6 ᠰᠠᠷ᠎ᠠ ᠶ᠋ᠢᠨ 5 ᠤ᠋ ᠡᠳᠦᠷ ᠂ ᠪᠥᠬᠥ ᠬᠣᠲᠠ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠰᠢᠰᠲ᠋ᠧᠮ ᠦ᠋ᠨ ᠤᠳᠤᠷᠢᠳᠬᠤ ᠺᠠᠳ᠋ᠷ ᠤ᠋ᠨ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠵᠢᠴᠢ ᠰᠢᠨ᠎ᠡ ᠴᠠᠭ ᠦᠶ᠎ᠡ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠠᠵᠢᠯ ᠤ᠋ᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶ᠋ᠢ ᠳᠡᠭᠡᠭᠰᠢᠯᠡᠭᠦᠯᠬᠦ ᠪᠣᠯᠪᠠᠰᠤᠷᠠᠯ ᠤ᠋ᠨ ᠠᠩᠭᠢ ᠡᠷᠬᠢᠯᠡᠪᠡ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ 《 ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠵᠠᠷᠭᠤ ᠶ᠋ᠢᠨ ᠡᠬᠢ ᠶ᠋ᠢ ᠵᠠᠰᠠᠬᠤ ᠠᠵᠢᠯ ᠢ᠋ ᠭᠦᠨᠵᠡᠭᠡᠢᠷᠡᠭᠦᠯᠦᠨ ᠬᠥᠭᠵᠢᠭᠦᠯᠬᠦ ᠶ᠋ᠢ ᠭᠤᠢᠪᠢᠰᠢ ᠦᠭᠡᠢ ᠲᠦᠯᠬᠢᠨ ᠠᠬᠢᠭᠤᠯᠤᠶ᠎ᠠ — — ᠣᠷᠳᠣᠰ ᠤ᠋ᠨ ᠰᠢᠭᠦᠬᠦ ᠬᠣᠷᠢᠶᠠᠨ ᠤ᠋ ᠵᠠᠷᠭᠤ ᠶ᠋ᠢᠨ ᠡᠬᠢ ᠶ᠋ᠢ ᠵᠠᠰᠠᠬᠤ ᠵᠠᠮ ᠢ᠋ ᠬᠠᠢᠨ ᠰᠢᠨᠵᠢᠯᠡᠶᠡ 》 ᠭᠡᠬᠦ ᠰᠡᠳᠦᠪ ᠢ᠋ᠶ᠋ᠡᠷ ᠪᠥᠬᠥ ᠬᠣᠲᠠ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠰᠢᠰᠲ᠋ᠧᠮ ᠦ᠋ᠨ ᠤᠳᠤᠷᠢᠳᠬᠤ ᠺᠠᠳ᠋ᠷ ᠲᠤ᠌ ᠲᠤᠰᠬᠠᠢ ᠰᠡᠳᠦᠪᠲᠦ ᠵᠢᠯᠣᠭᠣᠳᠤᠯᠭ᠎ᠠ ᠬᠢᠵᠡᠢ ᠃ ᠬᠣᠲᠠ ᠶ᠋ᠢᠨ ᠨᠠᠮ ᠤ᠋ᠨ ᠬᠣᠷᠢᠶᠠᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠵᠥᠪᠯᠡᠯ ᠤ᠋ᠨ ᠳᠡᠳ᠋ ᠱᠦᠵᠢ ᠮᠥᠴᠢᠷ ᠪᠣᠯᠪᠠᠰᠤᠷᠠᠯ ᠢ᠋ ᠡᠷᠬᠢᠯᠡᠪᠡ᠃
ᠰᠦ ᠯᠢ ᠵᠢᠶᠦ᠋ᠨ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠲᠤᠤᠱᠯᠠᠭᠤᠯᠬᠤ ᠲᠠᠢ ᠤᠶᠠᠯᠳᠤᠭᠤᠯᠤᠨ ᠂ ᠵᠠᠷᠭᠤ ᠶ᠋ᠢᠨ ᠡᠬᠢ ᠢᠷᠡᠯᠲᠡ ᠶ᠋ᠢ ᠵᠠᠰᠠᠬᠤ ᠣᠢᠯᠠᠭᠠᠭᠳᠠᠬᠤᠨ ᠂ ᠵᠠᠷᠭᠤ ᠶ᠋ᠢᠨ ᠢᠷᠡᠯᠲᠡ ᠶ᠋ᠢ ᠵᠠᠰᠠᠬᠤ ᠬᠥᠭᠵᠢᠯᠲᠡ ᠂ ᠵᠠᠷᠭᠤ ᠶ᠋ᠢᠨ ᠡᠬᠢ ᠶ᠋ᠢ ᠵᠠᠰᠠᠬᠤ ᠠᠭᠤᠯᠤᠭᠳᠠᠬᠤᠨ ᠂ ᠵᠠᠷᠭᠤ ᠶ᠋ᠢᠨ ᠡᠬᠢ ᠶ᠋ᠢ ᠵᠠᠰᠠᠬᠤ ᠦᠢᠯᠡᠳᠦᠯᠭᠡ ᠵᠡᠷᠭᠡ ᠲᠠᠪᠤᠨ ᠲᠠᠯ᠎ᠠ ᠪᠠᠷ ᠬᠤᠷᠠᠯ ᠳ᠋ᠤ᠌ ᠣᠷᠣᠯᠴᠠᠭᠰᠠᠨ ᠤᠳᠤᠷᠢᠳᠬᠤ ᠺᠠᠳ᠋ᠷ ᠲᠠᠢ ᠰᠠᠨᠠᠯ ᠢ᠋ᠶ᠋ᠠᠨ ᠰᠣᠯᠢᠯᠴᠠᠵᠠᠢ ᠃
ᠰᠦ ᠯᠢ ᠵᠢᠶᠦ᠋ᠨ ᠵᠢᠭᠠᠬᠤ ᠳ᠋ᠠᠭᠠᠨ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠢᠯᠡᠳᠬᠡᠯ ᠳ᠋ᠦ᠍ ᠂ 《 ᠬᠠᠮᠲᠤᠪᠠᠷ ᠪᠠᠢᠭᠤᠯᠵᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠨᠡᠢᠭᠡᠮ ᠦ᠋ᠨ ᠵᠠᠰᠠᠯᠲᠠ ᠶ᠋ᠢᠨ ᠳᠦᠷᠢᠮ ᠢ᠋ ᠲᠡᠭᠦᠯᠳᠡᠷᠵᠢᠭᠦᠯᠬᠦ 》 ᠂ 《 ᠬᠥᠮᠦᠨ ᠪᠦᠬᠦᠨ ᠬᠠᠷᠢᠭᠤᠴᠠᠯᠭ᠎ᠠ ᠲᠠᠢ ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠂ ᠬᠥᠮᠦᠨ ᠪᠦᠬᠦᠨ ᠡᠳ᠋ᠯᠡᠬᠦ ᠨᠡᠢᠭᠡᠮ ᠦ᠋ᠨ ᠵᠠᠰᠠᠯᠲᠠ ᠶ᠋ᠢᠨ ᠬᠠᠮᠲᠤ ᠶ᠋ᠢᠨ ᠴᠣᠭᠴᠠ ᠶ᠋ᠢ ᠪᠠᠢᠭᠤᠯᠬᠤ 》 ᠨᠢ ᠰᠢᠨ᠎ᠡ ᠴᠠᠭ ᠦᠶ᠎ᠡ ᠶ᠋ᠢᠨ ᠨᠡᠢᠭᠡᠮ ᠦ᠋ᠨ ᠵᠠᠰᠠᠯᠲᠠ ᠶ᠋ᠢᠨ ᠦᠢᠯᠡᠳᠦᠯᠭᠡ ᠶ᠋ᠢᠨ ᠭᠦᠨᠵᠡᠭᠡᠢ ᠬᠤᠪᠢᠰᠤᠯᠲᠠ ᠪᠣᠯᠤᠨ ᠠᠷᠠᠳ ᠣᠯᠠᠨ ᠤ᠋ ᠰᠠᠢᠨ ᠰᠠᠢᠬᠠᠨ ᠠᠮᠢᠳᠤᠷᠠᠯ ᠤ᠋ᠨ ᠲᠤᠬᠠᠢ ᠴᠢᠩ ᠰᠡᠳᠬᠢᠯ ᠦ᠋ᠨ ᠬᠦᠰᠡᠯ ᠱᠠᠭᠠᠷᠳᠠᠯᠭ᠎ᠠ ᠳ᠋ᠤ᠌ ᠬᠠᠷᠢᠭᠤ ᠦᠭᠭᠦᠭᠰᠡᠨ ᠢ᠋ᠶ᠋ᠡᠷ ᠪᠠᠷᠠᠬᠤ ᠦᠭᠡᠢ ᠂ ᠨᠡᠩ ᠴᠦ᠍ ᠨᠡᠢᠭᠡᠮ ᠦ᠋ᠨ ᠵᠠᠰᠠᠯᠲᠠ ᠶ᠋ᠢᠨ ᠣᠳᠣᠬᠢᠴᠢᠯᠠᠯᠲᠠ ᠳ᠋ᠤ᠌ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠢᠨ᠎ᠠ ᠃ ᠵᠥᠷᠢᠴᠡᠯ ᠵᠢᠭᠤᠷᠠᠯᠳᠤᠭᠠᠨ ᠢ᠋ ᠨᠠᠮᠳᠠᠭᠤᠯᠬᠤ ᠳ᠋ᠤ᠌ ᠂ ᠤᠯᠤᠰ ᠠ᠋ᠴᠠ ᠨᠢᠭᠡᠨ ᠢᠵᠢ ᠣᠯᠠᠨ ᠡᠰᠢᠴᠢᠯᠡᠭᠰᠡᠨ ᠂ ᠪᠡᠶᠡᠲᠦ ᠬᠡᠯᠪᠡᠷᠢ ᠪᠦᠬᠦᠢ ᠵᠢᠭᠤᠷᠠᠯᠳᠤᠭᠠᠨ ᠢ᠋ ᠠᠷᠢᠯᠭᠠᠬᠤ ᠠᠷᠭ᠎ᠠ ᠵᠠᠮ ᠪᠠ ᠰᠢᠰᠲ᠋ᠸᠮ ᠢ᠋ ᠬᠠᠩᠭᠠᠬᠤ ᠪᠠᠷ ᠪᠠᠷᠠᠬᠤ ᠦᠭᠡᠢ ᠂ ᠪᠠᠰᠠ ᠵᠢᠭᠤᠷᠠᠯᠳᠤᠭᠠᠨ ᠢ᠋ ᠨᠡᠩ ᠭᠦᠨ ᠳᠡᠰ ᠳᠠᠪᠬᠤᠷᠭ᠎ᠠ ᠶ᠋ᠢᠨ ᠡᠬᠢ ᠡᠭᠦᠰᠦᠯ ᠡᠴᠡ ᠨᠢ ᠵᠠᠰᠠᠬᠤ ᠠᠰᠠᠭᠤᠳᠠᠯ ᠢ᠋ ᠠᠩᠬᠠᠷᠴᠤ ᠂ 《 ᠵᠥᠷᠢᠴᠡᠯ ᠢ᠋ ᠡᠭᠦᠰᠦᠭᠡ ᠦᠭᠡᠢ ᠦᠶᠡᠰ ᠲᠤ ᠵᠠᠮᠬᠠᠷᠠᠭᠤᠯᠬᠤ ᠂ ᠠᠶᠤᠯ ᠲᠦᠭᠰᠢᠭᠦᠷᠢ ᠶ᠋ᠢ ᠪᠦᠷᠢᠯᠳᠦᠭᠡ ᠦᠭᠡᠢ ᠦᠶᠡᠰ ᠲᠤ ᠠᠷᠢᠯᠭᠠᠬᠤ 》 ᠶ᠋ᠢ ᠪᠡᠶᠡᠯᠡᠭᠦᠯᠬᠦ ᠬᠡᠷᠡᠭᠲᠡᠢ ᠭᠡᠵᠡᠢ ᠃ ᠵᠠᠷᠭᠤ ᠶ᠋ᠢᠨ ᠡᠬᠢ ᠶ᠋ᠢ ᠵᠠᠰᠠᠬᠤ ᠢ᠋ 《 ᠶᠠᠭ ᠴᠠᠭ ᠲᠠᠭᠠᠨ ᠲᠣᠬᠢᠷᠠᠭᠰᠠᠨ 》 ᠂ 《 ᠹᠧᠩ ᠴᠢᠶᠣᠤ ᠶ᠋ᠢᠨ ᠲᠤᠷᠰᠢᠯᠭ᠎ᠠ 》 ᠶ᠋ᠢ ᠤᠯᠠᠮᠵᠢᠯᠠᠬᠤ ᠪᠠ ᠤᠷᠲᠤᠳᠬᠠᠬᠤ ᠶᠠᠪᠤᠳᠠᠯ ᠪᠣᠯᠤᠨ᠎ᠠ ᠂ ᠮᠥᠨᠴᠥ ᠨᠡᠢᠭᠡᠮ ᠦ᠋ᠨ ᠡᠶ᠎ᠡ ᠵᠣᠬᠢᠴᠠᠯ ᠢ᠋ ᠴᠢᠩᠭᠠᠳᠬᠠᠵᠤ ᠂ ᠠᠷᠠᠳ ᠣᠯᠠᠨ ᠤ᠋ ᠬᠠᠤᠯᠢ ᠴᠠᠭᠠᠵᠠ ᠶ᠋ᠢᠨ ᠬᠦᠷᠲᠡᠭᠡᠯ ᠦ᠋ᠨ ᠰᠡᠳᠬᠢᠯᠭᠡ ᠶ᠋ᠢ ᠳᠡᠭᠡᠭᠰᠢᠯᠡᠭᠦᠯᠵᠦ ᠂ ᠤᠯᠤᠰ ᠤ᠋ᠨ ᠵᠠᠰᠠᠯᠲᠠ ᠶ᠋ᠢᠨ ᠰᠢᠰᠲ᠋ᠧᠮ ᠪᠣᠯᠤᠨ ᠵᠠᠰᠠᠯᠲᠠ ᠶ᠋ᠢᠨ ᠴᠢᠳᠠᠪᠤᠷᠢ ᠶ᠋ᠢᠨ ᠣᠳᠣᠬᠢᠴᠢᠯᠠᠯᠲᠠ ᠶ᠋ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠃
《 ᠵᠠᠷᠭᠤ ᠶ᠋ᠢᠨ ᠡᠬᠢ ᠶ᠋ᠢ ᠵᠠᠰᠠᠬᠤ 》 ᠤᠬᠠᠭᠳᠠᠬᠤᠨ ᠂ 《 ᠵᠠᠷᠭᠤ ᠶ᠋ᠢᠨ ᠡᠬᠢ ᠶ᠋ᠢ ᠵᠠᠰᠠᠬᠤ 》 ᠠᠭᠤᠯᠤᠭᠳᠠᠬᠤᠨ ᠂ 《 ᠵᠠᠷᠭᠤ ᠶ᠋ᠢᠨ ᠡᠬᠢ ᠶ᠋ᠢ ᠵᠠᠰᠠᠬᠤ 》 ᠲᠡᠦᠬᠡᠨ ᠡᠬᠢ ᠰᠤᠷᠪᠤᠯᠵᠢ ᠂ 《 ᠵᠠᠷᠭᠤ ᠶ᠋ᠢᠨ ᠡᠬᠢ ᠶ᠋ᠢ ᠵᠠᠰᠠᠬᠤ 》 ᠬᠥᠭᠵᠢᠯᠲᠡ ᠶ᠋ᠢᠨ ᠲᠡᠦᠬᠡᠨ ᠶᠠᠪᠤᠴᠠ ᠪᠠᠷ ᠭᠣᠣᠯᠯᠠᠭᠤᠯᠤᠨ ᠂ ᠰᠣᠩᠭᠣᠳᠠᠭ ᠨᠣᠮ ᠪᠢᠴᠢᠭ᠌ ᠂ ᠣᠨᠣᠯ ᠢ᠋ ᠦᠢᠯᠡᠳᠦᠯᠭᠡ ᠲᠡᠢ ᠤᠶᠠᠯᠳᠤᠭᠤᠯᠵᠤ ᠂ ᠭᠦᠨ ᠭᠦᠨᠵᠡᠭᠡᠢ ᠪᠥᠭᠡᠳ ᠣᠢᠯᠠᠭᠠᠮᠵᠢᠲᠠᠢ ᠲᠠᠢᠯᠪᠤᠷᠢᠯᠠᠯ ᠬᠢᠵᠡᠢ ᠃ ᠶᠠᠭᠤᠨ ᠤ᠋ ᠤᠴᠢᠷ ᠠ᠋ᠴᠠ ᠵᠠᠷᠭᠤ ᠶ᠋ᠢᠨ ᠡᠬᠢ ᠶ᠋ᠢ ᠵᠠᠰᠠᠬᠤ ᠠᠵᠢᠯ ᠢ᠋ ᠠᠬᠢᠭᠤᠯᠬᠤ ᠪᠠ ᠵᠠᠷᠭᠤ ᠶ᠋ᠢᠨ ᠡᠬᠢ ᠶ᠋ᠢ ᠵᠠᠰᠠᠬᠤ ᠠᠵᠢᠯ ᠢ᠋ ᠬᠡᠷᠬᠢᠨ ᠠᠬᠢᠭᠤᠯᠬᠤ ᠠᠰᠠᠭᠤᠳᠠᠯ ᠢ᠋ ᠶᠠᠷᠢᠬᠤ ᠦᠶ᠎ᠡ ᠳ᠋ᠦ᠍ ᠂ ᠰᠦ᠍ ᠯᠢ ᠵᠢᠶᠦ᠋ᠨ ᠬᠣᠷᠢᠶᠠᠨ ᠳᠠᠷᠤᠭ᠎ᠠ ᠠᠷᠠᠳ ᠲᠦᠮᠡᠨ ᠦ᠌ ᠵᠣᠪᠠᠯ ᠵᠦᠳᠡᠭᠦᠷᠢ ᠶ᠋ᠢ ᠠᠷᠢᠯᠭᠠᠬᠤ ᠵᠣᠭᠰᠤᠴᠠ ᠂ ᠬᠠᠤᠯᠢ ᠶ᠋ᠢᠨ ᠲᠤᠰᠢᠶᠠᠯᠲᠠᠨ ᠤ᠋ ᠳᠠᠷᠤᠭᠠᠰᠤ ᠶ᠋ᠢ ᠬᠥᠩᠭᠡᠯᠡᠬᠦ ᠵᠣᠭᠰᠤᠴᠠ ᠠ᠋ᠴᠠ ᠠᠷᠠᠳ ᠣᠯᠠᠨ ᠤ᠋ ᠬᠡᠷᠡᠭᠴᠡᠭᠡ ᠱᠠᠭᠠᠷᠳᠠᠯᠭ᠎ᠠ ᠂ ᠬᠠᠤᠯᠢ ᠴᠠᠭᠠᠵᠠ ᠶ᠋ᠢᠨ ᠠᠵᠢᠯ ᠤ᠋ᠨ ᠣᠳᠣᠬᠢ ᠪᠠᠢᠳᠠᠯ ᠢ᠋ ᠵᠠᠳᠠᠯᠵᠤ ᠂ ᠵᠠᠷᠭᠤ ᠶ᠋ᠢᠨ ᠡᠬᠢ ᠶ᠋ᠢ ᠵᠠᠰᠠᠬᠤ ᠠᠵᠢᠯ ᠤ᠋ᠨ ᠰᠢᠨ᠎ᠡ ᠶ᠋ᠢ ᠡᠭᠦᠳᠴᠦ ᠴᠢᠩᠭᠠᠳᠬᠠᠬᠤ ᠪᠣᠯ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠬᠠᠤᠯᠢᠵᠢᠯ ᠤ᠋ᠨ ᠵᠠᠮ ᠤ᠋ᠨ ᠰᠡᠳᠦᠪ ᠳᠠᠬᠢ ᠪᠠᠢᠪᠠᠰᠤ ᠵᠣᠬᠢᠬᠤ ᠤᠳᠬ᠎ᠠ ᠠᠭᠤᠯᠭ᠎ᠠ ᠪᠣᠯᠤᠨ᠎ᠠ ︔ ᠨᠠᠮ ᠤ᠋ᠨ ᠬᠣᠷᠢᠶ᠎ᠠ ᠂ ᠵᠠᠰᠠᠭ ᠤ᠋ᠨ ᠣᠷᠳᠣᠨ ᠤ᠋ ᠤᠳᠤᠷᠢᠳᠤᠯᠭ᠎ᠠ ᠶ᠋ᠢᠨ ᠨᠡᠢᠭᠡᠮ ᠦ᠋ᠨ ᠵᠠᠰᠠᠯᠲᠠ ᠶ᠋ᠢᠨ ᠶᠡᠬᠡ ᠪᠠᠢᠷᠢᠰᠢᠯ ᠳ᠋ᠤ᠌ ᠢᠳᠡᠪᠬᠢᠲᠡᠢ ᠠᠭᠤᠰᠤᠯᠴᠠᠵᠤ ᠂ ᠵᠢᠭᠤᠷᠠᠯᠳᠤᠭᠠᠨ ᠢ᠋ ᠡᠮᠦᠨ᠎ᠡ ᠵᠠᠬ᠎ᠠ ᠶ᠋ᠢᠨ ᠰᠡᠷᠭᠡᠢᠯᠡᠯᠲᠡ ᠶ᠋ᠢᠨ ᠱᠤᠭᠤᠮ ᠢ᠋ᠶ᠋ᠠᠷ ᠳᠠᠮᠵᠢᠭᠤᠯᠤᠨ ᠪᠦᠲᠦᠮᠵᠢᠲᠡᠢ ᠪᠡᠷ ᠠᠷᠢᠯᠭᠠᠬᠤ ᠪᠠ ᠰᠢᠭᠦᠨ ᠲᠤᠩᠭᠠᠬᠤ ᠶ᠋ᠢ ᠠᠬᠢᠭᠤᠯᠵᠤ ᠂ ᠵᠠᠷᠭᠤ ᠶ᠋ᠢᠨ ᠨᠡᠮᠡᠭᠳᠡᠯ ᠢ᠋ ᠡᠬᠢ ᠡᠭᠦᠰᠦᠯ ᠡᠴᠡ ᠨᠢ ᠪᠠᠭᠠᠰᠭᠠᠨ ᠂ ᠮᠠᠨ ᠤ᠋ ᠤᠯᠤᠰ 《 ᠵᠠᠷᠭᠤ ᠶ᠋ᠢᠨ ᠶᠡᠬᠡ ᠤᠯᠤᠰ 》 ᠪᠣᠯᠬᠤ ᠶ᠋ᠢ ᠰᠡᠷᠭᠡᠢᠯᠡᠬᠦ ᠰᠡᠳᠦᠪ ᠦ᠋ᠨ ᠳᠣᠲᠣᠷᠠᠬᠢ ᠪᠠᠢᠪᠠᠰᠤ ᠵᠣᠬᠢᠬᠤ ᠤᠳᠬ᠎ᠠ ᠠᠭᠤᠯᠭ᠎ᠠ ᠪᠣᠯᠤᠨ᠎ᠠ ︔ ᠨᠡᠩ ᠴᠤ᠌ ᠠᠷᠠᠳ ᠤ᠋ᠨ ᠰᠢᠭᠦᠬᠦ ᠬᠣᠷᠢᠶ᠎ᠠ ᠰᠠᠨᠠᠭᠠᠴᠢᠯᠠᠭᠠᠲᠤ ᠪᠤᠰᠤ ᠪᠠᠷ ᠬᠦᠯᠢᠶᠡᠨ ᠠᠪᠴᠤ ᠰᠢᠢᠳᠪᠦᠷᠢᠯᠡᠬᠦ ᠶᠠᠪᠤᠳᠠᠯ ᠢ᠋ᠶ᠋ᠠᠷ ᠰᠠᠨᠠᠭᠠᠴᠢᠯᠠᠭ᠎ᠠ ᠠ᠋ᠴᠠ ᠪᠠᠨ ᠡᠬᠢ ᠡᠭᠦᠰᠦᠯ ᠡᠴᠡ ᠨᠢ ᠰᠡᠷᠭᠡᠢᠯᠡᠬᠦ ᠂ ᠪᠦᠳᠦᠭᠦᠯᠢᠭ ᠬᠡᠯᠪᠡᠷᠢ ᠶ᠋ᠢᠨ ᠬᠠᠮᠢᠶᠠᠷᠤᠯᠲᠠ ᠠ᠋ᠴᠠ ᠥᠨᠳᠥᠷ ᠦᠷ᠎ᠡ ᠠᠰᠢᠭᠲᠤ ᠵᠠᠰᠠᠯᠲᠠ ᠶ᠋ᠢᠨ ᠬᠡᠯᠪᠡᠷᠢ ᠪᠣᠯᠭᠠᠨ ᠬᠤᠪᠢᠷᠠᠭᠤᠯᠵᠤ ᠂ ᠲᠣᠭᠲᠠᠭᠤᠨ ᠰᠡᠳᠬᠢᠬᠦᠢ ᠡᠴᠡ ᠬᠠᠷᠢᠭᠤᠯᠲᠠ ᠤᠯᠬᠤ ᠰᠡᠳᠭᠢᠬᠦᠢ ᠤᠷᠤᠭᠤ ᠬᠤᠪᠢᠷᠠᠭᠤᠯᠤᠨ ᠂ 《 ᠬᠡᠷᠡᠭ ᠣᠯᠠᠨ ᠬᠥᠮᠦᠨ ᠴᠥᠭᠡᠨ 》 ᠵᠥᠷᠢᠴᠡᠯ ᠢ᠋ ᠢᠳᠡᠪᠬᠢᠲᠡᠢ ᠠᠷᠭᠠᠴᠠᠵᠤ ᠂ ᠰᠢᠭᠦᠭᠴᠢ ᠲᠤᠰᠢᠶᠠᠯᠲᠠᠨ ᠤ᠋ ᠳᠠᠷᠤᠯᠲᠠ ᠶ᠋ᠢ ᠬᠥᠩᠭᠡᠷᠡᠭᠦᠯᠵᠦ ᠂ ᠬᠠᠤᠯᠢ ᠴᠠᠭᠠᠵᠠ ᠶ᠋ᠢᠨ ᠴᠢᠨᠠᠷ ᠴᠢᠨᠰᠠᠭ᠎ᠠ ᠶ᠋ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠰᠡᠳᠦᠪ ᠦ᠋ᠨ ᠪᠠᠢᠪᠠᠰᠤ ᠵᠣᠬᠢᠬᠤ ᠤᠳᠬ᠎ᠠ ᠠᠭᠤᠯᠭ᠎ᠠ ᠪᠣᠯᠤᠨ᠎ᠠ ᠃ ᠮᠥᠨᠴᠦ ᠰᠢᠨ᠎ᠡ ᠴᠠᠭ ᠦᠶ᠎ᠡ ᠶ᠋ᠢᠨ 《 ᠹᠧᠩ ᠴᠢᠶᠣᠤ ᠶ᠋ᠢᠨ ᠲᠤᠷᠰᠢᠯᠭ᠎ᠠ 》 ᠶ᠋ᠢ ᠪᠠᠷᠢᠮᠲᠠᠯᠠᠨ ᠬᠥᠭᠵᠢᠭᠦᠯᠵᠦ ᠂ ᠵᠠᠷᠭᠤ ᠶ᠋ᠢᠨ ᠡᠬᠢ ᠶ᠋ᠢ ᠵᠠᠰᠠᠬᠤ ᠠᠵᠢᠯ ᠢ᠋ ᠠᠬᠢᠭᠤᠯᠬᠤ ᠳ᠋ᠤ᠌ 《 ᠵᠢᠷᠭᠤᠭᠠᠨ ᠪᠠᠷᠢᠮᠲᠠᠯᠠᠯ 》 ᠢ᠋ ᠰᠠᠢᠲᠤᠷ ᠬᠢᠵᠦ ᠂ ᠦᠵᠡᠯ ᠰᠠᠨᠠᠭ᠎ᠠ ᠪᠠᠷ ᠳᠠᠭᠠᠭᠤᠯᠬᠤ ᠂ ᠨᠠᠮ ᠤ᠋ᠨ ᠪᠠᠢᠭᠤᠯᠤᠯᠲᠠ ᠪᠠᠷ ᠶᠡᠷᠦᠩᠬᠡᠢᠯᠡᠨ ᠳᠠᠭᠠᠭᠤᠯᠬᠤ ᠶ᠋ᠢ ᠪᠠᠷᠢᠮᠲᠠᠯᠠᠨ ᠂ ᠠᠷᠠᠳ ᠲᠦᠮᠡᠨ ᠢ᠋ᠶ᠋ᠡᠷ ᠭᠣᠣᠯ ᠪᠣᠯᠭᠠᠬᠤ ᠶ᠋ᠢ ᠪᠠᠷᠢᠮᠲᠠᠯᠠᠬᠤ ᠂ ᠵᠥᠷᠢᠴᠡᠯ ᠦᠯᠦ ᠲᠤᠰᠢᠶᠠᠬᠤ ᠶ᠋ᠢ ᠪᠠᠷᠢᠮᠲᠠᠯᠠᠬᠤ ᠂ ᠣᠯᠠᠨ ᠡᠰᠢᠴᠢᠯᠡᠨ ᠬᠠᠮᠲᠤ ᠪᠠᠷ ᠵᠠᠰᠠᠬᠤ ᠦᠨᠳᠦᠰᠦᠨ ᠵᠠᠷᠴᠢᠮ ᠢ᠋ ᠪᠠᠷᠢᠮᠲᠠᠯᠠᠬᠤ ᠂ ᠥᠪᠡᠷᠲᠡᠭᠡᠨ ᠵᠠᠰᠠᠬᠤ ᠂ ᠬᠠᠤᠯᠢ ᠪᠠᠷ ᠵᠠᠰᠠᠬᠤ ᠂ ᠶᠣᠰᠣ ᠮᠣᠷᠠᠯ ᠢ᠋ᠶ᠋ᠠᠷ ᠵᠠᠰᠠᠬᠤ ᠶ᠋ᠢ ᠤᠶᠠᠯᠳᠤᠭᠤᠯᠬᠤ ᠦᠨᠳᠦᠰᠦᠨ ᠠᠷᠭ᠎ᠠ ᠬᠡᠯᠪᠡᠷᠢ ᠶ᠋ᠢ ᠪᠠᠷᠢᠮᠲᠠᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ ᠃
ᠣᠷᠳᠣᠰ ᠤ᠋ᠨ ᠰᠢᠭᠦᠬᠦ ᠬᠣᠷᠢᠶᠠᠨ ᠤ᠋ ᠵᠠᠷᠭᠤ ᠶ᠋ᠢᠨ ᠡᠬᠢ ᠶ᠋ᠢ ᠵᠠᠰᠠᠬᠤ ᠦᠢᠯᠡᠳᠦᠯᠭᠡ ᠶ᠋ᠢᠨ ᠲᠤᠬᠠᠢ ᠵᠠᠳᠠᠯᠤᠯᠲᠠ ᠬᠢᠬᠦ ᠦᠶ᠎ᠡ ᠳ᠋ᠦ᠍ ᠂ ᠰᠦ ᠯᠢ ᠵᠢᠶᠦ᠋ᠨ ᠠᠷᠠᠳ ᠤ᠋ᠨ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠡᠭᠦᠷᠭᠡ ᠴᠢᠳᠠᠪᠤᠷᠢ ᠦᠢᠯᠡᠳᠦᠯ ᠪᠠᠳᠠᠷᠠᠭᠤᠯᠵᠤ ᠪᠠᠢᠬᠤ ᠲᠠᠯ᠎ᠠ ᠠ᠋ᠴᠠ ᠵᠠᠷᠭᠤ ᠶ᠋ᠢᠨ ᠡᠬᠢ ᠶ᠋ᠢ ᠵᠠᠰᠠᠬᠤ ᠠᠵᠢᠯ ᠢ᠋ ᠠᠬᠢᠭᠤᠯᠬᠤ ᠳ᠋ᠤ᠌ ᠡᠬᠢ ᠡᠭᠦᠰᠦᠯ ᠡᠴᠡ ᠨᠢ ᠤᠷᠢᠳᠴᠢᠯᠠᠨ ᠰᠡᠷᠭᠡᠢᠯᠡᠬᠦ ᠶ᠋ᠢ ᠴᠢᠩᠭᠠᠳᠬᠠᠬᠤ ᠂ ᠵᠠᠷᠭᠤ ᠶ᠋ᠢᠨ ᠪᠤᠰᠤ ᠲᠣᠭᠲᠠᠴᠠ ᠶ᠋ᠢ ᠡᠮᠦᠨ᠎ᠡ ᠨᠢ ᠬᠣᠰᠢᠭᠤᠴᠢᠯᠠᠬᠤ ᠶ᠋ᠢ ᠴᠢᠩᠭᠠᠳᠬᠠᠬᠤ ᠂ ᠰᠢᠭᠦᠬᠦ ᠬᠣᠷᠢᠶᠠᠨ ᠤ᠋ ᠲᠠᠰᠤᠯᠤᠨ ᠲᠣᠭᠲᠠᠭᠠᠯᠲᠠ ᠶ᠋ᠢᠨ ᠡᠴᠦᠰ ᠦ᠋ᠨ ᠪᠠᠢᠳᠠᠯ ᠤ᠋ᠨ《 ᠭᠤᠷᠪᠠᠨ ᠳᠠᠪᠬᠤᠷ ᠠᠭᠤᠯᠤᠭᠳᠠᠬᠤᠨ 》 ᠶ᠋ᠢ ᠴᠢᠩᠭᠠᠳᠬᠠᠬᠤ ᠵᠡᠷᠭᠡ ᠲᠠᠯ᠎ᠠ ᠪᠠᠷ ᠨᠠᠷᠢᠨ ᠨᠢᠮᠪᠠᠢ ᠲᠠᠨᠢᠯᠴᠠᠭᠤᠯᠪᠠ ᠃
ᠲᠠᠢᠯᠤᠮᠵᠢ ᠢ᠋ᠢᠨ ᠡᠴᠦᠰ ᠲᠤ ᠂ ᠰᠦ ᠯᠢ ᠵᠢᠶᠦ᠋ᠨ ᠬᠣᠷᠢᠶᠠᠨ ᠳᠠᠷᠤᠭ᠎ᠠ ᠡᠴᠡ ᠣᠷᠳᠣᠰ ᠤ᠋ᠨ ᠰᠢᠭᠦᠬᠦ ᠬᠣᠷᠢᠶ᠎ᠠ ᠶ᠋ᠢᠨ 《 ᠭᠤᠷᠪᠠᠨ ᠦᠵᠦᠭᠦᠷ ᠲᠠᠪᠤᠨ ᠰᠡᠷᠭᠡᠢᠯᠡᠯᠲᠡ ᠶ᠋ᠢᠨ ᠱᠤᠭᠤᠮ 》 ᠤ᠋ᠨ ᠵᠠᠷᠭᠤ ᠶ᠋ᠢᠨ ᠡᠬᠢ ᠶ᠋ᠢ ᠵᠠᠰᠠᠬᠤ ᠬᠡᠪ ᠵᠠᠭᠪᠤᠷ ᠢ᠋ ᠲᠠᠨᠢᠯᠴᠠᠭᠤᠯᠵᠠᠢ ᠃ ᠡᠭᠦᠨ ᠦ᠌ ᠬᠠᠮᠲᠤ ᠬᠡᠷᠡᠭ ᠦ᠋ᠨ ᠦᠨᠡᠨ ᠪᠣᠳᠠᠲᠠᠢ ᠵᠢᠱ᠌ᠢᠶ᠎ᠡ ᠂ ᠨᠠᠷᠢᠨ ᠪᠣᠳᠠᠲᠠᠢ ᠲᠣᠭ᠎ᠠ ᠪᠠᠷᠢᠮᠲᠠ ᠂ ᠠᠵᠢᠯ ᠤ᠋ᠨ ᠲᠥᠯᠥᠪᠯᠡᠭᠡ ᠲᠡᠢ ᠤᠶᠠᠯᠳᠤᠭᠤᠯᠤᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠵᠠᠷᠭᠤ ᠶ᠋ᠢᠨ ᠡᠬᠢ ᠶ᠋ᠢ ᠵᠠᠰᠠᠬᠤ ᠠᠵᠢᠯ ᠤ᠋ᠨ ᠦᠢᠯᠡᠳᠦᠯᠭᠡ ᠪᠠ ᠰᠢᠨ᠎ᠡ ᠶ᠋ᠢ ᠡᠭᠦᠳᠦᠭᠰᠡᠨ ᠦᠷ᠎ᠡ ᠪᠦᠲᠦᠮᠵᠢ ᠶ᠋ᠢ ᠭᠣᠣᠯᠳᠠᠯᠭ᠎ᠠ ᠲᠠᠢ ᠲᠠᠨᠢᠯᠴᠠᠭᠤᠯᠪᠠ ᠃
ᠠᠷᠠᠳ ᠣᠯᠠᠨ ᠤ᠋ ᠬᠦᠰᠡᠯ ᠱᠠᠭᠠᠷᠳᠠᠯᠭ᠎ᠠ ᠶ᠋ᠢ ᠳᠠᠭᠠᠵᠤ ᠂ ᠠᠷᠠᠳ ᠲᠦᠮᠡᠨ ᠦ᠌ ᠬᠦᠴᠢᠷ ᠵᠣᠪᠠᠯᠠᠩ ᠢ᠋ ᠰᠢᠢᠳᠪᠦᠷᠢᠯᠡᠨ᠎ᠡ ᠃ ᠬᠠᠤᠯᠢ ᠴᠠᠭᠠᠵᠠ ᠪᠣᠯ ᠵᠢᠭᠤᠷᠠᠯᠳᠤᠭᠠᠨ ᠢ᠋ ᠰᠢᠢᠳᠪᠦᠷᠢᠯᠡᠬᠦ ᠬᠠᠮᠤᠭ ᠡᠴᠦᠰ ᠦ᠋ᠨ ᠨᠢᠭᠡ ᠵᠤᠷᠪᠤᠰ ᠰᠡᠷᠭᠡᠢᠯᠡᠯᠲᠡ ᠶ᠋ᠢᠨ ᠱᠤᠭᠤᠮ ᠪᠠᠢᠵᠤ᠂ ᠵᠥᠷᠢᠴᠡᠯ ᠢ᠋ ᠡᠭᠦᠰᠦᠭᠡ ᠦᠭᠡᠢ ᠦᠶᠡᠰ ᠲᠤ ᠵᠠᠮᠬᠠᠷᠠᠭᠤᠯᠤᠨ ᠂ ᠠᠶᠤᠯ ᠲᠦᠭᠰᠢᠭᠦᠷᠢ ᠶ᠋ᠢ ᠪᠦᠷᠢᠯᠳᠦᠭᠡ ᠦᠭᠡᠢ ᠦᠶᠡᠰ ᠲᠤ ᠠᠷᠢᠯᠭᠠᠬᠤ ᠪᠣᠯ ᠰᠢᠨ᠎ᠡ ᠴᠠᠭ ᠦᠶ᠎ᠡ ᠢ᠋ᠢᠨ ᠦᠨᠳᠦᠰᠦᠨ ᠱᠠᠲᠤᠨ ᠤ᠋ ᠨᠡᠢᠭᠡᠮ ᠦ᠋ᠨ ᠵᠠᠰᠠᠯᠲᠠ ᠶ᠋ᠢᠨ ᠰᠢᠰᠲ᠋ᠧᠮ ᠪᠠ ᠵᠠᠰᠠᠯᠲᠠ ᠶ᠋ᠢᠨ ᠴᠢᠳᠠᠪᠤᠷᠢ ᠶ᠋ᠢᠨ ᠣᠳᠣᠬᠢᠴᠢᠯᠠᠯᠲᠠ ᠶ᠋ᠢ ᠲᠦᠯᠬᠢᠨ ᠠᠬᠢᠭᠤᠯᠬᠤ ᠶ᠋ᠢᠨ ᠪᠠᠢᠪᠠᠰᠤ ᠵᠣᠬᠢᠬᠤ ᠤᠳᠭ᠎ᠠ ᠠᠭᠤᠯᠭ᠎ᠠ ᠮᠥᠨ ᠂ ᠪᠠᠰᠠᠴᠤ ᠠᠷᠠᠳ ᠤ᠋ᠨ ᠰᠢᠭᠦᠬᠦ ᠬᠣᠷᠢᠶ᠎ᠠ ᠶ᠋ᠢᠨ ᠵᠠᠷᠭᠤ ᠶ᠋ᠢᠨ ᠡᠬᠢ ᠶ᠋ᠢ ᠵᠠᠰᠠᠬᠤ ᠠᠵᠢᠯ ᠢ᠋ ᠢᠳᠡᠪᠬᠢᠲᠡᠢ ᠲᠦᠯᠬᠢᠨ ᠠᠬᠢᠭᠤᠯᠬᠤ ᠶ᠋ᠢᠨ ᠠᠮᠢᠳᠤᠯᠢᠭ ᠢᠯᠡᠷᠡᠯ ᠮᠥᠨ ᠃ ᠬᠣᠢᠰᠢᠳᠠ ᠶ᠋ᠢᠨ ᠠᠵᠢᠯ ᠳᠤᠮᠳᠠ ᠂ ᠬᠣᠲᠠ ᠶ᠋ᠢᠨ ᠬᠡᠪᠴᠢᠶᠡᠨ ᠦ᠌ ᠨᠡᠢᠭᠡᠮ ᠦ᠋ᠨ ᠵᠠᠰᠠᠯᠲᠠ ᠳ᠋ᠤ᠌ ᠣᠷᠣᠯᠴᠠᠬᠤ ᠂ ᠵᠠᠷᠭᠤ ᠶ᠋ᠢᠨ ᠡᠬᠢ ᠶ᠋ᠢ ᠵᠠᠰᠠᠬᠤ ᠠᠵᠢᠯ ᠳ᠋ᠤ᠌ ᠲᠦᠯᠬᠢᠨ ᠠᠬᠢᠭᠤᠯᠬᠤ ᠴᠢᠬᠤᠯᠠ ᠬᠦᠴᠦᠨ ᠪᠣᠯᠤᠭᠰᠠᠨ ᠤ᠋ ᠬᠤᠪᠢ ᠳ᠋ᠤ᠌ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠤᠯᠠᠮ ᠨᠢᠭᠡ ᠠᠯᠬᠤᠮ ᠨᠠᠮ ᠤ᠋ᠨ ᠬᠣᠷᠢᠶᠠᠨ ᠤ᠋ ᠤᠳᠤᠷᠢᠳᠤᠯᠭ᠎ᠠ ᠳᠣᠣᠷ᠎ᠠ ᠨᠡᠢᠭᠡᠮ ᠦ᠋ᠨ ᠵᠠᠰᠠᠯᠲᠠ ᠶ᠋ᠢᠨ ᠶᠡᠬᠡ ᠪᠠᠢᠷᠢᠯᠠᠯ ᠳ᠋ᠤ᠌ ᠰᠠᠨᠠᠭᠠᠴᠢᠯᠠᠭ᠎ᠠ ᠠ᠋ᠴᠠ ᠪᠠᠨ ᠨᠡᠢᠯᠡᠨ ᠣᠷᠣᠵᠤ ᠂ ᠡᠶᠡᠳᠡᠭᠦᠯᠬᠦ ᠪᠡᠷ ᠭᠣᠣᠯ ᠪᠣᠯᠭᠠᠨ ᠂ ᠰᠡᠷᠭᠡᠢᠯᠡᠬᠦ ᠪᠡᠷ ᠰᠠᠭᠤᠷᠢ ᠪᠣᠯᠭᠠᠬᠤ ᠶ᠋ᠢ ᠪᠠᠷᠢᠮᠲᠠᠯᠠᠵᠤ ᠂ ᠵᠠᠷᠭᠤ ᠶ᠋ᠢᠨ ᠪᠤᠰᠤ ᠵᠢᠭᠤᠷᠠᠯᠳᠤᠭᠠᠨ ᠢ᠋ ᠰᠢᠢᠳᠪᠦᠷᠢᠯᠡᠬᠦ ᠲᠣᠭᠲᠠᠴᠠ ᠶ᠋ᠢ ᠡᠮᠦᠨ᠎ᠡ ᠲᠠᠯᠪᠢᠨ᠎ᠠ ︔ 《 ᠹᠧᠩ ᠴᠢᠶᠣᠤ ᠲᠤᠷᠰᠢᠯᠭ᠎ᠠ 》 ᠶ᠋ᠢ ᠦᠷᠭᠦᠯᠵᠢᠯᠡᠨ ᠰᠠᠢᠲᠤᠷ ᠪᠠᠷᠢᠮᠲᠠᠯᠠᠨ ᠲᠡᠭᠦᠯᠳᠡᠷᠵᠢᠭᠦᠯᠵᠦ ᠂ ᠨᠡᠩ ᠣᠯᠠᠨ ᠬᠠᠤᠯᠢᠵᠢᠯ ᠤ᠋ᠨ ᠬᠦᠴᠦᠨ ᠢ᠋ ᠬᠥᠲᠥᠯᠦᠨ ᠵᠢᠯᠣᠭᠣᠳᠬᠤ ᠪᠠ ᠨᠡᠪᠲᠡᠷᠡᠭᠦᠯᠬᠦ ᠵᠦᠭ ᠬᠦᠴᠦ ᠢ᠋ᠢᠡᠨ ᠲᠠᠯᠪᠢᠨ ᠂ ᠵᠥᠷᠢᠴᠡᠯ ᠵᠢᠭᠤᠷᠠᠯᠳᠤᠭᠠᠨ ᠢ᠋ 《 ᠵᠠᠷᠭᠤ ᠶ᠋ᠢ ᠰᠢᠢᠳᠪᠦᠷᠢᠯᠡᠨ ᠮᠠᠷᠭᠤᠭᠠᠨ ᠢ᠋ ᠵᠣᠭᠰᠤᠭᠠᠵᠤ 》 ᠬᠡᠷᠡᠭ ᠦ᠋ᠨ ᠳᠠᠷᠠᠭ᠎ᠠ ᠠᠷᠭᠠᠴᠠᠬᠤ ᠶ᠋ᠢ ᠠᠬᠢᠭᠤᠯᠵᠤ ᠂ 《 ᠳᠤᠲᠠᠭᠤ ᠵᠠᠭᠠᠯᠳᠤᠯᠭ᠎ᠠ ᠬᠢᠬᠦ ᠵᠠᠷᠭᠤ ᠦᠭᠡᠢ ᠪᠠᠢᠬᠤ 》 ᠶ᠋ᠢᠨ ᠡᠮᠦᠨ᠎ᠡ ᠦᠵᠦᠭᠦᠷ ᠢ᠋ᠶ᠋ᠡᠷ ᠵᠠᠰᠠᠬᠤ ᠲᠡᠢᠰᠢ ᠬᠤᠪᠢᠷᠠᠭᠤᠯᠤᠨ᠎ᠠ ︔ ᠨᠠᠮ ᠤ᠋ᠨ ᠣᠯᠠᠨ ᠲᠦᠮᠡᠨᠴᠢ ᠱᠤᠭᠤᠮ ᠢ᠋ ᠪᠥᠬᠥ ᠬᠦᠴᠦᠨ ᠢ᠋ᠶ᠋ᠡᠷ ᠰᠠᠢᠲᠤᠷ ᠪᠠᠷᠢᠮᠲᠠᠯᠠᠨ ᠲᠤᠤᠱᠯᠠᠭᠤᠯᠵᠤ ᠂ ᠦᠢᠯᠡᠴᠢᠯᠡᠭᠡ ᠪᠡᠨ ᠭᠦᠢᠴᠡᠳ ᠥᠷᠭᠡᠳᠬᠡᠨ ᠂ ᠬᠦᠴᠦᠨ ᠦ᠌ ᠡᠬᠢ ᠪᠠᠶᠠᠯᠢᠭ ᠢ᠋ ᠳᠣᠷᠣᠭᠰᠢ ᠪᠠᠭᠤᠯᠭᠠᠵᠤ ᠂ ᠵᠥᠷᠢᠴᠡᠯ ᠵᠢᠭᠤᠷᠠᠭᠠᠨ ᠢ᠋ ᠡᠬᠢ ᠡᠭᠦᠰᠦᠯ ᠡᠴᠡ ᠨᠢ ᠰᠡᠷᠭᠡᠢᠯᠡᠨ ᠨᠠᠮᠳᠠᠭᠠᠬᠤ ᠬᠡᠯᠬᠢᠶ᠎ᠡ ᠪᠠ ᠬᠠᠮᠵᠢᠯᠴᠠᠨ ᠵᠠᠰᠠᠬᠤ ᠲᠣᠭᠲᠠᠴᠠ ᠶ᠋ᠢ ᠪᠠᠢᠭᠤᠯᠵᠤ ᠂ ᠠᠷᠠᠳ ᠣᠯᠠᠨ ᠤ᠋ ᠵᠢᠭᠤᠷᠠᠭᠠᠨ ᠢ᠋ ᠰᠢᠢᠳᠪᠦᠷᠢᠯᠡᠬᠦ ᠥᠪᠡᠷ ᠦ᠋ᠨ ᠥᠷᠲᠡᠭ ᠨᠡᠩ ᠪᠠᠭ᠎ᠠ ᠂ ᠴᠠᠭ ᠬᠤᠭᠤᠴᠠᠭ᠎ᠠ ᠨᠢ ᠨᠡᠩ ᠣᠬᠣᠷ ᠪᠣᠯᠭᠠᠵᠤ ᠂ ᠠᠷᠠᠳ ᠣᠯᠠᠨ ᠤ᠋ ᠬᠦᠷᠲᠡᠮᠵᠢ ᠶ᠋ᠢᠨ ᠲᠥᠷᠥᠭᠳᠡᠯ ᠪᠣᠯᠤᠨ ᠬᠠᠤᠯᠢ ᠴᠠᠭᠠᠵᠠ ᠶ᠋ᠢᠨ ᠲᠥᠪ ᠭᠣᠣᠯᠴᠢ ᠲᠥᠷᠥᠭᠳᠡᠯ ᠢ᠋ ᠦᠨᠡᠨᠬᠦ ᠳᠡᠭᠡᠭᠰᠢᠯᠡᠭᠦᠯᠵᠦ ᠂ ᠮᠠᠨ ᠤ᠋ ᠬᠣᠲᠠ ᠶ᠋ᠢᠨ ᠬᠡᠪᠴᠢᠶᠡᠨ ᠦ᠌ ᠨᠡᠢᠭᠡᠮ ᠦ᠋ᠨ ᠵᠠᠰᠠᠯᠲᠠ ᠣᠳᠣᠬᠢᠴᠢᠯᠠᠯᠲᠠ ᠳ᠋ᠤ᠌ ᠰᠢᠭᠦᠬᠦ ᠬᠣᠷᠢᠶᠠᠨ ᠤ᠋ ᠬᠤᠪᠢ ᠨᠡᠮᠡᠷᠢ ᠦᠵᠡᠭᠦᠯᠦᠨ᠎ᠡ ᠃
ᠦᠨᠡᠯᠡᠬᠦ 0ᠦᠨᠡᠯᠡᠯᠲᠡ᠎ᠲᠠᠢ