠭᠡ ᠶ᠋ᠢᠨ ᠰᠢᠭᠦᠬᠦ ᠬᠣᠷᠢᠶᠠᠨ ᠤ᠋ ᠭᠣᠣᠯᠳᠠᠯᠭ᠎ᠠ ᠲᠠᠢ ᠠᠵᠢᠯ ᠢ᠋ ᠠᠬᠢᠭᠤᠯᠤᠭᠰᠠᠨ ᠪᠠᠢᠳᠠᠯ ᠵᠢᠴᠢ ᠮᠡᠳᠡᠭᠡ ᠵᠠᠩᠭᠢᠵᠢᠯᠲᠠ ᠶ᠋ᠢᠨ ᠲᠤᠷᠰᠢᠯᠲᠠ ᠶ᠋ᠢᠨ ᠠᠵᠢᠯ ᠢ᠋ ᠥᠷᠨᠢᠭᠦᠯᠦᠭᠰᠡᠨ ᠪᠠᠢᠳᠠᠯ ᠢ᠋ ᠲᠠᠨᠢᠯᠴᠠᠭᠤᠯᠬᠤ ᠶ᠋ᠢᠨ ᠬᠠᠮᠲᠤ ᠂ ᠳᠠᠷᠠᠭ᠎ᠠ ᠠᠯᠬᠤᠮ ᠤ᠋ᠨ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠳᠡᠯᠭᠡᠷᠡᠭᠦᠯᠦᠭᠰᠡᠨ ᠮᠡᠳᠡᠭᠡ ᠵᠠᠩᠭᠢᠴᠢᠯᠠᠭᠰᠠᠨ ᠬᠡᠷᠡᠭᠯᠡᠯᠲᠡ ᠲᠡᠢ ᠤᠶᠠᠯᠳᠤᠭᠤᠯᠤᠨ ᠂ ᠪᠥᠬᠥ ᠬᠡᠯᠬᠢᠶᠡᠰᠦ ᠶ᠋ᠢᠨ ᠡᠯᠧᠮᠧᠨ᠋ᠲ ᠦ᠋ᠨ ᠬᠡᠯᠪᠡᠷᠢ ᠶ᠋ᠢᠨ ᠰᠢᠭᠦᠨ ᠲᠠᠰᠤᠯᠤᠯᠲᠠ ᠂ ᠴᠠᠭᠠᠰᠤ ᠬᠡᠷᠡᠭᠯᠡᠬᠦ ᠦᠭᠡᠢ ᠬᠡᠷᠡᠭ ᠰᠢᠢᠳᠪᠦᠷᠢᠯᠡᠬᠦ ᠂ ᠠᠵᠢᠯ ᠤ᠋ᠨ ᠦᠷ᠎ᠡ ᠪᠦᠲᠦᠮᠵᠢ ᠶ᠋ᠢ ᠰᠢᠯᠭᠠᠨ ᠬᠢᠨᠠᠬᠤ ᠂ ᠰᠢᠭᠦᠬᠦ ᠲᠢᠩᠬᠢᠮ ᠢ᠋ ᠠᠭᠤᠰᠤᠯᠴᠠᠭᠤᠯᠬᠤ ᠂ ᠣᠯᠠᠨ ᠡᠰᠢᠲᠦ ᠵᠢᠭᠤᠷᠠᠯᠳᠤᠭᠠᠨ ᠢ᠋ ᠡᠶᠡᠳᠡᠭᠦᠯᠬᠦ ᠵᠡᠷᠭᠡ ᠰᠢᠰᠲ᠋ᠧᠮ ᠦ᠋ᠨ ᠲᠠᠪᠴᠠᠩ ᠤ᠋ᠨ ᠬᠡᠷᠡᠭᠯᠡᠭᠡ ᠶ᠋ᠢ ᠳᠡᠯᠭᠡᠷᠡᠭᠦᠯᠬᠦ ᠪᠣᠳᠠᠲᠠᠢ ᠠᠷᠭ᠎ᠠ ᠬᠡᠮᠵᠢᠶ᠎ᠡ ᠶ᠋ᠢ ᠨᠠᠷᠢᠯᠢᠭᠵᠢᠭᠤᠯᠤᠨ ᠪᠠᠢᠷᠢᠯᠠᠭᠤᠯᠪᠠ ᠃ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶ᠎ᠠ ᠳᠡᠰ ᠳᠠᠷᠠᠭᠠᠯᠠᠨ ᠰᠠᠨᠠᠯ ᠢ᠋ᠶ᠋ᠠᠨ ᠰᠣᠯᠢᠯᠴᠠᠵᠤ ᠂ ᠣᠳᠣᠬᠠᠨ ᠤ᠋ ᠠᠵᠢᠯ ᠤ᠋ᠨ ᠪᠠᠢᠳᠠᠯ ᠪᠠ ᠣᠷᠣᠰᠢᠵᠤ ᠪᠠᠢᠭ᠎ᠠ ᠠᠰᠠᠭᠤᠳᠠᠯ ᠢ᠋ ᠬᠠᠷᠢᠭᠤ ᠮᠡᠳᠡᠭᠦᠯᠵᠦ ᠂ ᠬᠡᠷᠡᠭᠴᠡᠭᠡ ᠱᠠᠭᠠᠷᠳᠠᠯᠭ᠎ᠠ ᠵᠢᠴᠢ ᠬᠣᠯᠪᠣᠭᠳᠠᠯ ᠪᠦᠬᠦᠢ ᠰᠠᠨᠠᠯ ᠰᠠᠨᠠᠭᠤᠯᠭ᠎ᠠ ᠶ᠋ᠢ ᠳᠤᠷᠠᠳᠪᠠ ᠃

    ᠰᠦ ᠯᠢ ᠵᠢᠶᠦ᠋ᠨ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠲᠣᠣᠷ ᠰᠦᠯᠵᠢᠶᠡᠨ ᠦ᠌ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶ᠋ᠢᠨ ᠠᠵᠢᠯ ᠤ᠋ᠨ ᠣᠯᠤᠭᠰᠠᠨ ᠱᠠᠲᠤ ᠦᠶ᠎ᠡ ᠶ᠋ᠢᠨ ᠴᠢᠨᠠᠷᠲᠠᠢ ᠦᠷ᠎ᠡ ᠪᠦᠲᠦᠭᠡᠯ ᠢ᠋ ᠭᠦᠢᠴᠡᠳ ᠨᠤᠲᠠᠯᠠᠵᠤ ᠂ ᠣᠷᠣᠰᠢᠵᠤ ᠪᠠᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠶ᠋ᠢ ᠵᠢᠭᠠᠨ ᠭᠠᠷᠭᠠᠵᠤ ᠂ ᠬᠣᠶᠠᠷ ᠱᠠᠲᠤᠨ ᠤ᠋ ᠰᠢᠭᠦᠬᠦ ᠬᠣᠷᠢᠶ᠎ᠠ ᠲᠣᠣᠷ ᠰᠦᠯᠵᠢᠶᠡᠨ ᠦ᠌ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶ᠋ᠢᠨ ᠠᠷᠭ᠎ᠠ ᠪᠠᠷᠢᠯ ᠢ᠋ᠶ᠋ᠠᠷ  ᠴᠢᠬᠤᠯᠠᠴᠢᠯᠠᠨ ᠂ ᠬᠠᠤᠯᠢ ᠴᠠᠭᠠᠵᠠ ᠶ᠋ᠢᠨ ᠱᠠᠭᠠᠷᠳᠠᠯᠭ᠎ᠠ ᠶ᠋ᠢ ᠣᠨᠣᠪᠴᠢᠲᠠᠢ ᠵᠣᠯᠭᠠᠭᠤᠯᠵᠤ ᠂ ᠣᠶᠤᠨᠲᠤ ᠰᠢᠭᠦᠬᠦ ᠬᠣᠷᠢᠶᠠᠨ ᠤ᠋ ᠪᠠᠢᠭᠤᠯᠤᠯᠲᠠ ᠶ᠋ᠢ ᠪᠥᠬᠥ ᠬᠦᠴᠦᠨ ᠢ᠋ᠶ᠋ᠡᠷ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ ᠨᠢᠭᠡ ᠳ᠋ᠦ᠍ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ ᠃ ᠵᠣᠭᠰᠣᠴᠠ ᠪᠠᠨ ᠦᠨᠡᠨ ᠬᠦ᠌ ᠳᠡᠭᠡᠭᠰᠢᠯᠡᠭᠦᠯᠵᠦ ᠂ ᠦᠵᠡᠯ ᠰᠠᠨᠠᠭ᠎ᠠ ᠪᠠᠨ ᠨᠢᠭᠡᠳᠬᠡᠨ ᠂ ᠮᠡᠳᠡᠭᠡ ᠵᠠᠩᠭᠢᠵᠢᠯᠲᠠ ᠪᠣᠯ ᠰᠢᠭᠦᠬᠦ ᠬᠣᠷᠢᠶᠠᠨ ᠤ᠋ ᠣᠳᠣᠬᠢᠴᠢᠯᠠᠯᠲᠠ ᠶ᠋ᠢᠨ 《 ᠰᠢᠪᠠᠭᠤᠨ ᠤ᠋ ᠬᠣᠣᠰ ᠵᠢᠭᠦᠷ ᠂ ᠲᠡᠷᠭᠡᠨ ᠦ᠌ ᠬᠣᠶᠠᠷ ᠬᠦᠷᠳᠦ 》 ᠭᠡᠳᠡᠭ ᠴᠢᠬᠤᠯᠠ ᠶᠡᠬᠡ ᠠᠴᠢ ᠬᠣᠯᠪᠣᠭᠳᠠᠯ ᠪᠠ ᠰᠢᠭᠦᠬᠦ ᠬᠣᠷᠢᠶᠠᠨ ᠤ᠋ ᠡᠯ᠎ᠡ ᠵᠦᠢᠯ ᠦ᠋ᠨ ᠠᠵᠢᠯ ᠳ᠋ᠤ᠌ ᠦᠵᠡᠭᠦᠯᠬᠦ ᠵᠠᠩᠭᠢᠯᠠᠭ᠎ᠠ ᠶ᠋ᠢᠨ ᠦᠢᠯᠡᠳᠦᠯ ᠮᠥᠨ ᠭᠡᠳᠡᠭ ᠢ᠋ ᠵᠥᠪ ᠲᠠᠨᠢᠬᠤ ᠬᠡᠷᠡᠭᠲᠡᠢ ᠃ ᠬᠣᠶᠠᠷ ᠲᠤ᠌ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠯᠡᠨ ᠪᠠᠢᠷᠢᠰᠢᠭᠤᠯᠤᠨ᠎ᠠ ᠃ ᠮᠡᠳᠡᠭᠡ ᠵᠠᠩᠭᠢᠵᠢᠯᠲᠠ ᠶ᠋ᠢᠨ ᠪᠦᠲᠦᠭᠡᠨ ᠪᠠᠢᠭᠤᠯᠤᠯᠲᠠ ᠶ᠋ᠢ 《 ᠪᠥᠬᠥ ᠬᠣᠲᠠ ᠳ᠋ᠤ᠌ ᠨᠢᠭᠡᠨ ᠬᠥᠯᠭᠡ ᠰᠢᠳᠡᠷ᠎ᠡ ᠮᠡᠲᠦ ᠪᠠᠢᠬᠤ 》 ᠶ᠋ᠢ ᠪᠠᠷᠢᠮᠲᠠᠯᠠᠨ ᠂ ᠨᠢᠭᠡᠳᠦᠯᠲᠡᠢ ᠪᠠᠢᠷᠢᠯᠠᠭᠤᠯᠵᠤ ᠂ ᠨᠢᠭᠡᠳᠦᠯᠲᠡᠢ ᠬᠡᠷᠡᠭᠵᠢᠭᠦᠯᠦᠨ ᠂ ᠪᠡᠯᠡ ᠮᠥᠩᠭᠥ ᠶ᠋ᠢᠨ ᠬᠡᠷᠡᠭᠯᠡᠯᠲᠡ ᠶ᠋ᠢᠨ ᠦᠷ᠎ᠡ ᠠᠰᠢᠭ ᠢ᠋ ᠬᠠᠮᠤᠭ ᠤ᠋ᠨ ᠶᠡᠬᠡ ᠬᠡᠮᠵᠢᠶᠡᠨ ᠳ᠋ᠦ᠍ ᠬᠦᠷᠭᠡᠬᠦ ᠬᠡᠷᠡᠭᠲᠡᠢ ︔ 《 ᠲᠤᠰᠠᠲᠠᠢ ᠂ ᠬᠡᠷᠡᠭᠯᠡᠬᠦ ᠳ᠋ᠦ᠍ ᠠᠮᠠᠷ ᠂  ᠬᠡᠷᠡᠭᠯᠡᠵᠦ ᠴᠢᠳᠠᠬᠤ 》  ᠶ᠋ᠢ ᠳᠣᠪᠣᠢᠯᠭᠠᠵᠤ ᠂ ᠬᠡᠷᠡᠭᠯᠡᠬᠦ ᠶᠠᠪᠤᠴᠠ ᠳ᠋ᠤ᠌ ᠠᠰᠠᠭᠤᠳᠠᠯ ᠢ᠋ ᠢᠯᠡᠷᠡᠭᠦᠯᠵᠦ ᠂ ᠠᠰᠠᠭᠤᠳᠠᠯ ᠢ᠋ ᠬᠠᠯᠠᠨ ᠰᠠᠢᠵᠢᠷᠠᠭᠤᠯᠵᠤ ᠂ ᠠᠵᠢᠯ ᠤ᠋ᠨ ᠦᠷ᠎ᠡ ᠪᠦᠲᠦᠮᠵᠢ ᠪᠡᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠃ ᠭᠤᠷᠪᠠ ᠳ᠋ᠤ᠌ ᠪᠦᠬᠦ ᠬᠦᠴᠦᠨ ᠢ᠋ᠶ᠋ᠡᠷ ᠢ᠋ᠶ᠋ᠡᠨ ᠳᠡᠯᠭᠡᠷᠡᠭᠦᠯᠦᠨ ᠬᠡᠷᠡᠭᠯᠡᠬᠦ ᠬᠡᠷᠡᠭᠲᠡᠢ ᠃ ᠳᠣᠲᠣᠭᠠᠳᠤ ᠭᠠᠳᠠᠭᠠᠳᠤ ᠳ᠋ᠤ᠌ ᠤᠬᠠᠭᠤᠯᠭ᠎ᠠ ᠬᠢᠵᠦ ᠳᠡᠯᠭᠡᠷᠡᠭᠦᠯᠬᠦ ᠬᠦᠴᠦᠯᠡᠴᠡ ᠪᠡᠨ ᠨᠡᠮᠡᠭᠳᠡᠭᠦᠯᠦᠨ ᠂ ᠣᠶᠤᠨᠴᠢ ᠰᠢᠭᠦᠬᠦ ᠬᠣᠷᠢᠶᠠᠨ ᠤ᠋ ᠪᠠᠢᠭᠤᠯᠤᠯᠲᠠ ᠪᠣᠯᠤᠨ ᠬᠡᠷᠡᠭᠯᠡᠯᠲᠡ ᠶ᠋ᠢ 《 ᠨᠢᠭᠡᠳᠦᠭᠡᠷ ᠭᠠᠷ ᠤᠨ ᠢᠨᠵᠧᠨᠧᠷᠢᠩ 》 ᠪᠣᠯᠭᠠᠵᠤ ᠂ ᠪᠣᠳᠠᠲᠤ ᠪᠠᠢᠳᠠᠯ ᠲᠠᠢ ᠪᠠᠨ ᠤᠶᠠᠯᠳᠤᠭᠤᠯᠤᠨ ᠤᠯᠠᠮ ᠳᠡᠯᠭᠡᠷᠡᠩᠭᠦᠢ ᠪᠣᠯᠭᠠᠨ᠎ᠠ ︔ ︽ ᠨᠢᠭᠤᠷᠳᠠᠵᠤ  ᠬᠠᠷᠢᠴᠠᠭᠤᠯᠬᠤ ︾ ︽ ᠭᠠᠷ ᠭᠠᠷ ᠢ᠋ᠢᠠᠷ ᠵᠢᠯᠣᠭᠣᠳᠬᠤ ︾ ᠮᠠᠶᠢᠭ ᠤ᠋ᠨ ᠮᠡᠳᠡᠭᠡ ᠵᠠᠩᠬᠢᠴᠢᠯᠠᠭᠰᠠᠨ ᠬᠡᠷᠡᠭᠯᠡᠭᠡᠨ ᠦ᠌ ᠪᠣᠯᠪᠠᠰᠤᠷᠠᠯ ᠢ᠋ ᠴᠢᠩᠭᠠᠳᠬᠠᠵᠤ ᠂ ᠺᠠᠲᠷ ᠴᠠᠭᠳᠠᠭ᠎ᠠ ᠨᠢᠭᠡᠪᠦᠷᠢ ᠶ᠋ᠢᠨ ᠪᠣᠯᠪᠠᠰᠤᠷᠠᠩᠭᠤᠢ ᠬᠡᠷᠡᠭᠯᠡᠬᠦ ᠶ᠋ᠢ ᠪᠠᠲᠤᠯᠠᠬᠤ ᠬᠡᠷᠡᠭᠲᠡᠢ ᠃ ᠳᠥᠷᠪᠡ ᠳ᠋ᠦ᠍ ᠂ ᠰᠦᠯᠵᠢᠶᠡᠨ ᠦ᠌ ᠠᠮᠤᠷ ᠲᠦᠪᠰᠢᠨ ᠢ᠋ ᠪᠠᠲᠤᠯᠠᠬᠤ ᠬᠡᠷᠡᠭᠲᠡᠢ ᠃ ᠰᠦᠯᠵᠢᠶᠡᠨ ᠠᠮᠤᠷ ᠲᠦᠪᠰᠢᠨ ᠦ᠌ ᠡᠨᠡᠬᠦ ᠬᠥᠪᠴᠢ ᠶ᠋ᠢ ᠴᠠᠭ ᠢᠮᠠᠭᠲᠠ ᠴᠢᠩᠭᠠᠯᠠᠵᠤ ᠂ ᠰᠦᠯᠵᠢᠶᠡᠨ ᠠᠮᠤᠷ ᠲᠦᠪᠰᠢᠨ ᠦ᠌ ᠤᠬᠠᠮᠰᠠᠷ ᠢ᠋ ᠴᠢᠩᠭᠠᠳᠬᠠᠵᠤ ᠂ ᠰᠦᠯᠵᠢᠶᠡᠨ ᠠᠮᠤᠷ ᠲᠦᠪᠰᠢᠨ ᠦ᠌ ᠰᠡᠷᠭᠡᠢᠯᠡᠯᠲᠡ ᠶ᠋ᠢᠨ ᠱᠤᠭᠤᠮ ᠢ᠋ ᠪᠠᠲᠤ ᠪᠡᠬᠢ ᠪᠠᠢᠭᠤᠯᠵᠤ ᠂ ᠭᠠᠳᠠᠭᠰᠢ ᠳᠠᠭᠠᠭᠠᠴᠢᠯᠠᠭᠤᠯᠤᠭᠰᠠᠨ ᠭᠤᠷᠪᠠᠳᠠᠬᠢ ᠡᠲᠡᠭᠡᠳ ᠦ᠋ᠨ ᠬᠥᠮᠦᠰ ᠦ᠋ᠨ ᠠᠮᠤᠷ ᠲᠦᠪᠰᠢᠨ ᠦ᠌ ᠬᠢᠨᠠᠯᠲᠠ ᠬᠠᠮᠢᠶᠠᠷᠤᠯᠲᠠ ᠶ᠋ᠢ ᠴᠢᠩᠭᠠᠳᠬᠠᠬᠤ ᠬᠡᠷᠡᠭᠲᠡᠢ ᠃

 

 

 

    ᠬᠤᠷᠠᠯ ᠤ᠋ᠨ ᠳᠠᠷᠠᠭ᠎ᠠ ᠳ᠋ᠦᠩᠱᠧᠩ ᠲᠣᠭᠣᠷᠢᠭ ᠤ᠋ᠨ ᠰᠢᠭᠦᠬᠦ ᠬᠣᠷᠢᠶᠠᠨ ᠳ᠋ᠤ᠌ ᠬᠦᠷᠴᠦ ᠲᠤᠬᠠᠢ ᠶ᠋ᠢᠨ ᠲᠠᠯᠠᠪᠠᠢ ᠳ᠋ᠤ᠌  ᠪᠦᠬᠦ ᠬᠡᠯᠬᠢᠶᠡᠰᠦ ᠶ᠋ᠢᠨ ᠬᠡᠯᠪᠡᠷᠢᠲᠦ ᠰᠢᠭᠦᠨ ᠲᠠᠰᠤᠯᠬᠤ ᠰᠢᠰᠲ᠋ᠧᠮ ᠪᠣᠯᠤᠨ ᠣᠶᠤᠨᠴᠢ ᠡᠶᠡᠳᠡᠭᠦᠯᠬᠦ ᠰᠢᠰᠲ᠋ᠧᠮ ᠦ᠋ᠨ ᠬᠡᠷᠡᠭᠯᠡᠯᠲᠡ ᠶ᠋ᠢᠨ ᠪᠠᠢᠳᠠᠯ ᠢ᠋ ᠲᠣᠭᠣᠷᠢᠨ ᠦᠵᠡᠬᠦ ᠶ᠋ᠢᠨ ᠬᠠᠮᠲᠤ ᠰᠠᠭᠤᠳᠠᠯ ᠤ᠋ᠨ ᠬᠤᠷᠠᠯ ᠬᠢᠪᠡ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )