ᠰᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠ ᠠᠮᠢ ᠠᠬᠤᠢ ᠶ᠋ᠢᠨ ᠪᠣᠯᠪᠠᠰᠤᠨ ᠤ᠋ ᠦᠵᠡᠯ ᠰᠠᠨᠠᠭ ᠠ ᠶ᠋ᠢ ᠭᠦᠨᠵᠡᠭᠡᠢ ᠲᠤᠤᠱᠯᠠᠭᠤᠯᠵᠤ ᠂ ᠶᠡᠷᠦᠩᠬᠡᠢ ᠱᠦᠵᠢ ᠰᠢ ᠵᠢᠨ ᠫᠢᠩ ᠦ᠋ᠨ ᠬᠠᠲᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠶ᠋ᠢᠨ ᠣᠷᠴᠢᠨ ᠲᠣᠭᠣᠷᠢᠨ ᠢ᠋ ᠬᠠᠮᠠᠭᠠᠯᠠᠬᠤ ᠪᠠ ᠴᠢᠨᠠᠷ ᠰᠠᠢᠲᠠᠢ ᠬᠥᠭᠵᠢᠭᠦᠯᠬᠦ ᠲᠤᠬᠠᠢ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ ᠠ ᠶ᠋ᠢ ᠨᠠᠢᠳᠠᠪᠤᠷᠢᠵᠢᠭᠤᠯᠤᠨ ᠂ ᠬᠠᠲᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠶ᠋ᠢᠨ ᠣᠷᠴᠢᠨ ᠲᠣᠭᠣᠷᠢᠨ ᠢ᠋ ᠬᠠᠤᠯᠢ ᠴᠠᠭᠠᠵᠠ ᠪᠠᠷ ᠬᠠᠮᠠᠭᠠᠯᠠᠬᠤ ᠳᠦᠷᠢᠮ ᠲᠣᠭᠲᠠᠴᠠ ᠶ᠋ᠢᠨ ᠰᠢᠨ ᠡ ᠶ᠋ᠢ ᠡᠭᠦᠳᠬᠦ ᠶ᠋ᠢ ᠰᠦᠪᠡᠭᠴᠢᠯᠡᠬᠦ ᠶ᠋ᠢᠨ ᠲᠥᠯᠥᠭᠡ ᠂ 5 ᠰᠠᠷ ᠠ ᠶ᠋ᠢᠨ 30 ᠤ᠋ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠂ ᠳᠠᠯᠠᠳ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ ᠠ᠂ ᠬᠠᠲᠤᠨ ᠭᠣᠣᠯ ᠤ᠋ᠨ ᠤᠰᠤᠨ ᠠᠰᠢᠭᠯᠠᠯᠲᠠ ᠶ᠋ᠢᠨ ᠵᠥᠪᠯᠡᠯ ᠦ᠋ᠨ ᠱᠠᠨ ᠰᠢ᠂ ᠱᠠᠨᠰᠢ᠂ ᠥᠪᠥᠷ ᠮᠣᠩᠭᠣᠯ ᠤ᠋ᠨ ᠵᠠᠬ᠎ᠠ ᠨᠡᠢᠯᠡᠭᠰᠡᠨ ᠭᠠᠵᠠᠷ ᠣᠷᠣᠨ ᠤ᠋ ᠬᠥᠷᠥᠰᠥ ᠰᠢᠷᠣᠢ ᠶ᠋ᠢ ᠬᠠᠮᠠᠭᠠᠯᠠᠬᠤ ᠬᠢᠨᠠᠯᠲᠠ ᠲᠠᠯᠪᠢᠬᠤ ᠲᠣᠪᠴᠢᠶ᠎ᠠ ᠂ ᠣᠷᠳᠣᠰ ᠬᠣᠲᠠ ᠂ ᠳᠠᠯᠠᠳ ᠬᠤᠰᠢᠭᠤᠨ ᠤ᠋ ᠬᠣᠶᠠᠷ ᠱᠠᠲᠤᠨ ᠤ᠋ ᠪᠠᠢᠴᠠᠭᠠᠬᠤ ᠬᠣᠷᠢᠶ᠎ᠠ ᠂ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠂ ᠤᠰᠤᠨ ᠠᠰᠢᠭᠯᠠᠯᠲᠠ ᠶ᠋ᠢᠨ ᠲᠣᠪᠴᠢᠶ ᠠ ᠶ᠋ᠢᠨ ᠬᠢᠨ ᠳᠠᠯᠠᠳ ᠬᠤᠰᠢᠭᠤᠨ ᠤ᠋ ᠵᠣᠣ ᠵᠢᠶᠦᠢ᠍ᠨ ᠪᠠᠯᠭᠠᠰᠤᠨ ᠳ᠋ᠤ᠌ 《 ᠌- ᠬᠠᠲᠤᠨ ᠭᠣᠣᠯ ᠤ᠋ᠨ ᠠᠮᠢ ᠠᠬᠤᠢ ᠶ᠋ᠢᠨ ᠣᠷᠴᠢᠨ ᠲᠣᠭᠣᠷᠢᠨ ᠢ ᠬᠠᠤᠯᠢ ᠴᠠᠭᠠᠵᠠ ᠪᠠᠷ ᠵᠠᠰᠠᠨ ᠰᠡᠷᠭᠦᠭᠡᠬᠦ ᠰᠠᠭᠤᠷᠢᠨ ᠭᠠᠵᠠᠷ - 》 ᠤ᠋ᠨ ᠠᠵᠢᠯ ᠡᠬᠢᠯᠡᠬᠦ ᠶᠣᠰᠣᠯᠠᠯ ᠶᠠᠪᠤᠭᠤᠯᠪᠠ ᠃ ᠠᠵᠢᠯ ᠡᠬᠢᠯᠡᠬᠦ ᠶᠣᠰᠣᠯᠠᠯ ᠤ᠋ᠨ ᠳᠠᠷᠠᠭ᠎ᠠ ᠂ ᠪᠠᠢᠴᠠᠭᠠᠬᠤ ᠬᠣᠷᠢᠶ᠎ᠠ ᠂ ᠰᠢᠭᠦᠬᠦ ᠬᠣᠷᠢᠶᠠᠨ ᠤ᠋ ᠬᠡᠷᠡᠭ ᠢ᠋ ᠳᠠᠭᠠᠭᠠᠨ ᠰᠢᠢᠳᠬᠡᠭᠴᠢ ᠡᠴᠡ ᠬᠠᠲᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠶ᠋ᠢᠨ ᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠨᠡᠢᠲᠡᠯᠢᠭ ᠬᠡᠷᠡᠭ ᠦ᠋ᠨ ᠵᠢᠱ᠌ᠢᠶ ᠡ ᠳ᠋ᠦ᠍ ᠲᠠᠨᠢᠯᠴᠠᠭᠤᠯᠭ᠎ᠠ ᠬᠢᠵᠡᠢ ᠃
ᠡᠭᠦᠨ ᠡᠴᠡ ᠡᠮᠦᠨ᠎ᠡ ᠂ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠠᠲᠤᠨ ᠭᠣᠣᠯ ᠤ᠋ᠨ ᠤᠰᠤᠨ ᠠᠰᠢᠭᠯᠠᠯᠲᠠ ᠶ᠋ᠢᠨ ᠵᠥᠪᠯᠡᠯ ᠲᠡᠢ ᠢᠳᠡᠪᠬᠢᠲᠡᠢ ᠬᠠᠮᠲᠤᠷᠠᠨ ᠱᠠᠨ ᠰᠢ᠂ ᠱᠠᠨᠰᠢ ᠂ ᠥᠪᠥᠷ ᠮᠣᠩᠭᠣᠯ ᠤ᠋ᠨ ᠵᠠᠬ᠎ᠠ ᠨᠡᠢᠯᠡᠭᠰᠡᠨ ᠭᠠᠵᠠᠷ ᠣᠷᠣᠨ ᠤ᠋ ᠬᠥᠷᠥᠰᠥ ᠰᠢᠷᠣᠢ ᠶ᠋ᠢᠨ ᠬᠠᠮᠠᠭᠠᠯᠠᠯᠲᠠ ᠶ᠋ᠢᠨ ᠬᠢᠨᠠᠯᠲᠠ ᠲᠠᠯᠪᠢᠬᠤ ᠲᠣᠪᠴᠢᠶ᠎ᠠ ᠂ ᠣᠷᠳᠣᠰ ᠬᠣᠲᠠ ᠶ᠋ᠢᠨ ᠪᠠᠢᠴᠠᠭᠠᠬᠤ ᠬᠣᠷᠢᠶ᠎ᠠ ᠂ ᠬᠣᠲᠠ ᠶ᠋ᠢᠨ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠂ ᠬᠣᠲᠠ ᠶ᠋ᠢᠨ ᠤᠰᠤᠨ ᠠᠰᠢᠭᠯᠠᠯᠲᠠ ᠶ᠋ᠢᠨ ᠲᠣᠪᠴᠢᠶ ᠠ ᠡᠴᠡ - 《 - ᠣᠷᠳᠣᠰ ᠬᠣᠲᠠ ᠶ᠋ᠢᠨ ᠤᠰᠤᠨ ᠤ᠋ ᠵᠠᠰᠠᠭ ᠵᠠᠬᠢᠷᠭᠠᠨ ᠤ᠋ ᠬᠠᠮᠲᠤᠷᠠᠨ ᠬᠠᠤᠯᠢ ᠬᠡᠷᠡᠭᠵᠢᠭᠦᠯᠬᠦ ᠪᠠ ᠬᠠᠤᠯᠢ ᠴᠠᠭᠠᠵᠠ ᠶ᠋ᠢᠨ ᠬᠠᠮᠵᠢᠯᠴᠠᠭᠠᠨ ᠤ᠋ ᠲᠣᠭᠲᠠᠴᠠ ᠶ᠋ᠢ ᠪᠠᠢᠭᠤᠯᠬᠤ ᠲᠤᠬᠠᠢ ᠰᠠᠨᠠᠯ - 》 ᠢ᠋ ᠲᠣᠭᠲᠠᠭᠠᠵᠤ ᠂ ᠤᠰᠤᠨ ᠤ᠋ ᠵᠠᠰᠠᠭ ᠵᠠᠬᠢᠷᠭᠠᠨ ᠤ᠋ ᠬᠠᠤᠯᠢ ᠬᠡᠷᠡᠭᠵᠢᠭᠦᠯᠬᠦ ᠪᠠ ᠬᠠᠤᠯᠢ ᠴᠠᠭᠠᠵᠠ ᠶ᠋ᠢᠨ ᠬᠠᠮᠲᠤᠷᠠᠯᠴᠠᠨ ᠬᠠᠮᠵᠢᠯᠴᠠᠬᠤ ᠦᠢᠯᠡᠳᠦᠯ ᠢ᠋ ᠭᠦᠢᠴᠡᠳ ᠪᠠᠳᠠᠷᠠᠭᠤᠯᠵᠤ ᠂ ᠬᠠᠲᠤᠨ ᠭᠣᠣᠯ ᠤ᠋ᠨ ᠰᠠᠪᠠ ᠭᠠᠵᠠᠷ ᠤ᠋ᠨ ᠤᠯᠤᠰ ᠤ᠋ᠨ ᠠᠰᠢᠭ ᠲᠤᠰᠠ ᠪᠠ ᠨᠡᠢᠭᠡᠮ ᠨᠡᠢᠲᠡ ᠶ᠋ᠢᠨ ᠠᠰᠢᠭ ᠲᠤᠰᠠ ᠶ᠋ᠢ ᠬᠣᠬᠢᠷᠠᠭᠤᠯᠤᠭᠰᠠᠨ ᠤᠰᠤᠨ ᠤ᠋ ᠶᠠᠪᠤᠳᠠᠯ ᠤ᠋ᠨ ᠬᠠᠤᠯᠢ ᠠ᠋ᠴᠠ ᠵᠥᠷᠢᠴᠡᠭᠰᠡᠨ ᠬᠦᠨᠳᠦ ᠶᠡᠬᠡ ᠠᠵᠢᠯᠯᠠᠭ ᠠ ᠳ᠋ᠤ᠌ ᠬᠠᠮᠲᠤ ᠪᠠᠷ ᠴᠣᠬᠢᠯᠲᠠ ᠥᠭᠬᠦ ᠳ᠋ᠦ᠍ ᠳᠦᠷᠢᠮ ᠦ᠋ᠨ ᠪᠠᠲᠤᠯᠠᠭ᠎ᠠ ᠬᠠᠩᠭᠠᠭᠰᠠᠨ ᠪᠠᠢᠨ᠎ᠠ ᠃
ᠬᠠᠲᠤᠨ ᠭᠣᠣᠯ ᠤ᠋ᠨ ᠠᠮᠢ ᠠᠬᠤᠢ ᠶ᠋ᠢᠨ ᠣᠷᠴᠢᠨ ᠲᠣᠭᠣᠷᠢᠨ ᠤ᠋ ᠬᠠᠤᠯᠢ ᠴᠠᠭᠠᠵᠠ ᠶ᠋ᠢᠨ ᠰᠡᠷᠭᠦᠭᠡᠯᠲᠡ ᠶ᠋ᠢᠨ ᠰᠠᠭᠤᠷᠢᠨ ᠭᠠᠵᠠᠷ ᠨᠢ - 《- ᠬᠠᠲᠤᠨ ᠭᠣᠣᠯ ᠤ᠋ᠨ ᠠᠮᠢ ᠠᠬᠤᠢ ᠶ᠋ᠢᠨ ᠬᠠᠤᠯᠢ ᠴᠠᠭᠠᠵᠠ ᠶ᠋ᠢᠨ ᠬᠠᠮᠠᠭᠠᠯᠠᠯᠲᠠ ᠂ ᠠᠮᠢ ᠠᠬᠤᠢ ᠶ᠋ᠢᠨ ᠬᠠᠤᠯᠢ ᠪᠠᠷ ᠵᠠᠰᠠᠬᠤ ᠬᠥᠮᠦᠵᠢᠯ ᠂ ᠠᠮᠢ ᠠᠬᠤᠢ ᠶ᠋ᠢᠨ ᠣᠢᠯᠠᠭᠠᠭᠳᠠᠬᠤᠨ ᠤ᠋ ᠤᠬᠠᠭᠤᠯᠭ᠎ᠠ ᠂ ᠠᠮᠢ ᠠᠬᠤᠢ ᠶ᠋ᠢᠨ ᠰᠣᠶᠣᠯ ᠤ᠋ᠨ ᠳᠡᠯᠭᠡᠷᠡᠭᠦᠯᠦᠯᠲᠡ -》 ᠶ᠋ᠢ ᠨᠢᠭᠡ ᠴᠤᠭᠴᠠᠵᠢᠭᠤᠯᠤᠭᠰᠠᠨ 《 ᠰᠠᠪᠠ ᠭᠠᠵᠠᠷ ᠤ᠋ᠨ ᠬᠠᠮᠢᠶᠠᠷᠤᠯᠲᠠ + ᠵᠠᠰᠠᠭ ᠵᠠᠬᠢᠷᠭᠠᠨ ᠤ᠋ ᠬᠠᠤᠯᠢ ᠬᠡᠷᠡᠭᠵᠢᠭᠦᠯᠦᠯᠲᠡ + ᠡᠷᠡᠭᠦᠦ ᠶ᠋ᠢᠨ ᠴᠣᠬᠢᠯᠲᠠ + ᠪᠠᠢᠴᠠᠭᠠᠬᠤ ᠬᠢᠨᠠᠯᠲᠠ + ᠬᠠᠤᠯᠢ ᠴᠠᠭᠠᠵᠠ ᠶ᠋ᠢᠨ ᠰᠢᠭᠦᠨ ᠲᠠᠰᠤᠯᠤᠯᠲᠠ 》 ᠶᠢᠨ ᠬᠠᠮᠵᠢᠯᠴᠠᠨ ᠬᠠᠮᠲᠤᠪᠠᠷ ᠵᠠᠰᠠᠬᠤ ᠶᠡᠬᠡ ᠳᠤᠭᠲᠠᠮᠵᠢ ᠤ᠋ᠨ ᠳᠤᠮᠳᠠᠬᠢ ᠣᠷᠳᠣᠰ ᠬᠣᠲᠠ ᠶ᠋ᠢᠨ ᠰᠢᠭᠦᠬᠦ ᠬᠣᠷᠢᠶᠠᠨ ᠤ᠋ ᠪᠣᠳᠠᠲᠠᠢ ᠠᠷᠭ᠎ᠠ ᠬᠡᠮᠵᠢᠶ᠎ᠡ ᠶᠢ ᠪᠥᠷᠢᠯᠳᠦᠭᠦᠯᠬᠦ ᠶᠢ ᠠᠬᠢᠭᠤᠯᠤᠭᠰᠠᠨ ᠪᠠᠢᠨ ᠠ᠂ ᠲᠡᠷᠡ ᠨᠢ ᠣᠷᠴᠢᠨ ᠲᠣᠭᠣᠷᠢᠨ ᠤ᠋ ᠡᠬᠢ ᠪᠠᠶᠠᠯᠢᠭ ᠤ᠋ᠨ ᠵᠠᠰᠠᠭ ᠵᠠᠬᠢᠷᠭᠠᠨ ᠤ᠋ ᠬᠠᠤᠯᠢ ᠬᠡᠷᠡᠭᠵᠢᠭᠦᠯᠦᠯᠲᠡ ᠪᠣᠯᠤᠨ ᠠᠮᠢ ᠠᠬᠤᠢ ᠶ᠋ᠢᠨ ᠪᠠᠢᠴᠠᠭᠠᠯᠲᠠ ᠂ ᠣᠷᠴᠢᠨ ᠲᠣᠭᠣᠷᠢᠨ ᠤ᠋ ᠡᠬᠢ ᠪᠠᠶᠠᠯᠢᠭ ᠤ᠋ᠨ ᠰᠢᠭᠦᠨ ᠲᠠᠰᠤᠯᠤᠯᠲᠠ ᠶ᠋ᠢᠨ ᠠᠵᠢᠯ ᠢ᠋ ᠪᠦᠲᠦᠮᠵᠢᠲᠡᠢ ᠵᠣᠯᠭᠠᠭᠤᠯᠬᠤ ᠳ᠋ᠤ᠌ ᠬᠦᠴᠦᠨ ᠲᠠᠢ ᠰᠢᠪᠲᠤᠯᠤᠯᠲᠠ ᠶᠢᠨ ᠴᠡᠭ ᠪᠣᠯᠵᠦ ᠂ ᠨᠡᠩ ᠴᠦ᠍ ᠬᠠᠲᠤᠨ ᠭᠣᠣᠯ ᠤ᠋ᠨ ᠣᠷᠴᠢᠨ ᠲᠣᠭᠣᠷᠢᠨ ᠤ᠋ ᠡᠬᠢ ᠪᠠᠶᠠᠯᠢᠭ ᠢ᠋ ᠬᠠᠮᠠᠭᠠᠯᠠᠬᠤ ᠣᠯᠠᠨ ᠡᠰᠢᠴᠢᠯᠡᠭᠰᠡᠨ ᠵᠠᠰᠠᠯᠲᠠ ᠶ᠋ᠢᠨ ᠦᠢᠯᠡᠳᠦᠯᠭᠡ ᠶ᠋ᠢᠨ ᠬᠠᠢᠨ ᠰᠦᠪᠡᠭᠴᠢᠯᠡᠬᠦ ᠲᠤᠷᠰᠢᠯᠭ᠎ᠠ ᠪᠤᠯᠤᠭᠰᠠᠨ ᠪᠡᠷ ᠪᠠᠷᠠᠬᠤ ᠦᠭᠡᠢ ᠬᠠᠲᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠢ ᠬᠥᠭᠵᠢᠯᠲᠡ ᠳ᠋ᠦ᠍ ᠴᠢᠬᠤᠯᠠ ᠶᠡᠬᠡ ᠠᠴᠢ ᠬᠣᠯᠪᠣᠭᠳᠠᠯ ᠲᠠᠢ ᠶᠤᠮ᠃
ᠣᠷᠳᠣᠰ ᠬᠣᠲᠠ ᠨᠢ ᠬᠠᠲᠤᠨ ᠭᠣᠣᠯ ᠤ᠋ᠨ 《几》 ᠦᠰᠦᠭ ᠦ᠋ᠨ ᠪᠤᠯᠤᠩ ᠤᠨ ᠭᠠᠵᠠᠷ ᠣᠷᠣᠨ ᠳ᠋ᠤ᠌ ᠪᠠᠢᠷᠢᠰᠢᠵᠤ ᠂ ᠬᠠᠲᠤᠨ ᠭᠣᠣᠯ ᠤ᠋ᠨ ᠳᠤᠮᠳᠠᠳᠦ ᠤᠷᠤᠰᠬᠠᠯ ᠤ᠋ᠨ ᠴᠢᠬᠤᠯᠠ ᠠᠮᠢ ᠠᠬᠤᠢ ᠶ᠋ᠢᠨ ᠵᠠᠩᠭᠢᠯᠠᠭ ᠠ ᠶ᠋ᠢᠨ ᠴᠢᠭ᠌ ᠪᠣᠯᠬᠤ ᠪᠥᠭᠡᠳ ᠬᠠᠲᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠢ ᠬᠥᠭᠵᠢᠯᠲᠡ ᠳᠦ ᠴᠢᠬᠤᠯᠠ ᠦᠢᠯᠡᠳᠦᠯ ᠪᠠᠳᠠᠷᠠᠭᠤᠯᠵᠤ ᠪᠠᠢᠳᠠᠭ ᠃ ᠣᠢᠷ ᠠ ᠶ᠋ᠢᠨ ᠵᠢᠯ ᠡᠴᠡ ᠨᠡᠰᠢ ᠂ ᠣᠷᠳᠣᠰ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ -《 ᠬᠥᠬᠡᠮᠳᠦᠭ ᠨᠣᠭᠣᠭᠠᠨ ᠠᠭᠤᠯᠠ ᠤᠰᠤ ᠪᠣᠯ ᠳᠠᠷᠤᠢ ᠠᠯᠲᠠ ᠮᠥᠩᠭᠥᠨ ᠠᠭᠤᠯᠠ ᠪᠤᠯᠤᠨ᠎ᠠ 》 ᠭᠡᠬᠦ ᠣᠢᠯᠠᠭᠠᠭᠳᠠᠬᠤᠨ ᠢ᠋ ᠡᠷᠡᠰ ᠦᠢᠯᠡᠳᠦᠯᠭᠡᠵᠢᠭᠦᠯᠵᠦ ᠂ ᠰᠢᠭᠦᠨ ᠲᠠᠰᠤᠯᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ ᠂ ᠬᠠᠮᠤᠭ ᠴᠢᠩᠭ᠎ᠠ ᠠᠮᠢ ᠠᠬᠤᠢ ᠶ᠋ᠢᠨ ᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠳᠦᠷᠢᠮ ᠢ᠋ ᠨᠠᠢᠳᠠᠪᠤᠷᠢᠵᠢᠭᠤᠯᠬᠤ ᠶ᠋ᠢᠨ ᠵᠡᠷᠭᠡᠪᠡᠷ ᠰᠢᠭᠦᠨ ᠲᠠᠰᠤᠯᠬᠤ ᠭᠦᠢᠴᠡᠳᠬᠡᠬᠦ ᠠᠷᠭ᠎ᠠ ᠬᠡᠯᠪᠡᠷᠢ ᠪᠡᠨ ᠰᠢᠨᠡᠴᠢᠯᠡᠵᠦ ᠂ ᠪᠣᠬᠢᠷᠲᠤᠭᠤᠯᠤᠭᠴᠢ ᠡᠲᠡᠬᠡᠳ ᠤᠨ ᠦᠢᠯᠡ ᠠᠵᠢᠯᠯᠠᠭ ᠠ ᠢ᠋ ᠴᠢᠩᠬ ᠠ ᠪᠠᠷ ᠰᠢᠳᠬᠡᠵᠦ ᠂ ᠠᠮᠢ ᠠᠬᠤᠢ ᠶ᠋ᠢᠨ ᠣᠷᠴᠢᠨ ᠲᠣᠭᠣᠷᠢᠨ ᠢ᠋ ᠬᠠᠮᠠᠭᠠᠯᠠᠬᠤ ᠶ᠋ᠢᠨ ᠬᠠᠮᠲᠤ ᠠᠵᠤ ᠠᠬᠤᠢᠯᠠᠯ ᠤ᠋ᠨ ᠬᠥᠭᠵᠢᠯᠲᠡ ᠶ᠋ᠢᠨ ᠬᠡᠪ ᠦ᠋ᠨ ᠱᠠᠭᠠᠷᠳᠠᠯᠭ ᠠ ᠶ᠋ᠢ ᠬᠠᠮᠲᠤ ᠳ᠋ᠤᠨᠢ ᠬᠠᠷᠠᠭᠠᠯᠵᠠᠭᠰᠠᠨ ᠪᠠᠢᠨ᠎ᠠ ᠃
ᠬᠠᠲᠤᠨ ᠭᠣᠣᠯ ᠤ᠋ᠨ ᠠᠮᠢ ᠠᠬᠤᠢ ᠶ᠋ᠢᠨ ᠣᠷᠴᠢᠨ ᠲᠤᠭᠤᠷᠢᠨ ᠤ ᠬᠠᠤᠯᠢ ᠴᠠᠭᠠᠵᠠ ᠶ᠋ᠢᠨ ᠵᠠᠰᠠᠨ ᠰᠡᠷᠭᠦᠭᠡᠬᠦ ᠰᠠᠭᠤᠷᠢᠨ ᠭᠠᠵᠠᠷ ᠢ᠋ ᠪᠠᠢᠭᠤᠯᠤᠭᠰᠠᠨ ᠨᠢ ᠳᠠᠷᠤᠢ ᠲᠡᠳᠡᠭᠡᠷ ᠵᠠᠰᠠᠵᠤ ᠰᠡᠷᠭᠦᠭᠡᠵᠦ ᠳᠡᠢᠯᠬᠦ ᠦᠭᠡᠢ ᠬᠡᠷᠡᠭ ᠲᠦ᠍ ᠴᠢᠭᠯᠡᠭᠦᠯᠦᠨ ᠂ ᠲᠡᠭᠦᠨ ᠦ᠌ ᠬᠠᠷᠢᠭᠤᠴᠠᠯᠭᠠᠲᠤ ᠬᠥᠮᠦᠨ ᠢ᠋ ᠰᠠᠭᠤᠷᠢᠨ ᠭᠠᠵᠠᠷ ᠢ᠋ᠶ᠋ᠠᠷ ᠲᠦᠰᠢᠭ ᠪᠣᠯᠭᠠᠨ -《 ᠨᠥᠬᠥᠨ ᠲᠠᠷᠢᠵᠤ ᠨᠣᠭᠣᠭᠠᠷᠠᠭᠤᠯᠬᠤ -》 《 ᠦᠷᠡᠵᠢᠭᠦᠯᠬᠦᠨ ᠲᠠᠯᠪᠢᠬᠤ 》 《ᠭᠣᠣᠯ ᠮᠥᠷᠡᠨ ᠦ᠌ ᠵᠠᠮ ᠢ᠋ ᠵᠠᠰᠠᠨ ᠰᠡᠷᠭᠦᠭᠡᠬᠦ 》 ᠵᠡᠷᠭᠡ ᠣᠷᠣᠯᠠᠬᠤ ᠴᠢᠨᠠᠷᠲᠠᠢ ᠵᠠᠰᠠᠨ ᠰᠡᠷᠭᠦᠭᠡᠬᠦ ᠬᠠᠷᠢᠭᠤᠴᠠᠯᠭ ᠠ ᠶ᠋ᠢ ᠡᠭᠦᠷᠭᠡᠯᠡᠭᠦᠯᠵᠦ ᠂ ᠬᠠᠤᠯᠢ ᠶ᠋ᠢ ᠵᠥᠷᠢᠴᠡᠭᠰᠡᠨ ᠶᠠᠯᠠᠲᠤ ᠠᠵᠢᠯᠯᠠᠭ ᠠ ᠶ᠋ᠢ ᠵᠠᠯᠬᠠᠭᠠᠨ ᠰᠢᠳᠬᠡᠬᠦ ᠂ ᠠᠮᠢ ᠠᠬᠤᠢ ᠶ᠋ᠢᠨ ᠣᠷᠴᠢᠨ ᠲᠤᠭᠤᠷᠢᠨ ᠢ᠋ ᠰᠡᠷᠭᠦᠭᠡᠬᠦ ᠂ ᠠᠵᠤ ᠠᠬᠤᠢ ᠶ᠋ᠢᠨ ᠬᠣᠬᠢᠷᠠᠯ ᠢ᠋ ᠲᠥᠯᠥᠬᠦ ᠵᠡᠷᠭᠡ 《ᠣᠯᠠᠨ ᠲᠠᠯ ᠠ ᠪᠠᠷ ᠠᠰᠢᠭ ᠬᠦᠷᠲᠡᠬᠦ 》ᠦᠷ᠎ᠡ ᠪᠦᠲᠦᠮᠵᠢ ᠶ᠋ᠢ ᠪᠡᠶᠡᠯᠡᠭᠦᠯᠦᠭᠰᠡᠨ ᠪᠠᠢᠨ᠎ᠠ ᠃ ᠡᠭᠦᠨ ᠦ᠌ ᠬᠠᠮᠲᠤ ᠂ ᠰᠠᠭᠤᠷᠢᠨ ᠭᠠᠵᠠᠷ ᠨᠢ ᠠᠮᠢ ᠠᠬᠤᠢ ᠶ᠋ᠢᠨ ᠰᠡᠷᠭᠦᠭᠡᠯᠲᠡ ᠶ᠋ᠢᠨ ᠵᠢᠱ᠌ᠢᠶ᠎ᠡ ᠪᠤᠯᠬᠤ ᠂ ᠰᠡᠷᠡᠮᠵᠢᠯᠡᠭᠦᠯᠬᠦ ᠬᠥᠮᠦᠵᠢᠯ ᠦ᠋ᠨ ᠦᠢᠯᠡᠳᠦᠯᠭᠡ ᠂ ᠬᠠᠤᠯᠢ ᠴᠠᠭᠠᠵᠠ ᠶ᠋ᠢᠨ ᠤᠬᠠᠭᠤᠯᠭ᠎ᠠ ᠵᠢᠯᠣᠭᠣᠳᠤᠯᠭ᠎ᠠ ᠵᠡᠷᠭᠡ ᠴᠢᠳᠠᠮᠵᠢ ᠶ᠋ᠢᠨ ᠲᠣᠭᠣᠷᠢᠨ ᠳ᠋ᠤ᠌ ᠂ ᠣᠷᠳᠣᠰ ᠤ᠋ᠨ ᠣᠷᠴᠢᠨ ᠲᠣᠭᠣᠷᠢᠨ ᠤ᠋ ᠬᠥᠷᠥᠩᠭᠡ ᠶ᠋ᠢᠨ ᠰᠢᠭᠦᠨ ᠲᠠᠰᠤᠯᠤᠯᠲᠠ ᠶ᠋ᠢᠨ ᠬᠡᠷᠡᠭ ᠦ᠋ᠨ ᠵᠢᠱ᠌ᠢᠶ ᠡ ᠶ᠋ᠢ ᠲᠥᠪᠯᠡᠷᠡᠭᠦᠯᠦᠨ ᠳᠡᠯᠭᠡᠨ ᠦᠵᠡᠭᠦᠯᠵᠦ ᠂ ᠣᠯᠠᠨ ᠲᠦᠮᠡᠨ ᠢ᠋ ᠵᠢᠯᠣᠭᠣᠳᠤᠨ ᠪᠠᠢᠭᠠᠯᠢ ᠶ᠋ᠢ ᠬᠦᠨᠳᠦᠳᠬᠡᠬᠦ ᠠᠮᠢ ᠠᠬᠤᠢ ᠶ᠋ᠢᠨ ᠣᠢᠯᠠᠭᠠᠭᠳᠠᠬᠤᠨ ᠢ᠋ ᠪᠣᠢ ᠪᠣᠯᠭᠠᠭᠰᠠᠨ ᠪᠠᠢᠨ᠎ᠠ ᠃
ᠲᠤᠰ ᠤᠳᠠᠭᠠᠨ ᠤ᠋ ᠠᠵᠢᠯ ᠡᠬᠢᠯᠡᠬᠦ ᠶᠣᠰᠣᠯᠠᠯ ᠪᠣᠯ ᠣᠷᠳᠣᠰ ᠬᠣᠲᠠ ᠶ᠋ᠢᠨ ᠰᠢᠭᠦᠬᠦ ᠬᠣᠷᠢᠶᠠᠨ ᠤ᠋ 2023 ᠣᠨ ᠤ᠋ ᠳᠡᠯᠡᠬᠡᠢ ᠶ᠋ᠢᠨ ᠣᠷᠴᠢᠨ ᠲᠣᠭᠣᠷᠢᠨ ᠤ᠋ ᠡᠳᠦᠷ ᠦ᠋ᠨ ᠬᠠᠤᠯᠢ ᠪᠠᠷ ᠵᠠᠰᠠᠬᠤ ᠶ᠋ᠢ ᠤᠬᠠᠭᠤᠯᠬᠤ ᠰᠢᠷᠢᠰ ᠠᠵᠢᠯᠯᠠᠭ ᠠ ᠶ᠋ᠢᠨ ᠨᠢᠭᠡ ᠪᠣᠯᠤᠨ᠎ᠠ ᠂ ᠳᠠᠷᠠᠭᠠᠴᠢ ᠶ᠋ᠢᠨ ᠠᠯᠬᠤᠮ ᠳ᠋ᠤ᠌ ᠣᠷᠳᠣᠰ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠬᠠᠲᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠶ᠋ᠢᠨ ᠬᠠᠮᠠᠭᠠᠯᠠᠯᠲᠠ ᠶ᠋ᠢ ᠬᠡᠷᠡᠭ ᠢ᠋ ᠭᠦᠢᠴᠡᠳᠬᠡᠬᠦ ᠶᠢ ᠴᠢᠩᠭᠠᠳᠬᠠᠵᠦ ᠂ ᠬᠠᠲᠤᠨ ᠭᠣᠣᠯ ᠤ᠋ᠨ ᠰᠠᠪᠠ ᠭᠠᠵᠠᠷ ᠤ᠋ᠨ ᠤᠰᠤᠨ ᠤ᠋ ᠡᠬᠢ ᠪᠠᠶᠠᠯᠢᠭ ᠢ᠋ ᠪᠣᠬᠢᠷᠲᠤᠭᠤᠯᠤᠭᠰᠠᠨ ᠶᠠᠯᠠᠲᠤ ᠠᠵᠢᠯᠯᠠᠭ ᠠ ᠳ᠋ᠤ᠌ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ ᠂ ᠬᠠᠲᠤᠨ ᠭᠣᠣᠯ ᠤ᠋ᠨ ᠬᠡᠷᠡᠭ ᠡᠷᠬᠢᠯᠡᠬᠦ ᠵᠥᠪᠯᠡᠯ ᠂ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠂ ᠪᠠᠢᠴᠠᠭᠠᠬᠤ ᠬᠣᠷᠢᠶ᠎ᠠ ᠂ ᠤᠰᠤᠨ ᠠᠰᠢᠭᠯᠠᠯᠲᠠ ᠶ᠋ᠢᠨ ᠲᠣᠪᠴᠢᠶ᠎ᠠ ᠵᠡᠷᠭᠡ ᠨᠢᠭᠡᠴᠡ ᠲᠡᠢ ᠬᠠᠮᠵᠢᠯᠴᠠᠨ ᠬᠠᠮᠲᠤᠪᠡᠷ ᠵᠠᠰᠠᠵᠤ ᠂ ᠣᠷᠴᠢᠨ ᠲᠣᠭᠣᠷᠢᠨ ᠤ᠋ ᠬᠥᠷᠥᠩᠭᠡ ᠶ᠋ᠢᠨ ᠰᠢᠭᠦᠨ ᠲᠠᠰᠤᠯᠤᠯᠲᠠ ᠶ᠋ᠢᠨ ᠣᠷᠳᠣᠰ ᠳᠠᠬᠢ ᠨᠡᠷᠡᠲᠦ ᠲᠡᠮᠳᠡᠭ ᠢ᠋ ᠡᠭᠦᠳᠴᠦ ᠂ ᠬᠠᠲᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠢ ᠬᠥᠭᠵᠢᠯᠲᠡ ᠳ᠋ᠦ᠍ ᠬᠦᠴᠦᠲᠠᠢ ᠬᠠᠤᠯᠢ ᠴᠠᠭᠠᠵᠠ ᠶ᠋ᠢᠨ ᠦᠢᠯᠡᠴᠢᠯᠡᠭᠡ ᠪᠣᠯᠤᠨ ᠪᠠᠲᠤ ᠴᠢᠩᠭ᠎ᠠ ᠬᠠᠤᠯᠢ ᠴᠠᠭᠠᠵᠠ ᠶ᠋ᠢᠨ ᠪᠠᠲᠤᠯᠠᠭ᠎ᠠ ᠬᠠᠩᠭᠠᠨ᠎ᠠ ᠭᠡᠰᠡᠨ ᠪᠠᠢᠨ ᠠ᠃
ᠦᠨᠡᠯᠡᠬᠦ 0ᠦᠨᠡᠯᠡᠯᠲᠡ᠎ᠲᠠᠢ