《ᠤᠷᠤᠭᠰᠢᠯᠠᠨ ᠲᠠᠪᠰᠢᠬᠤ ᠰᠢᠨ᠎ᠡ ᠠᠶᠠᠨ ᠵᠠᠮ ᠂ ᠪᠦᠷᠢᠶ᠎ᠡ ᠬᠠᠩᠭᠢᠨᠠᠬᠤ ᠬᠠᠩᠭᠢᠨᠠᠮ᠎ᠠ ᠳᠠᠭᠤᠤ》 — ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠵᠠᠯᠠᠭᠤᠴᠤᠳ ᠤ᠋ᠨ ᠪᠣᠯᠪᠠᠰᠤᠨ ᠨᠡᠷᠡᠮᠵᠢᠲᠦ ᠨᠡᠭᠡᠭᠡᠯᠲᠡᠲᠡᠢ ᠭᠠᠷᠠᠭ ᠤ᠋ᠨ ᠰᠢᠷᠢᠰ ᠠᠵᠢᠯᠯᠠᠭ᠎ᠠ
2023.06.20 ᠲᠣᠰ ᠥᠷᠲᠡᠭᠡᠨ᠎ᠦ ᠨᠠᠢᠷᠠᠭᠤᠯᠤᠭᠴᠢ

    ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠤᠬᠠᠭᠤᠯᠤᠨ ᠲᠤᠤᠱᠯᠠᠭᠤᠯᠵᠤ ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳ᠋ᠤ᠌ 《ᠵᠠᠯᠠᠭᠤᠴᠤᠳ ᠤ᠋ᠨ ᠪᠣᠯᠪᠠᠰᠤᠨ ᠨᠡᠷᠡᠮᠵᠢᠲᠦ》 ᠶ᠋ᠢ ᠠᠬᠢᠭᠤᠯᠤᠨ ᠤᠯᠠᠮ ᠨᠢᠭᠡ ᠠᠯᠬᠤᠮ ᠠᠮᠢᠵᠢᠷᠠᠯ ᠤ᠋ᠨ ᠬᠦᠴᠦᠨ ᠢ᠋ ᠪᠠᠳᠠᠷᠠᠭᠤᠯᠵᠤ ᠂ ᠦᠢᠯᠡᠳᠦᠯ ᠢ᠋ᠶ᠋ᠡᠨ ᠪᠠᠳᠠᠷᠠᠭᠤᠯᠬᠤ ᠶ᠋ᠢ ᠠᠬᠢᠭᠤᠯᠬᠤ ᠶ᠋ᠢᠨ ᠲᠤᠰᠠᠳᠠ ᠂ ᠵᠠᠯᠠᠭᠤ  ᠺᠠᠳ᠋ᠷ ᠴᠠᠭᠳᠠᠭ᠎ᠠ ᠶ᠋ᠢ ᠬᠥᠲᠥᠯᠦᠨ ᠵᠢᠯᠣᠭᠣᠳᠬᠤ ᠪᠣᠯᠪᠠᠰᠤᠨ ᠬᠡᠪ ᠰᠤᠷᠲᠠᠯ ᠢ᠋  ᠪᠠᠳᠠᠷᠠᠭᠤᠯᠵᠤ ᠂ ᠵᠠᠯᠠᠭᠤ ᠨᠠᠰᠤᠨ ᠤ᠋ ᠴᠣᠭ ᠵᠢᠪᠬᠤᠭ᠎ᠠ ᠶ᠋ᠢ ᠪᠠᠳᠠᠷᠠᠭᠤᠯᠬᠤ ᠂ ᠰᠢᠯᠢᠳᠡᠭ ᠠᠮᠵᠢᠯᠲᠠ ᠪᠦᠲᠦᠮᠵᠢ ᠶ᠋ᠢ ᠡᠭᠦᠳᠬᠦ ᠂ ᠤᠯᠤᠰ ᠢ᠋ᠶ᠋ᠠᠨ ᠬᠦᠴᠦᠷᠬᠡᠭᠵᠢᠭᠦᠯᠬᠦ ᠪᠦᠲᠦᠭᠡᠨ ᠪᠠᠢᠭᠤᠯᠤᠯᠲᠠ ᠂ ᠦᠨᠳᠦᠰᠦᠲᠡᠨ ᠦ᠌ ᠰᠡᠷᠭᠦᠨ ᠮᠠᠨᠳᠤᠯᠲᠠ ᠶᠢᠨ ᠵᠠᠯᠠᠭᠤ ᠨᠠᠰᠤᠨ ᠤ᠋ ᠬᠦᠴᠦᠨ ᠨᠡᠮᠡᠷᠢᠯᠡᠬᠦ ᠶ᠋ᠢᠨ ᠲᠥᠯᠥᠭᠡ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠢᠨᠠᠨ ᠪᠠᠢᠴᠠᠭᠠᠬᠤ ᠦᠢᠯᠡᠴᠢᠯᠡᠭᠡᠨ ᠦ᠌ ᠪᠠᠲᠤᠯᠠᠭ᠎ᠠ ᠶ᠋ᠢᠨ ᠲᠥᠪ ᠨᠢ ᠵᠠᠯᠠᠭᠤᠴᠤᠳ ᠤ᠋ᠨ ᠪᠣᠯᠪᠠᠰᠤᠨ ᠤ᠋ ᠨᠣᠮᠧᠷᠲᠦ ᠬᠠᠮᠲᠤ ᠶ᠋ᠢᠨ ᠬᠤᠪᠢ ᠪᠠᠷ 《ᠤᠷᠤᠭᠰᠢᠯᠠᠨ ᠲᠠᠪᠰᠢᠬᠤ ᠰᠢᠨ᠎ᠡ ᠠᠶᠠᠨ ᠵᠠᠮ ᠂ ᠪᠦᠷᠢᠶ᠎ᠡ ᠬᠠᠩᠭᠢᠨᠠᠬᠤ ᠬᠠᠩᠭᠢᠨᠠᠮ᠎ᠠ  ᠳᠠᠭᠤᠤ 》ᠶ᠋ᠢ ᠵᠠᠯᠠᠭᠤᠴᠤᠳ ᠤ᠋ᠨ ᠪᠣᠯᠪᠠᠰᠤᠨ ᠨᠡᠷᠡᠮᠵᠢᠲᠦ ᠨᠡᠭᠡᠭᠡᠯᠲᠡ ᠶ᠋ᠢᠨ ᠭᠠᠷᠠᠭ ᠤ᠋ᠨ ᠰᠢᠷᠢᠰ ᠠᠵᠢᠯᠯᠠᠭ᠎ᠠ ᠶ᠋ᠢ ᠥᠷᠨᠢᠭᠦᠯᠪᠡ ᠃

    《ᠬᠤᠪᠢᠰᠬᠠᠯ ᠤ᠋ᠨ ᠴᠢᠰᠤᠨ ᠰᠤᠳᠠᠯ ᠢ᠋ ᠦᠷᠭᠦᠯᠵᠢᠯᠡᠭᠦᠯᠦᠨ ᠵᠠᠯᠠᠭᠤᠴᠤᠳ ᠤ᠋ᠨ ᠡᠭᠦᠷᠭᠡᠯᠡᠯ ᠶᠢ ᠵᠤᠵᠠᠭᠠᠨ ᠤᠷᠭᠤᠭᠤᠯᠬᠤ》 ᠭᠣᠣᠯ ᠰᠡᠳᠦᠪᠲᠦ ᠬᠥᠮᠦᠵᠢᠯ ᠦ᠋ᠨ ᠬᠤᠷᠠᠯ ᠶᠢ ᠰᠣᠷᠣᠯᠴᠠᠪᠠ

 

 

     ᠢᠲᠡᠭᠡᠯ ᠵᠣᠷᠢᠭ ᠪᠠᠳᠠᠷᠠᠯᠲᠤ ᠣᠨ ᠰᠠᠷ᠎ᠠ ᠶ᠋ᠢ ᠡᠷᠭᠢᠴᠡᠭᠦᠯᠪᠡᠯ ᠂ ᠣᠢᠷ᠎ᠠ ᠶ᠋ᠢᠨ ᠡᠳᠦᠷ ᠂ ᠬᠢᠨᠠᠨ ᠦᠢᠯᠡᠴᠢᠯᠡᠬᠦ ᠪᠠᠲᠤᠯᠠᠬᠤ ᠲᠥᠪ ᠲᠦ《 ᠬᠤᠪᠢᠰᠬᠠᠯ ᠤ᠋ᠨ ᠴᠢᠰᠤᠨ ᠰᠤᠳᠠᠯ ᠢ᠋ ᠦᠷᠭᠦᠯᠵᠢᠯᠡᠭᠦᠯᠦᠨ ᠵᠠᠯᠠᠭᠤᠴᠤᠳ ᠤ᠋ᠨ ᠡᠭᠦᠷᠭᠡᠯᠡᠯ ᠶᠢ ᠵᠤᠵᠠᠭᠠᠨ ᠤᠷᠭᠤᠭᠤᠯᠬᠤ》ᠲᠤᠰᠬᠠᠢ ᠰᠡᠳᠦᠪᠲᠦ ᠰᠤᠷᠤᠯᠴᠠᠯᠭ᠎ᠠ ᠶ᠋ᠢᠨ ᠬᠤᠷᠠᠯ ᠥᠷᠨᠢᠭᠦᠯᠵᠦ ᠂ ᠨᠠᠮ ᠤ᠋ᠨ  ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠵᠢᠨ ᠫᠢᠩ ᠦ᠋ᠨ ᠵᠠᠯᠠᠭᠤᠴᠤᠳ ᠤ᠋ᠨ ᠠᠵᠢᠯ ᠤ᠋ᠨ ᠲᠤᠬᠠᠢ ᠴᠢᠬᠤᠯᠠ ᠶᠠᠷᠢᠶ᠎ᠠ ᠶ᠋ᠢ ᠲᠥᠪᠯᠡᠷᠡᠩᠭᠦᠢ ᠰᠤᠷᠤᠯᠴᠠᠵᠤ ᠂ ᠶᠡᠷᠦᠩᠬᠡᠢ ᠱᠦᠵᠢ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠵᠠᠯᠠᠭᠤᠴᠤᠳ ᠤ᠋ᠨ ᠠᠵᠢᠯ ᠤ᠋ᠨ ᠴᠢᠬᠤᠯᠠ ᠦᠵᠡᠯ ᠰᠠᠨᠠᠭ᠎ᠠ ᠶ᠋ᠢᠨ ᠲᠤᠬᠠᠢ ᠵᠢᠯᠣᠭᠣᠳᠬᠤ ᠠᠴᠢ ᠬᠣᠯᠪᠣᠭᠳᠠᠯ ᠢ᠋ ᠭᠦᠨᠵᠡᠭᠡᠢ ᠣᠢᠯᠠᠭᠠᠵᠤ ᠂ ᠵᠠᠯᠠᠭᠤ ᠺᠠᠳ᠋ᠷ ᠴᠠᠭᠳᠠᠭ᠎ᠠ ᠶ᠋ᠢᠨ ᠠᠵᠢᠯ ᠥᠷᠨᠢᠭᠦᠯᠬᠦ ᠳ᠋ᠦ᠍ ᠵᠥᠪ ᠴᠢᠭᠯᠡᠯ ᠢ᠋ ᠲᠣᠳᠣᠷᠬᠠᠢ ᠵᠢᠭᠠᠨ ᠥᠭᠴᠦ ᠂ ᠵᠠᠯᠠᠭᠤ ᠺᠠᠳ᠋ᠷ ᠴᠠᠭᠳᠠᠭ᠎ᠠ ᠶ᠋ᠢ ᠬᠥᠲᠥᠯᠦᠨ ᠵᠢᠯᠣᠭᠣᠳᠴᠤ ᠰᠢᠨ᠎ᠡ ᠠᠶᠠᠨ ᠳ᠋ᠠᠭᠠᠨ ᠬᠦᠴᠦᠨ ᠴᠢᠳᠠᠯ ᠢ᠋ᠶ᠋ᠠᠨ ᠨᠢᠭᠲᠠᠷᠠᠭᠤᠯᠤᠨ ᠂ ᠡᠷᠡᠰ ᠵᠣᠷᠢᠭ ᠪᠠᠳᠠᠷᠠᠩᠭᠤᠢ ᠪᠠᠷ ᠤᠷᠤᠭᠰᠢᠯᠠᠨ ᠂ ᠡᠷᠡᠯᠬᠡᠭ ᠵᠣᠷᠢᠭ ᠬᠦᠴᠦᠨ  ᠶ᠋ᠢ ᠬᠥᠲᠥᠯᠦᠨ ᠵᠢᠯᠣᠭᠣᠳᠪᠠ ᠃ ᠡᠭᠦᠨ ᠦ᠌ ᠬᠠᠮᠲᠤ ᠣᠯᠠᠨ ᠢ᠋ᠶ᠋ᠠᠷ ᠢ᠋ᠶ᠋ᠠᠨ ᠬᠤᠪᠢᠰᠭᠠᠯ ᠤᠨ ᠰᠤᠷᠭᠠᠨ ᠬᠥᠮᠦᠵᠢᠯ ᠦ᠋ᠨ ᠺᠢᠨᠣ᠋ 《 1921 》 ᠢ᠋ ᠬᠠᠮᠲᠤ ᠪᠠᠷ ᠦᠵᠡᠵᠦ ᠂ ᠬᠤᠪᠢᠰᠬᠠᠯ ᠤ᠋ᠨ ᠦᠷᠡᠭᠳᠡᠭᠰᠡᠨ ᠪᠠᠭᠠᠲᠤᠷᠴᠤᠳ ᠤ᠋ᠨ ᠠᠷᠢᠭᠤᠨ ᠴᠢᠰᠤ ᠪᠠ ᠠᠮᠢ ᠨᠠᠰᠤ ᠪᠠᠷ ᠢ᠋ᠶ᠋ᠠᠨ ᠡᠩᠬᠡ ᠲᠠᠢᠪᠤᠩ ᠢ᠋ ᠬᠠᠮᠠᠭᠠᠯᠠᠬᠤ ᠲᠦᠳᠡᠭ ᠭᠠᠯ ᠤ᠋ᠨ ᠴᠠᠭ ᠦᠶ ᠡ ᠪᠡᠨ ᠡᠷᠭᠢᠴᠡᠭᠦᠯᠵᠦ ᠂ ᠬᠤᠪᠢᠰᠬᠠᠯ ᠤ᠋ᠨ ᠵᠣᠷᠢᠭ ᠰᠠᠨᠠᠭ᠎ᠠ ᠶ᠋ᠢ ᠮᠡᠳᠡᠷᠡᠭᠦᠯᠪᠡ ᠃

    [ᠠᠵᠢᠯ ᠤ᠋ᠨ ᠪᠠᠢᠷᠢ ᠶ᠋ᠢᠨ ᠡᠭᠦᠷᠭᠡ ᠴᠢᠳᠠᠪᠤᠷᠢ ᠳ᠋ᠠᠭᠠᠨ ᠰᠠᠭᠤᠷᠢᠯᠠᠵᠤ  ᠵᠠᠯᠠᠭᠤᠴᠤᠳ ᠤ᠋ᠨ ᠴᠣᠭ ᠵᠢᠪᠬᠤᠭ᠎ᠠ ᠶ᠋ᠢ  ᠢᠯᠡᠷᠡᠭᠦᠯᠬᠦ ]︱ ᠡᠷᠦᠬᠡ ᠳᠦ ᠣᠷᠤᠵᠤ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠪᠠ

 

 

    ᠣᠢᠷ᠎ᠠ ᠶ᠋ᠢᠨ ᠵᠢᠯ ᠳ᠋ᠦ᠍ ᠂ ᠰᠢᠭᠦᠬᠦ ᠦᠢᠯᠡᠴᠢᠯᠡᠭᠡᠨ ᠦ᠌ ᠪᠠᠲᠤᠯᠠᠭ᠎ᠠ ᠶ᠋ᠢᠨ ᠲᠥᠪ ᠨᠢᠭᠡ ᠥᠷᠲᠡᠭᠡᠨ ᠦ᠌ ᠬᠡᠯᠪᠡᠷᠢ ᠶ᠋ᠢᠨ ᠣᠯᠠᠨ ᠡᠰᠢᠲᠦ ᠲᠠᠢᠯᠪᠤᠷᠢ ᠪᠠ ᠵᠠᠷᠭᠤ ᠶ᠋ᠢᠨ ᠦᠢᠯᠡᠴᠢᠯᠡᠭᠡᠨ ᠦ᠌ ᠰᠢᠰᠲ᠋ᠧᠮ ᠦ᠋ᠨ ᠪᠠᠢᠭᠤᠯᠤᠯᠲᠠ ᠶ᠋ᠢ ᠭᠦᠨᠵᠡᠭᠡᠢ ᠠᠬᠢᠭᠤᠯᠵᠤ ᠂ 《ᠲᠢᠩᠬᠢᠮ ᠂ ᠰᠦᠯᠵᠢᠶ᠎ᠡ ᠂ ᠱᠤᠭᠤᠮ ᠂ ᠲᠥᠪ》 ᠢᠶᠠᠷ ᠪᠡᠶᠡᠲᠦ ᠬᠡᠯᠪᠡᠷᠢ ᠂ ᠡᠷᠴᠢᠮᠵᠢᠯᠲᠡ ᠂ ᠣᠶᠤᠨᠴᠢᠯᠠᠭᠰᠠᠨ ᠵᠠᠷᠭᠤ ᠶ᠋ᠢᠨ ᠦᠢᠯᠡᠴᠢᠯᠡᠭᠡᠨ ᠦ᠌ ᠰᠢᠰᠲ᠋ᠧᠮ ᠢ᠋ ᠬᠦᠴᠦᠯᠡᠨ ᠪᠠᠢᠭᠤᠯᠵᠤ ᠂ ᠰᠤᠷᠠᠭ ᠵᠠᠩᠭᠢᠴᠢᠯᠠᠯᠲᠠ ᠶ᠋ᠢᠨ ᠲᠠᠪᠴᠠᠩ ᠪᠠ ᠵᠠᠷᠭᠤ ᠶ᠋ᠢᠨ ᠦᠢᠯᠡᠴᠢᠯᠡᠭᠡᠨ ᠦ᠌ ᠣᠶᠤᠨᠯᠢᠭ ᠦᠵᠦᠭᠦᠷ ᠲᠦ᠍ ᠲᠦᠰᠢᠭᠯᠡᠨ《 ᠰᠦᠯᠵᠢᠶᠡᠨ ᠳᠡᠭᠡᠷ᠎ᠡ + ᠰᠦᠯᠵᠢᠶᠡᠨ ᠳᠣᠣᠷ᠎ᠠ》 ᠪᠡᠶᠡᠲᠦ ᠬᠡᠯᠪᠡᠷᠢ ᠶ᠋ᠢᠨ《 ᠣᠶᠤᠨ ᠤ᠋ ᠵᠠᠷᠭᠤ ᠶ᠋ᠢᠨ ᠦᠢᠯᠡᠴᠢᠯᠡᠭᠡ》 ᠶ᠋ᠢ ᠪᠣᠢ ᠪᠣᠯᠭᠠᠪᠠ ᠃ 《ᠤᠶᠤᠨᠴᠢ ᠵᠠᠷᠭᠤ ᠶ᠋ᠢᠨ ᠦᠢᠯᠡᠴᠢᠯᠡᠭᠡᠨ ᠦ᠌ ᠪᠠᠢᠭᠤᠯᠤᠯᠲᠠ 》 ᠶ᠋ᠢᠨ ᠤᠬᠠᠭᠤᠯᠭ᠎ᠠ ᠶ᠋ᠢᠨ ᠥᠷᠭᠡᠴᠡ ᠪᠠ ᠭᠦᠨᠴᠡ ᠶ᠋ᠢ ᠤᠯᠠᠮ ᠨᠢᠭᠡ ᠠᠯᠬᠤᠮ ᠴᠢᠩᠭᠠᠳᠬᠠᠵᠤ ᠂ 《ᠣᠶᠤᠨᠴᠢ ᠵᠠᠷᠭᠤ ᠶ᠋ᠢᠨ ᠦᠢᠯᠡᠴᠢᠯᠡᠭᠡ 》ᠶ᠋ᠢᠨ ᠮᠡᠳᠡᠬᠦ ᠬᠡᠮᠵᠢᠶ᠎ᠡ ᠪᠠ ᠵᠥᠪᠰᠢᠶᠡᠷᠡᠬᠦ ᠬᠡᠮᠵᠢᠶ᠎ᠡ ᠶ᠋ᠢ ᠦᠨᠡᠨᠬᠦ ᠳᠡᠭᠡᠭᠰᠢᠯᠡᠭᠦᠯᠵᠦ ᠂ ᠠᠷᠠᠳ ᠣᠯᠠᠨ ᠤ᠋ ᠣᠶᠤᠨᠴᠢ ᠵᠠᠷᠭᠤ ᠶ᠋ᠢᠨ ᠲᠤᠬᠠᠢ 《ᠣᠢᠯᠠᠭᠠᠬᠤ ᠦᠭᠡᠢ 》 ᠂ 《ᠬᠡᠷᠡᠭᠯᠡᠵᠦ ᠴᠢᠳᠠᠬᠤ ᠦᠭᠡᠢ 》 ᠭᠠᠴᠢᠭᠳᠠᠯ ᠪᠠ ᠪᠡᠬᠢᠯᠡᠯᠲᠡ ᠶ᠋ᠢ ᠡᠪᠳᠡᠵᠦ ᠂ ᠬᠢᠨᠠᠨ ᠪᠠᠢᠴᠠᠭᠠᠬᠤ ᠦᠢᠯᠡᠴᠢᠯᠡᠭᠡᠨ ᠦ᠌ ᠪᠠᠲᠤᠯᠠᠭ᠎ᠠ ᠶ᠋ᠢᠨ ᠲᠥᠪ ᠨᠢ ᠱᠦᠢ ᠠᠨ ᠰᠢᠨ ᠴᠧᠩ ᠲᠥᠪ ᠴᠡᠴᠡᠷᠯᠢᠭ ᠂ ᠫᠢᠩ ᠠᠨ ᠨᠡᠢᠭᠡᠮ ᠲᠣᠭᠣᠷᠢᠭ ᠵᠡᠷᠭᠡ ᠭᠠᠵᠠᠷ ᠲᠤ᠌ ᠭᠦᠨᠵᠡᠭᠡᠢᠷᠡᠵᠦ ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶ᠋ᠢᠨ ᠨᠡᠢᠭᠡᠮ ᠲᠣᠭᠣᠷᠢᠭ ᠲᠤ᠌ ᠣᠷᠣᠬᠤ ᠵᠡᠷᠭᠡ ᠠᠵᠢᠯᠯᠠᠭ᠎ᠠ ᠶ᠋ᠢ ᠥᠷᠨᠢᠭᠦᠯᠵᠦ ᠂ ᠲᠤᠬᠠᠢ ᠶ᠋ᠢᠨ ᠲᠠᠯᠠᠪᠠᠢ ᠳ᠋ᠤ᠌ 《ᠬᠡᠷᠡᠭ ᠪᠣᠯᠭᠠᠨ ᠳᠠᠩᠰᠠᠯᠠᠬᠤ ᠨᠠᠷᠢᠨ ᠬᠠᠭᠤᠳᠠᠰᠤ ᠶ᠋ᠢ ᠨᠢᠭᠡ ᠤᠳᠠᠭ᠎ᠠ ᠰᠠᠢᠲᠤᠷ ᠬᠢᠬᠦ》 ᠂ 《ᠵᠠᠭᠠᠯᠳᠤᠬᠤ ᠠ᠋ᠴᠠ ᠡᠮᠦᠨᠡᠬᠢ ᠡᠶᠡᠳᠡᠭᠦᠯᠬᠦ ᠵᠦᠭᠯᠡᠭᠦᠷ》 ᠂ 《ᠬᠤᠳᠠᠯ ᠬᠠᠭᠤᠷᠮᠠᠭ ᠵᠠᠷᠭᠤ ᠶ᠋ᠢ ᠰᠡᠷᠭᠡᠢᠯᠡᠬᠦ ᠴᠢᠬᠤᠯᠠᠲᠠᠢ ᠮᠡᠳᠡᠯᠭᠡ》᠂ 《ᠢᠷᠭᠡᠨ ᠦ᠌ ᠬᠠᠤᠯᠢ ᠶ᠋ᠢᠨ ᠪᠢᠴᠢᠭ᠌》 ᠵᠡᠷᠭᠡ ᠤᠬᠠᠭᠤᠯᠭ᠎ᠠ ᠶ᠋ᠢᠨ ᠮᠠᠲ᠋ᠸᠷᠢᠶᠠᠯ ᠢ᠋ ᠲᠠᠷᠬᠠᠭᠠᠨ ᠥᠭᠪᠡ ︔ ᠡᠭᠦᠨ ᠦ᠌ ᠬᠠᠮᠲᠤ ᠂ ᠣᠶᠤᠨᠴᠢ ᠵᠠᠷᠭᠤ ᠶ᠋ᠢᠨ ᠦᠢᠯᠡᠴᠢᠯᠡᠭᠡᠨ ᠦ᠌ ᠲᠠᠪᠴᠠᠩ ᠣᠯᠭᠣᠬᠤ ᠳ᠋ᠤ᠌ ᠠᠵᠢᠯᠯᠠᠬᠤ ᠭᠠᠷ ᠳᠡᠪᠲᠡᠷ ᠂ ᠲᠤᠬᠠᠢ ᠶ᠋ᠢᠨ ᠲᠠᠯᠠᠪᠠᠢ ᠳ᠋ᠤ᠌ ᠲᠠᠢᠯᠪᠤᠷᠢᠯᠠᠬᠤ ᠂ ᠲᠤᠬᠠᠢ ᠶ᠋ᠢᠨ ᠲᠠᠯᠠᠪᠠᠢ ᠳ᠋ᠤ᠌ ᠬᠠᠪᠰᠤᠷᠤᠨ ᠠᠵᠢᠯᠯᠠᠬᠤ ᠂ ᠵᠢᠭᠠᠨ ᠰᠤᠷᠭᠠᠯᠲᠠ ᠶ᠋ᠢ ᠣᠢᠯᠠᠭᠠᠬᠤ ᠵᠡᠷᠭᠡ ᠠᠷᠭ᠎ᠠ ᠬᠡᠯᠪᠡᠷᠢ ᠪᠡᠷ ᠣᠯᠠᠨ ᠲᠦᠮᠡᠨ ᠢ᠋ ᠬᠠᠪᠰᠤᠷᠤᠨ ᠣᠶᠤᠨ ᠮᠡᠳᠡᠯᠭᠡ ᠶ᠋ᠢᠨ ᠦᠷ᠎ᠡ ᠪᠦᠲᠦᠮᠵᠢ ᠶ᠋ᠢ ᠣᠢᠯᠠᠭᠠᠭᠤᠯᠵᠤ ᠂ ᠣᠶᠤᠨᠴᠢ ᠵᠠᠷᠭᠤ ᠶ᠋ᠢᠨ ᠲᠠᠪᠴᠠᠩ ᠤ᠋ᠨ ᠥᠨᠳᠥᠷ ᠦᠷ᠎ᠡ ᠪᠦᠲᠦᠮᠵᠢᠲᠡᠢ ᠳᠥᠭᠥᠮ ᠲᠦᠳᠡ ᠪᠠᠢᠬᠤ ᠶ᠋ᠢ ᠣᠢᠯᠠᠭᠠᠭᠤᠯᠵᠤ ᠂ ᠣᠶᠤᠨ ᠤᠬᠠᠭᠠᠨ ᠤ᠋ ᠵᠠᠷᠭᠤ ᠶ᠋ᠢᠨ ᠲᠠᠪᠴᠠᠩ ᠤ᠋ᠨ ᠬᠡᠷᠡᠭᠯᠡᠯᠲᠡ ᠶ᠋ᠢ ᠦᠨᠡᠨ ᠬᠦ᠌ ᠳᠡᠭᠡᠭᠰᠢᠯᠡᠭᠦᠯᠬᠦ ᠳ᠋ᠦ᠍ ᠰᠠᠭᠤᠷᠢ ᠲᠠᠯᠪᠢᠨ᠎ᠠ ᠃

    [ᠡᠳᠦᠷ ᠳᠣᠳᠣᠮ ᠤ᠋ᠨ ᠰᠤᠷᠤᠯᠴᠠᠯᠭ᠎ᠠ ᠪᠠᠨ ᠲᠡᠮᠳᠡᠭᠯᠡᠵᠦ  ᠲᠡᠮᠡᠴᠡᠯ ᠦ᠋ᠨ ᠵᠣᠷᠢᠭ ᠰᠠᠨᠠᠭ᠎ᠠ ᠶ᠋ᠢ ᠥᠨᠢᠳᠡ ᠬᠠᠳᠠᠭᠠᠯᠠᠬᠤ ]︱ ᠵᠠᠯᠠᠭᠤᠴᠤᠳ ᠤ᠋ᠨ ᠶᠡᠬᠡ ᠰᠤᠷᠤᠯᠴᠠᠯᠭ᠎ᠠ ᠶ᠋ᠢᠨ ᠠᠵᠢᠯᠯᠠᠭ᠎ᠠ ᠳ᠋ᠤ᠌ ᠪᠠᠢᠩᠭᠤ ᠶ᠋ᠢᠨ ᠴᠢᠨᠠᠷᠲᠠᠢ ᠣᠷᠣᠯᠴᠠᠬᠤ

     ᠵᠠᠯᠠᠭᠤᠴᠤᠳ ᠤ᠋ᠨ ᠶᠡᠬᠡ ᠰᠤᠷᠤᠯᠴᠠᠯᠭ᠎ᠠ ᠪᠣᠯ ᠡᠪ ᠬᠠᠮᠲᠤ ᠵᠠᠯᠠᠭᠤᠴᠤᠳ ᠤ᠋ᠨ ᠡᠪᠯᠡᠯ ᠦ᠋ᠨ ᠲᠥᠪ ᠬᠣᠷᠢᠶᠠᠨ ᠤ᠋ ᠤᠬᠠᠭᠤᠯᠬᠤ ᠬᠡᠯᠲᠡᠰ ᠂ ᠳᠤᠮᠳᠠᠳᠤ ᠤᠯᠤᠰ ᠤ᠋ᠨ ᠵᠠᠯᠠᠭᠤᠴᠤᠳ ᠪᠠᠭᠠᠴᠤᠳ ᠤ᠋ᠨ ᠰᠢᠨ᠎ᠡ ᠵᠠᠭᠤᠴᠢᠯᠠᠭᠤᠷ ᠤ᠋ᠨ ᠨᠡᠢᠭᠡᠮᠯᠢᠭ ᠂ ᠳᠤᠮᠳᠠᠳᠤ ᠤᠯᠤᠰ ᠤ᠋ᠨ ᠵᠠᠯᠠᠭᠤᠴᠤᠳ ᠤ᠋ᠨ ᠰᠣᠨᠢᠨ ᠂ ᠢᠳᠡᠷ ᠵᠠᠯᠠᠭᠤᠴᠤᠳ ᠤ᠋ᠨ ᠰᠣᠨᠢᠨ ᠰᠦᠯᠵᠢᠶ᠎ᠡ ᠳᠡᠭᠡᠷ᠎ᠡ ᠬᠠᠮᠲᠤᠷᠠᠨ ᠭᠠᠷᠭᠠᠭᠰᠠᠨ ᠵᠠᠯᠠᠭᠤᠴᠤᠳ ᠤ᠋ᠨ ᠦᠵᠡᠯ ᠰᠠᠨᠠᠭ᠎ᠠ ᠤᠯᠤᠰ ᠲᠥᠷᠥ ᠶ᠋ᠢ ᠬᠥᠲᠥᠯᠦᠨ ᠳᠠᠭᠠᠭᠤᠯᠬᠤ ᠳ᠋ᠤ᠌ ᠬᠡᠷᠡᠭᠯᠡᠬᠦ ᠴᠢᠬᠤᠯᠠ ᠰᠤᠷᠤᠯᠴᠠᠯᠭ᠎ᠠ ᠶ᠋ᠢᠨ ᠲᠠᠪᠴᠠᠩ ᠪᠣᠯᠤᠨ᠎ᠠ ᠂ ᠶᠡᠷᠦᠩᠬᠡᠢ ᠱᠦᠵᠢ ᠰᠢ ᠵᠢᠨ ᠫᠢᠩ ᠦ᠋ᠨ ᠳᠤᠷᠠᠳᠤᠭᠰᠠᠨ 《ᠰᠢᠨᠵᠢᠯᠡᠬᠦ ᠤᠬᠠᠭᠠᠨᠴᠢ ᠣᠨᠣᠯ ᠢ᠋ᠶ᠋ᠠᠷ ᠵᠠᠯᠠᠭᠤᠴᠤᠳ ᠢ᠋ ᠵᠡᠪᠰᠡᠭᠯᠡᠬᠦ》 ᠶᠠᠷᠢᠶᠠᠨ ᠤ᠋ ᠵᠣᠷᠢᠭ ᠰᠠᠨᠠᠭ᠎ᠠ ᠶ᠋ᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠬᠤ ᠨᠢᠭᠡᠨ  ᠭᠣᠣᠯᠳᠠᠭ᠎ᠠ ᠡᠭᠦᠷᠭᠡ ᠪᠣᠯᠤᠨ᠎ᠠ ᠃ 《ᠵᠠᠯᠠᠭᠤᠴᠤᠳ ᠤ᠋ᠨ ᠶᠡᠬᠡ ᠰᠤᠷᠤᠯᠴᠠᠯᠭ᠎ᠠ》 ᠶ᠋ᠢᠨ ᠠᠵᠢᠯᠯᠠᠭ᠎ᠠ ᠥᠷᠨᠢᠭᠦᠯᠦᠭᠰᠡᠨ ᠡᠴᠡ ᠨᠡᠰᠢ ᠂ ᠬᠢᠨᠠᠨ ᠪᠠᠢᠴᠠᠭᠠᠬᠤ ᠦᠢᠯᠡᠴᠢᠯᠡᠭᠡᠨ ᠦ᠌ ᠪᠠᠲᠤᠯᠠᠭ᠎ᠠ ᠶ᠋ᠢᠨ ᠲᠥᠪ ᠡᠪᠯᠡᠯ ᠦ᠋ᠨ ᠬᠣᠷᠢᠶ᠎ᠠ ᠶ᠋ᠢᠨ ᠱᠠᠭᠠᠷᠳᠠᠯᠭ᠎ᠠ ᠶᠣᠰᠣᠭᠠᠷ ᠵᠠᠯᠠᠭᠤ  ᠺᠠᠳ᠋ᠷ ᠴᠠᠭᠳᠠᠭ᠎ᠠ ᠶ᠋ᠢ ᠢᠳᠡᠪᠬᠢᠲᠡᠢ ᠵᠣᠬᠢᠶᠠᠨ ᠪᠠᠢᠭᠤᠯᠵᠤ ᠂ ᠰᠦᠯᠵᠢᠶᠡᠨ ᠳᠡᠭᠡᠷᠡᠬᠢ ᠭᠣᠣᠯ ᠰᠡᠳᠦᠪᠲᠦ ᠪᠦᠯᠬᠦᠮ ᠨᠡᠢᠲᠡ ᠶ᠋ᠢᠨ ᠬᠢᠴᠢᠶᠡᠯ ᠵᠡᠷᠭᠡ ᠠᠵᠢᠯᠯᠠᠭ᠎ᠠ ᠳ᠋ᠤ᠌ ᠣᠷᠣᠯᠴᠠᠭᠤᠯᠵᠤ ᠂ ᠡᠭᠦᠷᠭᠡ ᠶ᠋ᠢᠨ ᠱᠠᠭᠠᠷᠳᠠᠯᠭ᠎ᠠ ᠶ᠋ᠢ ᠴᠠᠭ ᠲᠤᠬᠠᠢ ᠳ᠋ᠤᠨᠢ ᠪᠡᠶᠡᠯᠡᠭᠦᠯᠵᠦ ᠂ ᠰᠤᠷᠤᠯᠴᠠᠯᠭ᠎ᠠ ᠳ᠋ᠤ᠌ ᠣᠷᠣᠯᠴᠠᠬᠤ ᠪᠠᠷ ᠳᠠᠮᠵᠢᠨ ᠦᠵᠡᠯ ᠰᠠᠨᠠᠭᠠᠨ ᠤ᠋ ᠲᠠᠨᠢᠯᠲᠠ ᠪᠠ ᠤᠯᠤᠰ ᠲᠥᠷᠥ ᠶ᠋ᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ ᠂ ᠵᠠᠯᠠᠭᠤᠴᠤᠳ ᠤ᠋ᠨ ᠪᠣᠯᠪᠠᠰᠤᠨ ᠤ᠋ ᠬᠡᠪ ᠳᠠᠭᠤᠷᠢᠶᠠᠯ ᠦᠵᠡᠭᠦᠯᠬᠦ ᠦᠢᠯᠡᠳᠦᠯ ᠢ᠋ ᠭᠦᠢᠴᠡᠳ ᠪᠠᠳᠠᠷᠠᠭᠤᠯᠵᠤ ᠂ 《ᠵᠠᠯᠠᠭᠤᠴᠤᠳ ᠤ᠋ᠨ ᠶᠡᠬᠡ ᠰᠤᠷᠤᠯᠴᠠᠯᠭ᠎ᠠ》 ᠶ᠋ᠢᠨ ᠠᠵᠢᠯᠯᠠᠭ᠎ᠠ ᠶ᠋ᠢᠨ ᠯᠠᠪᠳᠠᠭᠤᠨ ᠪᠠᠲᠤᠲᠠᠢ ᠥᠷᠨᠢᠭᠦᠯᠬᠦ ᠂ ᠦᠷ᠎ᠡ ᠪᠦᠲᠦᠮᠵᠢ ᠲᠡᠢ ᠪᠣᠯᠬᠤ ᠶ᠋ᠢ ᠦᠨᠡᠨᠬᠦ ᠪᠠᠲᠤᠯᠠᠭᠰᠠᠨ ᠪᠠᠢᠨ᠎ᠠ ᠃

    ᠥᠭᠡᠳᠡᠯᠡᠵᠦ ᠮᠠᠨᠳᠤᠬᠤ ᠦᠶ᠎ᠡ ᠶ᠋ᠢᠨ ᠵᠠᠯᠠᠭᠤᠴᠤᠳ ᠦᠢᠯᠡᠰ ᠪᠦᠲᠦᠭᠡᠬᠦ ᠬᠡᠷᠡᠭᠲᠡᠢ ᠃ ᠳᠠᠷᠠᠭᠠᠴᠢ ᠶ᠋ᠢᠨ ᠠᠯᠬᠤᠮ ᠳ᠋ᠤ᠌ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠢᠨᠠᠨ ᠦᠢᠯᠡᠴᠢᠯᠡᠬᠦ ᠪᠠᠲᠤᠯᠠᠭ᠎ᠠ ᠶ᠋ᠢᠨ ᠲᠥᠪ ᠲᠤᠰ ᠤᠳᠠᠭ᠎ᠠ ᠶ᠋ᠢᠨ ᠠᠵᠢᠯᠯᠠᠭ᠎ᠠ ᠪᠠᠷ ᠲᠣᠬᠢᠶᠠᠯ ᠪᠣᠯᠭᠠᠵᠤ ᠂ 《ᠵᠠᠯᠠᠭᠤᠴᠤᠳ ᠤ᠋ᠨ ᠪᠣᠯᠪᠠᠰᠤᠨ ᠨᠡᠷᠡᠮᠵᠢᠲᠦ》 ᠰᠢᠷᠢᠰ ᠠᠵᠢᠯᠯᠠᠭ᠎ᠠ ᠶ᠋ᠢ ᠦᠷᠭᠦᠯᠵᠢᠯᠡᠨ ᠭᠦᠨᠵᠡᠭᠡᠢ ᠥᠷᠨᠢᠭᠦᠯᠵᠦ ᠂ ᠥᠷᠭᠡᠨ ᠣᠯᠠᠨ ᠵᠠᠯᠠᠭᠤ  ᠺᠠᠳ᠋ᠷ ᠴᠠᠭᠳᠠᠭ᠎ᠠ ᠭᠣᠣᠯ ᠰᠡᠳᠦᠪᠲᠦ ᠬᠥᠮᠦᠵᠢᠯ ᠦ᠋ᠨ ᠳᠤᠮᠳᠠ ᠡᠷᠡᠮᠡᠬᠡᠢᠯᠡᠨ ᠲᠠᠪᠰᠢᠬᠤ ᠬᠦᠴᠦᠨ ᠴᠢᠳᠠᠯ ᠣᠯᠬᠤ ᠶ᠋ᠢ ᠠᠬᠢᠭᠤᠯᠵᠤ ᠂ ᠵᠠᠯᠠᠭᠤᠴᠤᠳ ᠤ᠋ᠨ ᠪᠣᠯᠪᠠᠰᠤᠨ ᠤ᠋ ᠨᠣᠮᠧᠷ ᠦ᠋ᠨ ᠵᠢᠱ᠌ᠢᠶ᠎ᠡ ᠦᠵᠡᠭᠦᠯᠵᠦ ᠳᠠᠭᠠᠭᠤᠯᠬᠤ ᠦᠢᠯᠡᠳᠦᠯ ᠢ᠋ ᠭᠦᠢᠴᠡᠳ ᠪᠠᠳᠠᠷᠠᠭᠤᠯᠵᠤ ᠂ ᠦᠨᠡᠨ ᠪᠣᠳᠠᠲᠠᠢ ᠠᠵᠢᠯ ᠤ᠋ᠨ ᠦᠷ᠎ᠡ ᠪᠦᠲᠦᠮᠵᠢ ᠪᠡᠷ ᠵᠠᠯᠠᠭᠤ ᠨᠠᠰᠤᠨ ᠤ᠋ ᠭᠠᠢᠬᠠᠮᠰᠢᠭᠲᠤ ᠬᠠᠭᠤᠳᠠᠰᠤ ᠶ᠋ᠢ ᠪᠢᠴᠢᠭᠯᠡᠨ᠎ᠡ ᠃

 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )